ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ ᠬᠣᠶᠠᠳᠤᠭ᠋ᠠᠷ ᠤᠳᠠᠭ᠎ᠠ ᠵᠢᠨ ᠪᠦᠭᠦᠳᠡ ᠬᠤᠷᠠᠯ ᠬᠢᠪᠡ ᠵᠠᠩ ᠶᠠᠨ ᠺᠦᠨ ᠣᠷᠣᠯᠴᠠᠵᠠᠢ
ᠨᠡᠶ᠋ᠢᠲᠡᠯᠡᠭᠰᠡᠨ ᠴᠠᠭ᠄ 2025-01-21


     1 ᠰᠠᠷ᠎ᠠ ᠵᠢᠨ 14᠎ᠤ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠤᠷᠪᠠᠳᠤᠭ᠋ᠠᠷ ᠬᠤᠷᠠᠯ ᠬᠣᠶᠠᠳᠤᠭ᠋ᠠᠷ ᠤᠳᠠᠭ᠎ᠠ ᠵᠢᠨ ᠪᠦᠭᠦᠳᠡ ᠬᠤᠷᠠᠯ ᠬᠢᠵᠦ᠂ ᠭᠡᠰᠢᠭᠦᠳ ᠶᠡᠬᠡ ᠬᠤᠷᠠᠯ ᠳᠡᠭᠡᠷ᠎ᠡ ᠦᠭᠡ ᠬᠡᠯᠡᠪᠡ᠃
      ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠯᠥᠸᠧ ᡁᠢ ᠬᠤ᠌᠂ ᠴᠡᠴᠡᠭ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ ᠵᠢᠴᠢ ᠨᠠᠷᠢᠨ ᠪᠢᠴᠢᠭ᠎ᠤᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠸᠧᠢ ᠭᠦᠸᠧ ᠨᠠᠨ ᠬᠤᠷᠠᠯ᠎ᠢ ᠡᠷᠭᠢᠯᠡᠵᠡᠢ᠃
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠵᠢᠨ ᠱᠦᠵᠢ ᠱ᠌ᠢ ᠭᠤᠸᠠᠩ ᠬᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠵᠤ ᠭᠡᠰᠢᠭᠦᠳ᠎ᠤᠨ ᠶᠠᠷᠢᠶ᠎ᠠ ᠵᠢ ᠰᠣᠨᠣᠰᠪᠠ᠃
      ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠠᠨ ᠷᠦᠨ ᠱᠧᠩ ᠰᠣᠩᠭᠣᠭᠤᠯᠢ ᠵᠢᠨ ᠠᠷᠭ᠎ᠠ (ᠲᠥᠰᠥᠯ) ᠵᠢᠨ ᠲᠤᠬᠠᠢ ᠲᠣᠳᠣᠷᠬᠠᠢ᠌ᠯᠠᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ ᠪᠠᠢ᠌ᠩᠭᠤ ᠵᠢᠨ ᠳᠡᠳ᠋ ᠳᠠᠷᠤᠭ᠎ᠠ ᠵᠠᠩ ᠵᠣᠣ ᠭᠠᠩ ᠬᠣᠯᠪᠣᠭᠳᠠᠯ ᠪᠦᠬᠦᠢ ᠠᠵᠢᠯᠲᠠᠨ᠎ᠤ ᠶᠠᠪᠤᠳᠠᠯ᠎ᠤᠨ ᠵᠦᠢ᠍ᠯᠡᠰ᠎ᠤᠨ ᠲᠤᠬᠠᠢ ᠲᠣᠳᠣᠷᠬᠠᠢ᠌ᠯᠠᠯᠲᠠ ᠬᠢᠪᠡ᠃
