1 ᠳ᠋ᠦ᠍ᠭᠡᠷ ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ 2025 ᠣᠨ᠎ᠤ ᠠᠩᠬᠠᠳᠤᠭ᠋ᠠᠷ ᠤᠳᠠᠭ᠎ᠠ ᠵᠢᠨ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠤᠯᠤᠰ᠎ᠤᠨ ᠬᠠᠤᠯᠢ ᠵᠢᠨ ᠤᠬᠠᠭ᠋ᠠᠨ᠎ᠤ ᠨᠡᠢ᠌ᠭᠡᠮᠯᠢᠭ᠎ᠤᠨ ᠶᠢᠰᠦᠳᠦᠭᠡᠷ ᠤᠳᠠᠭ᠎ᠠ ᠵᠢᠨ ᠪᠦᠬᠦ ᠤᠯᠤᠰ᠎ᠤᠨ ᠭᠡᠰᠢᠭᠦᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠢᠯᠡᠭᠡᠭᠰᠡᠨ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠭᠤᠷᠪᠠᠳᠤᠭ᠋ᠠᠷ ᠤᠳᠠᠭ᠋ᠠᠨ᠎ᠤ ᠴᠢᠬᠡᠴᠢ ᠵᠠᠰᠠᠭ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠂ ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃

ᠬᠤᠷᠠᠯ᠎ᠠᠴᠠ᠂ ᠲᠢᠩᠬᠢᠮ᠎ᠤᠨ ᠰᠢᠰᠲ᠋ᠧᠮ᠎ᠤᠨ ᠪᠥᠬᠥ ᠺᠠᠳ᠋ᠷ ᠠᠵᠢᠯᠲᠠᠨ ᠠᠵᠢᠯᠴᠢᠨ ᠶᠡᠷᠦᠩᠬᠡᠶ ᠱᠦᠵᠢ ᠰᠢ ᠵᠢᠨ ᠫᠢᠩ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠭᠤᠷᠪᠠᠳᠤᠭ᠋ᠠᠷ ᠤᠳᠠᠭ᠋ᠠᠨ᠎ᠤ ᠴᠢᠬᠡᠴᠢ ᠵᠠᠰᠠᠭ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠰᠤᠷᠤᠯᠴᠠᠨ ᠲᠤᠭᠤᠰᠢᠯᠠᠭᠤᠯᠬᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠴᠢ ᠢᠯᠵᠠᠷᠠᠯ᠎ᠢ ᠡᠰᠡᠷᠭᠦᠴᠡᠬᠦ ᠠᠵᠢᠯ᠎ᠢ ᠰᠠᠢ᠌ᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠪᠠ ᠲᠤᠯᠭ᠋ᠠᠮ ᠰᠡᠳᠬᠢᠯᠭᠡ᠎ᠪᠠᠨ ᠦᠨᠡᠨ ᠬᠦ᠌ ᠴᠢᠩᠭ᠋ᠠᠳᠬᠠᠵᠤ᠂ ᠢᠯᠵᠠᠷᠠᠯ᠎ᠢ ᠡᠰᠡᠷᠭᠦᠴᠡᠬᠦ ᠪᠠᠢ᠌ᠯᠳᠤᠬᠤ ᠪᠤᠳᠤᠯᠭ᠎ᠠ ᠵᠢᠨ ᠪᠠᠲᠤ ᠬᠦᠴᠦᠨ ᠪᠠ ᠬᠦᠴᠦᠲᠡᠢ ᠳᠠᠷᠤᠯᠲᠠ ᠦᠵᠡᠭᠦᠯᠬᠦ ᠪᠠᠢ᠌ᠳᠠᠯ᠎ᠢ ᠢᠮᠠᠭᠲᠠ ᠪᠠᠷᠢᠮᠲᠠᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠨᠢᠭᠡ ᠮᠥᠴᠡ ᠴᠦ᠍ ᠵᠣᠭᠰᠣᠯ ᠦᠭᠡᠢ ᠠᠬᠢᠭᠤᠯᠵᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠣᠶᠣᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠤᠯᠤᠰ ᠲᠥᠷᠥ ᠵᠢᠨ ᠬᠢᠨᠠᠯᠲᠠ ᠵᠢ ᠴᠢᠩᠭ᠋ᠠᠳᠬᠠᠨ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠤᠬᠠᠮᠰᠠᠷ᠎ᠠᠴᠠ᠎ᠪᠠᠨ ᠲᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠳᠤᠮᠳᠠ ᠠᠵᠢᠯ ᠬᠢᠵᠦ ᠦᠢᠯᠡᠰ ᠴᠣᠭᠴᠠᠯᠠᠬᠤ ᠵᠢ ᠬᠥᠮᠦᠵᠢᠭᠦᠯᠦᠨ ᠬᠥᠲᠥᠯᠥᠨ ᠵᠢᠯᠤᠭᠤᠳᠴᠤ᠂ ᠬᠠᠷᠢᠭᠤᠴᠠᠬᠤ᠂ ᠬᠠᠷᠢᠭᠤᠴᠠᠯᠭ᠎ᠠ᠎ᠪᠠᠨ ᠰᠠᠬᠢᠬᠤ᠂ ᠬᠠᠷᠢᠭᠤᠴᠠᠯᠭ᠎ᠠ᠎ᠪᠠᠨ ᠭᠦᠢᠴᠡᠳᠬᠡᠬᠦ ᠵᠢ ᠨᠠᠮ᠎ᠤᠨ ᠵᠣᠬᠢᠶᠠᠨ ᠪᠠᠢ᠌ᠭᠤᠯᠤᠯᠲᠠ ᠨᠢᠭᠡᠪᠦᠷᠢ᠂ ᠠᠵᠢᠯ᠎ᠤᠨ ᠪᠠᠢ᠌ᠷᠢ ᠪᠣᠯᠭ᠋ᠠᠨ᠎ᠳᠤ ᠢᠯᠡᠷᠡᠭᠦᠯᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ᠎ᠪᠠᠷ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠰ᠎ᠤᠨ ᠦᠷᠭᠦᠯᠵᠢᠯᠡᠨ ᠲᠠᠪᠰᠢᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠲᠢᠩᠬᠢᠮ᠎ᠤᠨ ᠰᠢᠰᠲ᠋ᠧᠮ᠎ᠤᠨ ᠪᠦᠬᠦ ᠺᠠᠳ᠋ᠷ ᠠᠵᠢᠯᠳᠠᠨ ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠶᠡᠷᠦᠩᠬᠡᠶ ᠪᠠᠢ᠌ᠷᠢᠰᠢᠯ᠎ᠢ ᠣᠨᠣᠪᠴᠢᠲᠠᠶ ᠡᠵᠡᠮᠳᠡᠨ᠂ 《ᠳᠥᠷᠪᠡ᠎ᠳᠤ ᠬᠠᠨᠳᠤᠬᠤ》 ᠵᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠯᠪᠠᠨ ᠬᠡᠷ᠎ᠤᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ ᠬᠢᠨᠠᠯᠲᠠ ᠲᠠᠯᠪᠢᠬᠤ ᠦᠢᠯᠡᠳᠦᠯ᠎ᠢ ᠪᠠᠳᠠᠷᠠᠭᠤᠯᠤᠨ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ 《ᠴᠤᠩᠬᠤᠪᠴᠢ ᠬᠤᠭᠤᠴᠠᠭ᠎ᠠ》ᠵᠢ ᠱᠠᠯᠠᠪᠳᠠᠨ ᠠᠳᠬᠤᠵᠤ᠂ 《ᠲᠠᠢ᠌ᠯᠪᠤᠷᠢᠯᠠᠯᠲᠠ᠎ᠲᠠᠢ ᠰᠡᠳᠬᠢᠬᠦᠶ》 