ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠨ᠎ᠡ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ᠎ᠢ ᠰᠤᠷᠪᠤᠯᠵᠢᠯᠠᠭᠰᠠᠨ᠎ᠨᠢ
ᠨᠡᠶ᠋ᠢᠲᠡᠯᠡᠭᠰᠡᠨ ᠴᠠᠭ᠄ 2025-01-17


    ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠂ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠣᠯᠭ᠋ᠠᠨ ᠪᠦᠲᠦᠭᠡᠨ ᠪᠠᠶ᠋ᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠣᠯᠭᠣᠭᠰᠠᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠪᠠ ᠴᠢᠬᠤᠯᠠ ᠶᠡᠬᠡ ᠬᠠᠷᠢᠭᠤᠴᠠᠯᠭ᠎ᠠ ᠪᠣᠯᠣᠨ᠎ᠠ᠃
     2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠡᠭᠦᠯ ᠬᠤᠷᠢᠶᠠᠬᠤ ᠵᠢᠯ ᠪᠣᠯᠣᠨ᠎ᠠ᠃ ᠥᠪᠥᠷ ᠮᠣᠩᠭᠣᠯ ᠬᠡᠷᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ ᠵᠢᠴᠢ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠨᠠᠩ ᠰᠠᠢ᠌ᠲᠤᠷ ᠠᠭᠤᠰᠤᠯᠴᠠᠬᠤ ᠪᠤᠶ? ᠡᠭᠦᠨ᠎ᠤ ᠲᠤᠬᠠᠢ ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ᠎ᠢ ᠲᠤᠰᠬᠠᠢ᠌ᠯᠠᠨ ᠰᠤᠷᠪᠤᠯᠵᠢᠯᠠᠪᠠ᠃
      ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠲᠠᠯ᠎ᠠ᠎ᠪᠠᠷ ᠨᠡᠩ ᠶᠡᠬᠡ ᠠᠬᠢᠴᠠ᠎ᠲᠠᠢ ᠪᠣᠯᠣᠨ᠎ᠠ
      ᠠᠰᠠᠭᠤᠯᠲᠠ᠄ ᠡᠨᠡ ᠵᠢᠯ ᠥᠪᠥᠷ ᠮᠣᠩᠭᠣᠯ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠬᠠᠷᠠᠯᠲᠠ ᠵᠢᠨ ᠲᠣᠭᠣᠷᠢᠨ᠎ᠳᠤ ᠶᠠᠮᠠᠷ ᠶᠠᠮᠠᠷ ᠭᠣᠣᠯᠳᠠᠯᠭ᠎ᠠ᠎ᠲᠠᠢ ᠠᠷᠭ᠎ᠠ ᠬᠡᠮᠵᠢᠶ᠎ᠡ ᠵᠢ ᠪᠠᠢ᠌ᠷᠢᠯᠠᠭᠤᠯᠤᠭᠰᠠᠨ ᠪᠤᠶ?
