ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠰᠦᠨ ᠱᠤᠤ ᠴᠧᠩ ᠳᠥᠷᠪᠡᠳ ᠬᠣᠰᠢᠭᠤᠨ᠎ᠳᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2024-06-13


     6 ᠰᠠᠷ᠎ᠠ ᠵᠢᠨ 11᠎ᠤ ᠡᠳᠦᠷ᠎ᠠᠴᠠ 12᠎ᠤᠨ ᠡᠳᠦᠷ ᠪᠤᠯᠲᠠᠯ᠎ᠠ᠂ ᠰᠦᠨ ᠱᠤᠤ ᠴᠧᠩ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠬᠠᠷᠢᠯᠴᠠᠬᠤ ᠴᠡᠭ ᠪᠤᠯᠬᠤ ᠳᠥᠷᠪᠡᠳ ᠬᠣᠰᠢᠭᠤᠨ᠎ᠳᠤ ᠬᠦᠷᠴᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠮᠠᠯᠴᠢᠨ ᠲᠠᠷᠢᠶᠠᠴᠢᠨ᠎ᠳᠤ ᠨᠥᠬᠥᠪᠦᠷᠢ ᠪᠠᠭᠤᠯᠭ᠋ᠠᠵᠤ ᠪᠠᠢ᠌ᠬᠤ ᠵᠡᠷᠭᠡ ᠠᠵᠢᠯ᠎ᠤᠨ ᠲᠤᠬᠠᠢ ᠪᠠᠢ᠌ᠴᠠᠭ᠋ᠠᠨ ᠰᠤᠳᠤᠯᠤᠯᠲᠠ ᠬᠢᠪᠡ᠃




      ᠰᠦᠨ ᠱᠤᠤ ᠴᠧᠩ ᠲᠥᠮᠥᠰᠥ ᠲᠠᠷᠢᠬᠤ ᠣᠷᠣᠨ ᠪᠠ ᠮᠢᠬᠠᠨ᠎ᠤ ᠬᠣᠨᠢ ᠦᠷᠡᠵᠢᠭᠦᠯᠦᠨ ᠪᠣᠢ᠌ᠵᠢᠭᠤᠯᠬᠤ ᠲᠣᠭᠣᠷᠢᠭ᠎ᠲᠤ ᠭᠦᠨᠵᠡᠭᠡᠢ᠌ᠷᠡᠵᠦ᠂ ᠲᠥᠮᠥᠰᠥ ᠵᠢᠨ ᠤᠷᠭᠤᠴᠠ ᠪᠠ ᠮᠢᠬᠠᠨ᠎ᠤ ᠬᠣᠨᠢ ᠵᠢ ᠬᠠᠰᠢᠶᠠᠯᠠᠨ ᠲᠡᠵᠢᠭᠡᠵᠦ ᠪᠠᠢ᠌ᠭ᠎ᠠ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠵᠦ᠂ ᠲᠠᠷᠢᠶᠠᠴᠢᠨ ᠡᠷᠦᠭᠡ ᠪᠠ ᠲᠡᠵᠢᠭᠡᠨ ᠦᠷᠡᠵᠢᠭᠦᠯᠬᠦ ᠡᠷᠦᠭᠡ ᠵᠢᠨ᠎ᠬᠢᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠳᠡᠳᠡᠨ᠎ᠲᠠᠢ ᠬᠠᠮᠲᠤ ᠣᠷᠣᠭᠤᠯᠤᠯᠲᠠ ᠭᠠᠷᠭ᠋ᠠᠯᠲᠠ ᠵᠢᠨ ᠲᠠᠩᠰᠠ ᠵᠢ ᠪᠤᠳᠤᠵᠠᠢ᠃ ᠲᠡᠷᠡ᠂ ᠭᠠᠵᠠᠷ ᠰᠢᠷᠣᠢ ᠵᠢ ᠡᠵᠡᠩᠨᠡᠬᠦ ᠠᠵᠢᠯ᠎ᠢ ᠰᠠᠢ᠌ᠲᠤᠷ ᠬᠢᠵᠦ᠂ ᠲᠣᠰᠬᠣᠨ᠎ᠤ ᠬᠠᠮᠲᠤ ᠵᠢᠨ ᠠᠵᠤ ᠠᠬᠤᠢ ᠵᠢ ᠢᠳᠡᠪᠬᠢᠲᠡᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠲᠥᠬᠥᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶᠠᠨ᠎ᠤ ᠠᠵᠤ ᠠᠬᠤᠢ ᠵᠡᠷᠭᠡ ᠤᠯᠠᠨ ᠠᠷᠭ᠎ᠠ ᠵᠠᠮ ᠵᠶ᠋ᠠᠷ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠬᠡᠷᠡᠭᠲᠡᠢ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠶᠡᠬᠡ ᠲᠠᠪᠴᠠᠩ᠎ᠢ ᠰᠠᠢ᠌ᠲᠤᠷ ᠠᠰᠢᠭᠯᠠᠵᠤ᠂ ᠰᠤᠷᠭ᠋ᠠᠨ ᠬᠥᠮᠦᠵᠢᠯ᠂ ᠡᠮᠴᠢᠯᠡᠭᠡ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢ᠌ᠲᠤᠷ ᠬᠢᠬᠦ ᠬᠡᠷᠡᠭᠲᠡᠢ᠃ ᠲᠠᠭᠢᠨ ᠶᠠᠳᠠᠭᠤᠷᠠᠬᠤ ᠵᠢ ᠰᠡᠷᠭᠡᠢ᠌ᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠪᠠᠢ᠌ᠩᠭᠤᠵᠢᠭᠰᠠᠨ ᠬᠠᠪᠰᠤᠷᠤᠨ ᠲᠡᠳᠬᠦᠬᠦ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠬᠡᠪᠴᠢᠶᠡᠵᠢᠯ᠎ᠤᠨ ᠴᠢᠨᠠᠷᠲᠠᠢ ᠲᠠᠭᠢᠨ ᠶᠠᠳᠠᠭᠤᠷᠠᠬᠤ ᠦᠭᠡᠢ ᠪᠠᠢ᠌ᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠡᠢ᠃




