ᠰᠤᠷᠤᠯᠴᠠᠯᠭ᠎ᠠ ᠵᠢᠨ ᠭᠣᠣᠯᠳᠠᠯᠭ᠎ᠠ ᠵᠢ ᠠᠳᠬᠤᠵᠤ᠂ ᠰᠤᠷᠤᠯᠴᠠᠯᠭ᠎ᠠ ᠵᠢᠨ ᠭᠡᠯᠪᠡᠷᠢ ᠵᠢ ᠪᠠᠶᠠᠯᠢᠭᠵᠢᠭᠤᠯᠵᠤ᠂ ᠰᠡᠷᠡᠮᠵᠢᠯᠡᠭᠦᠯᠭᠦ ᠬᠥᠮᠦᠵᠢᠯ᠎ᠢ ᠴᠢᠩᠭ᠋ᠠᠳᠬᠠᠪᠠ᠁ ᠣᠢ᠌ᠷ᠎ᠠ ᠵᠢᠨ ᠡᠳᠦᠷ᠎ᠤᠳ᠎ᠲᠤ᠂ ᠪᠦᠭᠦ ᠣᠷᠣᠨ᠎ᠤ ᠡᠯ᠎ᠡ ᠭᠠᠵᠠᠷ ᠡᠯ᠎ᠡ ᠨᠢᠭᠡᠴᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠬᠢᠯᠭ᠎ᠠ ᠪᠠᠲᠤ ᠵᠢᠨ ᠤᠬᠠᠮᠰᠠᠷ ᠪᠣᠯᠣᠨ ᠶᠣᠰᠣ ᠳᠦᠷᠢᠮ᠎ᠤᠨ ᠤᠬᠠᠮᠰᠠᠷ ᠵᠶ᠋ᠠᠨ ᠴᠢᠩᠭ᠋ᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠎ᠪᠠᠷ ᠴᠢᠷᠮᠠᠢ᠌ᠵᠤ ᠪᠠᠢ᠌ᠨ᠎ᠠ᠃
ᠭᠦᠭᠡᠬᠣᠲᠠ ᠵᠢᠨ᠎ᠬᠢᠨ ᠰᠤᠷᠤᠯᠴᠠᠯᠭ᠎ᠠ᠎ᠪᠠᠷ ᠠᠵᠢᠯᠯᠠᠬᠤ ᠵᠢ ᠠᠬᠢᠭᠤᠯᠬᠤ ᠵᠢ ᠪᠠᠷᠢᠮᠲᠠᠯᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠠᠯ᠎ᠠ᠎ᠪᠠᠷ ᠪᠣᠳᠠᠲᠠᠢ ᠦᠷ᠎ᠡ ᠪᠦᠲᠦᠮᠵᠢ ᠣᠯᠬᠤ ᠵᠢ ᠭᠦᠨᠵᠡᠭᠡᠢ ᠠᠬᠢᠭᠤᠯᠵᠤ ᠪᠠᠢ᠌ᠨ᠎ᠠ᠃ ᠪᠦᠭᠦ ᠬᠤᠳᠠ ᠵᠢᠨ ᠵᠠᠯᠠᠭᠤ ᠺᠠᠳ᠋ᠷᠴᠤᠳ᠎ᠤᠨ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠬᠤ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠵᠠᠯᠠᠭᠤ ᠺᠠᠳ᠋ᠷᠴᠤᠳ᠎ᠤᠨ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ ᠵᠢ ᠲᠣᠳᠣᠷᠬᠠᠢ ᠪᠤᠯᠭ᠋ᠠᠬᠤ᠂ ᠰᠠᠬᠢᠯᠭ᠎ᠠ ᠪᠠᠲᠤ ᠵᠢ ᠰᠠᠬᠢᠬᠤ ᠵᠢ ᠠᠬᠢᠭᠤᠯᠵᠤ᠂ ᠨᠡᠩ ᠰᠠᠢ᠌ᠲᠤᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠦᠰᠦᠨ ᠪᠣᠢ᠌ᠵᠢᠵᠤ ᠴᠢᠳᠠᠪᠤᠷᠢᠲᠠᠨ ᠪᠤᠯᠬᠤ ᠵᠢ ᠠᠬᠢᠭᠤᠯᠵᠤ ᠪᠠᠢ᠌ᠨ᠎ᠠ᠃ ᠰᠤᠷᠲᠠᠯ᠎ᠢ ᠴᠡᠭᠴᠡᠯᠡᠨ ᠵᠠᠰᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠦᠢ᠍ᠯᠡᠴᠢᠯᠡᠬᠦ ᠲᠠᠯ᠎ᠠ᠎ᠪᠠᠷ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠳᠤᠷ᠎ᠠ᠎ᠪᠠᠷ ᠵᠶ᠋ᠠᠨ ᠦᠢ᠍ᠯᠡᠳᠬᠦ᠂ ᠬᠠᠭᠤᠷᠮᠠᠭ ᠵᠶ᠋ᠠᠷ ᠦᠢ᠍ᠯᠡᠳᠬᠦ ᠵᠢᠴᠢ ᠤᠯᠠᠨ ᠲᠦᠮᠡᠨ᠎ᠲᠠᠢ ᠬᠠᠷᠢᠯᠴᠠᠬᠤ ᠪᠠ ᠤᠯᠠᠨ ᠲᠦᠮᠡᠨ᠎ᠳᠤ ᠦᠢ᠍ᠯᠡᠴᠢᠯᠡᠬᠦ ᠳᠤᠮᠳᠠ ᠨᠠᠵᠠᠭ᠋ᠠᠢ᠎ᠪᠠᠷ ᠠᠷᠭ᠋ᠠᠴᠠᠭ᠋ᠠᠬᠤ᠂ ᠬᠦᠢ᠍ᠲᠡᠮᠰᠦᠭ ᠬᠠᠨᠳᠤᠬᠤ᠂ ᠦᠷ᠎ᠡ ᠪᠦᠲᠦᠮᠵᠢ ᠳᠣᠣᠷ᠎ᠠ ᠵᠡᠷᠭᠡ ᠠᠰᠠᠭᠤᠳᠠᠯ᠎ᠢ ᠪᠠᠢ᠌ᠴᠠᠭ᠋ᠠᠨ ᠰᠢᠢ᠍ᠳᠪᠦᠷᠢᠯᠡᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠶᠠᠪᠤᠴᠠ ᠵᠢ ᠨᠠᠮ᠎ᠤᠨ ᠭᠡᠰᠢᠭᠦᠨ ᠺᠠᠳ᠋ᠷᠴᠤᠳ᠎ᠤᠨ ᠨᠠᠮᠴᠢ ᠴᠢᠨᠠᠷ ᠵᠶ᠋ᠠᠨ ᠴᠢᠩᠭ᠋ᠠᠳᠬᠠᠬᠤ᠂ ᠰᠠᠬᠢᠯᠭ᠎ᠠ ᠪᠠᠲᠤ ᠵᠢ ᠴᠢᠩᠭ᠎ᠠ ᠰᠠᠬᠢᠬᠤ᠂ ᠰᠤᠷᠲᠠᠯ ᠵᠶ᠋ᠠᠨ ᠴᠢᠩᠳᠠᠯᠠᠬᠤ ᠶᠠᠪᠤᠴᠠ ᠪᠣᠯᠭ᠋ᠠᠪᠠ᠃
ᠦᠬᠠᠢ ᠬᠤᠳᠠ ᠵᠢᠨ᠎ᠬᠢᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢ᠍ᠯ᠎ᠤᠨ ᠡᠭᠦᠷᠭᠡ ᠵᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢ᠌ᠲᠠᠢ ᠠᠬᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠥᠰᠥᠯ᠎ᠢ ᠲᠣᠭᠲᠠᠭ᠋ᠠᠵᠤ᠂ ᠠᠵᠢᠯ᠎ᠤᠨ ᠡᠭᠦᠷᠭᠡ ᠵᠢ 6 ᠲᠠᠯ᠎ᠠ ᠵᠢᠨ 15 ᠵᠦᠢ᠍ᠯ᠎ᠤᠨ ᠪᠣᠳᠠᠲᠠᠢ ᠠᠷᠭ᠎ᠠ ᠬᠡᠮᠵᠢᠶ᠎ᠡ ᠪᠣᠯᠭ᠋ᠠᠨ ᠨᠠᠷᠢᠯᠢᠭᠵᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠳᠤ 《ᠴᠠᠭ᠎ᠤᠨ ᠬᠦᠰᠦᠨᠦᠭᠲᠦ》 ᠵᠢᠭᠰᠠᠭ᠋ᠠᠵᠤ᠂ 《ᠵᠠᠮ ᠱᠤᠭᠤᠮ᠎ᠤᠨ ᠵᠢᠷᠤᠭ》᠎ᠢ ᠵᠢᠷᠤᠵᠤ ᠥᠭᠪᠡ᠃ ᠦᠬᠠᠢ ᠬᠤᠳᠠ ᠵᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠡᠭᠦᠷᠭᠡ ᠵᠢᠨ ᠨᠠᠷᠢᠨ ᠳᠠᠨᠭ᠌ᠰᠠ ᠪᠠᠢ᠌ᠭᠤᠯᠤᠨ ᠪᠠᠭᠤᠯᠭ᠋ᠠᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ᠂ ᠬᠠᠮᠵᠢᠯᠴᠠᠬᠤ ᠰᠠᠯᠠᠭ᠎ᠠ ᠮᠥᠴᠢᠷ ᠵᠢᠴᠢ ᠪᠣᠳᠠᠲᠠᠢ ᠴᠠᠭ᠎ᠤᠨ ᠲᠣᠬᠢᠷᠠᠭᠤᠯᠤᠯᠲᠠ ᠵᠢ ᠲᠣᠳᠣᠷᠬᠠᠢ᠌ᠯᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠬᠠᠷᠠᠯᠲᠠ᠎ᠲᠠᠢ᠂ ᠬᠡᠷᠡᠭᠵᠢᠭᠦᠯᠵᠦ ᠪᠤᠯᠬᠤ᠂ ᠨᠠᠢ᠌ᠳᠠᠪᠤᠷᠢᠵᠢᠭᠤᠯᠬᠤ᠎ᠳᠤ ᠠᠮᠠᠷ᠂ ᠬᠢᠨᠠᠯᠲᠠ ᠲᠠᠯᠪᠢᠬᠤ᠎ᠳᠤ ᠲᠦᠭᠦᠮ ᠪᠣᠯᠭ᠋ᠠᠪᠠ᠃
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ ᠰᠢᠭᠤᠳ ᠬᠠᠷᠢᠶ᠎ᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠬᠡᠷᠡᠭᠵᠢᠭᠦᠯᠬᠦ ᠲᠥᠰᠥᠯ᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠬᠠᠷᠢᠭᠤᠴᠠᠯᠭ᠋ᠠᠲᠤ ᠨᠢᠭᠡᠴᠢ᠂ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠲᠣᠳᠣᠷᠬᠠᠢ᠌ᠯᠠᠪᠠ᠃ ᠲᠢᠩᠬᠢᠮ᠎ᠤᠨ ᠨᠠᠮ᠎ᠤᠨ ᠬᠣᠷᠢᠶ᠎ᠠ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠪᠠ ᠲᠤᠰᠬᠠᠢ ᠰᠡᠳᠦᠪᠲᠦ ᠲᠠᠢ᠌ᠯᠤᠮᠵᠢ ᠬᠢᠭᠰᠡᠨ ᠪᠥᠭᠡᠳ ᠰᠡᠷᠡᠮᠵᠢᠯᠡᠭᠦᠯᠭᠦ ᠬᠥᠮᠦᠵᠢᠯ᠎ᠤᠨ ᠶᠡᠬᠡ ᠬᠤᠷᠠᠯ ᠬᠤᠷᠠᠯᠳᠤᠭᠤᠯᠬᠤ᠂ ᠰᠡᠷᠡᠮᠵᠢᠯᠡᠭᠦᠯᠭᠦ ᠬᠥᠮᠦᠵᠢᠯ᠎ᠤᠨ ᠰᠠᠭᠤᠷᠢᠨ᠎ᠢ ᠲᠣᠭᠣᠷᠢᠨ ᠦᠵᠡᠬᠦ᠂ ᠨᠠᠮ᠎ᠤᠨ ᠡᠭᠦᠷ᠎ᠤᠨ ᠲᠥᠪᠯᠡᠷᠡᠭᠦᠯᠦᠨ ᠰᠤᠷᠤᠯᠴᠠᠬᠤ ᠵᠡᠷᠭᠡ ᠭᠡᠯᠪᠡᠷᠢ᠎ᠪᠠᠷ ᠳᠠᠮᠵᠢᠭᠤᠯᠤᠨ᠂ ᠲᠤᠰᠬᠠᠢ ᠰᠡᠳᠦᠪᠲᠦ ᠰᠤᠷᠤᠯᠴᠠᠯᠭ᠎ᠠ ᠵᠢ ᠴᠢᠩᠭ᠋ᠠᠳᠬᠠᠵᠤ᠂ ᠭᠦᠨᠵᠡᠭᠡᠢ ᠰᠤᠷᠤᠯᠴᠠᠵᠤ ᠦᠨᠡᠨ ᠬᠦ᠌ ᠣᠢ᠌ᠯᠠᠭ᠋ᠠᠬᠤ ᠳᠤᠮᠳᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠪᠠ᠃ ᠡᠭᠦᠨ᠎ᠤ ᠬᠠᠮᠲᠤ᠂ ᠲᠤᠰ ᠲᠢᠩᠬᠢᠮ᠎ᠨᠢ 《ᠥᠪᠥᠷ ᠮᠣᠩᠭᠣᠯ᠎ᠤᠨ ᠠᠯᠠᠭ᠋ᠠᠨ ᠳᠡᠭᠡᠷᠡᠬᠢ 12348》 ᠪᠠ ᠵᠢᠷᠭᠢᠶ᠎ᠡ ᠵᠢᠨ ᠤᠯᠠᠨ ᠨᠡᠢ᠌ᠲᠡ ᠵᠢᠨ ᠲᠠᠪᠴᠠᠩ᠎ᠳᠤ ᠲᠦᠰᠢᠭᠯᠡᠨ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠪᠤᠯᠤᠩ ᠭᠠᠷᠭ᠋ᠠᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨ᠎ᠠ)᠎ᠤᠨ ᠠᠭᠤᠯᠭ᠎ᠠ ᠵᠢ ᠵᠤᠷᠪᠤᠰ ᠳᠠᠷᠠᠭ᠋ᠠᠯᠠᠨ ᠨᠡᠢ᠌ᠲᠡᠯᠡᠨ ᠲᠠᠢ᠌ᠯᠪᠤᠷᠢᠯᠠᠵᠤ᠂ ᠨᠠᠮ᠎ᠤᠨ ᠭᠡᠰᠢᠭᠦᠨ᠎ᠤ ᠥᠪᠡᠷ᠎ᠢ᠎ᠪᠠᠨ ᠱᠠᠭ᠋ᠠᠷᠳᠠᠬᠤ ᠤᠬᠠᠮᠰᠠᠷ᠎ᠢ ᠴᠢᠩᠭ᠋ᠠᠳᠬᠠᠪᠠ᠃
ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠡᠮᠬᠢ ᠵᠢᠷᠤᠮ᠎ᠲᠠᠢ ᠶᠠᠪᠤᠭᠳᠠᠵᠤ ᠪᠤᠢ᠃ ᠪᠦᠭᠦ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠮᠠᠲ᠋ᠧᠷᠢᠶᠠᠯ᠎ᠢ ᠨᠠᠢ᠌ᠷᠠᠭᠤᠯᠤᠨ ᠬᠡᠪᠯᠡᠭᠦᠯᠵᠦ᠂ ᠪᠦᠭᠦ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠣᠬᠢᠷᠠᠭᠤᠯᠤᠯᠲᠠ ᠪᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠤᠭᠤᠴᠠᠭ᠋ᠠᠨ᠎ᠳᠤ ᠰᠡᠷᠡᠮᠵᠢᠯᠡᠭᠦᠯᠭᠦ ᠬᠥᠮᠦᠵᠢᠯ᠎ᠢ ᠲᠥᠷᠥᠯ ᠬᠤᠪᠢᠶᠠᠨ ᠥᠷᠨᠢᠭᠦᠯᠬᠦ ᠠᠵᠢᠯ᠎ᠤᠨ ᠲᠣᠬᠢᠷᠠᠭᠤᠯᠤᠯᠲᠠ ᠵᠢ ᠲᠣᠭᠲᠠᠭ᠋ᠠᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠳᠠᠭ᠋ᠠᠭᠤᠯᠤᠨ ᠰᠤᠷᠤᠯᠴᠠᠵᠤ᠂ ᠨᠠᠮ᠎ᠤᠨ ᠡᠭᠦᠷ ᠭᠦᠨᠵᠡᠭᠡᠢ ᠰᠤᠷᠤᠯᠴᠠᠪᠠ᠃ ᠨᠣᠮ ᠤᠩᠰᠢᠬᠤ ᠠᠩᠭᠢ᠂ 《ᠭᠤᠷᠪᠠᠨ ᠬᠤᠷᠠᠯ ᠨᠢᠭᠡ ᠬᠢᠴᠢᠶᠡᠯ》 ᠡᠷᠭᠢᠯᠡᠭᠦ᠂ 《ᠳᠦᠷᠢᠮ》᠎ᠢ ᠰᠤᠳᠤᠯᠤᠨ ᠶᠠᠷᠢᠯᠴᠠᠵᠤ ᠰᠣᠯᠢᠯᠴᠠᠬᠤ᠂ ᠰᠡᠷᠡᠮᠵᠢᠯᠡᠭᠦᠯᠭᠦ ᠬᠥᠮᠦᠵᠢᠯ᠎ᠤᠨ ᠹᠢᠯᠢᠮ ᠦᠵᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠤᠷᠢᠳ ᠵᠶ᠋ᠡᠷ ᠰᠤᠷᠤᠯᠴᠠᠭᠤᠯᠵᠤ᠂ ᠨᠡᠩ ᠭᠦᠨᠵᠡᠭᠡᠢ ᠰᠤᠷᠤᠯᠴᠠᠭᠤᠯᠵᠤ᠂ ᠢᠯᠡᠭᠦᠦ ᠰᠡᠷᠡᠮᠵᠢᠯᠡᠭᠦᠯᠪᠡ᠃
ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠦᠢ᠍ᠯᠡᠴᠢᠯᠡᠬᠦ᠂ ᠥᠪᠡᠷᠲᠡᠭᠡᠨ ᠵᠠᠰᠠᠬᠤ ᠣᠷᠣᠨ᠎ᠤ 《ᠵᠢᠷᠭᠤᠭ᠋ᠠᠨ ᠢᠨᠵᠧᠨᠧᠷᠢᠩ》᠎ᠢ ᠠᠬᠢᠭᠤᠯᠬᠤ ᠪᠠ ᠪᠦᠭᠦ ᠲᠠᠯ᠎ᠠ᠎ᠪᠠᠷ ᠡᠪᠯᠡᠯ᠎ᠢ ᠴᠢᠩᠭ᠎ᠠ ᠵᠠᠰᠠᠬᠤ᠂ ᠡᠪᠯᠡᠯ᠎ᠤᠨ ᠺᠠᠳ᠋ᠷ᠎ᠤᠨ ᠰᠤᠷᠲᠠᠯ᠎ᠤᠨ ᠪᠠᠢ᠌ᠭᠤᠯᠤᠯᠲᠠ ᠵᠢ ᠦᠷᠭᠦᠯᠵᠢᠯᠡᠨ ᠭᠦᠨᠵᠡᠭᠡᠢ ᠥᠷᠨᠢᠭᠦᠯᠬᠦ ᠭᠤᠷᠪᠠᠨ ᠵᠢᠯ᠎ᠤᠨ ᠠᠵᠢᠯᠯᠠᠭ᠎ᠠ ᠵᠢᠨ ᠣᠨ᠎ᠤ ᠡᠭᠦᠷᠭᠡ᠎ᠲᠠᠢ ᠨᠢᠭᠲᠠ ᠤᠶᠠᠯᠳᠤᠭᠤᠯᠵᠤ᠂ 《ᠳᠦᠷᠢᠮ》᠎ᠤᠨ ᠠᠭᠤᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠡᠭᠦᠷ᠎ᠤᠨ ᠱᠦᠵᠢ ᠳᠠᠭ᠋ᠠᠭᠤᠯᠤᠨ ᠰᠤᠷᠤᠯᠴᠠᠬᠤ᠂ ᠲᠤᠰᠬᠠᠢ ᠮᠡᠷᠭᠡᠵᠢᠯᠲᠡᠨ ᠲᠠᠢ᠌ᠯᠪᠤᠷᠢᠯᠠᠨ ᠰᠤᠷᠤᠯᠴᠠᠬᠤ᠂ ᠣᠢ᠌ᠯᠠᠭ᠋ᠠᠯᠲᠠ᠎ᠪᠠᠨ ᠰᠣᠯᠢᠯᠴᠠᠨ ᠰᠤᠷᠤᠯᠴᠠᠯᠭ᠎ᠠ ᠵᠢ ᠠᠬᠢᠭᠤᠯᠬᠤ ᠵᠡᠷᠭᠡ ᠤᠯᠠᠨ ᠵᠦᠢ᠍ᠯ᠎ᠤᠨ ᠭᠡᠯᠪᠡᠷᠢ᠎ᠪᠠᠷ ᠳᠠᠮᠵᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠡᠨ ᠠᠵᠢᠯ ᠬᠢᠵᠦ ᠦᠢ᠍ᠯᠡᠰ ᠪᠣᠰᠬᠠᠬᠤ ᠤᠷᠮ᠎ᠠ ᠵᠣᠷᠢᠭ ᠪᠣᠯᠣᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠠᠵᠢᠯ᠎ᠤᠨ ᠰᠤᠷᠲᠠᠯ ᠪᠣᠯᠭ᠋ᠠᠨ ᠬᠤᠪᠢᠷᠠᠭᠤᠯᠬᠤ ᠵᠢ ᠬᠥᠲᠥᠯᠥᠨ ᠵᠢᠯᠣᠭᠣᠳᠪᠠ᠃
ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠤᠭ᠎ᠠ ᠵᠢᠨ᠎ᠬᠢᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠴᠢᠬᠤᠯᠠ ᠤᠯᠤᠰ ᠲᠦᠷᠦ ᠵᠢᠨ ᠡᠭᠦᠷᠭᠡ᠎ᠪᠠᠨ ᠪᠤᠯᠭ᠋ᠠᠵᠤ᠂ ᠨᠠᠮ᠎ᠤᠨ ᠤᠳᠤᠷᠢᠳᠬᠤ ᠳᠤᠭᠤᠢ᠌ᠯᠠᠩ ᠳᠠᠭ᠋ᠠᠭᠤᠯᠤᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠲᠠᠢ᠌ᠯᠤᠮᠵᠢ ᠬᠢᠵᠦ ᠬᠠᠪᠰᠤᠷᠤᠨ ᠵᠢᠯᠤᠭᠣᠳᠬᠤ ᠵᠢ ᠤᠶᠠᠯᠳᠤᠭᠤᠯᠬᠤ ᠵᠡᠷᠭᠡ ᠭᠡᠯᠪᠡᠷᠢ᠎ᠪᠠᠷ 《ᠳᠦᠷᠢᠮ》᠎ᠢ ᠨᠠᠷᠢᠨ ᠬᠢᠨᠠᠮᠠᠭ᠋ᠠᠢ ᠰᠤᠷᠤᠯᠴᠠᠨ ᠰᠤᠳᠤᠯᠤᠨ ᠤᠩᠰᠢᠪᠠ᠃ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠰᠤᠷᠤᠯᠴᠠᠯᠭ᠎ᠠ ᠵᠢ ᠳᠠᠭ᠋ᠠᠭᠤᠯᠤᠨ ᠤᠩᠰᠢᠯᠭ᠎ᠠ ᠵᠢ ᠵᠢᠯᠤᠭᠣᠳᠴᠤ᠂ ᠨᠠᠮ᠎ᠤᠨ ᠭᠡᠰᠢᠭᠦᠨ ᠺᠠᠳ᠋ᠷᠴᠤᠳ᠎ᠢ ᠬᠠᠪᠰᠤᠷᠤᠨ ᠰᠠᠬᠢᠯᠭ᠎ᠠ ᠪᠠᠲᠤ ᠵᠢᠨ ᠤᠬᠠᠮᠰᠠᠷ᠎ᠢ᠎ᠨᠢ ᠳᠡᠭᠡᠭᠰᠢᠯᠡᠭᠦᠯᠵᠦ᠂ ᠨᠠᠮᠴᠢ ᠴᠢᠨᠠᠷ᠎ᠤᠨ ᠪᠣᠯᠪᠠᠰᠤᠷᠠᠯ᠎ᠢ᠎ᠨᠢ ᠳᠡᠭᠡᠭᠰᠢᠯᠡᠭᠦᠯᠪᠡ; ᠪᠦᠭᠦ ᠨᠠᠮ᠎ᠤᠨ ᠭᠡᠰᠢᠭᠦᠨ ᠺᠠᠳ᠋ᠷᠴᠤᠳ ᠲᠤᠰᠬᠠᠢ ᠰᠡᠳᠦᠪᠲᠦ ᠰᠡᠷᠡᠮᠵᠢᠯᠡᠭᠦᠯᠭᠦ ᠬᠥᠮᠦᠵᠢᠯ᠎ᠤᠨ ᠹᠢᠯᠢᠮ᠎ᠢ ᠲᠥᠪᠯᠡᠷᠡᠭᠦᠯᠦᠨ ᠦᠵᠡᠵᠦ᠂ ᠬᠡᠷᠡᠭ᠎ᠤᠨ ᠠᠬᠤᠢ ᠪᠠᠢ᠌ᠳᠠᠯ᠎ᠢ ᠲᠠᠭᠢᠨ ᠢᠯᠡᠷᠡᠭᠦᠯᠬᠦ ᠪᠠ ᠬᠠᠤᠯᠢ ᠰᠠᠬᠢᠯᠭ᠎ᠠ ᠵᠢ ᠵᠥᠷᠢᠴᠡᠭᠰᠡᠨ ᠬᠥᠮᠥᠰ ᠵᠶ᠋ᠡᠷ ᠬᠡᠯᠡᠭᠦᠯᠬᠦ᠎ᠪᠠᠷ ᠳᠠᠮᠵᠢᠭᠤᠯᠵᠤ᠂ ᠦᠵᠡᠯ ᠰᠠᠨᠠᠭ᠋ᠠᠨ᠎ᠤ ᠰᠡᠷᠭᠡᠢ᠌ᠯᠡᠯᠲᠡ ᠵᠢᠨ ᠱᠤᠭᠤᠮ᠎ᠢ ᠦᠨᠡᠨ ᠬᠦ᠌ ᠪᠡᠬᠢᠵᠢᠭᠦᠯᠵᠦ᠂ ᠠᠷᠢᠭᠤᠨ ᠴᠢᠬᠡᠴᠢ ᠵᠢᠨ ᠬᠣᠷᠢᠭ᠎ᠠ ᠱᠤᠭᠤᠮ᠎ᠢ ᠪᠠᠲᠤ ᠰᠠᠭᠢᠪᠠ; ᠰᠤᠳᠤᠯᠤᠨ ᠶᠠᠷᠢᠯᠴᠠᠵᠤ ᠰᠣᠯᠢᠯᠴᠠᠬᠤ ᠶᠠᠪᠤᠴᠠ᠎ᠳᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠢᠳᠡᠪᠬᠢᠲᠡᠢ᠎ᠪᠠᠷ ᠦᠭᠡ ᠬᠡᠯᠡᠵᠦ᠂ ᠰᠡᠷᠡᠮᠵᠢ ᠠᠪᠴᠤ᠂ ᠬᠣᠷᠢᠭ᠎ᠠ ᠱᠤᠭᠤᠮ᠎ᠢ ᠲᠣᠳᠣᠷᠬᠠᠢ ᠮᠡᠳᠡᠵᠦ᠂ ᠵᠢᠷᠦᠬᠡᠰᠢᠶᠡᠬᠦ ᠵᠢ ᠮᠡᠳᠡᠵᠦ᠂ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ᠎ᠪᠠᠷ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠵᠠᠯᠠᠷᠠᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠶᠠᠪᠤᠴᠠ ᠵᠢ ᠦᠨᠡᠨ ᠬᠦ᠌ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠴᠢᠩᠭ᠋ᠠᠳᠬᠠᠬᠤ᠂ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠳᠡᠭᠡᠭᠰᠢᠯᠡᠭᠦᠯᠭᠦ ᠶᠠᠪᠤᠴᠠ ᠪᠤᠯᠭ᠋ᠠᠵᠤ᠂ ᠪᠦᠭᠦ ᠨᠠᠮ᠎ᠤᠨ ᠭᠡᠰᠢᠭᠦᠨ ᠺᠠᠳ᠋ᠷᠴᠤᠳ᠎ᠤᠨ ᠬᠠᠮᠲᠤ ᠵᠢᠨ ᠲᠠᠨᠢᠯᠲᠠ ᠪᠣᠯᠭ᠋ᠠᠪᠠ᠃
ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠠᠴᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠴᠢᠬᠤᠯᠠ ᠤᠯᠤᠰ ᠲᠦᠷᠦ ᠵᠢᠨ ᠡᠭᠦᠷᠭᠡ ᠪᠤᠯᠭ᠋ᠠᠵᠤ᠂ ᠨᠠᠷᠢᠨ ᠨᠢᠮᠪᠠᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠱᠠᠯᠠᠪᠳᠠᠭᠤᠯᠤᠨ ᠨᠠᠢ᠌ᠳᠠᠪᠤᠷᠢᠵᠢᠭᠤᠯᠬᠤ ᠵᠢ ᠴᠢᠩᠭ᠋ᠠᠳᠬᠠᠵᠤ᠂ ᠬᠠᠷᠠᠯᠲᠠ᠎ᠲᠠᠢ ᠨᠢᠭᠲᠠ ᠤᠶᠠᠯᠳᠤᠭᠤᠯᠤᠨ ᠬᠡᠷᠡᠭᠵᠢᠭᠦᠯᠬᠦ ᠲᠥᠰᠥᠯ ᠲᠣᠭᠲᠠᠭ᠋ᠠᠵᠤ᠂ ᠡᠭᠦᠷᠭᠡ ᠱᠠᠭ᠋ᠠᠷᠳᠠᠯᠭ᠎ᠠ ᠵᠢ ᠨᠠᠮ᠎ᠤᠨ ᠡᠭᠦᠷ ᠨᠢᠭᠡᠪᠦᠷᠢ᠂ ᠨᠠᠮ᠎ᠤᠨ ᠭᠡᠰᠢᠭᠦᠨ ᠨᠢᠭᠡᠪᠦᠷᠢ᠎ᠳᠤ ᠨᠠᠢ᠌ᠳᠠᠪᠤᠷᠢᠵᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠭ᠎ᠠ ᠵᠢᠨ ᠬᠡᠷᠡᠭ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠪᠣᠳᠠᠲᠠᠢ᠎ᠲᠠᠢ᠎ᠪᠠᠨ ᠤᠶᠠᠯᠳᠤᠭᠤᠯᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠡᠷᠡᠭᠵᠢᠭᠦᠯᠬᠦ ᠲᠥᠰᠥᠯ᠎ᠢ ᠲᠣᠭᠲᠠᠭ᠋ᠠᠵᠤ᠂ ᠭᠣᠣᠯᠳᠠᠯᠭ᠎ᠠ᠎ᠲᠠᠢ ᠡᠭᠦᠷᠭᠡ ᠪᠠ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠨ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠲᠥᠷᠥᠯ ᠬᠤᠪᠢᠶᠠᠨ ᠵᠢᠯᠤᠭᠣᠳᠬᠤ ᠵᠢ ᠴᠢᠩᠭ᠋ᠠᠷᠠᠭᠤᠯᠪᠠ᠃ ᠲᠤᠰ ᠲᠣᠪᠴᠢᠶ᠎ᠠ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠵᠢᠱ᠌ᠢᠶ᠎ᠡ ᠦᠵᠡᠭᠦᠯᠭᠦ ᠰᠤᠷᠤᠯᠴᠠᠯᠭ᠎ᠠ᠂ ᠨᠠᠮ᠎ᠤᠨ ᠡᠭᠦᠷ᠎ᠤᠨ᠎ᠲᠠᠭᠠᠨ ᠰᠤᠷᠤᠯᠴᠠᠬᠤ ᠰᠤᠷᠤᠯᠴᠠᠯᠭ᠎ᠠ᠂ ᠪᠣᠯᠪᠠᠰᠤᠷᠠᠯ᠎ᠢ ᠠᠭᠤᠰᠤᠯᠴᠠᠭᠤᠯᠬᠤ ᠰᠤᠷᠤᠯᠴᠠᠯᠭ᠎ᠠ᠂ ᠲᠤᠬᠠᠢ ᠵᠢᠨ ᠭᠠᠵᠠᠷ᠎ᠲᠤᠨᠢ ᠰᠡᠷᠡᠮᠵᠢᠯᠡᠭᠦᠯᠭᠦ ᠰᠤᠷᠤᠯᠴᠠᠯᠭ᠎ᠠ ᠪᠣᠯᠣᠨ ᠨᠠᠮ᠎ᠤᠨ ᠭᠡᠰᠢᠭᠦᠨ᠎ᠤ ᠥᠪᠡᠷ᠎ᠤᠨ ᠰᠤᠷᠤᠯᠴᠠᠯᠭ᠎ᠠ ᠭᠡᠬᠦ 《ᠲᠠᠪᠤᠨ ᠰᠤᠷᠤᠯᠴᠠᠯᠭ᠎ᠠ》 ᠬᠣᠯᠪᠤᠭ᠋ᠠᠯᠠᠨ ᠬᠥᠳᠡᠯᠦᠯᠴᠡᠬᠦ ᠭᠡᠯᠪᠡᠷᠢ ᠵᠢ ᠠᠪᠴᠤ᠂ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠵᠤ 《ᠳᠦᠷᠢᠮ》᠎ᠢ ᠲᠡᠷᠡ ᠬᠡᠪ ᠵᠶ᠋ᠡᠷ᠎ᠨᠢ ᠪᠦᠯᠦᠭ ᠵᠤᠷᠪᠤᠰ ᠳᠠᠷᠠᠭ᠋ᠠᠯᠠᠨ ᠰᠤᠷᠤᠯᠴᠠᠭᠤᠯᠵᠤ᠂ ᠡᠯ᠎ᠡ ᠲᠦᠷᠦᠯ᠎ᠤᠨ ᠰᠤᠷᠤᠯᠴᠠᠯᠭ᠎ᠠ ᠵᠢᠨ ᠠᠵᠢᠯᠯᠠᠭ᠎ᠠ ᠵᠢ 280 ᠭᠠᠷᠤᠢ ᠤᠳᠠᠭ᠎ᠠ ᠲᠤᠰᠬᠠᠢ ᠰᠡᠳᠦᠪ ᠬᠤᠪᠢᠶᠠᠨ ᠥᠷᠨᠢᠭᠦᠯᠵᠦ᠂ ᠡᠯ᠎ᠡ ᠲᠦᠷᠦᠯ᠎ᠤᠨ ᠰᠤᠷᠤᠯᠴᠠᠯᠭ᠎ᠠ ᠵᠢᠨ ᠡᠭᠦᠷᠭᠡ ᠵᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠡᠳᠦᠷ ᠲᠤᠳᠤᠮ᠎ᠤᠨ ᠠᠵᠢᠯ᠎ᠳᠤ ᠠᠭᠤᠰᠤᠯᠴᠠᠭᠤᠯᠵᠤ᠂ ᠪᠠᠢ᠌ᠩᠭᠤ ᠠᠳᠬᠤᠪᠠ᠃ ᠲᠤᠰᠬᠠᠢ ᠰᠡᠳᠦᠪᠲᠦ ᠨᠣᠮ ᠤᠩᠰᠢᠬᠤ ᠠᠩᠭᠢ᠂ ᠲᠤᠰᠬᠠᠢ ᠮᠡᠷᠭᠡᠵᠢᠯᠲᠡᠨ᠎ᠤ ᠲᠠᠢ᠌ᠯᠤᠮᠵᠢ᠂ ᠭᠣᠣᠯ ᠰᠡᠳᠦᠪᠲᠦ ᠨᠠᠮ᠎ᠤᠨ ᠡᠳᠦᠷ᠂ ᠰᠡᠷᠡᠮᠵᠢᠯᠡᠭᠦᠯᠭᠦ ᠬᠥᠮᠦᠵᠢᠯ ᠵᠡᠷᠭᠡ ᠭᠡᠯᠪᠡᠷᠢ᠎ᠪᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢ᠌ᠭ᠋ᠠᠳ 《ᠳᠦᠷᠢᠮ》᠎ᠤᠨ ᠭᠣᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠣᠨᠣᠪᠴᠢᠲᠠᠶ ᠡᠵᠡᠮᠰᠢᠭᠦᠯᠵᠦ᠂ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ ᠵᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠵᠢ ᠰᠠᠬᠢᠬᠤ ᠵᠢ ᠦᠨᠡᠨ ᠬᠦ᠌ ᠪᠡᠶᠡᠯᠡᠭᠦᠯᠵᠦ᠂ ᠢᠮᠠᠭᠲᠠ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠵᠢ ᠪᠡᠶᠡᠯᠡᠭᠦᠯᠵᠦ᠂ ᠰᠠᠢ᠌ᠨ ᠰᠤᠷᠲᠠᠯ᠂ ᠦᠨᠡᠨ ᠪᠣᠳᠠᠲᠠᠢ ᠡᠷᠴᠢ ᠵᠣᠷᠢᠭ ᠵᠶ᠋ᠠᠷ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠦᠢ᠍ᠯᠡᠴᠢᠯᠡᠨ ᠪᠠᠲᠤᠯᠠᠭ᠎ᠠ ᠬᠠᠩᠭ᠋ᠠᠵᠤ᠂ ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠣᠷᠣᠬᠤ ᠬᠠᠷᠠᠯᠲᠠ ᠵᠢ ᠪᠡᠶᠡᠯᠡᠭᠦᠯᠦᠨ᠎ᠡ᠃