ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
2024 ᠣᠨ᠎ᠤ ᠪᠦᠭᠦ ᠣᠷᠣᠨ᠎ᠤ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠭᠦᠭᠡᠬᠣᠲᠠ᠎ᠳᠤ ᠡᠬᠢᠯᠡᠪᠡ ᠬᠤᠸᠠᠩ ᡁᠢ ᠴᠢᠶᠠᠩ ᠠᠵᠢᠯᠯᠠᠭ᠎ᠠ᠎ᠳᠤ ᠣᠷᠣᠯᠴᠠᠵᠠᠢ
ᠨᠡᠶ᠋ᠢᠲᠡᠯᠡᠭᠰᠡᠨ ᠴᠠᠭ᠄ 2024-06-03

 
     6 ᠰᠠᠷ᠎ᠠ ᠵᠢᠨ 1᠎ᠤ ᠦᠳᠡ ᠵᠢᠨ ᠡᠮᠦᠨ᠎ᠡ᠂ ᠪᠦᠭᠦ ᠣᠷᠣᠨ᠎ᠤ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠭᠦᠭᠡᠬᠣᠲᠠ᠎ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠠᠵᠢᠯᠯᠠᠭ᠎ᠠ᠎ᠳᠤ ᠣᠷᠣᠯᠴᠠᠵᠤ᠂ ᠲᠤᠰᠬᠠᠢ ᠠᠪᠤᠷᠠᠨ ᠲᠤᠰᠠᠯᠠᠬᠤ ᠡᠩᠨᠡᠭᠡ᠎ᠳᠤ ᠲᠣᠭ ᠭᠠᠷᠳᠠᠭᠤᠯᠪᠠ᠃
      ᠬᠤᠸᠠᠩ ᡁᠢ ᠴᠢᠶᠠᠩ᠂ ᠠᠶᠤᠯᠭᠦᠢ ᠦᠢ᠍ᠯᠡᠳᠪᠦᠷᠢᠯᠡᠯ᠎ᠨᠢ ᠤᠯᠠᠨ ᠲᠦᠮᠡᠨ᠎ᠯᠦᠭᠡ ᠬᠠᠮᠤᠭ᠎ᠤᠨ ᠨᠢᠭᠲᠠ ᠬᠠᠷᠢᠴᠠᠭ᠎ᠠ᠎ᠲᠠᠢ ᠪᠠᠢ᠌ᠵᠤ᠂ ᠤᠯᠠᠨ ᠲᠦᠮᠡᠨ ᠲᠡᠭᠦᠨ᠎ᠳᠤ ᠬᠠᠮᠤᠭ᠎ᠤᠨ ᠰᠢᠭᠤᠳ ᠲᠥᠷᠥᠭᠳᠡᠯ᠎ᠲᠠᠢ ᠪᠠᠢ᠌ᠳᠠᠭ᠃ ᠶᠠᠮᠠᠷᠪᠠ ᠦᠶ᠎ᠡ᠎ᠳᠤ ᠴᠦ᠍ ᠭᠡᠳ ᠤᠯᠠᠨ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ ᠵᠢ ᠲᠡᠷᠢᠭᠦᠨ᠎ᠳᠤ ᠲᠠᠯᠪᠢᠵᠤ᠂ 《ᠴᠠᠭ ᠢᠮᠠᠭᠲᠠ ᠰᠠᠨᠠᠭ᠋ᠠᠰᠢᠷᠠᠬᠤ》 ᠬᠠᠷᠢᠭᠤᠴᠠᠯᠭ᠋ᠠᠲᠤ ᠰᠡᠳᠬᠢᠯᠭᠡ᠎ᠪᠠᠷ ᠢᠮᠠᠭᠲᠠ ᠴᠢᠩᠭ᠎ᠠ ᠠᠩᠬᠠᠷᠴᠤ᠂ ᠪᠦᠭᠦ ᠬᠦᠴᠦᠨ ᠵᠶ᠋ᠡᠷ ᠵᠶ᠋ᠡᠨ ᠠᠶᠤᠯ ᠲᠦᠭᠰᠢᠭᠦᠷᠢ ᠵᠢ ᠰᠡᠷᠭᠡᠢ᠌ᠯᠡᠨ᠂ ᠭᠡᠮ ᠰᠣᠭᠣᠭ᠎ᠢ ᠠᠷᠢᠯᠭ᠋ᠠᠵᠤ᠂ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃ ᠤᠯᠠᠨ ᠶᠠᠩᠵᠤ ᠭᠡᠯᠪᠡᠷᠢ᠎ᠪᠠᠷ ᠠᠮᠤᠷ ᠲᠦᠪᠰᠢᠨ᠎ᠤ ᠤᠬᠠᠭᠤᠯᠭ᠎ᠠ ᠵᠢᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ 《ᠬᠥᠮᠥᠨ ᠪᠦᠭᠦᠨ ᠠᠮᠤᠷ ᠲᠦᠪᠰᠢᠨ᠎ᠢ ᠡᠷᠬᠢᠮᠯᠡᠨ᠂ ᠬᠥᠮᠥᠨ ᠪᠣᠯᠭ᠋ᠠᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠴᠢᠳᠠᠬᠤ》 ᠭᠦᠨ ᠵᠤᠵᠠᠭ᠋ᠠᠨ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠤᠯᠭ᠋ᠠᠬᠤ ᠵᠢ ᠠᠬᠢᠭᠤᠯᠵᠤ᠂ ᠬᠥᠮᠥᠨ ᠨᠢᠭᠡ ᠪᠦᠷᠢ ᠵᠢᠨ ᠪᠠᠭ᠎ᠠ ᠠᠮᠤᠷ ᠲᠦᠪᠰᠢᠨ᠎ᠢ ᠰᠠᠢ᠌ᠲᠤᠷ ᠰᠠᠬᠢᠨ ᠬᠠᠮᠠᠭ᠋ᠠᠯᠠᠬᠤ᠎ᠪᠠᠷ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠶᠡᠬᠡ ᠠᠮᠤᠷ ᠲᠦᠪᠰᠢᠨ᠎ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠲᠤᠰᠬᠠᠢ ᠠᠪᠤᠷᠠᠨ ᠲᠤᠰᠠᠯᠠᠬᠤ ᠡᠩᠨᠡᠭᠡ᠂ ᠬᠠᠮᠢᠶ᠎ᠠ ᠪᠦᠬᠦᠢ ᠰᠠᠢ᠌ᠨ ᠳᠤᠷ᠎ᠠ ᠵᠢᠨ ᠠᠵᠢᠯᠯᠠᠭᠰᠠᠳ ᠪᠠ ᠠᠵᠤ ᠠᠬᠤᠢ᠌ᠯᠠᠯ᠎ᠤᠨ ᠲᠥᠯᠥᠭᠡᠯᠡᠭᠴᠢ ᠠᠵᠢᠯᠯᠠᠭ᠎ᠠ᠎ᠳᠤ ᠣᠷᠣᠯᠴᠠᠪᠠ᠃


ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠡᠢ
ᠮᠠᠨ᠎ᠤ ᠣᠷᠣᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠰᠡᠳᠬᠢᠯ᠎ᠳᠤ ᠬᠠᠳᠠᠩᠰᠢᠭᠤᠯᠤᠨ ᠦᠷ᠎ᠡ ᠪᠦᠲᠦᠮᠵᠢ ᠣᠯᠬᠤ ᠵᠢ ᠯᠠᠪᠳᠠᠭᠤᠨ ᠪᠠᠲᠤᠲᠠᠢ ᠠᠬᠢᠭᠤᠯᠵᠤ ᠪᠠᠢ᠌ᠨ᠎ᠠ
ᠬᠣᠶᠠᠳᠤᠭ᠋ᠠᠷ ᠬᠤᠭᠤᠴᠠᠭ᠋ᠠᠨ᠎ᠤ ᠬᠠᠩᠭ᠋ᠠᠯᠭ᠎ᠠ ᠵᠢᠨ ᠬᠡᠯᠬᠢᠶ᠎ᠡ ᠵᠢ ᠠᠬᠢᠭᠤᠯᠬᠤ ᠶᠠᠭ᠋ᠠᠷᠠᠮᠠᠭ᠎ᠤᠨ ᠥᠪᠥᠷ ᠮᠣᠩᠭᠣᠯ᠎ᠤᠨ ᠲᠠᠨᠢᠯᠴᠠᠭᠤᠯᠬᠤ ᠬᠤᠷᠠᠯ ᠵᠢᠴᠢ ᠭᠡᠷ᠎ᠡ ᠲᠣᠭᠲᠠᠬᠤ ᠶᠣᠰᠣᠯᠠᠯ ᠬᠦᠬᠡᠬᠤᠲᠠ᠎ᠳᠤ ᠶᠠᠪᠤᠭᠳᠠᠪᠠ ᠷᠧᠨ ᠬᠤᠩ ᠪᠢᠨ ᠶᠠᠩ ᠵᠢᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ᠎ᠤᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
 
            