ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠣᠯᠣᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠯᠲᠠ ᠵᠢᠨ ᠬᠠᠷᠢᠭᠤ ᠲᠤᠰᠬᠠᠬᠤ ᠠᠵᠢᠯ ᠳᠠᠭᠤᠰᠪᠠ
ᠨᠡᠶ᠋ᠢᠲᠡᠯᠡᠭᠰᠡᠨ ᠴᠠᠭ᠄ 2025-01-20


    ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠣᠯᠣᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠯᠲᠠ ᠵᠢᠨ ᠬᠠᠷᠢᠭᠤ ᠲᠤᠰᠬᠠᠬᠤ ᠠᠵᠢᠯ ᠣᠢ᠌ᠷ᠎ᠠ᠎ᠳᠤ ᠪᠦᠭᠦᠨ ᠵᠶ᠋ᠡᠷ ᠵᠶ᠋ᠡᠨ ᠳᠠᠭᠤᠰᠪᠠ᠃
    ᠣᠢ᠌ᠷ᠎ᠠ᠎ᠳᠤ᠂ 15 ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠲᠣᠰ ᠡᠭᠡᠯᠵᠢ᠎ᠳᠤ ᠲᠣᠭᠣᠷᠢᠨ ᠪᠠᠢ᠌ᠴᠠᠭ᠋ᠠᠭᠰᠠᠨ 30 ᠬᠣᠰᠢᠭᠤ ᠰᠢᠶᠠᠨ (ᠬᠣᠲᠠ᠂ ᠲᠣᠭᠣᠷᠢᠭ)᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ 6 ᠰᠠᠯᠠᠭ᠎ᠠ ᠮᠥᠴᠢᠷ ᠪᠣᠯᠣᠨ 6 ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠳᠤ ᠲᠣᠰ ᠲᠣᠰ ᠨᠢᠭᠡᠳ ᠨᠢᠭᠡ᠎ᠪᠠᠷ ᠬᠠᠷᠢᠭᠤ ᠲᠤᠰᠬᠠᠪᠠ᠃ ᠲᠣᠭᠣᠷᠢᠨ ᠪᠠᠢ᠌ᠴᠠᠭ᠋ᠠᠬᠤ ᠠᠵᠢᠯ᠎ᠤᠨ ᠲᠣᠬᠢᠷᠠᠭᠤᠯᠤᠯᠲᠠ ᠵᠢ ᠦᠨᠳᠦᠰᠦᠯᠡᠨ᠂ ᠡᠯ᠎ᠡ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠲᠣᠭᠣᠷᠢᠨ ᠪᠠᠢ᠌ᠴᠠᠭ᠋ᠠᠭᠳᠠᠭᠰᠠᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠬᠤ ᠪᠠᠭ᠎ᠲᠤ ᠲᠣᠭᠣᠷᠢᠨ ᠪᠠᠢ᠌ᠴᠠᠭ᠋ᠠᠭᠰᠠᠨ ᠰᠠᠨᠠᠯ ᠵᠶ᠋ᠠᠨ ᠬᠠᠷᠢᠭᠤ ᠲᠤᠰᠬᠠᠪᠠ᠃
    ᠬᠠᠷᠢᠭᠤ ᠲᠤᠰᠬᠠᠬᠤ᠎ᠳᠠᠭᠠᠨ᠂ ᠣᠢ᠌ᠷ᠎ᠠ ᠵᠢᠨ ᠵᠢᠯ᠎ᠠᠴᠠ ᠨᠠᠭ᠋ᠠᠰᠢ᠂ ᠲᠣᠭᠣᠷᠢᠨ ᠪᠠᠢ᠌ᠴᠠᠭ᠋ᠠᠭᠳᠠᠭᠰᠠᠨ ᠨᠠᠮ᠎ᠤᠨ ᠵᠣᠬᠢᠶᠠᠨ ᠪᠠᠢ᠌ᠭᠤᠯᠤᠯᠲᠠ᠎ᠨᠤᠭᠤᠳ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠲᠤᠭᠤᠰᠢᠯᠠᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠢᠳᠡᠪᠬᠢᠲᠡᠢ ᠨᠠᠢ᠌ᠳᠠᠪᠤᠷᠢᠵᠢᠭᠤᠯᠵᠤ᠂ ᠡᠯ᠎ᠡ ᠵᠦᠢ᠍ᠯ᠎ᠤᠨ ᠠᠵᠢᠯ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠠᠢ ᠭᠡᠵᠦ ᠵᠢᠭ᠋ᠠᠵᠤ ᠭᠠᠷᠭ᠋ᠠᠪᠠ᠃
    ᠬᠠᠷᠢᠭᠤ ᠲᠤᠰᠬᠠᠬᠤ᠎ᠳᠠᠭᠠᠨ ᠪᠠᠰᠠ ᠲᠣᠭᠣᠷᠢᠨ ᠪᠠᠢ᠌ᠴᠠᠭ᠋ᠠᠭᠳᠠᠭᠰᠠᠨ ᠨᠠᠮ᠎ᠤᠨ ᠵᠣᠬᠢᠶᠠᠨ ᠪᠠᠢ᠌ᠭᠤᠯᠤᠯᠲᠠ᠎ᠳᠤ ᠣᠷᠣᠰᠢᠵᠤ ᠪᠠᠢ᠌ᠭ᠎ᠠ ᠠᠰᠠᠭᠤᠳᠠᠯ᠎ᠢ ᠵᠢᠭ᠋ᠠᠵᠤ ᠭᠠᠷᠭ᠋ᠠᠪᠠ᠃ ᠬᠣᠰᠢᠭᠤ ᠰᠢᠶᠠᠨ (ᠬᠣᠲᠠ᠂ ᠲᠣᠭᠣᠷᠢᠭ)᠎ᠢ ᠲᠣᠭᠣᠷᠢᠨ ᠪᠠᠢ᠌ᠴᠠᠭ᠋ᠠᠭᠰᠠᠨ ᠪᠠᠢ᠌ᠳᠠᠯ᠎ᠠᠴᠠ ᠦᠵᠡᠪᠡᠯ᠂ ᠵᠠᠷᠢᠮ᠎ᠨᠢ ᠡᠭᠦᠷᠭᠡ ᠴᠢᠳᠠᠪᠬᠢ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠠᠯ᠎ᠠ᠎ᠪᠠᠷ ᠵᠥᠷᠢᠶ᠎ᠡ᠎ᠲᠠᠢ ᠪᠠᠢ᠌ᠵᠤ᠂ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠵᠶ᠋ᠠᠷ ᠯᠠᠪᠳᠠᠭᠤᠨ ᠪᠠᠲᠤᠲᠠᠢ ᠪᠢᠰᠢ ᠪᠠᠢ᠌ᠨ᠎ᠠ; ᠵᠠᠷᠢᠮ᠎ᠨᠢ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢ ᠠᠬᠢᠭᠤᠯᠬᠤ ᠲᠠᠯ᠎ᠠ᠎ᠪᠠᠷ ᠪᠦᠲᠦᠮᠵᠢᠲᠡᠢ ᠪᠢᠰᠢ᠂ ᠤᠯᠠᠨ ᠲᠦᠮᠡᠨ᠎ᠤ ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ ᠬᠦᠰᠡᠵᠦ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ᠎ᠳᠤ ᠬᠦᠴᠦ ᠣᠷᠣᠭᠤᠯᠤᠭᠰᠠᠨ ᠵᠶ᠋ᠠᠷ ᠬᠦᠷᠦᠯᠴᠡᠬᠦ ᠦᠭᠡᠢ ᠪᠠᠢ᠌ᠨ᠎ᠠ; ᠵᠠᠷᠢᠮ᠎ᠨᠢ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠭᠰᠠᠨ ᠵᠶ᠋ᠠᠷ ᠴᠢᠩᠭ᠎ᠠ ᠪᠢᠰᠢ᠂ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠴᠢᠬᠤᠯᠠᠲᠠᠢ ᠪᠠᠢ᠌ᠨ᠎ᠠ᠃ ᠲᠣᠭᠣᠷᠢᠨ ᠪᠠᠢ᠌ᠴᠠᠭ᠋ᠠᠭᠰᠠᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ᠎ᠤᠨ ᠪᠠᠢ᠌ᠳᠠᠯ᠎ᠠᠴᠠ ᠦᠵᠡᠪᠡᠯ᠂ ᠵᠠᠷᠢᠮ᠎ᠨᠢ ᠤᠯᠤᠰ ᠲᠦᠷᠦ ᠵᠢᠨ ᠪᠠᠢ᠌ᠭᠤᠯᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠲᠠᠯ᠎ᠠ᠎ᠪᠠᠷ ᠬᠦᠷᠦᠯᠴᠡᠬᠦ ᠦᠭᠡᠢ᠂ ᠬᠣᠯᠪᠣᠭᠳᠠᠯ ᠪᠦᠬᠦᠢ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ ᠪᠦᠲᠦᠮᠵᠢᠲᠡᠢ ᠪᠢᠰᠢ; ᠵᠠᠷᠢᠮ᠎ᠨᠢ ᠡᠭᠦᠷᠭᠡ ᠴᠢᠳᠠᠪᠬᠢ ᠵᠢᠨ ᠪᠠᠢ᠌ᠷᠢ ᠲᠣᠭᠲᠠᠭ᠋ᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠤᠭᠰᠠᠨ ᠦᠭᠡᠢ᠂ ᠳᠣᠷᠣᠭᠰᠢ᠎ᠪᠠᠨ ᠲᠤᠬᠠᠢ᠌ᠯᠠᠭᠰᠠᠨ ᠠᠵᠢᠯ᠎ᠢ ᠵᠢᠯᠤᠭᠣᠳᠬᠤ ᠪᠠ ᠠᠵᠢᠯ ᠲᠦᠷᠦᠯ᠎ᠳᠤ ᠬᠢᠨᠠᠯᠲᠠ ᠲᠠᠯᠪᠢᠬᠤ ᠲᠠᠯ᠎ᠠ᠎ᠪᠠᠷ ᠭᠦᠨᠵᠡᠭᠡᠢ ᠪᠢᠰᠢ ᠪᠠᠢ᠌ᠨ᠎ᠠ᠃ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠢ ᠲᠣᠭᠣᠷᠢᠨ ᠪᠠᠢ᠌ᠴᠠᠭ᠋ᠠᠭᠰᠠᠨ ᠪᠠᠢ᠌ᠳᠠᠯ᠎ᠠᠴᠠ ᠦᠵᠡᠪᠡᠯ᠂ ᠵᠠᠷᠢᠮ᠎ᠨᠢ ᠭᠣᠣᠯ ᠠᠵᠢᠯ ᠵᠶ᠋ᠠᠨ ᠭᠦᠨᠵᠡᠭᠡᠢ᠌ᠷᠡᠭᠦᠯᠦᠨ ᠬᠢᠬᠦ ᠲᠠᠯ᠎ᠠ᠎ᠪᠠᠷ ᠵᠥᠷᠢᠶ᠎ᠡ᠎ᠲᠠᠢ ᠪᠠᠢ᠌ᠵᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠬᠦᠷᠦᠯᠴᠡᠬᠦ ᠦᠭᠡᠢ ᠪᠠᠢ᠌ᠨ᠎ᠠ; ᠵᠠᠷᠢᠮ᠎ᠨᠢ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠲᠠᠯ᠎ᠠ᠎ᠪᠠᠷ ᠡᠷᠴᠢᠮ ᠴᠢᠩᠭ᠎ᠠ ᠦᠭᠡᠢ᠂ ᠬᠠᠷᠢᠶ᠎ᠠ ᠠᠵᠤ ᠠᠬᠤᠢ᠌ᠯᠠᠯ ᠵᠶ᠋ᠠᠨ ᠬᠠᠮᠢᠶᠠᠷᠤᠨ ᠡᠵᠡᠮᠳᠡᠬᠦ ᠲᠠᠯ᠎ᠠ᠎ᠪᠠᠷ ᠬᠦᠷᠦᠯᠴᠡᠬᠦ ᠦᠭᠡᠢ ᠪᠠᠢ᠌ᠨ᠎ᠠ᠃
    ᠬᠠᠷᠢᠭᠤ ᠲᠤᠰᠬᠠᠬᠤ᠎ᠳᠠᠭᠠᠨ᠂ ᠲᠣᠭᠣᠷᠢᠨ ᠪᠠᠢ᠌ᠴᠠᠭ᠋ᠠᠭᠳᠠᠭᠰᠠᠨ ᠨᠠᠮ᠎ᠤᠨ ᠵᠣᠬᠢᠶᠠᠨ ᠪᠠᠢ᠌ᠭᠤᠯᠤᠯᠲᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠵᠢᠨ ᠲᠤᠰᠬᠠᠢ ᠰᠡᠳᠦᠪᠲᠦ ᠬᠤᠷᠠᠯ᠎ᠤᠨ ᠵᠣᠷᠢᠭ ᠰᠠᠨᠠᠭ᠎ᠠ ᠢᠯᠠᠩᠭᠤᠶ᠎ᠠ ᠰᠦᠨ ᠱᠤᠤ ᠴᠧᠩ ᠱᠦᠵᠢ ᠵᠢᠨ ᠶᠠᠷᠢᠶᠠᠨ᠎ᠤ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠵᠢᠨ ᠪᠠᠢ᠌ᠷᠢ ᠲᠣᠭᠲᠠᠭ᠋ᠠᠯᠲᠠ᠎ᠪᠠᠨ ᠤᠯᠠᠮ ᠨᠢᠭᠡ ᠠᠯᠬᠤᠮ ᠣᠨᠣᠪᠴᠢᠲᠠᠢ ᠡᠷᠢᠵᠦ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠯ ᠵᠶ᠋ᠡᠨ ᠡᠭᠦᠷᠭᠡᠯᠡᠵᠦ᠂ ᠠᠰᠠᠭᠤᠳᠠᠯ᠎ᠤᠨ ᠪᠤᠢ ᠪᠣᠯᠤᠭᠰᠠᠨ ᠰᠢᠯᠲᠠᠭ᠋ᠠᠨ᠎ᠢ ᠪᠦᠭᠦ ᠲᠠᠯ᠎ᠠ᠎ᠪᠠᠷ ᠡᠮᠬᠢᠯᠡᠵᠦ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢ ᠵᠦᠢ᠍ᠯ ᠳᠠᠷᠠᠭ᠋ᠠᠯᠠᠨ ᠲᠣᠭᠲᠠᠭ᠋ᠠᠵᠤ᠂ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠵᠢ ᠴᠢᠩᠭ᠎ᠠ ᠪᠣᠳᠠᠲᠠᠢ ᠲᠦᠷᠭᠡᠨ ᠰᠠᠢ᠌ᠲᠤᠷ ᠠᠳᠬᠤᠬᠤ ᠬᠡᠷᠡᠭᠲᠡᠢ᠃ ᠲᠣᠭᠣᠷᠢᠨ ᠪᠠᠢ᠌ᠴᠠᠭ᠋ᠠᠵᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠭᠤᠷᠪᠠᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠳᠥᠷᠪᠡᠳᠦᠭᠡᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ 2025 ᠣᠨ᠎ᠤ ᠠᠵᠢᠯ᠎ᠢ ᠲᠥᠯᠥᠪᠵᠢᠭᠦᠯᠬᠦ᠎ᠲᠠᠢ ᠤᠶᠠᠯᠳᠤᠭᠤᠯᠵᠤ᠂ ᠡᠳᠦᠷ ᠲᠤᠳᠤᠮ᠎ᠤᠨ ᠠᠵᠢᠯ᠎ᠳᠠᠭᠠᠨ ᠠᠭᠤᠰᠤᠯᠴᠠᠭᠤᠯᠵᠤ᠂ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠳᠤ ᠠᠭᠤᠰᠤᠯᠴᠠᠭᠤᠯᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠤᠳᠤᠷᠢᠳᠬᠤ ᠪᠠᠭ᠎ᠤᠨ ᠡᠩᠨᠡᠭᠡᠨ᠎ᠤ ᠪᠠᠢ᠌ᠭᠤᠯᠤᠯᠲᠠ᠎ᠳᠤ ᠠᠭᠤᠰᠤᠯᠴᠠᠭᠤᠯᠵᠤ᠂ ᠬᠠᠮᠲᠤ᠎ᠪᠠᠷ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ᠎ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠱᠠᠭ᠋ᠠᠷᠳᠠᠪᠠ᠃
    ᠬᠠᠷᠢᠭᠤ ᠲᠤᠰᠬᠠᠬᠤ᠎ᠳᠠᠭᠠᠨ᠂ ᠲᠣᠭᠣᠷᠢᠨ ᠪᠠᠢ᠌ᠴᠠᠭ᠋ᠠᠭᠳᠠᠭᠰᠠᠨ ᠨᠠᠮ᠎ᠤᠨ ᠵᠣᠬᠢᠶᠠᠨ ᠪᠠᠢ᠌ᠭᠤᠯᠤᠯᠲᠠ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠲᠥᠪ ᠴᠢᠩᠭ᠎ᠠ ᠤᠯᠤᠰ ᠲᠦᠷᠦ ᠵᠢᠨ ᠡᠭᠦᠷᠭᠡ ᠪᠤᠯᠭ᠋ᠠᠵᠤ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢᠨ ᠱᠦᠵᠢ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ᠎ᠪᠠᠨ ᠡᠷᠡᠰ ᠨᠠᠢ᠌ᠳᠠᠪᠤᠷᠢᠵᠢᠭᠤᠯᠵᠤ᠂ ᠤᠳᠤᠷᠢᠳᠬᠤ ᠪᠠᠭ᠎ᠤᠨ ᠪᠤᠰᠤᠳ ᠪᠦᠷᠢᠯᠳᠦᠭᠦᠨ᠎ᠤ 《ᠨᠢᠭᠡ ᠠᠵᠢᠯ᠎ᠤᠨ ᠪᠠᠢ᠌ᠷᠢ᠎ᠳᠤ ᠬᠣᠶᠠᠷ ᠬᠠᠷᠢᠭᠤᠴᠠᠯᠭ᠎ᠠ ᠡᠭᠦᠷᠭᠡᠯᠡᠬᠦ》᠎ᠪᠠᠨ ᠰᠠᠢ᠌ᠲᠤᠷ ᠭᠦᠢ᠍ᠴᠡᠳᠬᠡᠬᠦ ᠵᠢ ᠱᠠᠯᠠᠪᠳᠠᠭᠤᠯᠤᠨ ᠰᠠᠨᠠᠭᠤᠯᠬᠤ ᠬᠡᠷᠡᠭᠲᠡᠢ᠃ ᠬᠣᠯᠪᠣᠭᠳᠠᠯ ᠪᠦᠬᠦᠢ ᠡᠯ᠎ᠡ ᠲᠠᠯ᠎ᠠ ᠵᠢᠨ᠎ᠬᠢᠨ 《ᠠᠯᠳᠠᠭ᠎ᠠ ᠪᠤᠷᠤᠭᠤ᠎ᠪᠠᠨ ᠵᠠᠯᠠᠷᠠᠭᠤᠯᠬᠤ ᠪᠣᠯ ᠥᠭᠡᠷᠡᠴᠢᠯᠡᠯᠲᠡ ᠮᠥᠨ》 ᠭᠡᠬᠦ ᠣᠢ᠌ᠯᠠᠭ᠋ᠠᠭᠳᠠᠬᠤᠨ᠎ᠢ ᠪᠠᠲᠤ ᠪᠤᠶ ᠪᠤᠯᠭ᠋ᠠᠵᠤ᠂ 《ᠨᠢᠭᠡ ᠱᠤᠭᠤᠮ》᠎ᠤᠨ ᠬᠠᠷᠢᠭᠤᠴᠠᠯᠭ᠎ᠠ ᠵᠢᠨ ᠲᠣᠭᠲᠠᠴᠠ ᠵᠢ ᠨᠠᠢ᠌ᠳᠠᠪᠤᠷᠢᠵᠢᠭᠤᠯᠤᠨ ᠴᠡᠭᠴᠡᠯᠡᠨ ᠰᠠᠢ᠌ᠵᠢᠷᠠᠭᠤᠯᠵᠤ᠂ ᠠᠵᠢᠯ ᠲᠥᠷᠥᠯ᠎ᠤᠨ ᠴᠢᠨᠠᠷᠲᠠᠢ᠂ ᠬᠦᠷᠢᠶ᠎ᠡ ᠴᠠᠷᠠᠭ᠎ᠠ ᠵᠢᠨ ᠴᠢᠨᠠᠷᠲᠠᠢ ᠠᠰᠠᠭᠤᠳᠠᠯ᠎ᠢ ᠪᠣᠳᠠᠲᠠᠢ ᠴᠡᠭᠴᠡᠯᠡᠨ ᠰᠠᠢ᠌ᠵᠢᠷᠠᠭᠤᠯᠬᠤ᠂ ᠲᠤᠢ᠌ᠯᠪᠤᠷᠢᠲᠠᠢ ᠴᠡᠭᠴᠡᠯᠡᠨ ᠰᠠᠢ᠌ᠵᠢᠷᠠᠭᠤᠯᠬᠤ ᠵᠢ ᠠᠬᠢᠭᠤᠯᠵᠤ᠂ ᠢᠵᠢᠯ ᠴᠢᠭᠯᠡᠯ ᠵᠶ᠋ᠡᠷ ᠬᠦᠴᠦᠯᠡᠵᠦ᠂ ᠢᠵᠢᠯ ᠠᠯᠬᠤᠮ ᠵᠶ᠋ᠠᠷ ᠤᠷᠤᠭᠰᠢᠯᠠᠬᠤ ᠬᠡᠷᠡᠭᠲᠡᠢ᠃ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠪᠣᠯᠣᠨ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ ᠡᠳᠦᠷ ᠲᠤᠳᠤᠮ᠎ᠤᠨ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠭᠣᠣᠯᠳᠠᠯᠭ᠎ᠠ᠎ᠲᠠᠢ ᠠᠰᠠᠭᠤᠳᠠᠯ᠎ᠢ ᠴᠢᠩᠭ᠎ᠠ ᠠᠩᠬᠠᠷᠴᠤ᠂ ᠬᠠᠲᠠᠭᠤ᠎ᠲᠠᠢ᠎ᠨᠢ ᠬᠠᠯᠳᠠᠵᠤ ᠴᠡᠭᠴᠡᠯᠡᠨ ᠰᠠᠢ᠌ᠵᠢᠷᠠᠭᠤᠯᠬᠤ ᠵᠢ ᠱᠠᠯᠠᠪᠳᠠᠭᠤᠯᠤᠨ ᠱᠠᠭ᠋ᠠᠷᠳᠠᠵᠤ᠂ ᠬᠠᠰᠢ ᠶᠠᠰᠢ᠎ᠪᠠᠷ ᠴᠡᠭᠴᠡᠯᠡᠨ ᠰᠠᠢ᠌ᠵᠢᠷᠠᠭᠤᠯᠬᠤ᠂ ᠬᠤᠳᠠᠯ ᠬᠠᠭᠤᠷᠮᠠᠭ ᠵᠶ᠋ᠠᠷ ᠴᠡᠭᠴᠡᠯᠡᠨ ᠰᠠᠢ᠌ᠵᠢᠷᠠᠭᠤᠯᠤᠭᠰᠠᠨ ᠶᠠᠪᠤᠳᠠᠯ᠎ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
    ᠣᠢ᠌ᠯᠠᠭ᠋ᠠᠭᠰᠠᠨ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠪᠠᠰᠠ ᠵᠠᠷᠢᠮ ᠤᠳᠤᠷᠢᠳᠬᠤ ᠺᠠᠳ᠋ᠷ᠎ᠢ ᠲᠤᠰᠬᠠᠭᠰᠠᠨ ᠠᠰᠠᠭᠤᠳᠠᠯ᠎ᠤᠨ ᠰᠦᠪᠡᠭᠴᠢ ᠵᠢ ᠬᠣᠷᠢᠶᠠᠨ ᠣᠯᠵᠤ᠂ ᠲᠣᠭᠲᠠᠭ᠋ᠠᠯ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ ᠵᠡᠷᠭᠡ ᠬᠣᠯᠪᠣᠭᠳᠠᠯ ᠪᠦᠬᠦᠢ ᠲᠠᠯ᠎ᠠ᠎ᠳᠤ ᠰᠢᠯᠵᠢᠭᠦᠯᠦᠨ ᠰᠢᠢ᠍ᠳᠪᠦᠷᠢᠯᠡᠭᠦᠯᠪᠡ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》ᠢᠨᠵᠧᠨᠧᠷᠢᠩ᠎ᠤᠨ 2024 ᠣᠨ᠎ᠤ ᠠᠵᠢᠯ᠎ᠤᠨ ᠳ᠋ᠦᠩᠨᠡᠯᠲᠡ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2025 ᠣᠨ᠎ᠤ ᠨᠢᠭᠡᠳᠦᠭᠡᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠪᠠ
2025 ᠣᠨ᠎ᠤ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠬᠤᠷᠠᠯ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠳᠤ ᠪᠠᠢ᠌ᠴᠠᠭ᠋ᠠᠨ ᠰᠤᠳᠤᠯᠤᠯᠲᠠ ᠬᠢᠪᠡ
 
            