ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠪᠦᠬᠦ ᠣᠷᠣᠨ᠎ᠤ ᠵᠠᠬᠢᠳᠠᠯ ᠰᠣᠷᠪᠣᠯᠵᠢᠯᠠᠯ᠎ᠤᠨ ᠠᠵᠢᠯ᠎ᠢ ᠠᠬᠢᠭᠤᠯᠬᠤ ᠬᠠᠤᠯᠢᠵᠢᠯ᠎ᠤᠨ ᠬᠤᠷᠠᠯ ᠬᠤᠷᠠᠯᠳᠤᠭᠤᠯᠪᠠ ᠵᠧᠩ ᠭᠤᠸᠠᠩ ᠵᠤᠤ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2024-06-19


     6 ᠳ᠋ᠤᠭ᠋ᠠᠷ ᠰᠠᠷ᠎ᠠ ᠵᠢᠨ 18᠎ᠤ ᠡᠳᠦᠷ᠂ ᠪᠥᠬᠦ ᠣᠷᠣᠨ᠎ᠤ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢᠵᠢᠯ᠎ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠮᠲᠤᠷᠠᠭᠰᠠᠨ ᠬᠤᠷᠠᠯ 2024 ᠣᠨ᠎ᠤ ᠬᠤᠶᠠᠳᠤᠭ᠋ᠠᠷ ᠤᠳᠠᠭ᠋ᠠᠨ᠎ᠤ ᠪᠥᠬᠦᠳᠡ (ᠥᠷᠭᠡᠳᠬᠡᠭᠰᠡᠨ) ᠬᠤᠷᠠᠯ᠎ᠢ ᠬᠥᠬᠡᠬᠤᠲᠠ᠎ᠳᠤ ᠬᠤᠷᠠᠯᠳᠤᠭᠤᠯᠪᠠ᠃
      ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠮᠲᠤᠷᠠᠭᠰᠠᠨ ᠬᠤᠷᠠᠯ᠎ᠢ ᠬᠤᠷᠠᠯᠳᠤᠭᠤᠯᠤᠭᠴᠢ ᠵᠧᠩ ᠭᠤᠸᠠᠩ ᠵᠤᠤ ᠶᠠᠷᠢᠶ᠎ᠠ ᠲᠠᠯᠪᠢᠪᠠ᠃
      ᠬᠤᠷᠠᠯ ᠳᠡᠭᠡᠷ᠎ᠡ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠳ᠎ᠤᠨ ᠦᠨᠡᠨ ᠬᠦ᠌ ᠬᠠᠤᠯᠢ ᠶᠣᠰᠣᠭ᠋ᠠᠷ᠂ ᠲᠦᠷᠢᠮ ᠲᠣᠭᠲᠠᠭ᠋ᠠᠯ ᠶᠣᠰᠣᠭ᠋ᠠᠷ᠂ ᠲᠦᠷᠦ ᠵᠢᠨ ᠪᠤᠳᠤᠯᠭ᠎ᠠ ᠶᠣᠰᠣᠭ᠋ᠠᠷ ᠤᠯᠠᠨ ᠲᠦᠮᠡᠨ᠎ᠤ ᠵᠦᠢ ᠶᠣᠰᠣᠨ᠎ᠤ ᠬᠦᠰᠡᠯ ᠱᠠᠭ᠋ᠠᠷᠳᠠᠯᠭ᠎ᠠ᠎ᠨᠤᠭᠤᠳ᠎ᠢ ᠰᠢᠢ᠍ᠳᠪᠦᠷᠢᠯᠡᠵᠦ᠂ ᠬᠠᠤᠯᠢᠵᠢᠯ᠎ᠤᠨ ᠪᠣᠭᠤᠮᠲᠠ ᠵᠢ ᠰᠠᠶ᠋ᠢᠲᠤᠷ ᠡᠵᠡᠮᠳᠡᠵᠦ᠂ ᠬᠠᠤᠯᠢᠵᠢᠯ᠎ᠤᠨ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠵᠦ᠂ ᠬᠠᠤᠯᠢᠵᠢᠯ᠎ᠢ ᠭᠦᠢ᠍ᠴᠡᠳᠭᠡᠬᠦ ᠦᠢ᠍ᠯᠡᠳᠦᠯ ᠴᠢᠳᠠᠪᠤᠷᠢ᠎ᠪᠠᠨ ᠳᠡᠭᠡᠭᠰᠢᠯᠡᠭᠦᠯᠵᠦ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠬᠠᠤᠯᠢᠵᠢᠯ᠎ᠤᠨ ᠠᠷᠭ᠎ᠠ ᠬᠡᠮᠵᠢᠶ᠎ᠡ ᠵᠢ ᠴᠢᠩᠭ᠋ᠠᠷᠠᠭᠤᠯᠵᠤ᠂ ᠡᠮᠬᠢ ᠳᠢᠭᠯᠢᠮ᠎ᠢ ᠬᠠᠮᠠᠭ᠋ᠠᠯᠠᠬᠤ ᠬᠠᠤᠯᠢᠵᠢᠯ᠎ᠤᠨ ᠬᠤᠷᠢᠭ᠎ᠠ ᠱᠤᠭᠤᠮ᠎ᠢ ᠰᠠᠶ᠋ᠢᠲᠤᠷ ᠰᠠᠬᠢᠵᠤ᠂ ᠵᠠᠬᠢᠳᠠᠯ ᠰᠣᠷᠪᠣᠯᠵᠢᠯᠠᠯ᠎ᠤᠨ ᠠᠵᠢᠯ᠎ᠤᠨ ᠬᠠᠤᠯᠢᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃
     

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠣᠷᠳᠣᠰ ᠬᠣᠲᠠ ᠵᠢᠨ ᠬᠠᠩᠭᠢᠨ ᠬᠣᠰᠢᠭᠤᠨ᠎ᠳᠤ ᠬᠦᠷᠴᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠪᠠᠢ᠌ᠴᠠᠭ᠋ᠠᠨ ᠰᠤᠳᠤᠯᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠳᠤ ᠬᠦᠴᠦᠨ ᠨᠡᠮᠡᠷᠢᠯᠡᠪᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠵᠢᠴᠢ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠨᠠᠮ᠎ᠤᠨ ᠬᠢᠴᠢᠶᠡᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠵᠡᠭᠦᠯᠦᠯᠭᠡ ᠵᠢ ᠲᠣᠭᠣᠷᠢᠨ ᠦᠵᠡᠪᠡ
 
            