ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ᠎ᠤᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-06-12

 
   6 ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ᠎ᠤᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠲᠢᠩᠬᠢᠮ᠎ᠤᠨ ᠳᠡᠳ᠋ ᠳᠠᠷᠤᠭ᠎ᠠ ᠵᠠᠩ ᠸᠸᠨ ᠲᠤᠤ ᠬᠤᠷᠠᠯ᠎ᠢ ᠡᠷᠭᠢᠯᠡᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ ᠵᠢᠴᠢ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ ᠭᠣᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃




    ᠬᠤᠷᠠᠯ᠎ᠠᠴᠠ ᠶᠡᠷᠦᠩᠬᠡᠶ ᠱᠦᠵᠢ ᠰᠢ ᠵᠢᠨ ᠫᠢᠩ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠤᠯᠤᠰ ᠲᠥᠷᠥ ᠵᠢᠨ ᠲᠣᠪᠴᠢᠶᠠᠨ᠎ᠤ 11 ᠳ᠋ᠦ᠍ᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠪᠠ; ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠣᠯᠪᠣᠭᠳᠠᠯ ᠪᠦᠬᠦᠢ ᠮᠡᠳᠡᠭᠳᠡᠯ᠎ᠤᠨ ᠱᠠᠭ᠋ᠠᠷᠳᠠᠯᠭ᠎ᠠ ᠵᠢ ᠰᠤᠷᠤᠯᠴᠠᠭᠰᠠᠨ ᠪᠥᠭᠡᠳ ᠬᠣᠯᠪᠣᠭᠳᠠᠯ ᠪᠦᠬᠦᠢ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠪᠠ᠃ ᠬᠤᠷᠠᠯ ᠳᠡᠭᠡᠷ᠎ᠡ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ ᠨᠡᠷ ᠲᠣᠰ ᠲᠣᠰ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠲᠦᠷᠢᠮ》᠎ᠢ ᠳᠠᠭ᠋ᠠᠭᠤᠯᠤᠨ ᠰᠤᠷᠤᠯᠴᠠᠬᠤ ᠵᠢᠨ ᠬᠠᠮᠲᠤ ᠰᠠᠨᠠᠯ ᠵᠶ᠋ᠠᠨ ᠰᠣᠯᠢᠯᠴᠠᠵᠤ ᠰᠤᠳᠤᠯᠤᠨ ᠶᠠᠷᠢᠯᠴᠠᠪᠠ᠃



