ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
2024 ᠣᠨ᠎ᠤ ᠬᠣᠶᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠦᠯᠦᠯᠲᠡ ᠵᠢᠨ ᠪᠣᠯᠪᠠᠰᠤᠷᠠᠭᠤᠯᠤᠯ᠎ᠤᠨ ᠬᠤᠷᠠᠯ᠎ᠢ ᠤᠯᠠᠭ᠋ᠠᠨᠬᠠᠳᠠ ᠬᠣᠲᠠ᠎ᠳᠤ ᠠᠮᠵᠢᠯᠲᠠ᠎ᠲᠠᠢ ᠶᠠᠪᠤᠭᠳᠠᠪᠠ
ᠨᠡᠶ᠋ᠢᠲᠡᠯᠡᠭᠰᠡᠨ ᠴᠠᠭ᠄ 2024-06-19

 
    ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠦᠯᠦᠯᠲᠡ ᠵᠢᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠦᠪᠰᠢᠨ᠎ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠦᠯᠦᠯᠲᠡ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ 6 ᠳ᠋ᠤᠭ᠋ᠠᠷ ᠰᠠᠷ᠎ᠠ ᠵᠢᠨ 18᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠠᠴᠠ ᠵᠢᠯᠣᠭᠣᠳᠴᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ᠎ᠤ ᠲᠥᠪ᠎ᠠᠴᠠ ᠳᠠᠭ᠋ᠠᠭ᠋ᠠᠴᠢᠯᠠᠨ ᠡᠷᠭᠢᠯᠡᠵᠦ᠂ ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠎ᠠᠴᠠ ᠬᠠᠮᠵᠢᠨ ᠡᠷᠭᠢᠯᠡᠭᠰᠡᠨ 2024 ᠣᠨ᠎ᠤ ᠬᠣᠶᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠦᠯᠦᠯᠲᠡ ᠵᠢᠨ ᠪᠣᠯᠪᠠᠰᠤᠷᠠᠭᠤᠯᠤᠯ᠎ᠤᠨ ᠬᠤᠷᠠᠯ ᠤᠯᠠᠭ᠋ᠠᠨᠬᠠᠳᠠ ᠬᠣᠲᠠ᠎ᠳᠤ ᠠᠮᠵᠢᠯᠲᠠ᠎ᠲᠠᠢ ᠶᠠᠪᠤᠭᠳᠠᠪᠠ᠃ ᠵᠡᠭᠦᠨ ᠬᠡᠰᠡᠭ᠎ᠤᠨ ᠭᠠᠵᠠᠷ ᠣᠷᠣᠨ᠎ᠠᠴᠠ ᠢᠷᠡᠭᠰᠡᠨ ᠤᠯᠠᠭ᠋ᠠᠨᠬᠠᠳᠠ ᠬᠤᠳᠠ᠂ ᠬᠥᠯᠥᠨ ᠪᠤᠢ᠍ᠢ᠍ᠷ ᠬᠤᠳᠠ᠂ ᠲᠦᠩᠯᠢᠶᠣᠤ ᠬᠤᠳᠠ᠂ ᠬᠢᠩᠭ᠋ᠠᠨ ᠠᠢ᠌ᠮᠠᠭ᠂ ᠰᠢᠯᠢ ᠵᠢᠨ ᠭᠣᠣᠯ ᠠᠢ᠌ᠮᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠢ᠎ᠠ᠂ ᠠᠵᠤ ᠠᠬᠤᠢ᠌ᠯᠠᠯ᠂ ᠶᠡᠬᠡ ᠳᠡᠭᠡᠳᠦ ᠰᠤᠷᠭ᠋ᠠᠭᠤᠯᠢ ᠵᠢᠴᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ 230 ᠭᠠᠷᠤᠢ ᠬᠥᠮᠦᠨ ᠪᠣᠯᠪᠠᠰᠤᠷᠠᠯ᠎ᠳᠤ ᠣᠷᠣᠯᠴᠠᠪᠠ᠃



    ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠦᠯᠦᠯᠲᠡ ᠪᠣᠯ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠵᠢᠨ ᠴᠢᠬᠤᠯᠠ ᠪᠦᠲᠦᠭᠡᠭᠳᠡᠬᠦᠨ ᠮᠥᠨ᠂ ᠤᠯᠤᠰ᠎ᠤᠨ ᠰᠠᠭᠤᠷᠢ ᠴᠢᠨᠠᠷᠲᠠᠢ᠂ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ ᠮᠥᠨ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠳᠠᠲᠤ ᠬᠦᠴᠦᠨ᠎ᠤ ᠴᠢᠬᠤᠯᠠ ᠢᠯᠡᠷᠡᠯ ᠮᠥᠨ᠃ ᠣᠢ᠌ᠷ᠎ᠠ ᠵᠢᠨ ᠵᠢᠯ᠎ᠤᠨ ᠲᠤᠷᠰᠢ᠂ ᠮᠠᠨ᠎ᠤ ᠣᠷᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠦᠯᠦᠯᠲᠡ ᠵᠢᠨ ᠲᠦᠷᠢᠮ᠎ᠤᠨ ᠪᠠᠢ᠌ᠭᠤᠯᠤᠯᠲᠠ ᠵᠢ ᠢᠳᠡᠪᠬᠢᠲᠡᠶ ᠠᠬᠢᠭᠤᠯᠵᠤ᠂ ᠣᠲᠣ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠨᠢᠭᠡᠨᠲᠡ ᠤᠯᠤᠰ᠎ᠤᠨ ᠪᠠᠷᠢᠮᠵᠢᠶ᠎ᠠ᠎ᠳᠤ ᠨᠡᠢ᠌ᠴᠡᠭᠰᠡᠨ 1300 ᠭᠠᠷᠤᠶ ᠰᠢᠨᠵᠢᠯᠡᠬᠦ ᠤᠬᠠᠭ᠋ᠠᠨ   ᠲᠧᠭᠨᠢᠭ ᠮᠡᠷᠭᠡᠵᠢᠯ᠎ᠤᠨ ᠮᠡᠳᠡᠭᠦᠯᠦᠯᠲᠡ ᠵᠢ ᠨᠡᠢ᠌ᠲᠡᠯᠡᠪᠡ᠃
    ᠪᠣᠯᠪᠠᠰᠤᠷᠠᠭᠤᠯᠤᠯ᠎ᠤᠨ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠡ ᠵᠠᠩᠭᠢ ᠰᠤᠳᠤᠯᠬᠤ ᠭᠠᠵᠠᠷ᠎ᠤᠨ ᠳ᠋ᠦ᠋ ᠸᠧᠶ ᠸᠧᠶ᠂ ᠵᠠᠩ ᠠᠶ ᠰᠢᠶᠠ ᠳᠡᠳ᠋ ᠰᠤᠳᠤᠯᠤᠭᠴᠢ᠎ᠠᠴᠠ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠦᠯᠦᠯᠲᠡ ᠵᠢᠨ ᠲᠦᠷᠢᠮ᠎ᠤᠨ ᠪᠠᠢ᠌ᠭᠤᠯᠤᠯᠲᠠ ᠵᠢᠴᠢ ᠠᠬᠢᠴᠠ ᠪᠠ ᠬᠡᠷᠡᠭᠯᠡᠯᠲᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠦᠯᠦᠯᠲᠡ ᠵᠢ ᠲᠤᠭᠤᠷᠪᠢᠨ ᠪᠢᠴᠢᠬᠦ ᠵᠢ ᠵᠢᠷᠤᠮᠵᠢᠭᠤᠯᠬᠤ ᠪᠠ ᠬᠢᠨᠠᠨ ᠬᠠᠷᠭᠤᠭᠤᠯᠬᠤ ᠵᠢᠴᠢ ᠦᠢᠯᠡᠴᠢᠯᠡᠭᠡᠨ᠎ᠤ ᠰᠢᠰᠲ᠋ᠧᠮ᠎ᠢ ᠬᠡᠷᠡᠭᠯᠡᠬᠦ ᠵᠡᠷᠭᠡ ᠠᠭᠤᠯᠭ᠎ᠠ ᠵᠢᠨ ᠲᠤᠬᠠᠶ ᠭᠣᠤᠯᠳᠠᠯᠭ᠎ᠠ᠎ᠲᠠᠢ ᠲᠠᠢ᠌ᠯᠤᠮᠵᠢ ᠬᠢᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠯᠳᠤᠬᠤ ᠪᠣᠳᠣᠯᠭ᠎ᠠ ᠵᠢᠨ ᠰᠤᠳᠤᠯᠭ᠋ᠠᠨ᠎ᠤ ᠲᠥᠪ᠎ᠤᠨ ᠳᠡᠳ᠋ ᠰᠤᠳᠤᠯᠤᠭᠴᠢ ᠴᠢᠶᠣᠤ ᠰᠢᠤᠢ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠦᠯᠦᠯᠲᠡ ᠵᠢᠨ ᠠᠵᠢᠯ᠎ᠤᠨ ᠪᠣᠳᠠᠲᠠᠶ᠎ᠲᠠᠢ ᠤᠶᠠᠯᠳᠤᠭᠤᠯᠤᠨ᠂ ᠰᠢᠨᠵᠢᠯᠡᠬᠦ ᠤᠬᠠᠭ᠋ᠠᠨ   ᠲᠧᠭᠨᠢᠭ ᠮᠡᠷᠭᠡᠵᠢᠯ᠎ᠤᠨ ᠮᠡᠳᠡᠭᠦᠯᠦᠯᠲᠡ ᠵᠢᠨ ᠠᠵᠢᠯ᠎ᠤᠨ ᠴᠤᠪᠤᠷᠠᠯ ᠵᠢᠴᠢ ᠦᠢᠯᠡᠴᠢᠯᠡᠭᠡᠨ᠎ᠤ ᠰᠢᠰᠲ᠋ᠧᠮ᠎ᠤᠨ ᠬᠡᠷᠡᠭᠯᠡᠯᠲᠡ ᠵᠡᠷᠭᠡ ᠠᠭᠤᠯᠭ᠎ᠠ ᠵᠢ ᠲᠠᠢ᠌ᠯᠪᠤᠷᠢᠯᠠᠪᠠ᠃
    ᠪᠣᠯᠪᠠᠰᠤᠷᠠᠭᠤᠯᠤᠯ ᠵᠶ᠋ᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠰᠢᠨᠵᠢᠯᠡᠬᠦ ᠤᠬᠠᠭ᠋ᠠᠨ   ᠲᠧᠭᠨᠢᠭ ᠮᠡᠷᠭᠡᠵᠢᠯ᠎ᠤᠨ ᠮᠡᠳᠡᠭᠦᠯᠦᠯᠲᠡ ᠵᠢ ᠲᠤᠭᠤᠷᠪᠢᠨ ᠪᠢᠴᠢᠬᠦ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠪᠥᠬᠥ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠦᠯᠦᠯᠲᠡ ᠵᠢᠨ ᠠᠵᠢᠯ᠎ᠤᠨ ᠵᠢᠷᠤᠮᠵᠢᠭᠰᠠᠨ ᠬᠥᠭᠵᠢᠯᠲᠡ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠦᠯᠦᠯᠲᠡ ᠵᠢᠨ ᠬᠥᠭᠵᠢᠯᠲᠡ ᠪᠥᠲᠥᠭᠡᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ 9 ᠰᠠᠭᠤᠷᠢᠨ ᠭᠠᠵᠠᠷ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠵᠶ᠋ᠠᠷ ᠦᠨᠡᠯᠡᠭᠳᠡᠪᠡ
ᠪᠦᠬᠦ ᠣᠷᠣᠨ᠎ᠤ ᠵᠠᠬᠢᠳᠠᠯ ᠰᠣᠷᠪᠣᠯᠵᠢᠯᠠᠯ᠎ᠤᠨ ᠠᠵᠢᠯ᠎ᠢ ᠠᠬᠢᠭᠤᠯᠬᠤ ᠬᠠᠤᠯᠢᠵᠢᠯ᠎ᠤᠨ ᠬᠤᠷᠠᠯ ᠬᠤᠷᠠᠯᠳᠤᠭᠤᠯᠪᠠ ᠵᠧᠩ ᠭᠤᠸᠠᠩ ᠵᠤᠤ ᠶᠠᠷᠢᠶ᠎ᠠ ᠲᠠᠯᠪᠢᠵᠠᠢ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠣᠷᠳᠣᠰ ᠬᠣᠲᠠ ᠵᠢᠨ ᠬᠠᠩᠭᠢᠨ ᠬᠣᠰᠢᠭᠤᠨ᠎ᠳᠤ ᠬᠦᠷᠴᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠪᠠᠢ᠌ᠴᠠᠭ᠋ᠠᠨ ᠰᠤᠳᠤᠯᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠳᠤ ᠬᠦᠴᠦᠨ ᠨᠡᠮᠡᠷᠢᠯᠡᠪᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠵᠢᠴᠢ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠨᠠᠮ᠎ᠤᠨ ᠬᠢᠴᠢᠶᠡᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
 
            