ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠪᠦᠭᠦ ᠣᠷᠣᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠵᠠᠬᠢᠷᠤᠯ᠎ᠤᠨ ᠬᠤᠷᠠᠯ ᠬᠤᠷᠠᠯᠳᠤᠪᠠ ᠰᠦᠨ ᠱᠤᠤ ᠴᠧᠩ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2024-05-31


     5 ᠰᠠᠷ᠎ᠠ ᠵᠢᠨ 29᠎ᠤ ᠡᠳᠦᠷ᠂ ᠪᠦᠭᠦ ᠣᠷᠣᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠵᠠᠬᠢᠷᠤᠯ᠎ᠤᠨ ᠬᠤᠷᠠᠯ ᠭᠦᠭᠡᠬᠣᠲᠠ᠎ᠳᠤ ᠬᠤᠷᠠᠯᠳᠤᠪᠠ᠃


    ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠵᠠᠬᠢᠷᠤᠯ ᠰᠦᠨ ᠱᠤᠤ ᠴᠧᠩ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠵᠣᠬᠢᠶᠠᠨ ᠪᠠᠢ᠌ᠭᠤᠯᠬᠤ ᠬᠡᠯᠲᠡᠰ᠎ᠤᠨ ᠳᠠᠷᠤᠭ᠎ᠠ ᠯᠢ ᠢᠦᠢ ᠭᠠᠩ ᠬᠤᠷᠠᠯ᠎ᠢ ᠡᠷᠭᠢᠯᠡᠪᠡ᠃


    ᠰᠦᠨ ᠱᠤᠤ ᠴᠧᠩ᠂ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠨᠠᠮ᠎ᠤᠨ ᠰᠤᠷᠭ᠋ᠠᠭᠤᠯᠢ ᠵᠢᠨ ᠦᠢ᠍ᠯᠡᠰ᠎ᠤᠨ ᠬᠥᠭᠵᠢᠯᠲᠡ ᠵᠢ ᠢᠮᠠᠭᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠰᠤᠷᠭ᠋ᠠᠭᠤᠯᠢ ᠵᠢᠨ ᠠᠵᠢᠯ᠎ᠤᠨ ᠲᠤᠬᠠᠢ ᠤᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭ᠋ᠠᠪᠤᠷᠢ ᠥᠭᠴᠦ᠂ ᠨᠠᠮ᠎ᠤᠨ ᠰᠤᠷᠭ᠋ᠠᠭᠤᠯᠢ ᠵᠢᠨ ᠠᠵᠢᠯ᠎ᠢ ᠰᠠᠢ᠌ᠲᠤᠷ ᠬᠢᠬᠦ᠎ᠳᠤ ᠶᠡᠷᠦᠩᠬᠡᠢ ᠵᠢᠷᠤᠮᠯᠠᠯ᠂ ᠶᠡᠷᠦᠩᠬᠡᠢ ᠦᠨᠳᠦᠰᠦᠯᠡᠯ᠂ ᠶᠡᠷᠦᠩᠬᠡᠢ ᠵᠢᠯᠣᠭᠣᠳᠤᠯᠭ᠎ᠠ ᠬᠠᠩᠭ᠋ᠠᠪᠠ᠃ ᠪᠦᠭᠦ ᠣᠷᠣᠨ᠎ᠤ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠨᠠᠮ᠎ᠤᠨ ᠰᠤᠷᠭ᠋ᠠᠭᠤᠯᠢ ᠵᠢᠨ ᠰᠢᠰᠲ᠋ᠧᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠭ᠋ᠠᠭᠤᠯᠢ ᠵᠢᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠥᠪ᠎ᠤᠨ ᠨᠠᠮ᠎ᠤᠨ ᠰᠤᠷᠭ᠋ᠠᠭᠤᠯᠢ᠎ᠠᠴᠠ ᠮᠠᠨ᠎ᠤ ᠣᠷᠣᠨ᠎ᠤ ᠨᠠᠮ᠎ᠤᠨ ᠰᠤᠷᠭ᠋ᠠᠭᠤᠯᠢ ᠵᠢᠨ ᠤᠳᠤᠷᠢᠳᠬᠤ ᠪᠠᠭ᠎ᠤᠨ ᠪᠠᠢ᠌ᠭᠤᠯᠤᠯᠲᠠ᠂ ᠪᠠᠭᠰᠢ ᠵᠢᠨ ᠲᠣᠬᠢᠷᠠᠭᠤᠯᠤᠯᠲᠠ᠂ ᠪᠠᠭᠰᠢ ᠵᠢᠨ ᠪᠣᠯᠪᠠᠰᠤᠷᠠᠯ᠎ᠤᠨ ᠠᠵᠢᠯ᠎ᠢ ᠲᠡᠮᠵᠢᠵᠦ ᠪᠠᠢ᠌ᠭ᠎ᠠ ᠠᠵᠠ ᠲᠣᠭᠢᠶᠠᠯ᠎ᠢ ᠠᠮᠵᠢᠵᠤ᠂ ᠦᠨᠳᠦᠰᠦᠨ ᠪᠣᠯᠪᠠᠰᠤᠷᠠᠯ᠎ᠤᠨ ᠳᠤᠲᠠᠭᠤᠳᠠᠯ᠎ᠢ ᠲᠦᠷᠭᠡᠨ ᠨᠥᠬᠥᠪᠦᠷᠢᠯᠡᠵᠦ᠂ ᠮᠠᠨ᠎ᠤ ᠣᠷᠣᠨ᠎ᠤ ᠨᠠᠮ᠎ᠤᠨ ᠰᠤᠷᠭ᠋ᠠᠭᠤᠯᠢ ᠵᠢᠨ ᠶᠡᠷᠦᠩᠬᠡᠢ᠌ᠯᠡᠭᠰᠡᠨ ᠰᠤᠷᠭ᠋ᠠᠭᠤᠯᠢ ᠡᠷᠭᠢᠯᠡᠭᠦ ᠲᠦᠪᠰᠢᠨ᠎ᠢ ᠪᠦᠭᠦ ᠤᠯᠤᠰ᠎ᠤᠨ ᠳᠤᠮᠳᠠ ᠲᠦᠪᠰᠢᠨ᠎ᠳᠤ ᠣᠷᠣᠭᠤᠯᠬᠤ ᠵᠢ ᠪᠦᠭᠦ ᠬᠦᠴᠦ᠎ᠪᠠᠷ ᠵᠶ᠋ᠡᠨ ᠠᠬᠢᠭᠤᠯᠬᠤ ᠬᠡᠷᠡᠭᠲᠡᠢ ᠭᠡᠵᠡᠢ᠃
