ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠪᠥᠬᠥ ᠣᠷᠣᠨ᠎ᠤ 2019 ᠣᠨ᠎ᠳᠤ ᠮᠠᠭ᠋ᠠᠳᠯᠠᠨ ᠲᠣᠭᠲᠠᠭ᠋ᠠᠭᠰᠠᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ 40 ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠵᠢᠴᠢ 2018 ᠣᠨ᠎ᠳᠤ ᠳᠠᠬᠢᠨ ᠦᠨᠡᠯᠡᠬᠦ ᠴᠢᠬᠤᠯᠠᠲᠠᠶ 7 ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠲᠤ ᠶᠡᠷᠦᠩᠬᠡᠢ᠌ᠯᠡᠭᠰᠡᠨ ᠬᠢᠨᠠᠨ ᠰᠢᠯᠭ᠋ᠠᠯᠲᠠ ᠪᠠ ᠦᠨᠡᠯᠡᠨ ᠵᠢᠱ᠌ᠢᠯᠲᠡ ᠬᠢᠪᠠ᠃
ᠡᠯ᠎ᠡ ᠰᠠᠭᠤᠷᠢᠨ ᠭᠠᠵᠠᠷ᠎ᠤᠨ ᠣᠢ᠌ᠷ᠎ᠠ ᠵᠢᠨ ᠬᠣᠶᠠᠷ ᠵᠢᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯ ᠥᠷᠨᠢᠭᠦᠯᠦᠭᠰᠡᠨ ᠪᠠᠢ᠌ᠳᠠᠯ᠂ ᠬᠠᠮᠢᠶᠠᠷᠤᠯᠲᠠ ᠵᠢᠨ ᠳᠦᠷᠢᠮ᠂ ᠡᠩᠨᠡᠭᠡᠨ᠎ᠤ ᠪᠠᠢ᠌ᠭᠤᠯᠤᠯᠲᠠ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠦᠷ᠎ᠡ ᠪᠦᠲᠦᠮᠵᠢ ᠵᠢᠴᠢ ᠣᠷᠣᠰᠢᠵᠤ ᠪᠠᠢ᠌ᠭ᠎ᠠ ᠠᠰᠠᠭᠤᠳᠠᠯ᠎ᠤᠨ ᠲᠣᠭᠣᠷᠢᠨ᠎ᠳᠤ᠂ ᠪᠢᠴᠢᠭ ᠮᠠᠲ᠋ᠧᠷᠢᠶᠠᠯ᠎ᠢ ᠬᠢᠨᠠᠨ ᠲᠣᠭᠲᠠᠭ᠋ᠠᠬᠤ ᠪᠠ ᠲᠤᠬᠠᠶ ᠵᠢᠨ ᠭᠠᠵᠠᠷ᠎ᠲᠤᠨᠢ ᠬᠢᠨᠠᠨ ᠪᠠᠢ᠌ᠴᠠᠭ᠋ᠠᠬᠤ᠎ᠪᠠᠷ ᠳᠠᠮᠵᠢᠭᠤᠯᠤᠨ᠂ ᠬᠠᠮᠤᠭ ᠡᠴᠦᠰ᠎ᠲᠤ ᠥᠪᠥᠷ ᠮᠣᠩᠭᠣᠯ᠎ᠤᠨ ᠮᠦᠽᠧᠶ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ᠂ ᠥᠪᠥᠷ ᠮᠣᠩᠭᠣᠯ᠎ᠤᠨ ᠪᠠᠢ᠌ᠭ᠋ᠠᠯᠢ ᠵᠢᠨ ᠮᠦᠽᠧᠶ ᠵᠡᠷᠭᠡ 9 ᠰᠠᠭᠤᠷᠢᠨ ᠭᠠᠵᠠᠷ᠎ᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠰᠢᠯᠢᠳᠡᠭ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠵᠶ᠋ᠠᠷ ᠬᠢᠨᠠᠨ ᠲᠣᠭᠲᠠᠭ᠋ᠠᠵᠤ᠂ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ᠂ ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠭ᠋ᠠᠴᠤᠳ᠎ᠤᠨ ᠣᠷᠳᠣᠨ ᠵᠡᠷᠭᠡ 24 ᠰᠠᠭᠤᠷᠢᠨ ᠭᠠᠵᠠᠷ᠎ᠢ ᠬᠢᠷᠢ ᠲᠡᠩᠴᠡᠭᠰᠡᠨ ᠨᠢᠭᠡᠴᠢ ᠪᠣᠯᠭ᠋ᠠᠨ᠎ᠠ᠃