      ᠳ᠋ᠠᠢ ᠶᠠᠨ᠂ ᠴᠧᠩ ᠰᠢ᠂ ᠯᠢᠦᠢ ᠶᠦᠩ ᠴᠧᠩ᠂ ᠯᠢ ᠵᠢᠩ ᠵᠢᠩ᠂ ᠰᠦᠨ ᡁᠢ ᠬᠣᠩ᠂ ᠵᠠᠩ ᠪᠢᠨ᠂ ᠭᠦᠩ ᡁᠢ ᠴᠢᠶᠠᠩ᠂ ᠭᠦᠸᠧ ᠶᠠᠨ ᠴᠦᠨ᠂ ᠼᠦᠢ ᠵᠧᠨ ᠦ᠋᠂ ᠴᠢᠨ ᠯᠢ ᠮᠧᠶ᠂ ᠵᠠᠩ ᠬᠤᠸᠠ ᠵᠧᠨ᠂ ᠯᠦ᠍ ᠯᠢ ᠮᠢᠩ ᠵᠡᠷᠭᠡ 12 ᠭᠡᠰᠢᠭᠦᠨ᠂ ᠨᠡᠢ᠌ᠰᠯᠡᠯ᠎ᠤᠨ 《ᠬᠣᠲᠠ ᠵᠢᠨ ᠬᠠᠮᠠᠭ᠋ᠠᠯᠠᠯᠲᠠ ᠭᠣᠣᠯ》᠎ᠤᠨ ᠪᠦᠲᠦᠭᠡᠨ ᠪᠠᠢ᠌ᠭᠤᠯᠤᠯᠲᠠ᠂ ᠬᠥᠳᠡᠭᠡ ᠲᠣᠰᠬᠣᠨ᠎ᠤ ᠭᠠᠵᠠᠷ ᠰᠢᠷᠣᠢ ᠵᠢ ᠠᠰᠢᠭᠯᠠᠬᠤ ᠪᠠ ᠡᠵᠡᠩᠨᠡᠯᠲᠡ ᠵᠢᠨ ᠡᠷᠬᠡ ᠵᠢ ᠭᠦᠢ᠍ᠯᠭᠡᠭᠡᠬᠦ᠂ 《ᠤᠯᠤᠰ ᠲᠥᠷᠥ ᠵᠢᠨ ᠵᠥᠪᠯᠡᠯᠭᠡᠨ + ᠰᠢᠭᠦᠬᠦ ᠬᠣᠷᠢᠶ᠎ᠠ》 ᠵᠢᠨ ᠢᠷᠭᠡᠨ᠎ᠤ ᠪᠠ ᠬᠤᠳᠠᠯᠳᠤᠭ᠋ᠠᠨ᠎ᠤ ᠶᠠᠪᠤᠳᠠᠯ᠎ᠤᠨ ᠵᠠᠭᠤᠷᠠᠯᠳᠤᠭ᠋ᠠᠨ᠎ᠢ ᠣᠯᠠᠨ ᠡᠰᠢᠵᠢᠭᠦᠯᠦᠨ ᠰᠢᠢ᠍ᠳᠪᠦᠷᠢᠯᠡᠬᠦ ᠲᠣᠭᠲᠠᠴᠠ᠂ ᠵᠠᠯᠠᠭᠤᠴᠤᠳ᠎ᠤᠨ ᠠᠵᠢᠯ ᠣᠯᠵᠤ ᠦᠢ᠍ᠯᠡᠰ ᠪᠣᠰᠬᠠᠬᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠬᠰᠠᠨ ᠰᠦᠨ ᠬᠦᠴᠢᠯ᠎ᠤᠨ ᠪᠠᠺᠲ᠋ᠧᠷᠢ ᠵᠢᠨ ᠠᠵᠤ ᠦᠢ᠍ᠯᠡᠰ᠎ᠤᠨ 《ᠪᠦᠰᠡᠯᠡᠯᠲᠡ ᠰᠢᠪᠲᠤᠯᠬᠤ》᠂ ᠬᠠᠲᠤᠨ ᠭᠣᠣᠯ᠎ᠤᠨ ᠰᠠᠪᠠ ᠭᠠᠵᠠᠷ᠎ᠤᠨ ᠴᠢᠨᠠᠷ ᠰᠠᠢ᠌ᠲᠠᠢ ᠬᠥᠭᠵᠢᠯᠲᠡ ᠵᠡᠷᠭᠡ ᠭᠣᠣᠯ ᠰᠡᠳᠦᠪ᠎ᠤᠨ ᠲᠣᠭᠣᠷᠢᠨ᠎ᠳᠤ ᠶᠡᠬᠡ ᠬᠤᠷᠠᠯ ᠳᠡᠭᠡᠷ᠎ᠡ ᠦᠭᠡ ᠬᠡᠯᠡᠪᠡ᠃