      ᠰᠦᠨ ᠱᠤᠤ ᠴᠧᠩ᠂ ᠤᠳᠤ ᠵᠢᠨ ᠨᠥᠬᠥᠴᠡᠯ ᠳᠣᠣᠷ᠎ᠠ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠎ᠳᠤ᠂ ᠠᠵᠢᠯ ᠵᠶ᠋ᠡᠨ ᠪᠦᠭᠦ ᠲᠠᠯ᠎ᠠ᠎ᠪᠠᠷ ᠳᠡᠯᠭᠡᠭᠡᠳ 《ᠪᠠᠭ᠎ᠠ ᠮᠥᠷᠲᠡᠭᠡᠨ ᠪᠦᠷᠢᠨ》 ᠪᠦᠬᠦᠢ ᠳᠣᠣᠷ᠎ᠠ ᠲᠦᠪᠰᠢᠨ᠎ᠳᠤ ᠪᠠᠢ᠌ᠯᠭ᠋ᠠᠵᠤ ᠪᠤᠯᠬᠤ ᠦᠭᠡᠢ᠂ ᠡᠷᠬᠡᠪᠰᠢ ᠰᠤᠷᠭ᠋ᠠᠭᠤᠯᠢ ᠡᠷᠭᠢᠯᠡᠭᠦ ᠪᠠᠢ᠌ᠭᠤᠯᠤᠮᠵᠢ ᠵᠢᠨ ᠥᠭᠡᠷᠡᠴᠢᠯᠡᠯᠲᠡ ᠪᠣᠯᠣᠨ ᠰᠤᠷᠭ᠋ᠠᠭᠤᠯᠢ ᠡᠷᠭᠢᠯᠡᠭᠦ ᠵᠠᠭᠪᠤᠷ᠎ᠤᠨ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠵᠦ᠂ ᠪᠠᠢ᠌ᠷᠢᠰᠢᠭᠤᠯᠤᠯᠲᠠ᠂ ᠬᠥᠮᠥᠨ᠎ᠤ ᠬᠦᠴᠦᠨ᠂ ᠲᠠᠯᠠᠪᠤᠷ ᠵᠡᠷᠭᠡ᠎ᠳᠠᠬᠢ ᠨᠢᠭᠡᠳᠦᠯᠲᠡᠢ ᠲᠥᠯᠥᠪᠵᠢᠭᠦᠯᠦᠨ ᠨᠡᠢ᠌ᠳᠬᠡᠬᠦ ᠵᠢ ᠴᠢᠩᠭ᠋ᠠᠳᠬᠠᠬᠤ᠎ᠪᠠᠷ ᠳᠠᠮᠵᠢᠨ ᠨᠠᠮ᠎ᠤᠨ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠭᠦ ᠴᠢᠳᠠᠪᠤᠷᠢ ᠵᠢᠨ ᠪᠦᠬᠦᠯᠢ ᠴᠣᠭᠴᠠ ᠵᠢᠨ ᠳᠡᠭᠡᠭᠰᠢᠯᠡᠯᠲᠡ ᠵᠢ ᠠᠬᠢᠭᠤᠯᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ ᠲᠤᠰᠬᠠᠢ ᠲᠤᠰᠢᠶᠠᠯᠲᠤ ᠪᠠᠭᠰᠢ ᠵᠢᠨ ᠡᠩᠨᠡᠭᠡ ᠵᠢ ᠱᠠᠯᠠᠪᠳᠠᠨ ᠲᠡᠭᠦᠯᠳᠡᠷᠵᠢᠭᠦᠯᠵᠦ᠂ 《ᠬᠣᠣᠰ ᠪᠠᠭᠰᠢ ᠵᠢᠨ ᠰᠢᠰᠲ᠋ᠧᠮ》᠎ᠢ ᠲᠦᠷᠭᠡᠪᠴᠢᠯᠡᠨ ᠪᠠᠢ᠌ᠭᠤᠯᠵᠤ᠂ ᠪᠠᠭᠰᠢ ᠵᠢᠨ ᠬᠠᠷᠠᠭ᠋ᠠᠯᠵᠠᠯ᠎ᠢ ᠳᠡᠭᠡᠭᠰᠢᠯᠡᠭᠦᠯᠦᠨ᠂ ᠠᠷᠭ᠎ᠠ ᠪᠦᠭᠦᠨ᠎ᠢ ᠰᠦᠪᠡᠭᠴᠢᠯᠡᠵᠦ ᠪᠠᠢ᠌ᠭ᠋ᠠᠳ ᠪᠠᠭᠰᠢ ᠵᠢᠨ ᠬᠦᠴᠦᠨ ᠪᠠ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠨᠠᠮ᠎ᠤᠨ ᠲᠥᠪ ᠬᠣᠷᠢᠶ᠎ᠠ ᠵᠢᠨ ᠱᠠᠭ᠋ᠠᠷᠳᠠᠯᠭ᠎ᠠ ᠪᠠ ᠨᠠᠮ᠎ᠤᠨ ᠭᠡᠰᠢᠭᠦᠨ ᠺᠠᠳ᠋ᠷᠴᠤᠳ᠎ᠤᠨ ᠬᠡᠷᠡᠭᠴᠡᠭᠡ ᠵᠢ ᠴᠢᠩᠭ᠎ᠠ ᠡᠵᠡᠮᠳᠡᠵᠦ ᠦᠨᠳᠦᠰᠦᠨ ᠪᠣᠯᠪᠠᠰᠤᠷᠠᠯ᠎ᠤᠨ ᠲᠥᠰᠥᠯ᠎ᠢ ᠱᠠᠲᠤ ᠳᠠᠷᠠᠭ᠋ᠠᠯᠠᠨ ᠨᠠᠷᠢᠯᠢᠭᠵᠢᠭᠤᠯᠵᠤ᠂ ᠬᠢᠴᠢᠶᠡᠯ᠎ᠤᠨ ᠵᠢᠷᠤᠭ ᠲᠥᠯᠥᠪᠯᠡᠭᠡ ᠵᠢ ᠰᠢᠯᠢᠳᠡᠭᠵᠢᠭᠦᠯᠵᠦ᠂ ᠵᠢᠭ᠋ᠠᠨ ᠰᠤᠷᠭ᠋ᠠᠯᠲᠠ ᠵᠢᠨ ᠲᠣᠬᠢᠷᠠᠭᠤᠯᠤᠯᠲᠠ ᠵᠢ ᠰᠠᠢ᠌ᠵᠢᠷᠠᠭᠤᠯᠤᠨ᠂ ᠨᠡᠭᠡᠭᠡᠯᠲᠡ᠎ᠲᠠᠢ᠎ᠪᠠᠷ ᠰᠤᠷᠭ᠋ᠠᠭᠤᠯᠢ ᠡᠷᠭᠢᠯᠡᠭᠦ ᠵᠢ ᠠᠬᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠦᠨᠳᠦᠰᠦᠨ ᠪᠣᠯᠪᠠᠰᠤᠷᠠᠯ᠎ᠤᠨ ᠨᠠᠷᠢᠯᠢᠭ ᠣᠨᠣᠪᠴᠢᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ᠎ᠢ ᠴᠢᠩᠭ᠋ᠠᠳᠬᠠᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ᠂ ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠣᠷᠣᠬᠤ ᠵᠡᠷᠭᠡ ᠵᠢᠨ ᠲᠣᠭᠣᠷᠢᠨ᠎ᠳᠤ᠂ ᠤᠨᠤᠯ᠎ᠤᠨ ᠰᠤᠳᠤᠯᠭ᠋ᠠᠨ ᠪᠠ ᠠᠷᠭ᠋ᠠᠴᠠᠭ᠋ᠠᠬᠤ ᠪᠣᠳᠣᠯᠭ᠎ᠠ ᠵᠢᠨ ᠰᠤᠳᠤᠯᠭ᠋ᠠᠨ᠎ᠢ ᠴᠢᠩᠭ᠋ᠠᠳᠬᠠᠵᠤ᠂ ᠨᠠᠮ᠎ᠤᠨ ᠬᠣᠷᠢᠶ᠎ᠠ᠎ᠳᠤ ᠢᠳᠡᠪᠬᠢᠲᠡᠢ᠎ᠪᠠᠷ ᠠᠷᠭ᠎ᠠ ᠤᠬᠠᠭ᠋ᠠᠨ ᠳᠡᠪᠰᠢᠭᠦᠯᠦᠨ᠂ ᠰᠠᠨᠠᠯ ᠰᠠᠨᠠᠭᠤᠯᠭ᠎ᠠ ᠳᠤᠷᠠᠳᠴᠤ᠂ ᠰᠠᠢ᠌ᠨ ᠠᠷᠭ᠎ᠠ ᠤᠬᠠᠭ᠋ᠠᠨ ᠥᠭᠬᠦ ᠬᠡᠷᠡᠭᠲᠡᠢ᠃ ᠨᠠᠮ᠎ᠤᠨ ᠰᠤᠷᠭ᠋ᠠᠭᠤᠯᠢ ᠪᠣᠯ ᠨᠠᠮ᠎ᠤᠨ ᠭᠡᠰᠢᠭᠦᠨ ᠺᠠᠳ᠋ᠷ᠎ᠢ ᠬᠥᠮᠥᠵᠢᠭᠦᠯᠬᠦ ᠭᠠᠵᠠᠷ ᠮᠥᠨ᠂ ᠰᠤᠷᠲᠠᠯ᠎ᠤᠨ ᠪᠠᠢ᠌ᠭᠤᠯᠤᠯᠲᠠ ᠵᠢᠨ ᠲᠠᠯ᠎ᠠ᠎ᠪᠠᠷ ᠡᠷᠬᠡᠪᠰᠢ ᠨᠡᠩ ᠥᠨᠳᠥᠷ ᠱᠠᠭ᠋ᠠᠷᠳᠠᠯᠭ᠎ᠠ᠎ᠲᠠᠢ ᠪᠠᠢ᠌ᠵᠤ᠂ ᠨᠠᠮ᠎ᠤᠨ ᠰᠤᠷᠭ᠋ᠠᠭᠤᠯᠢ ᠵᠢ ᠴᠢᠩᠭ᠎ᠠ ᠬᠠᠮᠢᠶᠠᠷᠴᠤ᠂ ᠰᠤᠷᠤᠬ᠍ᠴᠢᠳ ᠪᠠ ᠪᠠᠭᠰᠢ ᠨᠠᠷ ᠯᠠᠪᠳᠠᠭᠤᠨ ᠳᠠᠷᠤᠤ ᠪᠠᠢ᠌ᠵᠤ᠂ ᠪᠣᠳᠠᠲᠠᠢ ᠵᠢ ᠡᠷᠬᠢᠮᠯᠡᠨ᠂ ᠬᠢᠴᠢᠶᠡᠯ ᠪᠦᠷᠢ ᠵᠢ ᠴᠥᠮ ᠦᠢ᠍ᠯᠡᠳᠦᠯ᠎ᠲᠠᠢ ᠪᠤᠯᠭ᠋ᠠᠵᠤ᠂ ᠠᠩᠭᠢ ᠪᠦᠷᠢ ᠵᠢ ᠴᠥᠮ ᠪᠣᠳᠠᠲᠤ ᠦᠷ᠎ᠡ ᠪᠦᠲᠦᠮᠵᠢ᠎ᠲᠠᠢ ᠪᠤᠯᠭ᠋ᠠᠵᠤ᠂ ᠰᠡᠳᠦᠪ ᠪᠦᠷᠢ ᠵᠢ ᠴᠥᠮ ᠦᠷ᠎ᠡ ᠪᠦᠲᠦᠮᠵᠢ᠎ᠲᠠᠢ ᠪᠤᠯᠭ᠋ᠠᠵᠤ᠂ ᠰᠤᠷᠤᠬ᠍ᠴᠢ ᠪᠦᠷᠢ ᠵᠢ ᠴᠥᠮ ᠣᠯᠣᠯᠲᠠ᠎ᠲᠠᠢ ᠪᠤᠯᠭ᠋ᠠᠵᠤ᠂ ᠪᠣᠷᠣᠭᠵᠢᠭᠤᠨ ᠪᠥᠭᠡᠳ ᠠᠷᠢᠭᠤᠨ ᠴᠢᠬᠡᠴᠢ ᠰᠤᠷᠭ᠋ᠠᠭᠤᠯᠢ ᠵᠢᠨ ᠰᠢᠯᠢᠳᠡᠭ ᠰᠤᠷᠲᠠᠯ᠎ᠢ ᠪᠣᠢ᠌ᠵᠢᠭᠤᠯᠤᠨ ᠪᠠᠳᠠᠷᠠᠭᠤᠯᠬᠤ ᠬᠡᠷᠡᠭᠲᠡᠢ ᠭᠡᠵᠡᠢ᠃
      ᠰᠦᠨ ᠱᠤᠤ ᠴᠧᠩ᠂ ᠨᠠᠮ᠎ᠤᠨ ᠰᠤᠷᠭ᠋ᠠᠭᠤᠯᠢ ᠵᠢᠨ ᠠᠵᠢᠯ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠢ᠌ᠨ᠎ᠠ᠂ ᠲᠣᠭᠲᠠᠮᠠᠯ ᠬᠤᠭᠤᠴᠠᠭ᠎ᠠ᠎ᠲᠠᠢ᠎ᠪᠠᠷ ᠨᠠᠮ᠎ᠤᠨ ᠰᠤᠷᠭ᠋ᠠᠭᠤᠯᠢ ᠵᠢᠨ ᠬᠥᠭᠵᠢᠯᠲᠡ᠎ᠳᠤ ᠬᠣᠯᠪᠣᠭᠳᠠᠬᠤ ᠴᠢᠬᠤᠯᠠ ᠶᠡᠬᠡ ᠠᠰᠠᠭᠤᠳᠠᠯ᠎ᠢ ᠰᠤᠳᠤᠯᠵᠤ᠂ ᠨᠠᠮ᠎ᠤᠨ ᠰᠤᠷᠭ᠋ᠠᠭᠤᠯᠢ ᠵᠢᠨ ᠤᠳᠤᠷᠢᠳᠬᠤ ᠪᠠᠭ᠎ᠲᠤ ᠰᠢᠯᠢᠳᠡᠭ᠎ᠢ ᠰᠣᠩᠭᠣᠨ ᠲᠣᠬᠢᠷᠠᠭᠤᠯᠵᠤ᠂ ᠨᠠᠮ᠎ᠤᠨ ᠰᠤᠷᠭ᠋ᠠᠭᠤᠯᠢ ᠵᠢ ᠬᠠᠪᠰᠤᠷᠤᠨ ᠵᠢᠭ᠋ᠠᠨ ᠰᠤᠷᠭ᠋ᠠᠯᠲᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠪᠠᠭᠰᠢ ᠵᠢᠨ ᠡᠩᠨᠡᠭᠡᠨ᠎ᠤ ᠬᠥᠮᠦᠵᠢᠯ᠂ ᠵᠠᠷᠤᠳᠠᠯ᠎ᠤᠨ ᠪᠠᠲᠤᠯᠠᠭ᠎ᠠ ᠵᠡᠷᠭᠡ ᠲᠠᠯ᠎ᠠ ᠵᠢᠨ ᠬᠦᠴᠢᠷᠳᠡᠯ᠎ᠢ᠎ᠨᠢ ᠰᠢᠢ᠍ᠳᠪᠦᠷᠢᠯᠡᠬᠦ ᠬᠡᠷᠡᠭᠲᠡᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠲᠣᠰ ᠲᠣᠰ᠎ᠤᠨ ᠡᠭᠦᠷᠭᠡ᠎ᠪᠠᠨ ᠭᠦᠢ᠍ᠴᠡᠳᠬᠡᠵᠦ᠂ ᠲᠤᠰ ᠲᠤᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠨᠠᠮ᠎ᠤᠨ ᠰᠤᠷᠭ᠋ᠠᠭᠤᠯᠢ ᠵᠢᠨ ᠠᠵᠢᠯ᠎ᠢ ᠰᠠᠢ᠌ᠲᠤᠷ ᠬᠢᠬᠦ ᠬᠠᠮᠲᠤᠷᠠᠯ ᠬᠦᠴᠦᠨ᠎ᠢ ᠨᠢᠭᠲᠠᠷᠠᠭᠤᠯᠤᠨ ᠪᠦᠷᠢᠯᠳᠦᠭᠦᠯᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ ᠵᠢᠨ᠎ᠬᠢᠨ ᠨᠠᠮ᠎ᠤᠨ ᠰᠤᠷᠭ᠋ᠠᠭᠤᠯᠢ ᠨᠠᠮ᠎ᠤᠨ᠎ᠬᠢ ᠪᠠᠢ᠌ᠬᠤ ᠦᠨᠳᠦᠰᠦᠨ ᠵᠠᠷᠴᠢᠮ᠎ᠢ ᠢᠮᠠᠭᠲᠠ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠵᠢᠭ᠋ᠠᠨ ᠰᠤᠷᠭ᠋ᠠᠯᠲᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠴᠢᠳᠠᠪᠤᠷᠢᠲᠠᠨ᠎ᠤ ᠡᠩᠨᠡᠭᠡ᠂ ᠬᠠᠮᠢᠶᠠᠷᠤᠯᠲᠠ ᠦᠢ᠍ᠯᠡᠴᠢᠯᠡᠭᠡ ᠵᠡᠷᠭᠡ ᠵᠢᠨ ᠥᠭᠡᠷᠡᠴᠢᠯᠡᠯᠲᠡ ᠰᠢᠨᠡᠴᠢᠯᠡᠯᠲᠡ ᠵᠢ ᠭᠦᠨᠵᠡᠭᠡᠢ᠌ᠷᠡᠭᠦᠯᠵᠦ᠂ ᠨᠠᠮ᠎ᠤᠨ ᠰᠤᠷᠭ᠋ᠠᠭᠤᠯᠢ ᠵᠢᠨ ᠠᠵᠢᠯ᠎ᠤᠨ ᠰᠢᠨᠵᠢᠯᠡᠬᠦ ᠤᠬᠠᠭ᠋ᠠᠨᠴᠢ᠂ ᠳᠦᠷᠢᠮᠵᠢᠯᠲᠡ᠂ ᠵᠢᠷᠦᠮᠵᠢᠯᠲᠡ ᠵᠢᠨ ᠲᠦᠪᠰᠢᠨ᠎ᠢ ᠳᠡᠭᠡᠭᠰᠢᠯᠡᠭᠦᠯᠵᠦ᠂ ᠵᠢᠭᠰᠠᠭ᠋ᠠᠯ᠎ᠤᠨ ᠭᠠᠵᠠᠷ᠎ᠢ ᠦᠨᠡᠨ ᠬᠦ᠌ ᠰᠠᠢ᠌ᠲᠤᠷ ᠰᠠᠬᠢᠨ ᠬᠠᠮᠠᠭ᠋ᠠᠯᠠᠬᠤ ᠰᠠᠢ᠌ᠲᠤᠷ ᠪᠦᠲᠦᠭᠡᠨ ᠪᠠᠢ᠌ᠭᠤᠯᠬᠤ ᠬᠡᠷᠡᠭᠲᠡᠢ ᠭᠡᠪᠡ᠃
      ᠬᠤᠷᠠᠯ᠎ᠠᠴᠠ ᠪᠦᠭᠦ ᠣᠷᠣᠨ᠎ᠤ ᠨᠠᠮ᠎ᠤᠨ ᠰᠤᠷᠭ᠋ᠠᠭᠤᠯᠢ ᠵᠢᠨ ᠪᠣᠳᠠᠲᠠᠢ ᠠᠵᠢᠯ᠎ᠳᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠵᠦ᠂ ᠬᠤᠷᠠᠯ᠎ᠳᠤ ᠣᠷᠣᠯᠴᠠᠬᠰᠠᠨ ᠨᠢᠭᠡᠴᠢ ᠵᠢᠨ 《ᠪᠦᠭᠦ ᠣᠷᠣᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠰᠢᠰᠲ᠋ᠧᠮ᠎ᠤᠨ ᠰᠢᠨ᠎ᠡ ᠵᠢ ᠡᠭᠦᠳᠦᠨ ᠳᠡᠭᠡᠭᠰᠢᠯᠡᠭᠦᠯᠭᠦ ᠠᠵᠢᠯᠯᠠᠭ᠎ᠠ ᠵᠢᠨ ᠲᠥᠰᠥᠯ (2024 — 2026 ᠣᠨ)》᠎ᠤᠨ ᠲᠤᠬᠠᠢ ᠰᠠᠨᠠᠯ ᠰᠠᠨᠠᠭᠤᠯᠭ᠎ᠠ ᠵᠢ ᠪᠢᠴᠢᠭ᠎ᠤᠨ ᠭᠡᠯᠪᠡᠷᠢ᠎ᠪᠠᠷ ᠬᠤᠷᠢᠶᠠᠪᠠ᠃
      ᠬᠤᠷᠠᠯ᠎ᠢ ᠸᠢᠳᠢᠤ᠋ ᠭᠡᠯᠪᠡᠷᠢ᠎ᠪᠠᠷ ᠬᠤᠷᠠᠯᠳᠤᠭᠤᠯᠵᠤ᠂ ᠡᠯ᠎ᠡ ᠠᠢ᠌ᠮᠠᠭ ᠬᠣᠲᠠ ᠵᠢᠨ ᠨᠠᠮ᠎ᠤᠨ ᠬᠣᠷᠢᠶ᠎ᠠ ᠪᠣᠯᠣᠨ ᠮᠠᠨᠵᠤᠤᠷ ᠬᠤᠳᠠ᠂ ᠡᠷᠢᠶᠡᠨ ᠬᠣᠲᠠ ᠵᠢᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭ᠋ᠠᠭᠤᠯᠢ᠎ᠳᠤ ᠬᠤᠪᠢᠶᠠᠷᠢ ᠬᠤᠷᠠᠯ᠎ᠤᠨ ᠲᠠᠯᠠᠪᠠᠶ ᠲᠣᠬᠢᠷᠠᠭᠤᠯᠪᠠ᠃


 

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
2024 ᠣᠨ᠎ᠤ ᠪᠦᠭᠦ ᠣᠷᠣᠨ᠎ᠤ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠭᠦᠭᠡᠬᠣᠲᠠ᠎ᠳᠤ ᠡᠬᠢᠯᠡᠪᠡ ᠬᠤᠸᠠᠩ ᡁᠢ ᠴᠢᠶᠠᠩ ᠠᠵᠢᠯᠯᠠᠭ᠎ᠠ᠎ᠳᠤ ᠣᠷᠣᠯᠴᠠᠵᠠᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠡᠢ
ᠮᠠᠨ᠎ᠤ ᠣᠷᠣᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠰᠡᠳᠬᠢᠯ᠎ᠳᠤ ᠬᠠᠳᠠᠩᠰᠢᠭᠤᠯᠤᠨ ᠦᠷ᠎ᠡ ᠪᠦᠲᠦᠮᠵᠢ ᠣᠯᠬᠤ ᠵᠢ ᠯᠠᠪᠳᠠᠭᠤᠨ ᠪᠠᠲᠤᠲᠠᠢ ᠠᠬᠢᠭᠤᠯᠵᠤ ᠪᠠᠢ᠌ᠨ᠎ᠠ
ᠬᠣᠶᠠᠳᠤᠭ᠋ᠠᠷ ᠬᠤᠭᠤᠴᠠᠭ᠋ᠠᠨ᠎ᠤ ᠬᠠᠩᠭ᠋ᠠᠯᠭ᠎ᠠ ᠵᠢᠨ ᠬᠡᠯᠬᠢᠶ᠎ᠡ ᠵᠢ ᠠᠬᠢᠭᠤᠯᠬᠤ ᠶᠠᠭ᠋ᠠᠷᠠᠮᠠᠭ᠎ᠤᠨ ᠥᠪᠥᠷ ᠮᠣᠩᠭᠣᠯ᠎ᠤᠨ ᠲᠠᠨᠢᠯᠴᠠᠭᠤᠯᠬᠤ ᠬᠤᠷᠠᠯ ᠵᠢᠴᠢ ᠭᠡᠷ᠎ᠡ ᠲᠣᠭᠲᠠᠬᠤ ᠶᠣᠰᠣᠯᠠᠯ ᠬᠦᠬᠡᠬᠤᠲᠠ᠎ᠳᠤ ᠶᠠᠪᠤᠭᠳᠠᠪᠠ ᠷᠧᠨ ᠬᠤᠩ ᠪᠢᠨ ᠶᠠᠩ ᠵᠢᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ
 
            