ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
2024 ᠣᠨ᠎ᠤ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠷᠠᠭ᠎ᠤᠨ ᠠᠵᠢᠯᠯᠠᠭ᠎ᠠ ᠪᠤᠭᠤᠲᠤ ᠬᠣᠲᠠ᠎ᠳᠤ ᠲᠡᠭᠦᠰᠪᠡ
ᠨᠡᠶ᠋ᠢᠲᠡᠯᠡᠭᠰᠡᠨ ᠴᠠᠭ᠄ 2024-06-03


   5 ᠳ᠋ᠤᠭ᠋ᠠᠷ ᠰᠠᠷ᠎ᠠ ᠵᠢᠨ 31᠎ᠤ ᠡᠳᠦᠷ᠂ 2024 ᠣᠨ᠎ᠤ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠯᠠᠭ᠋ᠠᠨ᠎ᠤ ᠭᠠᠷᠠᠭ ᠵᠢᠴᠢ ᠪᠥᠬᠥ ᠣᠷᠣᠨ᠎ᠤ ᠬᠣᠷᠢ ᠶᠢᠰᠦᠳᠦᠭᠡᠷ ᠬᠤᠭᠤᠴᠠᠭ᠋ᠠᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠵᠢᠨ ᠤᠬᠠᠭᠤᠯᠭ᠎ᠠ ᠵᠢᠨ ᠭᠠᠷᠠᠭ᠎ᠤᠨ ᠲᠡᠭᠦᠰᠬᠦ ᠶᠣᠰᠣᠯᠠᠯ ᠪᠤᠭᠤᠲᠤ ᠬᠣᠲᠠ (ᠥᠪᠥᠷ ᠮᠣᠩᠭᠣᠯ᠎ᠤᠨ ᠮᠤᠨᠢ ᠠᠭᠤᠯᠠ ᠵᠢᠨ ᠠᠷᠤ ᠬᠣᠷᠮᠣᠶ ᠵᠢᠨ ᠲᠠᠯ᠎ᠠ ᠨᠤᠲᠤᠭ᠎ᠤᠨ ᠠᠮᠢ ᠠᠬᠤᠶ ᠤᠰᠤᠨ ᠵᠦᠶ ᠵᠢᠨ ᠤᠯᠤᠰ᠎ᠤᠨ ᠬᠡᠭᠡᠷ᠎ᠡ ᠵᠢᠨ ᠰᠢᠨᠵᠢᠯᠡᠬᠦ ᠤᠬᠠᠭ᠋ᠠᠨ᠎ᠤ ᠠᠵᠢᠭᠯᠠᠯᠲᠠ ᠰᠤᠳᠤᠯᠭ᠋ᠠᠨ᠎ᠤ ᠥᠷᠲᠡᠭᠡ)᠎ᠳᠤ ᠶᠠᠪᠤᠭᠳᠠᠪᠠ᠃



    ᠲᠡᠭᠦᠰᠬᠦ ᠶᠣᠰᠣᠯᠠᠯ᠎ᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠤᠰᠤᠨ ᠠᠰᠢᠭᠯᠠᠯᠲᠠ ᠵᠢᠨ ᠶᠠᠮᠤᠨ · ᠳᠤᠮᠳᠠᠳᠤ ᠤᠯᠤᠰ᠎ᠤᠨ ᠤᠰᠤᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ ᠬᠠᠮᠲᠤᠷᠠᠨ ᠭᠣᠤᠯᠯᠠᠨ ᠡᠷᠭᠢᠯᠡᠵᠦ᠂ ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠥᠪᠥᠷ ᠮᠣᠩᠭᠣᠯ᠎ᠤᠨ ᠮᠤᠨᠢ ᠠᠭᠤᠯᠠ ᠵᠢᠨ ᠠᠷᠤ ᠬᠣᠷᠮᠣᠶ ᠵᠢᠨ ᠲᠠᠯ᠎ᠠ ᠨᠤᠲᠤᠭ᠎ᠤᠨ ᠠᠮᠢ ᠠᠬᠤᠶ ᠤᠰᠤᠨ ᠵᠦᠶ ᠵᠢᠨ ᠤᠯᠤᠰ᠎ᠤᠨ ᠬᠡᠭᠡᠷ᠎ᠡ ᠵᠢᠨ ᠰᠢᠨᠵᠢᠯᠡᠬᠦ ᠤᠬᠠᠭ᠋ᠠᠨ᠎ᠤ ᠠᠵᠢᠭᠯᠠᠯᠲᠠ ᠵᠢᠨ ᠰᠤᠳᠤᠯᠭ᠋ᠠᠨ᠎ᠤ ᠥᠷᠲᠡᠭᠡ ᠳᠠᠭ᠋ᠠᠭ᠋ᠠᠴᠢᠯᠠᠨ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠬᠤᠤ ᠰᠢ ᠬᠣᠩ᠂ ᠤᠰᠤᠨ ᠠᠰᠢᠭᠯᠠᠯᠲᠠ ᠵᠢᠨ ᠶᠠᠮᠤᠨ᠎ᠤ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠨᠠᠮ᠎ᠤᠨ ᠬᠣᠷᠢᠶᠠᠨ᠎ᠤ ᠱᠦᠵᠢ᠂ ᠭᠠᠵᠠᠷ᠎ᠤᠨ ᠳᠠᠷᠤᠭ᠎ᠠ ᠰᠢᠤᠢ ᠪᠢᠩ ᠵᠡᠷᠭᠡ ᠤᠳᠤᠷᠢᠳᠤᠯᠭ᠎ᠠ ᠲᠡᠭᠦᠰᠬᠦ ᠶᠣᠰᠣᠯᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠢᠨ ᠤᠳᠤᠷᠢᠳᠤᠯᠭ᠎ᠠ ᠵᠢᠴᠢ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠦᠬᠠᠶ ᠬᠣᠲᠠ ᠵᠢᠨ ᠤᠰᠤᠨ᠎ᠤ ᠶᠠᠪᠤᠳᠠᠯ (ᠠᠰᠢᠭ)᠎ᠤᠨ ᠲᠣᠪᠴᠢᠶ᠎ᠠ ᠵᠢᠨ ᠬᠠᠮᠢᠶ᠎ᠠ ᠪᠥᠬᠥᠶ ᠤᠳᠤᠷᠢᠳᠤᠯᠭ᠎ᠠ ᠲᠡᠭᠦᠰᠬᠦ ᠶᠣᠰᠣᠯᠠᠯ᠎ᠳᠤ ᠣᠷᠣᠯᠴᠠᠵᠠᠶ᠃


ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠬᠤᠤ ᠰᠢ ᠬᠣᠩ ᠪᠠᠶᠠᠷ᠎ᠤᠨ ᠦᠭᠡ ᠬᠡᠯᠡᠪᠡ  

     
    ᠤᠰᠤᠨ ᠠᠰᠢᠭᠯᠠᠯᠲᠠ ᠵᠢᠨ ᠶᠠᠮᠤᠨ᠎ᠤ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠨᠠᠮ᠎ᠤᠨ ᠬᠣᠷᠢᠶᠠᠨ᠎ᠤ ᠱᠦᠵᠢ᠂ ᠭᠠᠵᠠᠷ᠎ᠤᠨ ᠳᠠᠷᠤᠭ᠎ᠠ ᠰᠢᠤᠢ ᠪᠢᠩ ᠶᠠᠷᠢᠶ᠎ᠠ ᠲᠠᠯᠪᠢᠪᠠ




    ᠲᠡᠭᠦᠰᠬᠦ ᠶᠣᠰᠣᠯᠠᠯ ᠳᠡᠭᠡᠷ᠎ᠡ ᠪᠠᠰᠠ ᠥᠪᠥᠷ ᠮᠣᠩᠭᠣᠯ᠎ᠤᠨ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ᠂ ᠰᠤᠳᠤᠯᠤᠭᠴᠢ ᠴᠢᠨ ᠹᠦ᠋ ᠼᠠᠩ᠂ ᠳᠤᠮᠳᠠᠳᠤ ᠤᠯᠤᠰ᠎ᠤᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠤᠰᠤᠨ᠎ᠤ ᠡᠬᠢ ᠪᠠᠶᠠᠯᠢᠭ᠎ᠤᠨ ᠰᠤᠳᠤᠯᠭ᠋ᠠᠨ᠎ᠤ ᠭᠠᠵᠠᠷ᠎ᠤᠨ ᠳᠡᠳ᠋ ᠳᠠᠷᠤᠭ᠎ᠠ᠂ ᠳᠡᠭᠡᠳᠦ ᠵᠡᠷᠭᠡ ᠵᠢᠨ ᠢᠨᠵᠧᠨᠧᠷ ᠶᠠᠨ ᠳ᠋ᠧᠩ ᠬᠤᠸᠠ ᠵᠡᠷᠭᠡ ᠲᠤᠰᠬᠠᠶ ᠮᠡᠷᠭᠡᠵᠢᠯᠲᠡᠨ᠎ᠢ ᠣᠨᠴᠠᠭ᠋ᠠᠢ᠌ᠯᠠᠨ ᠤᠷᠢᠵᠤ᠂ 《ᠤᠮᠠᠷᠠᠲᠤ ᠵᠢᠨ ᠭᠤᠷᠪᠠᠨ ᠣᠷᠣᠨ》᠎ᠤ ᠠᠮᠢ ᠠᠬᠤᠶ ᠵᠢᠨ ᠬᠠᠮᠠᠭ᠋ᠠᠯᠠᠯᠲᠠ ᠬᠢᠭᠡᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠪᠦᠷᠢᠯᠳᠦᠭᠦᠯᠬᠦ ᠪᠠ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠥᠲᠥᠭᠡᠨ ᠪᠠᠢ᠌ᠭᠤᠯᠤᠯᠲᠠ ᠵᠢᠨ ᠲᠣᠭᠣᠷᠢᠨ᠎ᠳᠤ ᠲᠤᠰᠬᠠᠶ ᠰᠡᠳᠦᠪᠲᠦ ᠮᠡᠳᠡᠭᠦᠯᠦᠯᠲᠡ ᠬᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠨᠢ ᠬᠡᠷᠬᠢᠨ ᠭᠠᠵᠠᠷ ᠣᠷᠣᠨ᠎ᠤ ᠠᠮᠢ ᠠᠬᠤᠶ ᠵᠢᠨ ᠠᠮᠤᠷ ᠲᠦᠪᠰᠢᠨ ᠪᠠ ᠦᠷᠭᠦᠯᠵᠢᠯᠡᠬᠦ ᠬᠥᠭᠵᠢᠯᠲᠡ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠬᠠᠮᠲᠤ᠎ᠪᠠᠷ ᠶᠠᠷᠢᠯᠴᠠᠪᠠ᠃




    2024 ᠣᠨ᠎ᠤ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠷᠠᠭ᠎ᠤᠨ ᠠᠵᠢᠯᠯᠠᠭ᠎ᠠ᠎ᠨᠢ 《ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠪᠥᠬᠥ ᠨᠡᠢ᠌ᠭᠡᠮ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ》᠎ᠪᠠᠷ ᠭᠣᠤᠯ ᠰᠡᠳᠦᠪ ᠪᠣᠯᠭ᠋ᠠᠵᠤ᠂ 5 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ 6 ᠳ᠋ᠤᠭ᠋ᠠᠷ ᠰᠠᠷ᠎ᠠ ᠵᠢᠨ 1᠎ᠤ ᠡᠳᠦᠷ ᠪᠣᠯᠲᠠᠯᠠᠬᠢ ᠬᠤᠭᠤᠴᠠᠭ᠋ᠠᠨ᠎ᠳᠤ ᠣᠯᠠᠨ ᠨᠡᠢ᠌ᠲᠡ᠎ᠳᠤ ᠬᠠᠨᠳᠤᠭᠤᠯᠤᠭᠰᠠᠨ᠂ ᠦᠨᠳᠦᠰᠦᠨ ᠱᠠᠲᠤᠨ᠎ᠳᠤ ᠬᠠᠨᠳᠤᠭᠤᠯᠤᠭᠰᠠᠨ ᠣᠨᠴᠠᠯᠢᠭᠲᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠪᠡ᠃ ᠡᠯ᠎ᠡ ᠠᠢ᠌ᠮᠠᠭ ᠬᠣᠲᠠ ᠵᠢᠨ ᠡᠯ᠎ᠡ ᠰᠠᠯᠠᠭ᠎ᠠ ᠮᠥᠴᠢᠷ᠎ᠤᠳ ᠴᠠᠭ ᠠᠭᠤᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠷᠠᠭ᠂ ᠣᠶ ᠰᠢᠭᠤᠶ ᠡᠪᠡᠰᠦ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠷᠠᠭ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠷᠠᠭ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠷᠠᠭ ᠵᠡᠷᠭᠡ ᠵᠢ ᠵᠡᠷᠭᠡ᠎ᠳᠤᠨᠢ ᠥᠷᠨᠢᠭᠦᠯᠵᠦ᠂ ᠥᠷᠭᠡᠨ ᠣᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠲᠠᠨ᠎ᠢ ᠵᠣᠬᠢᠶᠠᠨ ᠪᠠᠢ᠌ᠭᠤᠯᠤᠨ᠂ ᠲᠠᠷᠢᠶᠠᠨ ᠭᠠᠵᠠᠷ᠂ ᠦᠢᠯᠡᠳᠪᠦᠷᠢ ᠠᠭᠤᠷᠬᠠᠶ ᠠᠵᠤ ᠠᠬᠤᠢ᠌ᠯᠠᠯ᠂ ᠨᠡᠢ᠌ᠭᠡᠮ ᠲᠣᠭᠣᠷᠢᠭ᠎ᠤᠨ ᠬᠥᠳᠡᠭᠡ ᠲᠣᠰᠬᠣᠨ᠂ ᠳᠤᠮᠳᠠᠳᠤ ᠪᠠᠭ᠎ᠠ ᠰᠤᠷᠭ᠋ᠠᠭᠤᠯᠢ᠎ᠳᠤ ᠭᠦᠨᠵᠡᠭᠡᠢ᠌ᠷᠡᠨ ᠬᠡᠯᠪᠡᠷᠢ ᠮᠠᠶᠢᠭ᠎ᠨᠢ ᠣᠯᠠᠨ ᠶᠠᠩᠵᠤ ᠪᠦᠬᠦᠢ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠵᠢ ᠦᠷᠨᠢᠭᠦᠯᠪᠡ᠃ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠷᠠᠭ᠎ᠤᠨ ᠠᠵᠢᠯᠯᠠᠭ᠎ᠠ ᠲᠡᠭᠦᠰᠦᠭᠰᠡᠨ ᠴᠦ᠍ ᠬᠦᠰᠢᠭᠡ ᠪᠠᠭᠤᠬᠤ ᠥᠬᠡᠶ ᠪᠠᠢ᠌ᠵᠤ᠂ ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠦᠵᠡᠭᠦᠯᠦᠯᠭᠡ᠂ ᠪᠥᠬᠥ ᠣᠷᠣᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠢ᠌ᠯᠤᠮᠵᠢ ᠵᠢᠨ ᠤᠷᠤᠯᠳᠤᠭ᠋ᠠᠨ᠂ ᠪᠥᠬᠥ ᠣᠷᠣᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠪᠢᠴᠢᠯ ᠸᠢᠳᠢᠣ᠋ ᠵᠢᠨ ᠤᠷᠤᠯᠳᠤᠭ᠋ᠠᠨ᠂ ᠪᠥᠬᠥ ᠣᠷᠣᠨ᠎ᠤ ᠰᠢᠨᠵᠢᠯᠡᠬᠦ ᠤᠬᠠᠭ᠋ᠠᠨ᠎ᠤ ᠲᠤᠷᠰᠢᠯᠲᠠ ᠵᠢᠨ ᠦᠵᠡᠭᠦᠯᠦᠯᠭᠡ ᠵᠢᠨ ᠲᠣᠭᠯᠠᠯᠲᠠ᠂ ᠪᠥᠬᠥ ᠣᠷᠣᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠢᠯᠢᠳᠡᠭ ᠪᠦᠲᠦᠭᠡᠯ᠎ᠢ ᠲᠠᠨᠢᠯᠴᠠᠭᠤᠯᠬᠤ ᠵᠡᠷᠭᠡ ᠠᠯᠢ ᠣᠯᠠᠨ ᠵᠢᠱ᠌ᠢᠶ᠎ᠡ ᠦᠵᠡᠭᠦᠯᠬᠦ ᠴᠢᠨᠠᠷᠲᠠᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠯᠠᠭ᠎ᠠ ᠵᠢ ᠵᠠᠯᠭ᠋ᠠᠭ᠎ᠠ᠎ᠪᠠᠷ ᠵᠣᠬᠢᠶᠠᠨ ᠪᠠᠢ᠌ᠭᠤᠯᠤᠨ ᠥᠷᠨᠢᠭᠦᠯᠵᠦ᠂ ᠣᠯᠠᠨ ᠨᠡᠢ᠌ᠲᠡ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠷᠢᠳᠢ ᠰᠢᠳᠢ ᠵᠢ ᠮᠡᠳᠡᠷᠡᠭᠦᠯᠵᠦ᠂ ᠨᠡᠢ᠌ᠭᠡᠮ ᠳᠠᠶᠠᠭ᠋ᠠᠷ᠎ᠲᠤ ᠮᠡᠳᠡᠯᠭᠡ ᠵᠢ ᠬᠦᠨᠳᠦᠳᠬᠡᠬᠦ᠂ ᠰᠢᠨ᠎ᠡ ᠵᠢ ᠡᠭᠦᠳᠬᠦ ᠵᠢ ᠡᠷᠬᠢᠮᠯᠡᠬᠦ᠂ ᠴᠢᠳᠠᠪᠤᠷᠢᠲᠠᠨ᠎ᠢ ᠬᠦᠨᠳᠦᠳᠬᠡᠬᠦ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠬᠤ ᠵᠢ ᠠᠬᠢᠭᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠦᠭᠦ ᠣᠷᠣᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠵᠠᠬᠢᠷᠤᠯ᠎ᠤᠨ ᠬᠤᠷᠠᠯ ᠬᠤᠷᠠᠯᠳᠤᠪᠠ ᠰᠦᠨ ᠱᠤᠤ ᠴᠧᠩ ᠶᠠᠷᠢᠶ᠎ᠠ ᠲᠠᠯᠪᠢᠵᠠᠢ
2024 ᠣᠨ᠎ᠤ ᠪᠦᠭᠦ ᠣᠷᠣᠨ᠎ᠤ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠭᠦᠭᠡᠬᠣᠲᠠ᠎ᠳᠤ ᠡᠬᠢᠯᠡᠪᠡ ᠬᠤᠸᠠᠩ ᡁᠢ ᠴᠢᠶᠠᠩ ᠠᠵᠢᠯᠯᠠᠭ᠎ᠠ᠎ᠳᠤ ᠣᠷᠣᠯᠴᠠᠵᠠᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠡᠢ
ᠮᠠᠨ᠎ᠤ ᠣᠷᠣᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠰᠡᠳᠬᠢᠯ᠎ᠳᠤ ᠬᠠᠳᠠᠩᠰᠢᠭᠤᠯᠤᠨ ᠦᠷ᠎ᠡ ᠪᠦᠲᠦᠮᠵᠢ ᠣᠯᠬᠤ ᠵᠢ ᠯᠠᠪᠳᠠᠭᠤᠨ ᠪᠠᠲᠤᠲᠠᠢ ᠠᠬᠢᠭᠤᠯᠵᠤ ᠪᠠᠢ᠌ᠨ᠎ᠠ
 
            