    ᠬᠤᠷᠠᠯ ᠳᠡᠭᠡᠷ᠎ᠡ᠂ ᠬᠤᠷᠠᠯ᠎ᠳᠤ ᠣᠷᠣᠯᠴᠠᠬᠰᠠᠨ ᠭᠡᠰᠢᠭᠦᠳ ᠲᠤᠬᠠᠢ ᠵᠢᠨ ᠲᠠᠯᠠᠪᠠᠢ᠎ᠳᠤ 《ᠭᠡᠰᠢᠭᠦᠨ᠎ᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠠᠮᠠᠯᠠᠯᠲᠠ ᠵᠢᠨ ᠪᠢᠴᠢᠭ》᠎ᠲᠤ ᠭᠠᠷ᠎ᠤᠨ ᠦᠰᠦᠭ ᠵᠢᠷᠤᠪᠠ᠃ ᠲᠤᠬᠠᠢ ᠵᠢᠨ ᠡᠳᠦᠷ᠎ᠤᠨ ᠦᠳᠡ ᠵᠢᠨ ᠬᠣᠢ᠌ᠨ᠎ᠠ ᠪᠠᠰᠠ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ 42 ᠳ᠋ᠤᠭ᠋ᠠᠷ ᠤᠳᠠᠭ᠎ᠠ ᠵᠢᠨ ᠲᠡᠷᠢᠭᠦᠯᠡᠭᠴᠢᠳ᠎ᠤᠨ ᠬᠤᠷᠠᠯ᠎ᠢ ᠬᠤᠷᠠᠯᠳᠤᠭᠤᠯᠵᠤ᠂ ᠳᠤᠭᠤᠢ᠌ᠯᠠᠩ ᠬᠤᠪᠢᠶᠠᠨ ᠶᠠᠷᠢᠯᠴᠠᠭᠤᠯᠬᠤ᠎ᠪᠠᠷ ᠳᠡᠪᠰᠢᠭᠦᠯᠦᠭᠰᠡᠨ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠠᠵᠢᠯᠲᠠᠨ᠎ᠤ ᠶᠠᠪᠤᠳᠠᠯ᠎ᠤᠨ ᠵᠦᠢ᠍ᠯᠡᠰ᠎ᠢ ᠬᠢᠨᠠᠨ ᠵᠥᠪᠯᠡᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ (ᠥᠷᠭᠡᠳᠬᠡᠭᠰᠡᠨ) ᠬᠤᠷᠠᠯ ᠬᠤᠷᠠᠯᠳᠤᠭᠤᠯᠪᠠ
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠨ᠎ᠡ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ᠎ᠢ ᠰᠤᠷᠪᠤᠯᠵᠢᠯᠠᠭᠰᠠᠨ᠎ᠨᠢ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠣᠯᠣᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠯᠲᠠ ᠵᠢᠨ ᠬᠠᠷᠢᠭᠤ ᠲᠤᠰᠬᠠᠬᠤ ᠠᠵᠢᠯ ᠳᠠᠭᠤᠰᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》ᠢᠨᠵᠧᠨᠧᠷᠢᠩ᠎ᠤᠨ 2024 ᠣᠨ᠎ᠤ ᠠᠵᠢᠯ᠎ᠤᠨ ᠳ᠋ᠦᠩᠨᠡᠯᠲᠡ ᠵᠢᠨ ᠬᠤᠷᠠᠯ ᠬᠤᠷᠠᠯᠳᠤᠭᠤᠯᠪᠠ
 
            