ᠰᠤᠷᠪᠤᠯᠵᠢᠯᠠᠬ᠍ᠴᠢ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠠᠴᠠ ᠣᠢ᠌ᠯᠠᠭ᠋ᠠᠭᠰᠠᠨ ᠵᠢᠡᠷ᠂ 5 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠮᠠᠨ᠎ᠤ ᠣᠷᠣᠨ ᠨᠢᠭᠡ ᠰᠠᠷ᠎ᠠ ᠵᠢᠨ ᠬᠤᠭᠤᠴᠠᠭ᠎ᠠ᠎ᠲᠠᠢ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢᠵᠢᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢ ᠡᠬᠢᠯᠡᠭᠦᠯᠪᠡ᠃ ᠲᠣᠰ ᠤᠳᠠᠭ᠋ᠠᠨ᠎ᠤ ᠠᠵᠢᠯᠯᠠᠭ᠎ᠠ᠎ᠨᠢ 《〈ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠳᠦᠷᠢᠮ〉 (ᠳᠣᠷᠣᠭᠰᠢ 〈ᠳᠦᠷᠢᠮ〉 ᠭᠡᠵᠦ ᠳᠥᠭᠥᠮᠴᠢᠯᠡᠨ᠎ᠡ)᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢᠵᠢᠯ᠎ᠢ ᠪᠦᠭᠦ ᠲᠠᠯ᠎ᠠ᠎ᠪᠠᠷ ᠠᠬᠢᠭᠤᠯᠬᠤ》᠎ᠪᠠᠷ ᠭᠣᠣᠯ ᠰᠡᠳᠦᠪ ᠵᠢᠡᠨ ᠪᠤᠯᠭ᠋ᠠᠵᠤ᠂ ᠨᠡᠢ᠌ᠭᠡᠮ ᠳᠠᠶᠠᠭ᠋ᠠᠷ᠎ᠲᠤ ᠠᠵᠢᠯ ᠶᠠᠪᠤᠳᠠᠯ ᠭᠦᠢ᠍ᠴᠡᠳᠬᠡᠬᠦ᠎ᠳᠤ ᠬᠠᠤᠯᠢ ᠵᠢ ᠵᠢᠷᠤᠮᠯᠠᠬᠤ᠂ ᠤᠴᠢᠷ ᠶᠠᠪᠤᠳᠠᠯ ᠲᠤᠯᠭ᠋ᠠᠷᠠᠪᠠᠯ ᠬᠠᠤᠯᠢ ᠵᠢ ᠡᠷᠢᠬᠦ᠂ ᠠᠰᠠᠭᠤᠳᠠᠯ᠎ᠢ ᠰᠢᠢ᠍ᠳᠪᠦᠷᠢᠯᠡᠬᠦ᠎ᠳᠤ ᠬᠠᠤᠯᠢ ᠵᠢ ᠬᠡᠷᠡᠭᠯᠡᠬᠦ᠂ ᠵᠥᠷᠢᠴᠡᠯ᠎ᠢ ᠰᠢᠢ᠍ᠳᠪᠦᠷᠢᠯᠡᠬᠦ᠎ᠳᠤ ᠬᠠᠤᠯᠢ ᠵᠢ ᠲᠦᠰᠢᠭᠯᠡᠬᠦ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠤᠶ ᠪᠤᠯᠭ᠋ᠠᠬᠤ ᠵᠢ ᠵᠣᠷᠢᠵᠠᠢ᠃
