ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2024 ᠣᠨ᠎ᠤ 5 ᠳ᠋ᠤᠭ᠋ᠠᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-06-11

 


   6 ᠳ᠋ᠤᠭ᠋ᠠᠷ ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ 2024 ᠣᠨ᠎ᠤ 5 ᠳ᠋ᠤᠭ᠋ᠠᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠲᠠᠪᠤᠨ ᠶᠡᠬᠡ ᠡᠭᠦᠷᠭᠡ》 ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠪᠠᠢ᠌ᠷᠢᠯᠠᠭᠤᠯᠤᠭᠰᠠᠨ ᠭᠣᠤᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠲᠣᠬᠢᠷᠠᠭᠤᠯᠤᠯᠲᠠ ᠬᠢᠵᠦ᠂ ᠱᠦᠵᠢ ᠰᠦᠨ ᠱᠣᠤ ᠴᠧᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠳᠤ ᠪᠠᠢ᠌ᠴᠠᠭ᠋ᠠᠨ ᠰᠤᠳᠤᠯᠤᠯᠲᠠ ᠬᠢᠬᠦ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠤᠬᠠᠭᠤᠯᠭ᠎ᠠ᠂ ᠲᠣᠮᠣ ᠬᠡᠯᠪᠡᠷᠢ ᠵᠢᠨ ᠬᠡᠮᠵᠢᠭᠦᠷᠯᠢᠭ᠎ᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠬᠤ᠂ ᠬᠤᠷᠠᠯ᠎ᠤᠨ ᠲᠦᠷᠢᠮ᠎ᠢ ᠵᠢᠷᠤᠮᠵᠢᠭᠤᠯᠬᠤ ᠵᠢᠴᠢ ᠪᠠᠢ᠌ᠴᠠᠭ᠋ᠠᠨ ᠰᠤᠳᠤᠯᠤᠯᠲᠠ ᠬᠢᠬᠦ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ᠂ ᠪᠣᠯᠪᠠᠰᠤᠷᠠᠯ ᠬᠢᠬᠦ ᠵᠡᠷᠭᠡ ᠭᠣᠤᠯᠳᠠᠯᠭ᠎ᠠ᠎ᠲᠠᠢ ᠠᠵᠢᠯ᠎ᠢ ᠥᠷᠨᠢᠭᠦᠯᠬᠦ ᠲᠤᠬᠠᠶ ᠰᠤᠳᠤᠯᠤᠨ ᠪᠠᠢ᠌ᠷᠢᠯᠠᠭᠤᠯᠪᠠ᠃



    ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠵᠠᠰᠠᠭ᠎ᠤᠨ ᠣᠷᠳᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ 《ᠰᠢᠨ᠎ᠡ ᠵᠠᠮ᠎ᠢ ᠨᠡᠭᠡᠭᠡᠬᠦ᠂ ᠳᠤᠮᠳᠠ ᠲᠥᠪᠰᠢᠨ᠎ᠳᠤ ᠣᠷᠣᠬᠤ》ᠵᠠᠩᠭᠢᠯᠠᠭ᠎ᠠ ᠵᠢᠨ ᠲᠤᠯᠭ᠋ᠠᠭᠤᠷᠢᠯᠠᠯ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠢ ᠶᠡᠬᠡ᠎ᠪᠠᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠳᠤ ᠰᠢᠨ᠎ᠡ ᠱᠠᠭ᠋ᠠᠷᠳᠠᠯᠭ᠎ᠠ ᠳᠤᠷᠠᠳᠴᠠᠢ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠰᠲ᠋ᠧᠮ᠎ᠤᠨ᠎ᠬᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠥ ᠲᠠᠯ᠎ᠠ ᠵᠢᠨ ᠤᠬᠠᠮᠰᠠᠷ᠎ᠢ ᠪᠠᠲᠤ ᠪᠣᠶ ᠪᠣᠯᠭ᠋ᠠᠨ᠂ ᠰᠢᠰᠲ᠋ᠧᠮᠲᠦ ᠴᠢᠨᠠᠷᠲᠠᠶ ᠰᠡᠳᠬᠢᠬᠦᠶ ᠵᠢᠨ ᠰᠢᠰᠲ᠋ᠧᠮᠵᠢᠭᠰᠡᠨ ᠪᠠᠢ᠌ᠷᠢᠰᠢᠭᠤᠯᠤᠯᠲᠠ᠎ᠪᠠᠷ ᠰᠢᠨ᠎ᠡ ᠵᠢ ᠡᠭᠦᠳᠬᠦ ᠠᠵᠢᠯ᠎ᠢ ᠬᠢᠵᠦ᠂ ᠭᠣᠤᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》ᠢᠨᠵᠧᠨᠧᠷᠢᠩ᠎ᠤᠨ ᠭᠣᠣᠯᠳᠠᠯᠭ᠎ᠠ᠎ᠲᠠᠢ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦ᠎ᠪᠠᠨ ᠲᠥᠪᠯᠡᠷᠡᠭᠦᠯᠵᠦ᠂ ᠨᠢᠭᠡ ᠬᠣᠶᠠᠷ ᠴᠡᠭ ᠳᠡᠭᠡᠷ᠎ᠡ ᠠᠯᠢ ᠲᠦᠷᠭᠡᠨ ᠵᠶ᠋ᠡᠷ ᠴᠢᠬᠤᠯᠠ ᠶᠡᠬᠡ ᠰᠢᠪᠲᠤᠯᠤᠯᠲᠠ ᠭᠠᠷᠭ᠋ᠠᠬᠤ ᠬᠡᠷᠡᠭᠲᠡᠢ᠃ ᠰᠢᠨ᠎ᠡ ᠵᠢ ᠡᠭᠦᠳᠬᠦ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠵᠦ᠂ ᠡᠯ᠎ᠡ ᠲᠦᠷᠦᠯ᠎ᠤᠨ ᠰᠢᠨ᠎ᠡ ᠵᠢ ᠡᠭᠦᠳᠬᠦ ᠲᠠᠪᠴᠠᠩ᠎ᠢ ᠪᠠᠢ᠌ᠭᠤᠯᠤᠨ ᠬᠦᠴᠦᠷᠬᠡᠭᠵᠢᠭᠦᠯᠵᠦ ᠰᠠᠢ᠌ᠲᠤᠷ ᠬᠡᠷᠡᠭᠯᠡᠨ᠂ ᠰᠢᠨ᠎ᠡ ᠵᠢ ᠡᠭᠦᠳᠬᠦ ᠬᠠᠭ᠋ᠠᠷᠠᠯᠲᠠ ᠵᠢᠨ ᠦᠢ᠍ᠯᠡᠳᠦᠯ᠎ᠢ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠵᠢ ᠠᠬᠢᠭᠤᠯᠬᠤ ᠬᠡᠷᠡᠭᠲᠡᠢ  ᠃ ᠲᠥᠯᠥᠪᠯᠡᠭᠡ ᠵᠢᠨ ᠲᠦᠷᠦᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢ ᠰᠠᠢ᠌ᠲᠤᠷ ᠠᠳᠬᠤᠵᠤ᠂ ᠬᠡᠷᠡᠭᠴᠡᠭᠡ᠎ᠪᠠᠷ ᠡᠭᠦᠷᠭᠡ ᠵᠢ ᠲᠣᠭᠲᠠᠭ᠋ᠠᠵᠤ᠂ ᠡᠭᠦᠷᠭᠡ᠎ᠪᠠᠷ ᠡᠬᠢ ᠪᠠᠶᠠᠯᠢᠭ᠎ᠢ ᠲᠤᠬᠢᠷᠠᠭᠤᠯᠵᠤ᠂ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠬᠦ ᠬᠡᠷᠡᠭᠲᠡᠢ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠰᠢᠨ᠎ᠡ ᠵᠢ ᠡᠭᠦᠳᠬᠦ ᠰᠡᠳᠬᠢᠬᠦᠢ ᠪᠠ ᠠᠷᠭ᠎ᠠ ᠪᠠᠷᠢᠯ ᠵᠶ᠋ᠠᠷ ᠰᠢᠨ᠎ᠡ ᠵᠢ ᠡᠭᠦᠳᠬᠦ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠪᠠᠢ᠌ᠭᠤᠯᠤᠮᠵᠢ ᠲᠣᠭᠲᠠᠴᠠ ᠵᠢᠨ ᠬᠠᠷᠰᠢ ᠰᠠᠭ᠋ᠠᠳ᠎ᠢ ᠬᠦᠴᠦᠯᠡᠨ ᠠᠷᠢᠯᠭ᠋ᠠᠬᠤ ᠬᠡᠷᠡᠭᠲᠡᠢ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠤᠬᠠᠭᠤᠯᠭ᠎ᠠ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠪᠠ ᠤᠬᠠᠭᠤᠯᠭ᠎ᠠ ᠵᠢᠨ ᠪᠣᠳᠠᠲᠤ ᠦᠷ᠎ᠡ ᠪᠦᠲᠦᠮᠵᠢ᠎ᠪᠠᠷ ᠮᠠᠨ᠎ᠤ ᠣᠷᠣᠨ᠎ᠤ ᠳᠣᠲᠣᠭ᠋ᠠᠳᠤ ᠭᠠᠳᠠᠭ᠋ᠠᠳᠤ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠠᠮᠵᠢᠯᠲᠠ ᠪᠦᠲᠦᠮᠵᠢ ᠪᠠ ᠬᠢᠯᠠᠰ ᠴᠡᠭ᠎ᠢ ᠭᠦᠢᠴᠡᠳ ᠢᠯᠡᠷᠡᠭᠦᠯᠵᠦ᠂ ᠰᠢᠨ᠎ᠡ ᠵᠢ ᠡᠭᠦᠳᠬᠦ ᠰᠠᠢ᠌ᠨ ᠰᠠᠢ᠌ᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ ᠭᠡᠵᠦ ᠴᠢᠩᠭ᠋ᠠᠳᠬᠠᠪᠠ᠃
    ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃ ᠲᠢᠩᠬᠢᠮ᠎ᠤᠨ ᠤᠳᠤᠷᠢᠳᠤᠯᠭ᠎ᠠ᠂ ᠬᠠᠮᠢᠶ᠎ᠠ ᠪᠥᠬᠥᠶ ᠭᠠᠵᠠᠷ ᠬᠡᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠥᠬᠥ ᠣᠷᠣᠨ᠎ᠤ ᠥᠷᠭᠡᠨ ᠣᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠤ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠤᠷ ᠠᠮᠤᠭᠤᠯᠠᠩ᠎ᠢ ᠵᠥᠩᠨᠡᠶ᠎ᠡ!
ᠰᠦᠨ ᠱᠤᠤ ᠴᠧᠩ ᠳᠥᠷᠪᠡᠳ ᠬᠣᠰᠢᠭᠤᠨ᠎ᠳᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠪᠡ
2024 ᠣᠨ᠎ᠤ ᠬᠣᠶᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠦᠯᠦᠯᠲᠡ ᠵᠢᠨ ᠪᠣᠯᠪᠠᠰᠤᠷᠠᠭᠤᠯᠤᠯ᠎ᠤᠨ ᠬᠤᠷᠠᠯ᠎ᠢ ᠤᠯᠠᠭ᠋ᠠᠨᠬᠠᠳᠠ ᠬᠣᠲᠠ᠎ᠳᠤ ᠠᠮᠵᠢᠯᠲᠠ᠎ᠲᠠᠢ ᠶᠠᠪᠤᠭᠳᠠᠪᠠ
 
            