      ᠬᠠᠷᠢᠭᠤᠯᠲᠠ᠄ ᠥᠪᠥᠷ ᠮᠣᠩᠭᠣᠯ᠎ᠤᠨ ᠬᠥᠭᠵᠢᠯᠲᠡ᠎ᠳᠤ ᠰᠠᠢ᠌ᠨ ᠪᠠᠢ᠌ᠳᠠᠯ ᠢᠯᠡᠷᠡᠵᠦ᠂ ᠠᠵᠤ ᠠᠬᠤᠢ ᠨᠡᠢ᠌ᠭᠡᠮ ᠴᠢᠨᠠᠷ ᠰᠠᠢ᠌ᠲᠠᠢ ᠬᠥᠭᠵᠢᠯᠲᠡ ᠵᠢᠨ ᠰᠠᠢ᠌ᠨ ᠣᠷᠴᠢᠯ᠎ᠳᠤ ᠲᠦᠷᠭᠡᠨ ᠣᠷᠣᠭᠰᠠᠨ᠎ᠤ ᠦᠨᠳᠦᠰᠦᠨ ᠰᠢᠯᠲᠠᠭ᠋ᠠᠨ᠎ᠨᠢ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ ᠵᠢᠨ ᠬᠠᠯᠠᠮᠵᠢᠯᠠᠯ ᠪᠣᠯᠣᠨ ᠪᠠᠲᠤ ᠴᠢᠩᠭ᠎ᠠ ᠤᠳᠤᠷᠢᠳᠤᠯᠭ᠎ᠠ᠎ᠳᠤ ᠪᠠᠢ᠌ᠨ᠎ᠠ᠂ ᠡᠭᠦᠨ᠎ᠤ ᠬᠠᠮᠲᠤ ᠲᠥᠪ᠎ᠤᠨ ᠡᠯ᠎ᠡ ᠵᠦᠢ᠍ᠯ᠎ᠤᠨ ᠨᠥᠭᠡᠴᠡ ᠲᠦᠷᠦ ᠵᠢᠨ ᠪᠣᠳᠣᠯᠭ᠎ᠠ ᠪᠣᠯᠣᠨ ᠨᠡᠮᠡᠭᠳᠡᠯ ᠲᠦᠷᠦ ᠵᠢᠨ ᠪᠣᠳᠣᠯᠭ᠎ᠠ ᠵᠢᠨ ᠬᠦᠴᠦᠲᠡᠢ ᠲᠤᠯᠭ᠋ᠠᠭᠤᠷᠢᠯᠠᠯ᠎ᠳᠤ ᠪᠤᠢ᠂ ᠪᠦᠭᠦ ᠣᠷᠣᠨ᠎ᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠤ ᠡᠷᠡᠮᠡᠬᠡᠢ᠌ᠯᠡᠨ ᠲᠡᠮᠡᠴᠡᠬᠦ ᠴᠤᠭ ᠵᠣᠷᠢᠭ ᠵᠶ᠋ᠡᠷ ᠠᠵᠢᠯ ᠬᠢᠵᠦ ᠦᠢ᠍ᠯᠡᠰ ᠪᠣᠰᠬᠠᠭᠰᠠᠨ᠎ᠳᠤ ᠪᠠᠢ᠌ᠨ᠎ᠠ᠃
      ᠡᠨᠡ ᠵᠢᠯ᠂ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠵᠢᠭ᠋ᠠᠵᠤ ᠥᠭᠭᠦᠭᠰᠡᠨ ᠴᠢᠭᠯᠡᠯ ᠵᠶ᠋ᠡᠷ ᠯᠠᠪᠳᠠᠭᠤᠨ ᠪᠠᠲᠤᠲᠠᠢ ᠤᠷᠤᠭᠰᠢᠯᠠᠵᠤ᠂ 《ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ》 ᠲᠠᠯ᠎ᠠ᠎ᠪᠠᠷ ᠨᠠᠩ ᠶᠡᠬᠡ ᠠᠬᠢᠴᠠ᠎ᠲᠠᠢ ᠪᠤᠯᠬᠤ᠎ᠪᠠᠷ ᠴᠢᠷᠮᠠᠢ᠌ᠨ᠎ᠠ᠃ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠲᠠᠯ᠎ᠠ᠎ᠪᠠᠷ᠂ 《ᠲᠠᠪᠤᠨ ᠶᠡᠬᠡ ᠡᠭᠦᠷᠭᠡ》 ᠵᠢ ᠦᠷᠭᠦᠯᠵᠢᠯᠡᠨ ᠠᠬᠢᠭᠤᠯᠵᠤ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ᠂ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ᠂ ᠳᠤᠯᠠᠭ᠋ᠠᠯᠠᠭ᠎ᠠ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》᠂ ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢ᠌ᠭᠤᠯᠬᠤ 《ᠵᠢᠷᠭᠤᠭ᠋ᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠡᠬᠢᠵᠢᠭᠦᠯᠬᠦ ᠴᠢᠬᠤᠯᠠᠲᠠᠢ ᠵᠢ᠎ᠨᠢ ᠰᠠᠢ᠌ᠲᠤᠷ ᠪᠡᠬᠢᠵᠢᠭᠦᠯᠦᠨ᠂ ᠨᠥᠬᠥᠪᠦᠷᠢᠯᠡᠬᠦ ᠴᠢᠬᠤᠯᠠᠲᠠᠢ ᠳᠤᠲᠠᠭᠤᠳᠠᠯ᠎ᠢ ᠨᠥᠬᠥᠪᠦᠷᠢᠯᠡᠨ᠎ᠡ᠃
