6 ᠳ᠋ᠤᠭ᠋ᠠᠷ ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠲᠢᠩᠬᠢᠮ᠎ᠤᠨ ᠳᠡᠳ᠋ ᠳᠠᠷᠤᠭ᠎ᠠ ᠵᠠᠩ ᠸᠧᠨ ᠲᠤᠤ ᠨᠠᠷ ᠣᠷᠳᠣᠰ ᠬᠣᠲᠠ ᠵᠢᠨ ᠬᠠᠩᠭᠢᠨ ᠬᠣᠰᠢᠭᠤᠨ᠎ᠤ ᠲᠠᠷᠢᠶᠠᠨ ᠭᠣᠤᠯ ᠭᠠᠴᠠᠭ᠎ᠠ ᠪᠣᠯᠤᠨ ᠤᠳᠠᠨᠪᠤᠯᠠᠭ ᠲᠣᠰᠬᠣᠨ᠎ᠳᠤ ᠬᠦᠷᠴᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠠᠴᠠ ᠭᠠᠴᠠᠭ᠎ᠠ ᠲᠣᠰᠬᠣᠨ᠎ᠳᠤ ᠲᠣᠮᠢᠯᠠᠨ ᠰᠠᠭᠤᠯᠭ᠋ᠠᠭᠰᠠᠨ ᠨᠢᠭᠡᠳᠦᠭᠡᠷ ᠱᠦᠵᠢ ᠬᠥᠳᠡᠭᠡ ᠲᠣᠰᠬᠣᠨ᠎ᠤ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠠᠵᠢᠯ᠎ᠤᠨ ᠲᠤᠬᠠᠶ ᠪᠠᠢ᠌ᠴᠠᠭ᠋ᠠᠨ ᠰᠤᠳᠤᠯᠤᠯᠲᠠ ᠬᠢᠪᠠ᠃

ᠵᠠᠩ ᠸᠸᠨ ᠲᠤᠤ ᠨᠠᠷ ᠤᠷᠢᠳ ᠬᠣᠵᠢᠳ ᠪᠠᠶᠠᠨᠪᠤᠯᠠᠭ ᠭᠠᠴᠠᠭ᠋ᠠᠨ᠎ᠤ ᠰᠠᠭ᠋ᠠᠯᠢ ᠵᠢᠨ ᠢᠮᠠᠭ᠎ᠠ ᠲᠡᠵᠢᠭᠡᠨ ᠦᠷᠡᠵᠢᠭᠦᠯᠵᠦ ᠪᠣᠢ᠌ᠵᠢᠭᠤᠯᠬᠤ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠪᠣᠯᠤᠨ ᠤᠳᠠᠨᠪᠤᠯᠠᠭ ᠲᠣᠰᠬᠣᠨ᠎ᠤ ᠢᠳᠡᠰᠢᠨ ᠮᠥᠭᠥ ᠵᠢᠨ ᠰᠠᠭᠤᠷᠢᠨ ᠭᠠᠵᠠᠷ᠎ᠲᠤ ᠬᠦᠷᠴᠦ᠂ ᠲᠤᠬᠠᠶ ᠵᠢᠨ ᠲᠠᠯᠠᠪᠠᠶ᠎ᠳᠤ ᠪᠠᠢ᠌ᠴᠠᠭ᠋ᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠲᠤᠰᠬᠠᠶ ᠮᠡᠷᠭᠡᠵᠢᠯᠲᠡᠨ᠎ᠲᠠᠢ ᠬᠠᠷᠢᠯᠴᠠᠵᠤ ᠭᠠᠴᠠᠭ᠎ᠠ ᠲᠣᠰᠬᠣᠨ᠎ᠤ ᠠᠵᠤ ᠦᠢᠯᠡᠰ᠎ᠤᠨ ᠬᠥᠭᠵᠢᠯᠲᠡ ᠵᠢ ᠬᠠᠪᠰᠤᠷᠤᠨ ᠲᠡᠳᠬᠦᠵᠦ ᠪᠠᠢ᠌ᠬᠤ᠂ ᠮᠠᠯᠴᠢᠨ ᠲᠠᠷᠢᠶᠠᠴᠢᠨ᠎ᠤ ᠭᠠᠷᠤᠯᠲᠠ ᠪᠠ ᠣᠷᠣᠯᠭ᠎ᠠ ᠵᠢᠨ ᠨᠡᠮᠡᠭᠳᠡᠯ᠎ᠢ ᠠᠬᠢᠭᠤᠯᠵᠤ ᠪᠠᠢ᠌ᠬᠤ ᠵᠢᠴᠢ ᠰᠠᠭᠤᠷᠢᠨ ᠭᠠᠵᠠᠷ᠎ᠤᠨ ᠦᠢᠯᠡᠳᠪᠦᠷᠢᠯᠡᠯ᠂ ᠪᠣᠷᠣᠯᠠᠭᠤᠯᠭ᠎ᠠ᠂ ᠦᠷ᠎ᠡ ᠠᠰᠢᠭ ᠵᠢᠴᠢ ᠵᠢᠱ᠌ᠢᠶ᠎ᠡ ᠦᠵᠡᠭᠦᠯᠦᠨ ᠳᠠᠢ᠌ᠴᠢᠯᠠᠵᠤ ᠪᠠᠢ᠌ᠬᠤ ᠵᠡᠷᠭᠡ ᠪᠠᠢ᠌ᠳᠠᠯ᠎ᠢ ᠨᠠᠷᠢᠨ ᠣᠢ᠌ᠯᠠᠭ᠋ᠠᠭᠰᠠᠨ ᠪᠥᠭᠡᠳ ᠲᠣᠰᠬᠣᠨ᠎ᠳᠤ ᠰᠠᠭᠤᠭ᠎ᠠ ᠺᠠᠳ᠋ᠷᠴᠤᠳ᠎ᠤᠨ ᠰᠤᠷᠤᠯᠴᠠᠯᠭ᠎ᠠ ᠠᠮᠢᠳᠤᠷᠠᠯ᠎ᠤᠨ ᠠᠵᠢᠯ᠎ᠤᠨ ᠪᠠᠢ᠌ᠳᠠᠯ᠎ᠢ ᠲᠤᠬᠠᠶ ᠵᠢᠨ ᠭᠠᠵᠠᠷ᠎ᠲᠤᠨᠢ ᠪᠠᠢ᠌ᠴᠠᠭ᠋ᠠᠨ ᠦᠵᠡᠪᠡ᠃

ᠵᠠᠩ ᠸᠸᠨ ᠲᠤᠤ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠵᠢᠨ ᠬᠠᠪᠰᠤᠷᠤᠨ ᠲᠡᠳᠬᠦᠬᠦ ᠠᠵᠢᠯ ᠪᠣᠯᠤᠨ ᠭᠠᠴᠠᠭ᠎ᠠ ᠲᠣᠰᠬᠣᠨ᠎ᠳᠤ ᠦᠢ᠍ᠯᠡᠴᠢᠯᠡᠬᠦ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠤᠰᠬᠠᠢ ᠮᠡᠷᠭᠡᠵᠢᠯᠲᠡᠨ᠎ᠤ ᠪᠦᠯᠬᠦᠮ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠭᠦᠢ᠍ᠴᠡᠳ ᠨᠤᠲᠠᠯᠠᠪᠠ᠃ ᠵᠠᠩ ᠸᠸᠨ ᠲᠤᠤ᠂ ᠲᠣᠰᠬᠣᠨ᠎ᠳᠤ ᠰᠠᠭᠤᠭ᠎ᠠ ᠺᠠᠳ᠋ᠷ᠎ᠤᠨ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ᠎ᠢ ᠦᠷᠭᠦᠯᠵᠢᠯᠡᠨ ᠰᠠᠢ᠌ᠲᠤᠷ ᠪᠠᠳᠠᠷᠠᠭᠤᠯᠵᠤ᠂ ᠲᠤᠰᠬᠠᠢ ᠮᠡᠷᠭᠡᠵᠢᠯᠲᠡᠨ᠎ᠤ ᠰᠢᠨ᠎ᠡ ᠵᠢ ᠡᠭᠦᠳᠬᠦ ᠪᠦᠯᠬᠦᠮ᠎ᠲᠠᠢ ᠢᠳᠡᠪᠬᠢᠲᠡᠢ ᠵᠣᠯᠭ᠋ᠠᠭᠤᠯᠵᠤ᠂ ᠭᠠᠵᠠᠷ ᠣᠷᠣᠨ᠎ᠤ ᠪᠠᠢ᠌ᠳᠠᠯ᠎ᠳᠠᠭᠠᠨ ᠲᠤᠬᠢᠷᠠᠭᠤᠯᠤᠨ ᠰᠢᠨ᠎ᠡ ᠬᠡᠯᠪᠡᠷᠢ ᠵᠢᠨ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠠᠵᠤ ᠠᠬᠤᠢ ᠵᠢ ᠬᠥᠭᠵᠢᠭᠦᠯᠦᠨ ᠪᠤᠵᠠᠭ᠋ᠠᠢ᠌ᠷᠠᠭᠤᠯᠬᠤ ᠪᠦᠲᠦᠮᠵᠢᠲᠡᠢ ᠠᠷᠭ᠎ᠠ ᠵᠠᠮ᠎ᠢ ᠬᠠᠢ᠌ᠨ ᠰᠦᠪᠡᠭᠴᠢᠯᠡᠵᠦ᠂ ᠮᠠᠯ ᠠᠵᠤ ᠠᠬᠤᠢ ᠲᠠᠷᠢᠶᠠᠯᠠᠩ᠎ᠤᠨ ᠭᠠᠷᠤᠯᠲᠠ ᠵᠢ ᠲᠣᠭᠲᠠᠪᠤᠷᠢᠵᠢᠭᠤᠯᠤᠨ ᠭᠠᠷᠤᠯᠲᠠ ᠵᠢ ᠨᠡᠮᠡᠭᠳᠡᠭᠦᠯᠬᠦ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠲᠣᠭᠲᠠᠭᠤᠨ ᠵᠶ᠋ᠠᠷ ᠨᠡᠮᠡᠭᠳᠡᠭᠦᠯᠬᠦ ᠵᠢ ᠠᠬᠢᠭᠤᠯᠵᠤ᠂ ᠰᠠᠭᠤᠷᠢᠨ᠎ᠤ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠰᠢᠨ᠎ᠡ ᠵᠢ ᠡᠭᠦᠳᠬᠦ ᠳᠠᠢ᠌ᠴᠢᠯᠠᠬᠤ ᠦᠢ᠍ᠯᠡᠳᠦᠯ᠎ᠢ ᠴᠢᠨᠠᠭᠰᠢᠳᠠ ᠳᠡᠭᠡᠭᠰᠢᠯᠡᠭᠦᠯᠵᠦ᠂ ᠰᠠᠭᠤᠷᠢᠨ᠎ᠢ ᠠᠵᠤ ᠠᠬᠤᠢ ᠵᠢᠨ ᠦᠷ᠎ᠡ ᠠᠰᠢᠭ ᠵᠶ᠋ᠠᠷ ᠥᠨᠳᠥᠷ᠂ ᠵᠢᠱ᠌ᠢᠢ᠎ᠡ ᠦᠵᠡᠭᠦᠯᠬᠦ ᠦᠷ᠎ᠡ ᠪᠦᠲᠦᠮᠵᠢ᠎ᠪᠠᠷ ᠰᠠᠢ᠍ᠢ᠍ᠨ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠵᠢᠱ᠌ᠢᠢ᠎ᠡ ᠦᠵᠡᠭᠦᠯᠬᠦ ᠬᠡᠪ ᠳᠠᠭᠤᠷᠢᠶᠠᠯ ᠪᠣᠯᠭ᠋ᠠᠬᠤ ᠬᠡᠷᠡᠭᠲᠡᠢ ᠭᠡᠵᠦ ᠬᠡᠯᠡᠪᠡ; ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠤᠶᠤᠨ᠎ᠤ ᠬᠥᠮᠥᠷᠭᠡ ᠵᠢᠨ ᠡᠬᠢ ᠪᠠᠶᠠᠯᠢᠭ᠎ᠢ ᠦᠷᠭᠦᠯᠵᠢᠯᠡᠨ ᠰᠠᠢ᠌ᠲᠤᠷ ᠪᠠᠳᠠᠷᠠᠭᠤᠯᠵᠤ᠂ ᠲᠦᠷᠦ ᠵᠢᠨ ᠪᠤᠳᠤᠯᠭ᠎ᠠ ᠵᠢᠨ ᠬᠠᠩᠭ᠋ᠠᠯᠭ᠎ᠠ ᠬᠠᠩᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠢ ᠮᠡᠷᠭᠡᠵᠢᠯᠲᠡᠨ᠎ᠤ ᠮᠡᠷᠭᠡᠵᠢᠯ᠎ᠤᠨ ᠳᠡᠮᠵᠢᠯᠭᠡ᠂ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠪᠣᠯᠪᠠᠰᠤᠷᠠᠯ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ 《ᠲᠦᠷᠭᠡᠳᠬᠡᠬᠦ》ᠴᠢᠳᠠᠪᠤᠷᠢ ᠣᠯᠭᠣᠬᠤ ᠬᠡᠷᠡᠭᠲᠡᠢ; ᠦᠢᠯᠡᠴᠢᠯᠡᠭᠡᠨ᠎ᠤ ᠪᠠᠲᠤᠯᠠᠭ᠎ᠠ᠎ᠪᠠᠨ ᠴᠢᠩᠭ᠋ᠠᠳᠬᠠᠵᠤ᠂ ᠦᠢᠯᠡᠴᠢᠯᠡᠭᠡᠨ᠎ᠤ ᠶᠠᠰᠤ ᠴᠢᠨᠠᠷ ᠵᠶ᠋ᠠᠨ ᠳᠡᠭᠡᠭᠰᠢᠯᠡᠭᠦᠯᠵᠦ᠂ ᠦᠢᠯᠡᠳᠪᠦᠷᠢᠯᠡᠯ ᠦᠢᠯᠡᠳᠦᠯᠭᠡ ᠵᠢᠨ ᠶᠠᠪᠤᠴᠠ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠴᠠᠭ ᠲᠤᠬᠠᠶ᠎ᠳᠤᠨᠢ ᠡᠮᠬᠢᠯᠡᠨ ᠳᠢᠭᠯᠡᠵᠦ᠂ ᠲᠤᠷᠰᠢᠯᠭ᠎ᠠ ᠠᠷᠭ᠎ᠠ ᠬᠢᠳᠡᠯ ᠵᠶ᠋ᠡᠨ ᠳ᠋ᠦᠩᠨᠡᠨ᠂ ᠥᠷᠭᠡᠨ ᠣᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠥᠭᠦᠯᠡᠯ ᠵᠶ᠋ᠡᠨ ᠡᠬᠡ ᠭᠠᠵᠠᠷ ᠳᠡᠭᠡᠷ᠎ᠡ ᠪᠢᠴᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠎ᠳᠤ ᠬᠦᠴᠦᠨ ᠨᠡᠮᠡᠷᠢᠯᠡᠬᠦ ᠬᠡᠷᠡᠭᠲᠡᠶ ᠭᠡᠪᠡ᠃
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠂ ᠪᠠᠢ᠌ᠭᠤᠯᠭ᠎ᠠ ᠵᠢᠨ ᠨᠠᠮ᠎ᠤᠨ ᠬᠣᠷᠢᠶᠠᠨ᠎ᠤ ᠬᠣᠯᠪᠣᠭᠳᠠᠯ ᠪᠥᠬᠥᠶ ᠬᠥᠮᠦᠰ ᠪᠠᠷ᠎ᠠ ᠪᠣᠯᠵᠣ ᠪᠠᠢ᠌ᠴᠠᠭ᠋ᠠᠨ ᠰᠤᠳᠤᠯᠤᠯᠲᠠ ᠬᠢᠪᠠ᠃