《ᠰᠢᠯᠢᠳᠡᠭ ᠰᠡᠳᠬᠢᠬᠦᠶ》᠎ᠪᠠᠷ ᠰᠠᠨᠠᠭ᠋ᠠᠴᠢᠯᠠᠭ᠎ᠠ᠎ᠠᠴᠠ᠎ᠪᠠᠨ ᠰᠡᠳᠦᠪ᠎ᠢ ᠰᠢᠢᠳᠪᠦᠷᠢᠯᠡᠨ ᠬᠦᠴᠢᠷ᠎ᠢ ᠲᠤᠭᠤᠯᠵᠤ᠂ 《ᠠᠯᠳᠠᠭ᠎ᠠ ᠪᠤᠷᠤᠭᠤ᠎ᠪᠠᠨ ᠵᠠᠯᠠᠷᠠᠭᠤᠯᠬᠤ ᠪᠣᠯ ᠥᠭᠡᠷᠡᠴᠢᠯᠡᠯᠲᠡ ᠮᠥᠨ》 ᠭᠡᠳᠡᠭ ᠵᠶ᠋ᠡᠷ ᠪᠠᠢ᠌ᠭᠤᠯᠤᠮᠵᠢ ᠲᠣᠭᠲᠠᠴᠠ ᠵᠢᠨ ᠬᠠᠷᠰᠢ ᠰᠠᠭ᠋ᠠᠳ᠎ᠢ ᠠᠷᠢᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠪᠠ ᠪᠠᠢ᠌ᠷᠢ ᠲᠣᠭᠲᠠᠭ᠋ᠠᠯᠲᠠ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠂ ᠪᠠᠢ᠌ᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠂ ᠬᠦᠨᠳᠦ ᠴᠢᠬᠤᠯᠠ ᠡᠭᠦᠷᠭᠡ᠂ ᠡᠷᠳᠡᠮ ᠰᠢᠨᠵᠢᠯᠡᠭᠡᠨ᠎ᠤ ᠬᠦᠴᠦᠨ᠂ ᠡᠬᠢ ᠪᠠᠶᠠᠯᠢᠭ᠎ᠤᠨ ᠲᠠᠪᠴᠠᠩ᠂ ᠣᠷᠣᠨ ᠪᠦᠰᠡ ᠵᠢᠨ ᠰᠢᠨ᠎ᠡ ᠵᠢ ᠡᠭᠦᠳᠬᠦ ᠵᠡᠷᠭᠡ ᠲᠠᠯ᠎ᠠ᠎ᠪᠠᠷ ᠨᠢᠭᠡᠳᠦᠯᠲᠡᠶ ᠲᠦᠯᠦᠪᠯᠡᠵᠦ᠂ ᠬᠦᠴᠦ᠎ᠪᠠᠨ ᠲᠥᠪᠯᠡᠷᠡᠭᠦᠯᠦᠨ ᠶᠡᠬᠡ ᠶᠠᠪᠤᠳᠠᠯ ᠬᠢᠵᠦ᠂ ᠴᠢᠬᠤᠯᠠ ᠵᠢ ᠠᠳᠬᠤᠬᠤ᠂ ᠬᠤᠰᠢᠭᠤᠷᠠᠯᠢ ᠠᠳᠬᠤᠬᠤ᠂ ᠰᠠᠭᠤᠷᠢ ᠵᠢ ᠠᠳᠬᠤᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠲᠢᠩᠬᠢᠮ᠎ᠤᠨ ᠰᠢᠰᠲ᠋ᠧᠮ᠎ᠤᠨ ᠪᠥᠬᠥ ᠺᠠᠳ᠋ᠷ ᠠᠵᠢᠯᠲᠠᠨ ᠠᠵᠢᠯᠴᠢᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠰᠡᠭᠦᠯ ᠬᠤᠷᠢᠶᠠᠬᠤ 《ᠠᠷᠪᠠᠨ ᠳᠥᠷᠪᠡᠳᠦᠭᠡᠷ ᠲᠠᠪᠤᠨ ᠵᠢᠯ》᠎ᠳᠤ ᠰᠠᠭᠤᠷᠢᠯᠠᠨ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠵᠠᠩᠭᠢᠯᠠᠭ᠎ᠠ ᠵᠢᠨ ᠬᠤᠭᠤᠴᠠᠭ᠎ᠠ ᠵᠢ ᠲᠦᠯᠦᠪᠯᠡᠵᠦ᠂ ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠵᠤ᠂ ᠠᠵᠢᠯ᠎ᠤᠨ ᠰᠤᠷᠲᠠᠯ ᠵᠶ᠋ᠠᠨ ᠰᠠᠢ᠌ᠵᠢᠷᠠᠭᠤᠯᠵᠤ᠂ 《ᠬᠣᠶᠠᠷ ᠶᠡᠬᠡ ᠶᠠᠪᠤᠳᠠᠯ》᠎ᠢ ᠰᠠᠢ᠌ᠲᠤᠷ ᠬᠢᠬᠦ᠎ᠳᠤ ᠠᠩᠬᠠᠷᠤᠯ ᠵᠶ᠋ᠠᠨ ᠲᠦᠪᠯᠡᠷᠡᠭᠦᠯᠦᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠤᠨ ᠭᠣᠤᠯᠳᠠᠯᠭ᠎ᠠ᠎ᠲᠠᠢ ᠡᠭᠦᠷᠭᠡ᠎ᠲᠠᠢ ᠨᠠᠷᠢᠨ ᠬᠢᠨᠠᠮᠠᠭ᠋ᠠᠶ ᠬᠠᠷᠢᠴᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠦᠷᠭᠦᠯᠵᠢᠯᠡᠨ ᠬᠡᠷᠡᠭᠵᠢᠭᠦᠯᠬᠦ᠎ᠪᠠᠷ ᠴᠢᠷᠦᠯᠲᠠ ᠪᠣᠯᠭ᠋ᠠᠵᠤ᠂ 《1 + 7》 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠵᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠵᠤ᠂ ᠭᠣᠤᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ ᠵᠢᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠪᠣᠢ᠌ᠵᠢᠭᠤᠯᠬᠤ᠂ ᠰᠢᠨ᠎ᠡ ᠵᠢ ᠡᠭᠦᠳᠬᠦ ᠲᠠᠪᠴᠠᠩ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠂ 《ᠮᠸᠩ ᠺᠸ ᠵᠢᠦᠢ》 ᠵᠢᠨ ᠲᠠᠪᠴᠠᠩ᠎ᠢ ᠲᠠᠰ ᠳᠡᠪᠰᠢᠭᠦᠯᠦᠨ ᠪᠠᠢ᠌ᠭᠤᠯᠬᠤ ᠵᠡᠷᠭᠡ ᠭᠣᠤᠯᠳᠠᠯᠭ᠎ᠠ᠎ᠲᠠᠢ ᠠᠵᠢᠯ᠂ ᠣᠯᠠᠨ ᠲᠠᠯ᠎ᠠ᠎ᠪᠠᠷ ᠴᠡᠴᠡᠭᠯᠡᠬᠦ ᠰᠠᠢ᠌ᠨ ᠰᠠᠢ᠌ᠬᠠᠨ ᠪᠠᠢ᠌ᠳᠠᠯ᠎ᠢ ᠴᠢᠷᠮᠠᠢ᠌ᠨ ᠪᠡᠶᠡᠯᠡᠭᠦᠯᠵᠦ᠂ ᠪᠥᠬᠥ ᠣᠷᠣᠨ᠎ᠤ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ ᠪᠠᠰᠠ ᠪᠤᠰᠤᠳ ᠵᠦᠢᠯᠡᠰ᠎ᠢ ᠰᠤᠳᠤᠯᠤᠨ ᠬᠢᠨᠠᠨ ᠵᠥᠪᠯᠡᠭᠰᠡᠨ ᠪᠥᠭᠡᠳ ᠵᠢᠯ᠎ᠤᠨ ᠡᠴᠦᠰ ᠣᠨ᠎ᠤ ᠡᠬᠢᠨ᠎ᠤ ᠠᠮᠤᠷ ᠲᠦᠪᠰᠢᠨ ᠲᠣᠭᠲᠠᠭᠤᠨ᠎ᠤ ᠡᠯ᠎ᠡ ᠵᠦᠢᠯ᠎ᠤᠨ ᠠᠵᠢᠯ᠎ᠢ ᠯᠠᠪᠳᠠᠭᠤᠨ ᠪᠠᠲᠤᠲᠠᠶ ᠰᠠᠢ᠌ᠲᠤᠷ ᠠᠳᠬᠤᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠠᠮᠢᠶᠠᠷᠤᠯᠲᠠ ᠵᠢᠨ ᠠᠵᠢᠯ᠎ᠢ ᠬᠠᠤᠯᠢ ᠲᠣᠭᠲᠠᠭ᠋ᠠᠯ ᠶᠣᠰᠣᠭ᠋ᠠᠷ ᠥᠷᠨᠢᠭᠦᠯᠬᠦ ᠵᠡᠷᠭᠡ ᠲᠠᠯ᠎ᠠ᠎ᠪᠠᠷ ᠱᠠᠭ᠋ᠠᠷᠳᠠᠯᠭ᠎ᠠ ᠳᠤᠷᠠᠳᠴᠠᠶ᠃
ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ ᠭᠣᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