ᠠᠵᠢᠯᠯᠠᠭ᠎ᠠ ᠵᠢᠨ ᠬᠤᠭᠤᠴᠠᠭ᠋ᠠᠨ᠎ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠠᠷᠠᠳ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠲᠣᠰ ᠨᠢᠭᠡᠴᠢ ᠵᠢᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠪᠣᠳᠠᠲᠤ ᠪᠠᠢ᠌ᠳᠠᠯ᠎ᠳᠤ ᠰᠠᠭᠤᠷᠢᠯᠠᠵᠤ᠂ ᠣᠯᠠᠨ ᠵᠦᠢ᠍ᠯ᠎ᠤᠨ ᠭᠡᠯᠪᠡᠷᠢ᠎ᠪᠠᠷ 《ᠳᠦᠷᠢᠮ》᠎ᠢ ᠲᠠᠢ᠌ᠯᠪᠤᠷᠢᠯᠠᠵᠤ᠂ ᠤᠬᠠᠭᠤᠯᠤᠨ ᠲᠠᠢ᠌ᠯᠪᠤᠷᠢᠯᠠᠵᠤ ᠬᠠᠪᠰᠤᠷᠤᠨ ᠵᠢᠯᠤᠭᠣᠳᠬᠤ᠂ ᠬᠥᠮᠦᠵᠢᠯ ᠪᠣᠯᠪᠠᠰᠤᠷᠠᠯ᠎ᠢ ᠥᠷᠭᠡᠨ ᠵᠶ᠋ᠡᠷ ᠥᠷᠨᠢᠭᠦᠯᠵᠦ᠂ 《ᠳᠦᠷᠢᠮ》᠎ᠢ ᠨᠠᠮ᠎ᠤᠨ ᠰᠤᠷᠭ᠋ᠠᠭᠤᠯᠢ᠎ᠳᠤ ᠣᠷᠣᠭᠤᠯᠵᠤ ᠬᠢᠴᠢᠶᠡᠯ᠎ᠤᠨ ᠲᠠᠩᠬᠢᠮ᠎ᠳᠤ ᠣᠷᠣᠭᠤᠯᠬᠤ ᠵᠢ ᠠᠬᠢᠭᠤᠯᠬᠤ ᠪᠣᠯᠣᠨ᠎ᠠ᠃ ᠣᠯᠠᠨ ᠵᠦᠢ᠍ᠯ᠎ᠤᠨ ᠭᠡᠯᠪᠡᠷᠢ ᠪᠦᠬᠦᠢ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢᠵᠢᠯ᠎ᠤᠨ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠵᠦ᠂ ᠣᠷᠣᠨ ᠨᠤᠲᠤᠭ᠂ ᠠᠵᠢᠯ ᠲᠥᠷᠥᠯ᠎ᠤᠨ ᠣᠨᠴᠠᠯᠢᠭ᠎ᠲᠠᠢ ᠤᠬᠠᠭᠤᠯᠭ᠎ᠠ ᠵᠢᠨ ᠠᠵᠢᠯ᠎ᠤᠨ ᠠᠩᠭᠢ (ᠳᠤᠭᠤᠢ᠌ᠯᠠᠩ) ᠵᠢ ᠵᠣᠬᠢᠶᠠᠨ ᠪᠠᠢ᠌ᠭᠤᠯᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢᠵᠢᠯ᠎ᠤᠨ ᠤᠬᠠᠭᠤᠯᠭ᠎ᠠ ᠵᠢᠨ ᠠᠵᠢᠯᠯᠠᠭ᠎ᠠ ᠵᠢᠨ 《ᠬᠥᠳᠡᠭᠡ ᠲᠣᠰᠬᠣᠨ᠂ ᠨᠡᠢ᠌ᠭᠡᠮ ᠲᠣᠭᠣᠷᠢᠭ᠂ ᠨᠢᠭᠡᠴᠢ᠂ ᠠᠵᠤ ᠠᠬᠤᠢ᠌ᠯᠠᠯ᠂ ᠰᠦᠯᠵᠢᠶ᠎ᠡ᠎ᠳᠤ ᠣᠷᠣᠬᠤ》 ᠵᠢ ᠪᠦᠭᠦ ᠲᠠᠯ᠎ᠠ᠎ᠪᠠᠷ ᠠᠬᠢᠭᠤᠯᠤᠨ᠎ᠠ᠃ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠮᠡᠷᠭᠡᠵᠢᠯ ᠴᠢᠳᠠᠪᠤᠷᠢ ᠵᠢᠨ ᠤᠷᠤᠯᠳᠤᠭ᠋ᠠᠨ᠂ ᠭᠣᠣᠯ ᠰᠡᠳᠦᠪᠲᠦ ᠶᠠᠷᠢᠶ᠎ᠠ ᠢᠯᠡᠳᠬᠡᠯ᠂ ᠮᠡᠳᠡᠯᠭᠡ ᠵᠢᠨ ᠤᠷᠤᠯᠳᠤᠭ᠋ᠠᠨ᠂ ᠵᠣᠬᠢᠶᠠᠯ᠎ᠤᠨ ᠤᠷᠤᠯᠳᠤᠭ᠋ᠠᠨ ᠵᠡᠷᠭᠡ ᠭᠡᠯᠪᠡᠷᠢ ᠵᠢ ᠠᠪᠴᠤ᠂ ᠵᠠᠬᠢᠳᠠᠯ ᠰᠤᠷᠪᠤᠯᠵᠢᠯᠠᠯ᠎ᠤᠨ ᠲᠤᠬᠠᠢ᠌ᠯᠠᠭᠰᠠᠨ ᠠᠵᠢᠯ᠎ᠢ ᠵᠢᠷᠤᠮᠵᠢᠭᠤᠯᠤᠨ ᠦᠨᠡᠯᠡᠨ ᠪᠠᠢ᠌ᠴᠠᠭ᠋ᠠᠬᠤ ᠠᠵᠢᠯᠯᠠᠭ᠎ᠠ ᠵᠢ ᠥᠷᠨᠢᠭᠦᠯᠦᠨ᠎ᠡ;ᠬᠠᠤᠯᠢᠵᠢᠯ᠎ᠤᠨ ᠰᠢᠯᠢᠳᠡᠭ ᠸᠢᠳᠢᠤ᠋ ᠵᠢᠨ ᠪᠦᠲᠦᠭᠡᠯ᠎ᠢ ᠡᠯᠰᠡᠨ ᠰᠢᠯᠭ᠋ᠠᠷᠠᠭᠤᠯᠬᠤ ᠠᠵᠢᠯᠯᠠᠭ᠎ᠠ ᠵᠢ ᠥᠷᠨᠢᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ 《ᠳᠦᠷᠢᠮ》᠎ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢᠵᠢᠯ᠎ᠤᠨ ᠠᠵᠢᠯ᠎ᠢ ᠪᠦᠭᠦ ᠲᠠᠯ᠎ᠠ᠎ᠪᠠᠷ ᠠᠬᠢᠭᠤᠯᠬᠤ᠂ ᠣᠯᠠᠨ ᠲᠦᠮᠡᠨ᠎ᠤ ᠬᠦᠴᠢᠷ ᠵᠣᠪᠠᠭᠤᠷᠢ ᠵᠢ ᠰᠢᠢ᠍ᠳᠪᠦᠷᠢᠯᠡᠬᠦ ᠰᠢᠨ᠎ᠡ ᠵᠢ ᠡᠭᠦᠳᠦᠭᠰᠡᠨ ᠬᠡᠷᠡᠭ᠎ᠤᠨ ᠵᠢᠱ᠌ᠢᠶ᠎ᠡ᠂ ᠲᠣᠪᠣᠢ᠌ᠮ᠎ᠠ ᠠᠷᠭ᠎ᠠ ᠬᠢᠳᠡᠯ᠂ ᠨᠡᠢ᠌ᠲᠡᠯᠢᠭ ᠲᠤᠷᠰᠢᠯᠭ᠎ᠠ᠂ ᠰᠡᠳᠬᠢᠯ ᠬᠥᠳᠡᠯᠭᠡᠮ᠎ᠡ ᠥᠯᠢᠭᠡᠷ ᠵᠡᠷᠭᠡ ᠵᠢ ᠭᠣᠣᠯᠳᠠᠯᠭ᠎ᠠ᠎ᠲᠠᠢ ᠡᠯᠰᠡᠨ᠎ᠡ᠃