5 ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠵᠡᠢ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠱᠠᠨᠳᠦ᠋ᠩ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠪᠣᠳᠠᠲᠠᠢ᠎ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠠᠢ᠌ᠲᠤᠷ ᠠᠳᠬᠤᠬᠤ ᠬᠡᠷᠡᠭᠲᠡᠢ᠃ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠭᠦᠨᠵᠡᠭᠡᠢ ᠲᠤᠭᠤᠰᠢᠯᠠᠭᠤᠯᠵᠤ᠂ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠪᠠ ᠦᠷ᠎ᠡ ᠪᠦᠲᠦᠭᠡᠯ᠎ᠢ ᠣᠨᠳᠣᠣᠰᠢᠭᠤᠯᠤᠨ ᠬᠡᠷᠡᠭᠯᠡᠬᠦ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠨᠡᠩ ᠰᠠᠢ᠌ᠲᠤᠷ ᠬᠥᠲᠥᠯᠥᠨ ᠳᠠᠭ᠋ᠠᠭᠤᠯᠬᠤ ᠬᠡᠷᠡᠭᠲᠡᠢ᠃ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠵᠤ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠰᠢᠰᠲ᠋ᠧᠮ᠎ᠲᠠᠢ ᠲᠥᠯᠥᠪᠵᠢᠭᠦᠯᠵᠦ᠂ ᠴᠢᠨᠠᠷ ᠰᠠᠢ᠌ᠲᠠᠢ ᠬᠥᠭᠵᠢᠯᠲᠡ ᠵᠢ ᠬᠠᠷᠰᠢᠯᠠᠵᠤ ᠪᠠᠢ᠌ᠭ᠎ᠠ ᠪᠠᠢ᠌ᠭᠤᠯᠤᠮᠵᠢ ᠲᠣᠭᠲᠠᠴᠠ ᠵᠢᠨ ᠬᠠᠷᠰᠢ ᠰᠠᠭ᠋ᠠᠳ᠎ᠢ ᠨᠠᠩ ᠰᠠᠢ᠌ᠲᠤᠷ ᠠᠷᠢᠯᠭ᠋ᠠᠬᠤ ᠬᠡᠷᠡᠭᠲᠡᠢ᠃ ᠮᠦ᠍ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠭᠦ᠂ ᠦᠷ᠎ᠡ ᠠᠰᠢᠭ᠎ᠢ ᠨᠡᠮᠡᠭᠳᠡᠭᠦᠯᠬᠦ᠎ᠪᠠᠷ ᠭᠣᠣᠯᠳᠠᠯᠭ᠎ᠠ ᠪᠣᠯᠭ᠋ᠠᠨ ᠲᠠᠷᠢᠶᠠᠯᠠᠩ ᠮᠠᠯ ᠠᠵᠤ ᠠᠬᠤᠢ ᠵᠢᠨ ᠭᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠵᠤ᠂ ᠪᠠᠢ᠌ᠭᠤᠯᠤᠮᠵᠢ ᠲᠣᠭᠲᠠᠴᠠ ᠵᠢ ᠰᠢᠯᠤᠭᠤᠳᠬᠠᠬᠤ᠎ᠪᠠᠷ ᠭᠣᠣᠯᠳᠠᠯᠭ᠎ᠠ ᠪᠣᠯᠭ᠋ᠠᠨ ᠠᠲᠠᠷ ᠬᠠᠭ᠋ᠠᠯᠪᠤᠷᠢᠯᠠᠯᠲᠠ ᠵᠢᠨ ᠤᠯᠤᠰ᠎ᠤᠨ ᠥᠮᠴᠢᠯᠡᠯᠲᠦ ᠲᠠᠷᠢᠶᠠᠯᠠᠩ᠎ᠤᠨ ᠲᠠᠯᠠᠪᠠᠶ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠬᠡᠷᠡᠭᠲᠡᠢ᠃ 《ᠤᠮᠠᠷᠠᠲᠤ ᠬᠢᠯᠢ ᠵᠢᠨ ᠰᠣᠶᠣᠯ》᠎ᠤᠨ ᠪᠠᠢ᠌ᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠬᠤ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠬᠡᠷᠡᠭ᠎ᠤᠨ ᠵᠢᠰᠢᠶ᠎ᠡ᠎ᠪᠠᠷ ᠬᠠᠤᠯᠢ ᠵᠢ ᠲᠠᠢ᠌ᠯᠪᠤᠷᠢᠯᠠᠬᠤ ᠵᠡᠷᠭᠡ ᠠᠷᠭ᠎ᠠ ᠭᠡᠯᠪᠡᠷᠢ ᠵᠢ ᠠᠪᠴᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠤᠭᠣᠳᠴᠤ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ 5 ᠰᠠᠷ᠎ᠠ ᠵᠢᠨ 27᠎ᠤ ᠡᠳᠦᠷ᠎ᠤᠨ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ 《ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠡᠯ᠎ᠡ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠤ ᠬᠠᠷᠢᠭᠤᠴᠠᠯᠭ᠎ᠠ᠎ᠪᠠᠨ ᠮᠡᠳᠡᠵᠦ ᠬᠠᠷᠢᠭᠤᠴᠠᠯᠭ᠎ᠠ᠎ᠪᠠᠨ ᠲᠣᠳᠣᠷᠬᠠᠢ᠌ᠯᠠᠵᠤ᠂ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠱᠠᠯᠠᠪᠳᠠᠭᠤᠯᠤᠨ ᠱᠠᠭ᠋ᠠᠷᠳᠠᠵᠤ᠂ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠢᠢ᠍ᠳᠪᠦᠷᠢᠯᠡᠬᠦ ᠪᠠ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠲᠣᠭᠲᠠᠴᠠ ᠵᠢᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠵᠤ᠂ ᠮᠥᠩᠭᠥᠨ ᠭᠦᠢ᠍ᠯᠭᠡᠭᠡᠨ᠎ᠤ ᠠᠵᠤ ᠠᠬᠤᠢ᠌ᠯᠠᠯ᠎ᠤᠨ ᠥᠭᠡᠷᠡᠴᠢᠯᠡᠯᠲᠡ ᠬᠢᠵᠦ ᠲᠦᠭᠰᠢᠭᠦᠷᠢ ᠵᠢ ᠠᠷᠢᠯᠭ᠋ᠠᠬᠤ ᠪᠠ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠵᠤ᠂ ᠮᠥᠩᠭᠥᠨ ᠭᠦᠢ᠍ᠯᠭᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠰᠢᠰᠲ᠋ᠧᠮ᠎ᠤᠨ ᠴᠢᠨᠠᠷᠲᠠᠢ ᠠᠶᠤᠯ ᠲᠦᠭᠰᠢᠭᠦᠷᠢ ᠥᠯᠥ ᠡᠭᠦᠰᠬᠦ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠠᠷᠪᠠᠨ ᠳᠥᠷᠪᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ᠎ᠤ ᠣᠷᠣᠨ᠎ᠤ ᠠᠵᠢᠯ ᠣᠯᠭᠣᠯᠲᠠ ᠵᠢᠨ ᠠᠵᠢᠯ᠎ᠳᠤ ᠣᠷᠣᠰᠢᠵᠤ ᠪᠠᠢ᠌ᠭ᠎ᠠ ᠠᠰᠠᠭᠤᠳᠠᠯ᠎ᠢ ᠨᠠᠷᠢᠨ ᠬᠢᠨᠠᠮᠠᠭ᠋ᠠᠢ ᠰᠤᠳᠤᠯᠤᠨ ᠵᠠᠳᠠᠯᠵᠤ᠂ ᠰᠢᠯᠲᠠᠭ᠋ᠠᠨ᠎ᠢ᠎ᠨᠢ ᠣᠨᠣᠪᠴᠢᠲᠠᠢ ᠡᠷᠢᠵᠦ᠂ ᠤᠨᠢᠨ ᠳᠡᠭᠡᠷ᠎ᠡ᠎ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠢᠯ ᠣᠯᠭᠣᠯᠲᠠ ᠵᠢᠨ ᠶᠠᠰᠤ ᠴᠢᠨᠠᠷ᠎ᠢ ᠪᠦᠲᠦᠮᠵᠢᠲᠡᠢ ᠳᠡᠭᠡᠭᠰᠢᠯᠡᠭᠦᠯᠭᠦ ᠪᠠ ᠲᠣᠭ᠎ᠠ ᠬᠡᠮᠵᠢᠶ᠎ᠡ ᠵᠢ ᠵᠣᠬᠢᠰᠲᠠᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃ ᠬᠥᠭᠵᠢᠯᠲᠡ᠎ᠳᠤ ᠲᠦᠰᠢᠭᠯᠡᠨ ᠠᠵᠢᠯ ᠣᠯᠭᠣᠯᠲᠠ ᠵᠢᠨ ᠠᠰᠠᠭᠤᠳᠠᠯ᠎ᠢ ᠰᠢᠢ᠍ᠳᠪᠦᠷᠢᠯᠡᠬᠦ ᠵᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠵᠢ ᠴᠢᠩᠭ᠎ᠠ ᠠᠳᠬᠤᠵᠤ᠂ ᠨᠡᠩ ᠤᠯᠠᠨ ᠠᠵᠤ ᠦᠢ᠍ᠯᠡᠰ᠎ᠤᠨ ᠲᠦᠷᠦᠯ ᠵᠦᠢ᠍ᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠨᠡᠩ ᠤᠯᠠᠨ ᠠᠵᠢᠯ᠎ᠤᠨ ᠪᠠᠢ᠌ᠷᠢ ᠵᠢ ᠴᠢᠷᠮᠠᠢ᠌ᠨ ᠡᠭᠦᠳᠬᠦ ᠬᠡᠷᠡᠭᠲᠡᠢ᠃ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠦᠷᠭᠦᠯᠵᠢᠯᠡᠨ ᠶᠡᠬᠡ ᠬᠡᠪᠴᠢᠶ᠎ᠡ᠎ᠪᠠᠷ ᠥᠷᠨᠢᠭᠦᠯᠵᠦ᠂ ᠬᠥᠮᠥᠨ ᠪᠠ ᠠᠵᠢᠯ᠎ᠤᠨ ᠪᠠᠢ᠌ᠷᠢ ᠵᠢ ᠪᠦᠲᠦᠮᠵᠢᠲᠡᠢ᠎ᠪᠠᠷ ᠵᠣᠯᠭ᠋ᠠᠭᠤᠯᠬᠤ ᠵᠢ ᠠᠬᠢᠭᠤᠯᠬᠤ ᠬᠡᠷᠡᠭᠲᠡᠢ᠃ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠰᠣᠩᠭᠣᠬᠤ ᠵᠢ ᠬᠥᠲᠥᠯᠥᠨ ᠵᠢᠯᠤᠭᠣᠳᠬᠤ ᠪᠠ ᠠᠵᠢᠯ ᠣᠯᠭᠣᠬᠤ ᠦᠢ᠍ᠯᠡᠴᠢᠯᠡᠭᠡᠨ᠎ᠢ ᠴᠢᠩᠭ᠋ᠠᠳᠬᠠᠵᠤ᠂ ᠲᠡᠳᠡᠨ᠎ᠢ ᠬᠠᠪᠰᠤᠷᠤᠨ ᠡᠷᠲᠡᠬᠡᠨ ᠤᠷᠤᠭᠰᠢᠲᠠᠢ᠎ᠪᠠᠷ ᠠᠵᠢᠯ ᠣᠯᠭᠣᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ 《ᠲᠦᠷᠪᠡᠨ ᠰᠠᠢ᠌ᠨ ᠬᠥᠳᠡᠭᠡ ᠲᠣᠰᠬᠣᠨ᠎ᠤ ᠵᠠᠮ》᠎ᠤᠨ ᠪᠦᠲᠦᠭᠡᠨ ᠪᠠᠢ᠌ᠭᠤᠯᠤᠯᠲᠠ ᠵᠢ ᠴᠢᠨᠠᠭᠰᠢᠳᠠ ᠰᠠᠢ᠌ᠲᠤᠷ ᠬᠢᠬᠦ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ᠎ᠤᠨ ᠰᠢᠨ᠎ᠡ ᠨᠢᠭᠡ ᠡᠭᠡᠯᠵᠢ ᠵᠢᠨ ᠬᠥᠳᠡᠭᠡ ᠲᠣᠰᠬᠣᠨ᠎ᠤ ᠵᠠᠰᠠᠮᠠᠯ ᠵᠠᠮ᠎ᠢ ᠳᠡᠭᠡᠭᠰᠢᠯᠡᠭᠦᠯᠭᠦ ᠠᠵᠢᠯᠯᠠᠭ᠎ᠠ ᠵᠢ ᠬᠡᠷᠡᠭᠵᠢᠭᠦᠯᠬᠦ ᠠᠵᠠ ᠲᠣᠭᠢᠶᠠᠯ᠎ᠢ ᠠᠮᠵᠢᠵᠤ᠂ ᠮᠠᠨ᠎ᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠬᠦᠴᠦᠯᠡᠨ ᠬᠢᠵᠦ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠯ ᠴᠢᠷᠮᠠᠢ᠌ᠯᠭ᠎ᠠ ᠭᠠᠷᠭ᠋ᠠᠵᠤ ᠰᠠᠢ᠌ᠲᠤᠷ ᠠᠳᠬᠤᠬᠤ ᠬᠡᠷᠡᠭᠲᠡᠢ᠃ ᠪᠠᠢ᠌ᠳᠠᠯ᠎ᠢ ᠲᠣᠳᠣᠷᠬᠠᠢ ᠣᠢ᠌ᠯᠠᠭ᠋ᠠᠵᠤ᠂ ᠲᠥᠯᠦᠪᠵᠢᠭᠦᠯᠭᠡ᠎ᠪᠠᠨ ᠰᠠᠢ᠌ᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠠᠷᠠᠴᠢᠯᠠᠨ ᠬᠠᠮᠠᠭ᠋ᠠᠯᠠᠬᠤ ᠠᠵᠢᠯ᠎ᠢ ᠲᠥᠯᠥᠪᠯᠡᠭᠡ᠎ᠲᠠᠢ᠂ ᠠᠯᠬᠤᠮ ᠳᠠᠷᠠᠭ᠎ᠠ᠎ᠲᠠᠢ᠎ᠪᠠᠷ ᠰᠠᠢ᠌ᠲᠤᠷ ᠬᠢᠬᠦ ᠬᠡᠷᠡᠭᠲᠡᠢ᠃ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠵᠢ ᠶᠡᠬᠡᠪᠡᠷ ᠬᠡᠷᠡᠭᠵᠢᠭᠦᠯᠵᠦ᠂ ᠢᠳᠡᠪᠬᠢᠲᠡᠢ᠎ᠪᠠᠷ ᠨᠥᠬᠥᠴᠡᠯ ᠪᠦᠷᠢᠯᠳᠦᠭᠦᠯᠵᠦ ᠲᠤᠰ ᠭᠠᠵᠠᠷ᠎ᠤᠨ ᠣᠯᠠᠨ ᠲᠦᠮᠡᠨ᠎ᠢ ᠬᠥᠲᠥᠯᠥᠨ ᠵᠢᠯᠤᠭᠣᠳᠴᠤ 《ᠳᠥᠷᠪᠡᠨ ᠰᠠᠢ᠌ᠨ ᠬᠥᠳᠡᠭᠡ ᠲᠣᠰᠬᠣᠨ᠎ᠤ ᠵᠠᠮ》᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠠᠷᠠᠪ᠎ᠤᠨ ᠬᠣᠯᠪᠣᠭ᠋ᠠᠲᠤ ᠠᠬᠠᠮᠠᠳ᠎ᠲᠤ ᠤᠯᠤᠰ᠎ᠤᠨ ᠬᠢᠲᠠᠳ ᠬᠡᠯᠡᠨ᠎ᠤ ᠵᠢᠭ᠋ᠠᠨ ᠰᠤᠷᠭ᠋ᠠᠯᠲᠠ ᠵᠢᠨ 《ᠵᠠᠭᠤᠨ ᠰᠤᠷᠭ᠋ᠠᠭᠤᠯᠢ ᠵᠢᠨ ᠲᠥᠷᠥᠯ ᠵᠦᠢ᠍ᠯ》᠎ᠤᠨ ᠰᠤᠷᠤᠬ᠍ᠴᠢᠳ᠎ᠤᠨ ᠲᠥᠯᠥᠭᠡᠯᠡᠭᠴᠢᠳ᠎ᠲᠤ ᠢᠯᠡᠭᠡᠭᠰᠡᠨ ᠬᠠᠷᠢᠭᠤ ᠵᠠᠬᠢᠳᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠮᠠᠨ᠎ᠤ ᠣᠷᠣᠨ᠎ᠤ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠰᠤᠷᠭ᠋ᠠᠨ ᠬᠥᠮᠦᠵᠢᠯ᠎ᠤᠨ ᠭᠠᠳᠠᠭ᠋ᠠᠳᠤ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠲᠤᠬᠠᠢ ᠱᠠᠭ᠋ᠠᠷᠳᠠᠯᠭ᠎ᠠ ᠳᠤᠷᠠᠳᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