ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ 《5 · 1》᠎ᠤ ᠳᠡᠯᠡᠬᠡᠢ ᠵᠢᠨ ᠬᠥᠳᠡᠯᠮᠦᠷᠢᠴᠢᠳ᠎ᠤᠨ ᠪᠠᠶᠠᠷ᠎ᠢ ᠪᠡᠯᠭᠡᠯᠡᠵᠦ ᠲᠡᠷᠢᠭᠦᠨ᠎ᠤ᠎ᠬᠢ ᠵᠢ ᠬᠥᠬᠢᠭᠦᠯᠦᠨ ᠰᠠᠢ᠌ᠰᠢᠶᠠᠪᠠ ᠰᠦᠨ ᠱᠤᠤ ᠴᠧᠩ ᠪᠦᠭᠦ ᠣᠷᠣᠨ᠎ᠤ ᠥᠷᠭᠡᠨ ᠤᠯᠠᠨ ᠬᠥᠳᠡᠯᠮᠦᠷᠢᠴᠢᠨ᠎ᠳᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠵᠡᠢ
ᠨᠡᠶ᠋ᠢᠲᠡᠯᠡᠭᠰᠡᠨ ᠴᠠᠭ᠄ 2024-04-29

     《5 · 1》᠎ᠤ ᠳᠡᠯᠡᠬᠡᠢ ᠵᠢᠨ ᠬᠥᠳᠡᠯᠮᠦᠷᠢᠴᠢᠳ᠎ᠤᠨ ᠪᠠᠶᠠᠷ ᠬᠦᠷᠴᠦ ᠢᠷᠡᠬᠦ ᠲᠠᠰᠢᠷᠠᠮ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠴᠣᠬᠣᠯᠠᠪᠤᠷᠢ ᠥᠭᠴᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠪᠦᠭᠦ ᠣᠷᠣᠨ᠎ᠤ ᠥᠷᠭᠡᠨ ᠤᠯᠠᠨ ᠬᠥᠳᠡᠯᠮᠦᠷᠢᠴᠢᠨ᠎ᠳᠤ ᠪᠠᠶᠠᠷ᠎ᠤᠨ ᠡᠳᠦᠷ᠎ᠤᠨ ᠮᠡᠨᠳᠦᠴᠢᠯᠡᠯ ᠪᠣᠯᠣᠨ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠲᠡᠷᠡ᠂ ᠣᠳᠣᠬᠠᠨ᠎ᠳᠤ ᠮᠠᠨ᠎ᠤ ᠣᠷᠣᠨ ᠶᠠᠭ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠰᠢᠵᠤ ᠪᠠᠢ᠌ᠨ᠎ᠠ᠂ ᠪᠦᠭᠦ ᠣᠷᠣᠨ᠎ᠤ ᠥᠷᠭᠡᠨ ᠣᠯᠠᠨ ᠬᠥᠳᠡᠯᠮᠦᠷᠢᠴᠢᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ᠂ ᠡᠵᠡᠨ ᠬᠥᠮᠥᠨ᠎ᠤ ᠴᠢᠩᠭ᠎ᠠ ᠤᠬᠠᠮᠰᠠᠷ ᠵᠶ᠋ᠠᠷ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ ᠭᠠᠯ ᠬᠠᠯᠠᠭᠤᠨ ᠦᠢ᠍ᠯᠡᠳᠦᠯᠭᠡ᠎ᠳᠤ ᠣᠷᠣᠯᠴᠠᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠲᠡᠰᠪᠦᠷᠢ ᠬᠠᠲᠠᠭᠤᠵᠢᠯᠲᠠᠢ᠎ᠪᠠᠷ ᠰᠢᠨ᠎ᠡ ᠵᠠᠮ ᠨᠡᠭᠡᠭᠡᠵᠦ᠂ ᠴᠤᠴᠠᠯᠲᠠ ᠦᠭᠡᠢ ᠤᠷᠤᠭᠰᠢᠯᠠᠵᠤ ᠳᠤᠮᠳᠠ ᠲᠦᠪᠰᠢᠨ᠎ᠳᠤ ᠣᠷᠣᠬᠤ ᠵᠢ ᠬᠦᠰᠡᠪᠡ᠃ ᠡᠯ᠎ᠡ ᠱᠠᠲᠤᠨ᠎ᠤ ᠠᠵᠢᠯᠴᠢᠨ᠎ᠤ ᠡᠪᠯᠡᠯ ᠥᠷᠭᠡᠨ ᠤᠯᠠᠨ ᠬᠥᠳᠡᠯᠮᠦᠷᠢᠴᠢᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠰᠠᠢ᠌ᠲᠤᠷ ᠬᠠᠮᠠᠭ᠋ᠠᠯᠠᠵᠤ᠂ ᠭᠦᠳᠡᠯᠮᠦᠷᠢ ᠵᠢᠨ ᠵᠢᠱ᠌ᠢᠶᠡᠴᠢ ᠵᠢᠨ ᠦᠯᠢᠭᠡᠷ᠎ᠢ ᠰᠠᠢ᠌ᠲᠤᠷ ᠶᠠᠷᠢᠵᠤ᠂ 《ᠠᠵᠢᠯᠲᠠᠨ ᠠᠵᠢᠯᠴᠢᠨ᠎ᠤ ᠭᠡᠷ ᠪᠦᠯᠢ》 ᠵᠢ ᠰᠠᠢ᠌ᠲᠤᠷ ᠪᠠᠢ᠌ᠭᠤᠯᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠠᠵᠢᠯᠴᠢᠨ᠎ᠤ ᠡᠪᠯᠡᠯ᠎ᠤᠨ ᠠᠵᠢᠯ᠎ᠳᠤ ᠲᠤᠯᠭ᠋ᠠᠷᠠᠭᠰᠠᠨ ᠴᠢᠬᠤᠯᠠ ᠠᠰᠠᠭᠤᠳᠠᠯ᠎ᠢ ᠴᠠᠭ ᠲᠤᠬᠠᠢ᠎ᠳᠤᠨᠢ ᠰᠤᠳᠤᠯᠤᠨ ᠰᠢᠢ᠍ᠳᠪᠦᠷᠢᠯᠡᠵᠦ᠂ ᠠᠵᠢᠯᠴᠢᠨ᠎ᠤ ᠡᠪᠯᠡᠯ᠎ᠤᠨ ᠪᠦᠲᠦᠭᠡᠯᠴᠢ ᠴᠢᠨᠠᠷᠲᠠᠢ᠎ᠪᠠᠷ ᠠᠵᠢᠯ ᠵᠶ᠋ᠠᠨ ᠥᠷᠨᠢᠭᠦᠯᠬᠦ ᠵᠢ ᠳᠡᠮᠵᠢᠬᠦ ᠬᠡᠷᠡᠭᠲᠡᠢ ᠭᠡᠵᠡᠢ᠃
     4 ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ 《5 · 1》᠎ᠤ ᠳᠡᠯᠡᠬᠡᠢ ᠵᠢᠨ ᠬᠥᠳᠡᠯᠮᠦᠷᠢᠴᠢᠳ᠎ᠤᠨ ᠪᠠᠶᠠᠷ᠎ᠢ ᠪᠡᠯᠭᠡᠯᠡᠬᠦ ᠵᠢᠴᠢ ᠥᠪᠡᠷᠲᠡᠭᠡᠨ ᠵᠠᠰᠠᠬᠤ ᠣᠷᠣᠨ᠎ᠤ 《5 · 1》᠎ᠤ ᠭᠦᠳᠡᠯᠮᠦᠷᠢ ᠵᠢᠨ ᠱᠠᠩᠨᠠᠯ᠎ᠤᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠭᠦᠭᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ ᠢᠦᠢ ᠯᠢ ᠰᠢᠨ ᠬᠤᠷᠠᠯ᠎ᠳᠤ ᠣᠷᠣᠯᠴᠠᠬᠰᠡᠨ ᠪᠥᠭᠡᠳ ᠶᠠᠷᠢᠶ᠎ᠠ ᠲᠠᠯᠪᠢᠵᠠᠢ᠃ ᠲᠡᠷᠡ᠂ ᠪᠦᠭᠦ ᠣᠷᠣᠨ᠎ᠤ ᠡᠯ᠎ᠡ ᠱᠠᠲᠤᠨ᠎ᠤ ᠠᠵᠢᠯᠴᠢᠨ᠎ᠤ ᠡᠪᠯᠡᠯ᠎ᠤᠨ᠎ᠬᠢᠨ ᠠᠵᠢᠯᠴᠢᠨ᠎ᠤ ᠡᠪᠯᠡᠯ᠎ᠳᠠᠬᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠠᠵᠢᠯᠴᠢᠨ᠎ᠤ ᠡᠪᠯᠡᠯ᠎ᠤᠨ ᠠᠵᠢᠯ᠎ᠤᠨ ᠵᠥᠪ ᠤᠯᠤᠰ ᠲᠦᠷᠦ ᠵᠢᠨ ᠴᠢᠭᠯᠡᠯ᠎ᠢ ᠢᠮᠠᠭᠲᠠ ᠪᠠᠲᠤ ᠡᠵᠡᠮᠳᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠪᠣᠯᠣᠨ ᠰᠦᠨ ᠱᠤᠤ ᠴᠧᠩ ᠨᠥᠬᠥᠷ᠎ᠤᠨ ᠴᠣᠬᠣᠯᠠᠪᠤᠷᠢ ᠵᠢᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ᠎ᠳᠤ ᠣᠷᠣᠬᠤ ᠲᠡᠮᠡᠴᠡᠬᠦ ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠷᠭᠡᠨ ᠤᠯᠠᠨ ᠠᠵᠢᠯᠲᠠᠨ ᠠᠵᠢᠯᠴᠢᠨ ᠤᠯᠠᠨ ᠲᠦᠮᠡᠨ᠎ᠢ ᠵᠣᠬᠢᠶᠠᠨ ᠪᠠᠢ᠌ᠭᠤᠯᠤᠨ ᠲᠠᠢ᠌ᠴᠢᠯᠠᠵᠥ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠭᠠᠯ ᠬᠠᠯᠠᠭᠤᠨ ᠦᠢ᠍ᠯᠡᠳᠦᠯᠭᠡ᠎ᠳᠤ ᠢᠳᠡᠪᠬᠢᠲᠡᠢ ᠣᠷᠣᠯᠴᠠᠭᠤᠯᠵᠤ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ ᠪᠣᠯᠣᠨ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ᠎ᠳᠤ ᠤᠶᠤᠨ ᠤᠬᠠᠭ᠋ᠠᠨ ᠪᠣᠯᠣᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ᠃ ᠡᠷᠬᠡ ᠠᠰᠢᠭ ᠵᠶ᠋ᠠᠨ ᠬᠠᠮᠠᠭ᠋ᠠᠯᠠᠬᠤ ᠦᠢ᠍ᠯᠡᠴᠢᠯᠡᠭᠡᠨ᠎ᠤ ᠠᠵᠢᠯ᠎ᠢ ᠰᠡᠳᠬᠢᠯ ᠲᠠᠯᠪᠢᠨ ᠬᠠᠢ᠌ᠷ᠎ᠠ ᠰᠡᠳᠬᠢᠯᠭᠡ᠎ᠲᠠᠢ᠎ᠪᠠᠷ ᠬᠦᠴᠦ ᠣᠷᠣᠭᠤᠯᠤᠨ ᠰᠠᠢ᠌ᠲᠤᠷ ᠬᠢᠵᠦ᠂ ᠠᠵᠢᠯᠲᠠᠨ ᠠᠵᠢᠯᠴᠢᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃
      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠡᠷᠭᠢᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠲᠡᠷᠢᠭᠦᠯᠡᠭᠴᠢ ᠵᠠᠩ ᠱᠤᠤ ᠴᠦᠨ ᠬᠤᠷᠠᠯ᠎ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠣᠣ ᠶᠦᠩ ᠪᠦᠸᠧ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠵᠠᠩ ᠯᠧᠢ ᠬᠤᠷᠠᠯ᠎ᠳᠤ ᠣᠷᠣᠯᠴᠠᠵᠠᠢ᠃ ᠬᠤᠷᠠᠯ᠎ᠠᠴᠠ 2024 ᠣᠨ᠎ᠤ ᠪᠦᠭᠦ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ 《5 · 1》᠎ᠤ ᠭᠦᠳᠡᠯᠮᠦᠷᠢ ᠵᠢᠨ ᠬᠥᠬᠢᠭᠦᠯᠦᠯ᠎ᠤᠨ ᠦᠨᠡᠮᠯᠡᠯ᠂ ᠱᠠᠩᠨᠠᠯ᠎ᠤᠨ ᠮᠧᠳᠠᠯ᠂ ᠠᠵᠢᠯᠴᠢᠨ᠎ᠤ ᠬᠣᠰᠢᠭᠤᠴᠢ ᠴᠣᠯᠠ ᠭᠥᠷᠳᠡᠭᠰᠡᠨ ᠲᠡᠷᠢᠭᠦᠨ᠎ᠤ ᠬᠠᠮᠲᠤ ᠪᠣᠯᠣᠨ ᠬᠤᠪᠢ ᠬᠥᠮᠥᠨ᠎ᠢ ᠬᠥᠬᠢᠭᠦᠯᠦᠨ ᠰᠠᠢ᠌ᠰᠢᠶᠠᠪᠠ᠃
 

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠳᠠᠢ᠌ᠴᠢᠨ ᠬᠤᠷᠠᠯ᠎ᠢ ᠡᠷᠭᠢᠯᠡᠵᠡᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠪᠡ
ᠲᠠᠪᠤᠨ ᠰᠠᠷ᠎ᠠ ᠵᠢᠨ ᠨᠢᠭᠡᠨ᠎ᠤ ᠬᠥᠳᠡᠯᠮᠦᠷᠢᠴᠢᠳ᠎ᠤᠨ ᠪᠠᠶᠠᠷ᠎ᠤᠨ ᠡᠳᠦᠷ — ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠲᠤ ᠬᠦᠨᠳᠦᠳᠬᠡᠯ ᠳᠡᠪᠰᠢᠭᠦᠯᠦᠶ᠎ᠡ!
 
            