ᠣᠢ᠌ᠷ᠎ᠠ ᠵᠢᠨ ᠵᠢᠯ᠎ᠤᠨ ᠲᠤᠷᠰᠢ᠂ ᠮᠠᠨ᠎ᠤ ᠣᠷᠣᠨ᠎ᠤ ᠡᠯ᠎ᠡ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠶᠡᠷᠦᠩᠬᠡᠶ ᠱᠦᠵᠢ ᠰᠢ ᠵᠢᠨ ᠫᠢᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠋ᠠᠨ᠎ᠤ ᠭᠠᠷᠠᠭ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠤ ᠡᠳᠦᠷ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠡᠳᠦᠷ ᠵᠡᠷᠭᠡ ᠴᠢᠬᠤᠯᠠ ᠶᠡᠬᠡ ᠠᠵᠢᠯᠯᠠᠭ᠎ᠠ᠎ᠪᠠᠷ ᠠᠴᠢᠶᠠᠯᠠᠪᠤᠷᠢ ᠪᠣᠯᠭ᠋ᠠᠨ᠂ ᠣᠯᠠᠨ ᠨᠡᠢ᠌ᠲᠡ᠎ᠳᠤ ᠬᠠᠨᠳᠤᠭᠤᠯᠵᠤ᠂ ᠦᠨᠳᠦᠰᠦᠨ ᠱᠠᠲᠤᠨ᠎ᠳᠤ ᠬᠠᠨᠳᠤᠭᠤᠯᠤᠨ ᠲᠣᠰ ᠲᠣᠰ᠎ᠤᠨ ᠣᠨᠴᠠᠯᠢᠭ ᠪᠥᠬᠥᠶ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠵᠦ᠂ ᠪᠥᠬᠥ ᠣᠷᠣᠨ᠎ᠤ ᠠᠷᠠᠳ ᠢᠷᠭᠡᠳ᠎ᠤᠨ ᠰᠢᠨᠵᠢᠯᠡᠬᠦ ᠤᠬᠠᠭ᠋ᠠᠨ ᠮᠡᠷᠭᠡᠵᠢᠯ ᠰᠣᠶᠣᠯ᠎ᠤᠨ ᠬᠡᠪ ᠴᠢᠨᠠᠷ᠎ᠢ ᠦᠨᠡᠨ ᠬᠦ᠌ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠦᠢᠯᠡᠰ᠎ᠤᠨ ᠬᠥᠭᠵᠢᠯᠲᠡ ᠵᠢ ᠳᠡᠭᠡᠭᠰᠢᠯᠡᠭᠦᠯᠬᠦ᠎ᠳᠤ ᠬᠦᠴᠦᠨ ᠴᠢᠳᠠᠯ ᠵᠶ᠋ᠠᠨ ᠡᠷᠭᠦᠭᠰᠡᠨ ᠪᠠᠢ᠌ᠨ᠎ᠠ᠃
ᠲᠣᠰ ᠤᠳᠠᠭ᠋ᠠᠨ᠎ᠤ ᠶᠡᠷᠦᠩᠬᠡᠢ᠌ᠯᠡᠭᠰᠡᠨ ᠰᠢᠯᠭ᠋ᠠᠨ ᠬᠢᠨᠠᠵᠤ ᠦᠨᠡᠯᠡᠨ ᠵᠢᠱ᠌ᠢᠬᠦ᠎ᠨᠢ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ ᠪᠠ ᠠᠵᠢᠯᠯᠠᠭ᠋ᠠᠨ᠎ᠤ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠤᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠠᠵᠢᠯᠯᠠᠭ᠋ᠠᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠂ ᠡᠯ᠎ᠡ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠴᠢᠶᠠᠯᠠᠪᠤᠷᠢ ᠵᠢᠨ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠬᠤ᠎ᠳᠤ ᠬᠥᠲᠥᠯᠦᠨ ᠳᠠᠭ᠋ᠠᠭᠤᠯᠬᠤ ᠦᠢᠯᠡᠳᠦᠯ ᠦᠵᠡᠭᠦᠯᠬᠦ᠎ᠳᠤ ᠠᠰᠢᠭᠲᠠᠶ ᠶᠤᠮ᠃ ᠳᠠᠷᠠᠭ᠎ᠠ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯ ᠵᠶ᠋ᠠᠷ ᠭᠠᠷᠳᠠᠴᠠ ᠪᠣᠯᠭ᠋ᠠᠨ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠪᠠᠷ ᠲᠦᠰᠢᠭ ᠪᠣᠯᠭ᠋ᠠᠵᠤ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠵᠢᠨ ᠰᠢᠨ᠎ᠡ ᠵᠢᠭᠰᠠᠭ᠋ᠠᠯ᠎ᠤᠨ ᠭᠠᠵᠠᠷ᠎ᠢ ᠤᠯᠠᠮ ᠨᠢᠭᠡ ᠠᠯᠬᠤᠮ ᠪᠡᠬᠢᠵᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯ ᠥᠷᠨᠢᠭᠦᠯᠬᠦ ᠵᠢ ᠢᠳᠡᠪᠬᠢᠲᠡᠶ᠎ᠪᠠᠷ ᠬᠥᠲᠥᠯᠥᠨ ᠵᠢᠯᠣᠭᠣᠳᠬᠤ ᠪᠠ ᠤᠷᠮᠠᠰᠢᠭᠤᠯᠵᠤ᠂ 《ᠣᠷᠣᠭᠤᠯᠤᠨ ᠠᠪᠴᠢᠷᠠᠬᠤ》᠎ᠪᠠᠷ ᠳᠠᠮᠵᠢᠭᠤᠯᠤᠨ ᠬᠠᠮᠤᠭ᠎ᠤᠨ ᠰᠢᠨ᠎ᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠂ 《ᠭᠠᠷᠭ᠋ᠠᠬᠤ》᠎ᠳᠤ ᠲᠦᠰᠢᠭᠯᠡᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠴᠢᠨᠠᠷ ᠰᠠᠢ᠌ᠲᠠᠶ ᠡᠬᠢ ᠪᠠᠶᠠᠯᠢᠭ᠎ᠢ ᠦᠨᠳᠦᠰᠦᠨ ᠱᠠᠲᠤ ᠲᠡᠰᠢ ᠬᠡᠯᠪᠡᠢ᠌ᠯᠭᠡᠵᠦ᠂ ᠣᠯᠠᠨ ᠲᠦᠮᠡᠨ᠎ᠳᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠦᠨᠡᠨ ᠪᠣᠳᠠᠲᠠᠶ ᠦᠢᠯᠡᠴᠢᠯᠡᠭᠡ ᠵᠢ ᠮᠡᠳᠡᠷᠡᠭᠦᠯᠦᠨ᠎ᠡ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠤᠯᠠᠮᠵᠢᠯᠠᠨ ᠳᠡᠯᠭᠡᠷᠡᠭᠦᠯᠬᠦ ᠶᠠᠪᠤᠳᠠᠯ᠎ᠢ ᠭᠦᠢ᠍ᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨᠴᠢ ᠠᠷᠭ᠎ᠠ ᠵᠢ ᠬᠡᠷᠡᠭᠯᠡᠬᠦ ᠪᠠ ᠰᠢᠨᠵᠢᠯᠡᠬᠦ ᠤᠬᠠᠭ᠋ᠠᠨᠴᠢ ᠵᠣᠷᠢᠭ ᠰᠠᠨᠠᠭ᠎ᠠ ᠵᠢ ᠪᠠᠳᠠᠷᠠᠭᠤᠯᠬᠤ ᠲᠠᠯ᠎ᠠ᠎ᠪᠠᠷ᠎ᠬᠢ ᠦᠯᠢᠭᠡᠷ ᠵᠢᠱ᠌ᠢᠶ᠎ᠡ᠂ ᠳᠠᠢ᠌ᠴᠢᠯᠠᠬᠤ ᠪᠠ ᠲᠠᠲᠠᠬᠤ ᠦᠢ᠍ᠯᠡᠳᠦᠯ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠬᠢᠭᠡᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠬᠠᠮᠵᠢᠯᠴᠠᠨ ᠬᠥᠭᠵᠢᠬᠦ ᠵᠢ ᠠᠬᠢᠭᠤᠯᠤᠨ᠎ᠠ᠃