      ᠰᠦᠨ ᠱᠤᠤ ᠴᠧᠩ ᠮᠠᠯᠵᠢᠬᠤ ᠲᠠᠷᠢᠶᠠᠯᠠᠬᠤ ᠣᠷᠣᠨ᠎ᠤ ᠡᠳ᠋᠎ᠤᠨ ᠵᠠᠰᠠᠭ᠎ᠤᠨ ᠨᠥᠬᠥᠪᠦᠷᠢ ᠵᠢᠨ ᠪᠡᠯᠡ ᠮᠥᠩᠭᠥ ᠵᠢ ᠪᠠᠭᠤᠯᠭ᠋ᠠᠵᠤ ᠪᠠᠢ᠌ᠬᠤ ᠪᠠᠢ᠌ᠳᠠᠯ ᠪᠣᠯᠣᠨ ᠬᠡᠷᠡᠭᠯᠡᠭᠰᠡᠨ ᠦᠷ᠎ᠡ ᠪᠦᠲᠦᠮᠵᠢ ᠵᠢ ᠮᠠᠰᠢ ᠠᠩᠬᠠᠷᠴᠤ᠂ ᠭᠦᠷᠦᠭᠰᠡᠨ ᠭᠠᠵᠠᠷ ᠪᠣᠯᠭ᠋ᠠᠨ᠎ᠳᠤ ᠲᠤᠬᠠᠢ ᠵᠢᠨ ᠭᠠᠵᠠᠷ᠎ᠤᠨ ᠺᠠᠳ᠋ᠷ ᠪᠣᠯᠣᠨ ᠮᠠᠯᠴᠢᠨ ᠲᠠᠷᠢᠶᠠᠴᠢᠨ᠎ᠤ ᠲᠥᠯᠥᠭᠡᠯᠡᠭᠴᠢᠳ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠪᠠ᠃ ᠵᠢᠯ ᠪᠦᠷᠢ ᠬᠡᠳᠦᠢ ᠨᠥᠬᠥᠪᠦᠷᠢ ᠪᠠᠭᠤᠯᠭ᠋ᠠᠵᠤ ᠪᠠᠢ᠌ᠬᠤ᠂ ᠶᠠᠮᠠᠷ ᠲᠥᠷᠥᠯ ᠵᠦᠢ᠍ᠯ᠂ ᠬᠡᠵᠢᠶ᠎ᠡ ᠪᠠᠭᠤᠯᠭ᠋ᠠᠬᠤ᠂ ᠠᠯᠢ ᠪᠠᠩᠬᠢ᠎ᠪᠠᠷ ᠳᠠᠮᠵᠢᠨ ᠪᠠᠭᠤᠯᠭ᠋ᠠᠬᠤ᠂ ᠬᠡᠷᠬᠢᠨ ᠰᠠᠨᠠᠭᠤᠯᠵᠤ ᠮᠡᠳᠡᠭᠳᠡᠬᠦ ᠵᠡᠷᠭᠡ ᠭᠣᠭᠴᠣᠭ᠎ᠠ ᠪᠦᠷᠢ ᠵᠢ ᠲᠡᠷᠡ ᠪᠦᠷ ᠮᠠᠰᠢ ᠨᠠᠷᠢᠯᠢᠭ ᠠᠰᠠᠭᠤᠪᠠ᠃ 12᠎ᠤᠨ ᠦᠳᠡ ᠵᠢᠨ ᠡᠮᠦᠨ᠎ᠡ᠂ ᠰᠦᠨ ᠱᠤᠤ ᠴᠧᠩ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠤᠯᠠᠭ᠋ᠠᠨᠴᠠᠪ ᠬᠤᠳᠠ ᠵᠢᠴᠢ ᠳᠥᠷᠪᠡᠳ ᠬᠣᠰᠢᠭᠤᠨ᠎ᠤ ᠪᠠᠢ᠌ᠳᠠᠯ᠎ᠤᠨ ᠬᠠᠷᠢᠭᠤ ᠮᠡᠳᠡᠭᠦᠯᠦᠯᠲᠡ ᠪᠣᠯᠣᠨ ᠬᠢᠩᠭ᠋ᠠᠨ ᠠᠢ᠌ᠮᠠᠭ᠎ᠤᠨ ᠲᠤᠷᠰᠢᠯᠭ᠎ᠠ ᠵᠢᠨ ᠲᠠᠨᠢᠯᠴᠠᠭᠤᠯᠭ᠎ᠠ ᠵᠢ ᠰᠣᠨᠣᠰᠪᠠ᠃ ᠲᠡᠷᠡ᠂ ᠲᠦᠷᠦ ᠵᠢᠨ ᠪᠣᠳᠣᠯᠭ᠎ᠠ ᠶᠣᠰᠣᠭ᠋ᠠᠷ ᠮᠠᠯᠴᠢᠨ ᠲᠠᠷᠢᠶᠠᠴᠢᠨ᠎ᠳᠤ ᠨᠥᠬᠥᠪᠦᠷᠢ ᠥᠭᠬᠦ ᠪᠣᠯ ᠤᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ᠎ᠲᠠᠢ ᠬᠣᠯᠪᠣᠭᠳᠠᠬᠤ ᠶᠡᠬᠡ ᠶᠠᠪᠤᠳᠠᠯ ᠮᠥᠨ᠂ ᠠᠷᠠᠳ ᠲᠦᠮᠡᠨ ᠵᠶ᠋ᠡᠷ ᠭᠣᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠨᠥᠬᠥᠪᠦᠷᠢ ᠵᠢᠨ ᠪᠡᠯᠡ ᠮᠥᠩᠭᠥ ᠪᠠᠭᠤᠯᠭ᠋ᠠᠬᠤ ᠠᠵᠢᠯ᠎ᠢ ᠰᠢᠯᠢᠳᠡᠭᠵᠢᠭᠦᠯᠬᠦ ᠵᠢ ᠴᠢᠬᠤᠯᠠ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠪᠣᠯᠭ᠋ᠠᠨ ᠠᠳᠬᠤᠵᠤ᠂ ᠪᠠᠭᠤᠯᠭ᠋ᠠᠬᠤ ᠵᠢ ᠵᠣᠬᠢᠴᠠᠭᠤᠯᠬᠤ ᠲᠣᠭᠲᠠᠴᠠ ᠵᠢᠨ ᠰᠢᠨ᠎ᠡ ᠵᠢ ᠡᠭᠦᠳᠬᠦ᠂ ᠲᠦᠷᠦ ᠵᠢᠨ ᠪᠣᠳᠣᠯᠭ᠎ᠠ ᠵᠢᠨ ᠬᠠᠩᠭ᠋ᠠᠯᠭ᠎ᠠ ᠵᠢ ᠰᠢᠯᠢᠳᠡᠭᠵᠢᠭᠦᠯᠬᠦ᠎ᠪᠠᠷ ᠳᠠᠮᠵᠢᠨ᠂ ᠰᠠᠢ᠌ᠨ ᠶᠠᠪᠤᠳᠠᠯ᠎ᠢ ᠦᠨᠡᠨ ᠬᠦ᠌ ᠰᠠᠢ᠌ᠲᠤᠷ ᠬᠢᠵᠦ᠂ ᠤᠯᠠᠨ ᠲᠦᠮᠡᠨ᠎ᠳᠤ ᠨᠠᠮ᠎ᠤᠨ ᠬᠠᠯᠠᠮᠵᠢᠯᠠᠯ ᠪᠠ ᠬᠠᠢ᠌ᠷ᠎ᠠ ᠵᠢ ᠨᠡᠩ ᠭᠦᠨᠵᠡᠭᠡᠢ ᠮᠡᠳᠡᠷᠡᠭᠦᠯᠬᠦ ᠬᠡᠷᠡᠭᠲᠡᠢ᠃ ᠨᠥᠬᠥᠪᠦᠷᠢ ᠵᠢᠨ ᠲᠥᠷᠥᠯ ᠵᠦᠢ᠍ᠯ᠎ᠢ ᠵᠢᠷᠤᠮᠵᠢᠭᠤᠯᠤᠨ ᠨᠡᠢ᠌ᠳᠬᠡᠵᠦ᠂ ᠨᠡᠢ᠌ᠯᠡᠭᠦᠯᠵᠦ ᠪᠤᠯᠬᠤ ᠵᠢ᠎ᠨᠢ ᠨᠡᠢ᠌ᠯᠡᠭᠦᠯᠵᠦ᠂ ᠴᠣᠮᠬᠠᠳᠬᠠᠵᠤ ᠪᠤᠯᠬᠤ ᠵᠢ᠎ᠨᠢ ᠴᠣᠮᠬᠠᠳᠬᠠᠬᠤ ᠬᠡᠷᠡᠭᠲᠡᠢ᠃ ᠳᠡᠰ ᠳᠠᠷᠠᠭ᠋ᠠᠯᠠᠯ᠎ᠢ ᠴᠢᠩᠭ᠎ᠠ ᠵᠢᠷᠤᠮᠯᠠᠨ ᠠᠵᠢᠯ ᠶᠠᠪᠤᠳᠠᠯ ᠬᠢᠵᠦ᠂ ᠢᠯᠡ ᠲᠣᠳᠣ ᠲᠥᠪ ᠭᠣᠣᠯᠴᠢ ᠪᠠᠢ᠌ᠬᠤ ᠵᠢ ᠪᠠᠲᠤᠯᠠᠬᠤ ᠬᠡᠷᠡᠭᠲᠡᠢ᠃ ᠪᠣᠳᠠᠲᠠᠢ ᠵᠢ ᠡᠷᠬᠢᠮᠯᠡᠭᠰᠡᠨ ᠲᠤᠰᠠᠲᠠᠢ ᠪᠠᠢ᠌ᠬᠤ ᠵᠠᠷᠴᠢᠮ ᠶᠣᠰᠣᠭ᠋ᠠᠷ ᠨᠥᠬᠥᠪᠦᠷᠢ ᠪᠠᠭᠤᠯᠭ᠋ᠠᠬᠤ ᠴᠠᠭ ᠬᠤᠭᠤᠴᠠᠭ᠎ᠠ ᠪᠣᠯᠣᠨ ᠠᠷᠭ᠎ᠠ ᠮᠠᠶᠢᠭ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠡᠳ᠋᠎ᠤᠨ ᠵᠠᠰᠠᠭ᠎ᠤᠨ ᠪᠡᠯᠡ ᠮᠥᠩᠭᠥ ᠵᠢ ᠣᠯᠠᠨ ᠲᠦᠮᠡᠨ᠎ᠤ ᠬᠠᠮᠤᠭ᠎ᠤᠨ ᠬᠡᠷᠡᠭᠴᠡᠭᠡ᠎ᠲᠠᠢ ᠭᠠᠵᠠᠷ᠂ ᠬᠠᠮᠤᠭ᠎ᠤᠨ ᠬᠡᠷᠡᠭᠴᠡᠭᠡ᠎ᠲᠠᠢ ᠴᠠᠭ᠎ᠲᠤ ᠪᠠᠭᠤᠯᠭ᠋ᠠᠬᠤ ᠵᠢ ᠪᠠᠲᠤᠯᠠᠬᠤ ᠬᠡᠷᠡᠭᠲᠡᠢ᠃ ᠤᠬᠠᠭᠤᠯᠭ᠎ᠠ ᠵᠢᠨ ᠠᠷᠭ᠎ᠠ ᠮᠠᠶᠢᠭ ᠪᠠ ᠠᠭᠤᠯᠭ᠎ᠠ ᠵᠢ ᠰᠢᠯᠢᠳᠡᠭᠵᠢᠭᠦᠯᠵᠦ᠂ ᠤᠯᠠᠨ ᠲᠦᠮᠡᠨ᠎ᠳᠤ ᠨᠥᠬᠥᠪᠦᠷᠢ ᠵᠢᠨ ᠪᠡᠯᠡ ᠮᠥᠩᠭᠥ ᠪᠠᠭᠤᠯᠭ᠋ᠠᠬᠤ ᠠᠩᠬᠠᠨ᠎ᠤ ᠵᠣᠷᠢᠯᠲᠠ ᠪᠠ ᠦᠨᠳᠦᠰᠦᠯᠡᠯ᠎ᠢ ᠲᠣᠳᠣᠷᠬᠠᠢ ᠶᠠᠷᠢᠵᠤ ᠥᠭᠴᠦ᠂ ᠨᠥᠬᠥᠪᠦᠷᠢ ᠪᠦᠷᠢ ᠵᠢᠨ ᠠᠷᠤ᠎ᠳᠠᠬᠢ ᠬᠠᠷᠠᠭ᠋ᠠᠯᠵᠠᠭᠰᠠᠨ ᠬᠠᠷᠢᠭᠤᠴᠠᠯᠭ᠎ᠠ ᠪᠠ ᠡᠭᠦᠷᠭᠡ ᠵᠢ ᠲᠣᠳᠣᠷᠬᠠᠢ ᠶᠠᠷᠢᠵᠤ ᠥᠭᠴᠦ᠂ ᠤᠯᠠᠨ ᠲᠦᠮᠡᠨ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠤᠬᠠᠮᠰᠠᠷ᠎ᠠᠴᠠ᠎ᠪᠠᠨ ᠨᠠᠢ᠌ᠳᠠᠪᠤᠷᠢᠵᠢᠭᠤᠯᠬᠤ ᠵᠢ ᠬᠥᠲᠥᠯᠥᠨ ᠵᠢᠯᠤᠭᠣᠳᠴᠤ᠂ ᠨᠡᠩ ᠭᠦᠨ ᠰᠡᠳᠬᠢᠯ᠎ᠠᠴᠠ᠎ᠪᠠᠨ ᠨᠠᠮ᠎ᠤᠨ ᠠᠴᠢ᠎ᠳᠤ ᠲᠠᠯᠠᠷᠬᠠᠨ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠪᠤᠯᠭ᠋ᠠᠬᠤ ᠬᠡᠷᠡᠭᠲᠡᠢ ᠭᠡᠵᠡᠢ᠃




      ᠰᠦᠨ ᠱᠤᠤ ᠴᠧᠩ ᠪᠠᠰᠠ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠬᠠᠷᠢᠯᠴᠠᠬᠤ ᠴᠡᠭ ᠪᠤᠯᠬᠤ ᠭᠢᠷᠰᠠᠳᠠᠢ ᠪᠠᠯᠭ᠋ᠠᠰᠤᠨ᠎ᠤ ᠬᠠᠢ ᠪᠦ᠋ ᠽᠢ ᠲᠣᠰᠬᠣᠨ᠎ᠳᠤ ᠬᠦᠷᠴᠦ᠂ ᠶᠠᠪᠠᠭ᠋ᠠᠨ ᠵᠶ᠋ᠠᠷ ᠲᠣᠰᠬᠣᠨ᠎ᠤ ᠪᠠᠢ᠌ᠳᠠᠯ᠎ᠢ ᠪᠠᠢ᠌ᠴᠠᠭ᠋ᠠᠨ ᠦᠵᠡᠭᠰᠡᠨ ᠪᠥᠭᠡᠳ ᠲᠠᠰᠢᠷᠠᠮ ᠵᠢᠡᠷ ᠲᠠᠷᠢᠶᠠᠴᠢᠨ ᠡᠷᠦᠭᠡ᠎ᠳᠤ ᠣᠷᠣᠵᠤ ᠠᠷᠠᠳ᠎ᠤᠨ ᠪᠠᠢ᠌ᠳᠠᠯ᠎ᠢ ᠣᠢ᠌ᠯᠠᠭ᠋ᠠᠪᠠ᠃ ᠲᠡᠷᠡ᠂ ᠤᠯᠠᠨ ᠲᠦᠮᠡᠨ᠎ᠤ ᠠᠵᠢᠯ᠎ᠢ ᠬᠢᠵᠦ᠂ ᠤᠯᠠᠨ ᠲᠦᠮᠡᠨ᠎ᠳᠤ ᠦᠢ᠍ᠯᠡᠴᠢᠯᠡᠬᠦ᠎ᠳᠤ᠂ ᠤᠯᠠᠨ ᠲᠦᠮᠡᠨ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠢᠡᠷ ᠶᠠᠭᠤ ᠬᠢᠯᠭᠡᠬᠦ ᠵᠢ ᠬᠠᠮᠤᠭ᠎ᠠᠴᠠ ᠢᠯᠡᠭᠦᠦ ᠬᠦᠰᠡᠵᠦ ᠪᠠᠢ᠌ᠬᠤ ᠵᠢ ᠵᠠᠪᠠᠯ ᠲᠣᠳᠣᠷᠬᠠᠢ ᠣᠢ᠌ᠯᠠᠭ᠋ᠠᠵᠤ᠂ ᠤᠯᠠᠨ ᠲᠦᠮᠡᠨ᠎ᠤ ᠪᠣᠳᠠᠲᠠᠢ ᠠᠩᠬᠠᠷᠴᠤ ᠪᠠᠢ᠌ᠭ᠎ᠠ ᠠᠰᠠᠭᠤᠳᠠᠯ᠎ᠳᠤ ᠬᠠᠨᠳᠤᠭᠤᠯᠤᠨ᠂ ᠦᠨᠡᠨ ᠪᠣᠳᠠᠲᠠᠢ᠎ᠪᠠᠷ ᠤᠯᠠᠨ ᠲᠦᠮᠡᠨ᠎ᠤ ᠲᠥᠯᠥᠭᠡ ᠠᠵᠢᠯ ᠶᠠᠪᠤᠳᠠᠯ ᠬᠢᠵᠦ᠂ ᠣᠷᠣᠨ ᠪᠠᠢ᠌ᠷᠢ᠎ᠠᠴᠠ᠎ᠪᠠᠨ ᠰᠠᠯᠵᠤ ᠪᠤᠯᠬᠤ ᠦᠭᠡᠢ ᠮᠥᠷᠲᠡᠭᠡᠨ ᠪᠠᠰᠠ ᠣᠷᠣᠨ ᠪᠠᠢ᠌ᠷᠢ᠎ᠠᠴᠠ᠎ᠪᠠᠨ ᠳᠠᠪᠠᠵᠤ ᠪᠤᠯᠬᠤ ᠦᠭᠡᠢ᠂ ᠤᠯᠠᠨ ᠲᠦᠮᠡᠨ᠎ᠢ ᠰᠡᠳᠬᠢᠯ ᠬᠠᠨᠤᠮᠵᠢᠲᠠᠢ ᠪᠤᠯᠭ᠋ᠠᠬᠤ ᠮᠥᠷᠲᠡᠭᠡᠨ ᠪᠠᠰᠠ ᠦᠨᠳᠦᠰᠦᠨ ᠱᠠᠲᠤᠨ᠎ᠤ ᠳᠠᠷᠤᠭ᠋ᠠᠰᠤ ᠵᠢ ᠨᠡᠮᠡᠭᠳᠡᠭᠦᠯᠵᠦ ᠪᠤᠯᠬᠤ ᠦᠭᠡᠢ᠃ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠲᠠᠢ᠌ᠴᠢᠨ ᠪᠡᠬᠢᠯᠡᠯᠲᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠯᠠᠨ ᠲᠦᠮᠡᠨ᠎ᠤ ᠰᠢᠷᠭ᠋ᠠᠭᠤ ᠭᠦᠳᠡᠯᠮᠦᠷᠢ᠎ᠳᠡᠭᠡᠨ ᠲᠦᠰᠢᠭᠯᠡᠨ ᠪᠠᠶᠠᠵᠢᠨ ᠴᠢᠨᠡᠭᠡᠯᠢᠭᠵᠢᠬᠦ ᠵᠢ ᠵᠣᠷᠢᠭᠵᠢᠭᠤᠯᠤᠨ ᠬᠠᠪᠰᠤᠷᠬᠤ ᠬᠡᠷᠡᠭᠲᠡᠢ᠃ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠎ᠳᠤ᠂ ᠳᠡᠭᠡᠷ᠎ᠡ ᠱᠠᠲᠤᠨ᠎ᠠᠴᠠ ᠬᠦᠴᠦᠯᠡᠬᠦ᠎ᠪᠠᠷ ᠪᠠᠷᠠᠬᠤ ᠦᠭᠡᠢ ᠪᠠᠰᠠ ᠦᠨᠳᠦᠰᠦᠨ ᠱᠠᠲᠤᠨ᠎ᠠᠴᠠ ᠠᠷᠭ᠎ᠠ ᠪᠤᠳᠤᠬᠤ ᠵᠢ ᠴᠢᠬᠤᠯᠠᠴᠢᠯᠠᠵᠤ᠂ ᠴᠢᠬᠤᠯᠠ ᠦᠭᠡᠢ ᠭᠣᠭᠴᠣᠭ᠎ᠠ ᠵᠢ ᠬᠠᠰᠤᠵᠤ᠂ ᠦᠨᠳᠦᠰᠦᠨ ᠱᠠᠲᠤᠨ᠎ᠤ ᠺᠠᠳ᠋ᠷᠴᠤᠳ᠎ᠤᠨ ᠠᠵᠢᠯ᠎ᠢ ᠨᠡᠩ ᠥᠨᠳᠥᠷ ᠪᠦᠲᠦᠮᠵᠢᠲᠡᠢ ᠪᠤᠯᠭ᠋ᠠᠬᠤ ᠬᠡᠷᠡᠭᠲᠡᠢ ᠭᠡᠪᠡ᠃
      ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
2024 ᠣᠨ᠎ᠤ ᠬᠣᠶᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠦᠯᠦᠯᠲᠡ ᠵᠢᠨ ᠪᠣᠯᠪᠠᠰᠤᠷᠠᠭᠤᠯᠤᠯ᠎ᠤᠨ ᠬᠤᠷᠠᠯ᠎ᠢ ᠤᠯᠠᠭ᠋ᠠᠨᠬᠠᠳᠠ ᠬᠣᠲᠠ᠎ᠳᠤ ᠠᠮᠵᠢᠯᠲᠠ᠎ᠲᠠᠢ ᠶᠠᠪᠤᠭᠳᠠᠪᠠ
ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ 9 ᠰᠠᠭᠤᠷᠢᠨ ᠭᠠᠵᠠᠷ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠵᠶ᠋ᠠᠷ ᠦᠨᠡᠯᠡᠭᠳᠡᠪᠡ
ᠪᠦᠬᠦ ᠣᠷᠣᠨ᠎ᠤ ᠵᠠᠬᠢᠳᠠᠯ ᠰᠣᠷᠪᠣᠯᠵᠢᠯᠠᠯ᠎ᠤᠨ ᠠᠵᠢᠯ᠎ᠢ ᠠᠬᠢᠭᠤᠯᠬᠤ ᠬᠠᠤᠯᠢᠵᠢᠯ᠎ᠤᠨ ᠬᠤᠷᠠᠯ ᠬᠤᠷᠠᠯᠳᠤᠭᠤᠯᠪᠠ ᠵᠧᠩ ᠭᠤᠸᠠᠩ ᠵᠤᠤ ᠶᠠᠷᠢᠶ᠎ᠠ ᠲᠠᠯᠪᠢᠵᠠᠢ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠣᠷᠳᠣᠰ ᠬᠣᠲᠠ ᠵᠢᠨ ᠬᠠᠩᠭᠢᠨ ᠬᠣᠰᠢᠭᠤᠨ᠎ᠳᠤ ᠬᠦᠷᠴᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠪᠠᠢ᠌ᠴᠠᠭ᠋ᠠᠨ ᠰᠤᠳᠤᠯᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠳᠤ ᠬᠦᠴᠦᠨ ᠨᠡᠮᠡᠷᠢᠯᠡᠪᠡ
 
            