    ᠬᠤᠷᠠᠯ᠎ᠠᠴᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠰᠲ᠋ᠧᠮ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠲᠤᠬᠠᠶ ᠴᠢᠬᠤᠯᠠ ᠥᠭᠦᠯᠡᠯᠲᠡ ᠵᠢ ᠦᠷᠭᠦᠯᠵᠢᠯᠡᠨ ᠭᠦᠨᠵᠡᠭᠡᠶ ᠰᠤᠷᠤᠯᠴᠠᠨ ᠣᠢ᠌ᠯᠠᠭ᠋ᠠᠵᠤ᠂ ᠬᠡᠬᠦᠳᠡᠭ ᠴᠡᠭᠡᠵᠢᠨ᠎ᠳᠡᠭᠡᠨ 《ᠤᠯᠤᠰ᠎ᠤᠨ ᠶᠡᠬᠡ ᠲᠠᠯ᠎ᠠ》ᠵᠢ ᠪᠠᠭᠲᠠᠭ᠋ᠠᠵᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠦᠵᠡᠯ ᠰᠠᠨᠠᠭ᠋ᠠᠨ᠎ᠤ ᠰᠠᠭᠤᠷᠢ᠎ᠪᠠᠨ ᠪᠡᠬᠢᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ᠎ᠪᠠᠨ ᠬᠦᠴᠦᠯᠡᠨ ᠳᠡᠭᠡᠭᠰᠢᠯᠡᠭᠦᠯᠵᠦ᠂ ᠬᠥᠭᠵᠢᠯᠲᠡ ᠵᠢᠨ ᠰᠢᠨ᠎ᠡ ᠬᠦᠷᠢᠶ᠎ᠡ ᠰᠢᠨ᠎ᠡ ᠤᠷᠤᠯᠳᠤᠭ᠋ᠠᠨ᠎ᠤ ᠵᠠᠮ᠎ᠢ ᠲᠠᠰᠤᠷᠠᠯᠲᠠ ᠥᠬᠡᠶ ᠨᠡᠭᠡᠭᠡᠵᠦ᠂ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ᠎ᠢ ᠪᠣᠶ ᠪᠣᠯᠭ᠋ᠠᠬᠤ ᠬᠡᠷᠡᠭᠲᠡᠶ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠵᠢᠯᠣᠭᠣᠳᠤᠮᠵᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠤᠯᠠᠮᠵᠢᠯᠠᠯᠲᠤ ᠠᠵᠤ ᠦᠢᠯᠡᠰ᠎ᠤᠨ ᠲᠠᠰ ᠳᠡᠪᠰᠢᠬᠦ ᠵᠢ ᠠᠬᠢᠭᠤᠯᠵᠤ᠂ ᠰᠢᠨ᠎ᠡ᠎ᠪᠠᠷ ᠮᠠᠨᠳᠤᠭᠰᠠᠨ ᠠᠵᠤ ᠦᠢᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠢᠷᠡᠭᠡᠳᠦᠶ ᠵᠢᠨ ᠠᠵᠤ ᠦᠢᠯᠡᠰ᠎ᠢ ᠤᠷᠢᠳᠴᠢᠯᠠᠨ ᠪᠠᠢ᠌ᠷᠢᠰᠢᠭᠤᠯᠤᠨ ᠪᠥᠲᠥᠭᠡᠨ ᠪᠠᠢ᠌ᠭᠤᠯᠵᠤ᠂ ᠣᠳᠣᠬᠢᠴᠢᠯᠠᠭᠰᠠᠨ ᠠᠵᠤ ᠦᠢᠯᠡᠰ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢᠯᠡᠰ᠎ᠤᠨ ᠬᠥᠭᠵᠢᠯᠲᠡ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠬᠤ ᠬᠡᠷᠡᠭᠲᠡᠶ  ᠃ 《ᠲᠠᠪᠤᠨ ᠶᠡᠬᠡ ᠬᠦᠷᠢᠶ᠎ᠡ ᠴᠠᠷᠠᠭ᠎ᠠ》᠂ 《ᠨᠠᠢᠮᠠᠨ ᠶᠡᠬᠡ ᠴᠢᠭᠯᠡᠯ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠣᠲᠣ ᠦᠶ᠎ᠡ ᠵᠢᠨ ᠠᠵᠤ ᠦᠢᠯᠡᠰ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠬᠥᠲᠥᠯᠥᠨ ᠳᠠᠭ᠋ᠠᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠵᠦ᠂ ᠪᠥᠬᠥ ᠨᠡᠢ᠌ᠭᠡᠮ᠎ᠤᠨ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠦᠨᠡᠨ ᠬᠦ᠌ ᠰᠢᠨ᠎ᠡ ᠵᠢ ᠡᠭᠦᠳᠬᠦ ᠳᠠᠪᠠᠭᠤᠯᠢᠭ᠂ ᠠᠵᠤ ᠦᠢᠯᠡᠰ᠎ᠤᠨ ᠳᠠᠪᠠᠭᠤᠯᠢᠭ᠂ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠰᠢᠨ᠎ᠡ ᠵᠠᠮ ᠵᠶ᠋ᠠᠷ ᠵᠠᠮᠨᠠᠵᠤ᠂ ᠳᠤᠮᠳᠠ ᠲᠥᠪᠰᠢᠨ᠎ᠳᠤ ᠣᠷᠣᠬᠤ》᠎ᠳᠤ ᠬᠦᠴᠦᠲᠡᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃
    ᠬᠤᠷᠠᠯ᠎ᠠᠴᠠ᠂ ᠡᠨᠡ ᠤᠳᠠᠭ᠎ᠠ ᠵᠢᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠵᠶ᠋ᠡᠷ ᠠᠵᠠ ᠲᠣᠬᠢᠶᠠᠯ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠤᠬᠠᠢ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠷᠢᠨ ᠬᠢᠨᠠᠮᠠᠭ᠋ᠠᠢ ᠰᠠᠬᠢᠯᠭ᠎ᠠ ᠪᠠᠲᠤ ᠰᠤᠷᠤᠯᠴᠠᠵᠤ᠂ ᠪᠦᠬᠦ ᠲᠠᠯ᠎ᠠ᠎ᠪᠠᠷ ᠰᠠᠬᠢᠯᠭ᠎ᠠ ᠪᠠᠲᠤ ᠵᠢ ᠣᠢ᠌ᠯᠠᠭ᠋ᠠᠵᠤ᠂ ᠰᠠᠬᠢᠯᠭ᠎ᠠ ᠪᠠᠲᠤ᠎ᠲᠠᠢ ᠬᠠᠷᠭᠤᠭᠤᠯᠵᠤ᠂ ᠰᠠᠬᠢᠯᠭ᠎ᠠ ᠪᠠᠲᠤ ᠵᠢ ᠪᠠᠲᠤ ᠰᠠᠬᠢᠬᠤ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠰᠠᠢ᠌ᠲᠤᠷ ᠥᠷᠨᠢᠭᠦᠯᠵᠦ᠂ ᠰᠠᠭᠤᠷᠢ ᠥᠩᠭᠡ᠎ᠪᠠᠨ ᠲᠠᠰᠤᠷᠠᠯᠲᠠ ᠥᠬᠡᠶ ᠢᠯᠡ ᠲᠣᠳᠣ ᠪᠣᠯᠭ᠋ᠠᠵᠤ᠂ ᠰᠠᠬᠢᠯᠭ᠎ᠠ ᠪᠠᠲᠤ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠢᠮᠠᠭᠲᠠ ᠵᠥᠪ ᠣᠨᠣᠪᠴᠢᠲᠠᠶ ᠤᠯᠤᠰ ᠲᠥᠷᠥ ᠵᠢᠨ ᠴᠢᠭᠯᠡᠯ ᠵᠶ᠋ᠡᠷ ᠤᠷᠤᠭᠰᠢᠯᠠᠬᠤ ᠵᠢ ᠪᠠᠲᠤᠯᠠᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠡᠨ ᠦᠨᠡᠨ ᠬᠦ᠌ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠪᠣᠳᠠᠲᠠᠶ ᠦᠢᠯᠡᠳᠦᠯᠭᠡ᠎ᠳᠤ ᠢᠯᠡᠷᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2024 ᠣᠨ᠎ᠤ 5 ᠳ᠋ᠤᠭ᠋ᠠᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠥᠬᠥ ᠣᠷᠣᠨ᠎ᠤ ᠥᠷᠭᠡᠨ ᠣᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠤ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠤᠷ ᠠᠮᠤᠭᠤᠯᠠᠩ᠎ᠢ ᠵᠥᠩᠨᠡᠶ᠎ᠡ!
ᠰᠦᠨ ᠱᠤᠤ ᠴᠧᠩ ᠳᠥᠷᠪᠡᠳ ᠬᠣᠰᠢᠭᠤᠨ᠎ᠳᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠪᠡ
 
            