ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠬᠣᠶᠠᠳᠤᠭ᠋ᠠᠷ ᠬᠤᠭᠤᠴᠠᠭ᠋ᠠᠨ᠎ᠤ ᠬᠠᠩᠭ᠋ᠠᠯᠭ᠎ᠠ ᠵᠢᠨ ᠬᠡᠯᠬᠢᠶ᠎ᠡ ᠵᠢ ᠠᠬᠢᠭᠤᠯᠬᠤ ᠶᠠᠭ᠋ᠠᠷᠠᠮᠠᠭ᠎ᠤᠨ ᠥᠪᠥᠷ ᠮᠣᠩᠭᠣᠯ᠎ᠤᠨ ᠲᠠᠨᠢᠯᠴᠠᠭᠤᠯᠬᠤ ᠬᠤᠷᠠᠯ ᠵᠢᠴᠢ ᠭᠡᠷ᠎ᠡ ᠲᠣᠭᠲᠠᠬᠤ ᠶᠣᠰᠣᠯᠠᠯ ᠬᠦᠬᠡᠬᠤᠲᠠ᠎ᠳᠤ ᠶᠠᠪᠤᠭᠳᠠᠪᠠ ᠷᠧᠨ ᠬᠤᠩ ᠪᠢᠨ ᠶᠠᠩ ᠵᠢᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2024-06-05

     6 ᠳ᠋ᠤᠭ᠋ᠠᠷ ᠰᠠᠷ᠎ᠠ ᠵᠢᠨ 4᠎ᠤ ᠡᠳᠦᠷ᠂ ᠬᠣᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠬᠠᠩᠭ᠋ᠠᠯᠭ᠎ᠠ ᠵᠢᠨ ᠬᠡᠯᠬᠢᠶ᠎ᠡ ᠵᠢ ᠠᠬᠢᠭᠤᠯᠬᠤ ᠶᠠᠭ᠋ᠠᠷᠠᠮᠠᠭ (ᠳᠥᠭᠥᠮᠴᠢᠯᠡᠭᠡᠳ ᠬᠠᠩᠭ᠋ᠠᠯᠭ᠎ᠠ ᠵᠢᠨ ᠬᠡᠯᠬᠢᠶ᠎ᠡ ᠵᠢ ᠠᠬᠢᠭᠤᠯᠬᠤ ᠶᠠᠭ᠋ᠠᠷᠠᠮᠠᠭ ᠭᠡᠪᠡ)᠎ᠤᠨ ᠥᠪᠥᠷ ᠮᠣᠩᠭᠣᠯ᠎ᠤᠨ ᠲᠠᠨᠢᠯᠴᠠᠭᠤᠯᠬᠤ ᠬᠤᠷᠠᠯ ᠵᠢᠴᠢ ᠭᠡᠷ᠎ᠡ ᠲᠣᠭᠲᠠᠬᠤ ᠶᠣᠰᠣᠯᠠᠯ ᠬᠥᠬᠡᠬᠤᠲᠠ᠎ᠳᠤ ᠶᠠᠪᠤᠭᠳᠠᠪᠠ᠃
      ᠳᠤᠮᠳᠠᠳᠤ ᠤᠯᠤᠰ᠎ᠤᠨ ᠣᠯᠠᠨ ᠤᠯᠤᠰ᠎ᠤᠨ ᠠᠷᠠᠯᠵᠢᠶ᠎ᠠ ᠵᠢ ᠠᠬᠢᠭᠤᠯᠬᠤ ᠵᠥᠪᠯᠡᠯ᠎ᠤᠨ ᠳᠠᠷᠤᠭ᠎ᠠ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠷᠧᠨ ᠬᠤᠩ ᠪᠢᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠠᠩ ᠵᠢᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃
      ᠬᠤᠷᠠᠯ ᠳᠡᠭᠡᠷ᠎ᠡ᠂ ᠬᠠᠩᠭ᠋ᠠᠯᠭ᠎ᠠ ᠵᠢᠨ ᠬᠡᠯᠬᠢᠶ᠎ᠡ ᠵᠢ ᠠᠬᠢᠭᠤᠯᠬᠤ ᠶᠠᠭ᠋ᠠᠷᠠᠮᠠᠭ ᠠᠵᠤ ᠠᠬᠤᠢ᠌ᠯᠠᠯ᠎ᠤᠳ᠎ᠲᠤ ᠬᠥᠭᠵᠢᠯᠲᠡ ᠵᠢᠨ ᠠᠭᠤᠳᠠᠮ ᠲᠠᠪᠴᠠᠩ ᠬᠠᠩᠭ᠋ᠠᠯ᠎ᠠ᠂ ᠬᠤᠷᠠᠯ᠎ᠳᠤ ᠣᠷᠣᠯᠴᠠᠭᠰᠠᠨ ᠠᠵᠤ ᠠᠬᠤᠢ᠌ᠯᠠᠯ᠎ᠤᠳ ᠤᠯᠤᠰ᠎ᠤᠨ ᠠᠵᠤ ᠦᠢ᠍ᠯᠡᠰ᠎ᠤᠨ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶᠡᠨ᠎ᠤ ᠪᠠᠢ᠌ᠷᠢᠰᠢᠭᠤᠯᠤᠯᠲᠠ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂ ᠠᠩᠬᠠᠷᠤᠯ ᠵᠶ᠋ᠠᠨ ᠲᠥᠪᠯᠡᠷᠡᠭᠦᠯᠦᠨ ᠨᠠᠢ᠍ᠮᠠᠨ ᠶᠡᠬᠡ ᠠᠵᠤ ᠦᠢ᠍ᠯᠡᠰ᠎ᠤᠨ ᠪᠦᠯᠦᠭᠵᠢᠯ ᠬᠢᠭᠡᠳ ᠰᠠᠯᠬᠢ ᠭᠡᠷᠡᠯ᠎ᠤᠨ ᠡᠨ᠋ᠸᠷᠭᠢ᠎ᠪᠠᠷ ᠤᠰᠤᠲᠥ᠋ᠷᠥᠭᠴᠢ ᠨᠥᠭᠡᠴᠡᠯᠡᠬᠦ ᠵᠡᠷᠭᠡ 16 ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠴᠣᠭᠴᠠᠯᠠᠨ᠂ ᠤᠯᠠᠨ ᠡᠰᠢ᠎ᠪᠠᠷ ᠬᠥᠭᠵᠢᠭᠰᠡᠨ᠂ ᠤᠯᠠᠨ ᠲᠤᠢ᠌ᠯ᠎ᠳᠤ ᠲᠤᠯᠭ᠋ᠠᠭᠤᠷᠢᠯᠠᠭᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠬᠥᠭᠵᠢᠯᠲᠡ ᠵᠢᠨ ᠲᠣᠭᠲᠠᠯᠴᠠᠭ᠎ᠠ ᠵᠢ ᠬᠦᠴᠦᠯᠡᠨ ᠪᠠᠶ᠋ᠢᠭᠤᠯᠬᠤ ᠬᠡᠷᠡᠭᠲᠡᠢ ᠬᠡᠮᠡᠨ ᠵᠢᠭ᠋ᠠᠨ ᠭᠠᠷᠭ᠋ᠠᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠶᠠᠭ᠋ᠠᠷᠠᠮᠠᠭ᠎ᠲᠤ ᠣᠷᠤᠯᠴᠠᠬᠤ 23 ᠠᠵᠤ ᠠᠬᠤᠢ᠌ᠯᠠᠯ ᠪᠠ ᠪᠦᠯᠬᠦᠮ᠎ᠨᠢ ᠳᠤᠮᠳᠠᠳᠤ ᠤᠯᠤᠰ᠎ᠤᠨ ᠣᠯᠠᠨ ᠤᠯᠤᠰ᠎ᠤᠨ ᠦᠵᠡᠰᠬᠦᠯᠡᠩ᠎ᠤᠨ ᠲᠥᠪ ᠪᠦᠯᠦᠭᠯᠡᠯ᠎ᠲᠠᠢ ᠬᠣᠶᠠᠳᠤᠭ᠋ᠠᠷ ᠬᠤᠭᠤᠴᠠᠭ᠋ᠠᠨ᠎ᠤ ᠬᠠᠩᠭ᠋ᠠᠯᠭ᠎ᠠ ᠵᠢᠨ ᠬᠡᠯᠬᠢᠶ᠎ᠡ ᠵᠢ ᠠᠬᠢᠭᠤᠯᠬᠤ ᠶᠠᠭ᠋ᠠᠷᠠᠮᠠᠭ᠎ᠲᠤ ᠣᠷᠤᠯᠴᠠᠬᠤ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠬᠢᠷᠠᠯᠴᠠᠭᠰᠠᠨ ᠪᠠᠢ᠌ᠨ᠎ᠠ᠃


 

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ᠎ᠤᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2024 ᠣᠨ᠎ᠤ 5 ᠳ᠋ᠤᠭ᠋ᠠᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠥᠬᠥ ᠣᠷᠣᠨ᠎ᠤ ᠥᠷᠭᠡᠨ ᠣᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠤ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠤᠷ ᠠᠮᠤᠭᠤᠯᠠᠩ᠎ᠢ ᠵᠥᠩᠨᠡᠶ᠎ᠡ!
 
            