      ᠨᠢᠭᠡ᠎ᠳᠤ᠂ ᠴᠢᠬᠤᠯᠠ ᠶᠡᠬᠡ ᠲᠦᠷᠦᠯ ᠵᠦᠢ᠍ᠯ᠎ᠢ ᠤᠬᠠᠭ᠋ᠠᠯᠠᠨ ᠲᠥᠯᠥᠪᠯᠡᠬᠦ ᠠᠵᠢᠯᠯᠠᠭ᠎ᠠ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠴᠣᠩᠬᠣᠪᠴᠢ ᠵᠢᠨ ᠬᠤᠭᠤᠴᠠᠭ᠎ᠠ ᠵᠢ ᠠᠳᠬᠤᠵᠤ᠂ ᠨᠢᠭᠡ ᠪᠦᠯᠦᠭ ᠪᠡᠯᠭᠡ ᠲᠡᠮᠳᠡᠭ᠎ᠤᠨ ᠴᠢᠨᠠᠷᠲᠠᠢ᠂ ᠬᠥᠲᠥᠯᠥᠨ ᠳᠠᠭ᠋ᠠᠭᠤᠯᠬᠤ ᠴᠢᠨᠠᠷᠲᠠᠢ ᠴᠢᠬᠤᠯᠠ ᠶᠡᠬᠡ ᠢᠨᠵᠧᠨᠧᠷᠢᠩ᠎ᠢ ᠤᠬᠠᠭ᠋ᠠᠯᠠᠨ ᠲᠥᠯᠥᠪᠯᠡᠵᠦ᠂ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠵᠢ ᠦᠷᠭᠦᠯᠵᠢᠯᠡᠨ ᠴᠢᠩᠭ᠎ᠠ ᠠᠳᠬᠤᠵᠤ᠂ ᠭᠠᠵᠠᠷ ᠰᠢᠷᠣᠢ᠂ ᠪᠡᠯᠡ ᠮᠥᠩᠭᠥ ᠵᠡᠷᠭᠡ ᠴᠢᠬᠤᠯᠠ ᠡᠯᠧᠮᠧᠨ᠋ᠲ᠎ᠤᠨ ᠪᠠᠲᠤᠯᠠᠭ᠎ᠠ ᠵᠢ ᠴᠢᠩᠭ᠋ᠠᠳᠬᠠᠵᠤ᠂ ᠲᠦᠷᠦᠯ ᠵᠦᠢ᠍ᠯ᠎ᠤᠨ ᠲᠦᠷᠭᠡᠨ ᠪᠦᠲᠦᠭᠡᠨ ᠪᠠᠢ᠌ᠭᠤᠯᠵᠤ ᠲᠦᠷᠭᠡᠨ ᠠᠰᠢᠭᠯᠠᠯᠲᠠ᠎ᠳᠤ ᠣᠷᠣᠬᠤ ᠵᠢ ᠠᠬᠢᠭᠤᠯᠵᠤ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠨᠥᠭᠡᠴᠡ ᠬᠦᠴᠦᠨ᠎ᠢ ᠨᠡᠮᠡᠭᠳᠡᠭᠦᠯᠬᠦ᠎ᠳᠤ ᠲᠤᠯᠭ᠋ᠠᠭᠤᠷᠢᠯᠠᠯ ᠬᠠᠩᠭ᠋ᠠᠨ᠎ᠠ᠃
      ᠬᠣᠶᠠᠷ᠎ᠲᠤ᠂ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ᠂ ᠠᠷᠭ᠎ᠠ ᠪᠦᠭᠦᠨ᠎ᠢ ᠰᠦᠪᠡᠭᠴᠢᠯᠡᠵᠦ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠲᠠᠢ ᠠᠰᠠᠭᠤᠳᠠᠯ᠎ᠢ᠎ᠨᠢ ᠰᠢᠢ᠍ᠳᠪᠦᠷᠢᠯᠡᠨ ᠥᠭᠴᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠯ᠎ᠡ ᠱᠠᠲᠤᠨ᠎ᠤ᠎ᠬᠢᠨ᠎ᠤ ᠪᠠᠩᠬᠢ ᠵᠢᠨ ᠵᠢᠭᠡᠯᠡᠯᠭᠡ ᠲᠠᠯᠪᠢᠬᠤ᠂ ᠵᠠᠰᠠᠭ᠎ᠤᠨ ᠣᠷᠳᠣᠨ᠎ᠤ ᠳᠠᠭ᠋ᠠᠭ᠋ᠠᠴᠢᠯᠠᠯᠲᠠ ᠵᠠᠷᠯᠠᠬᠤ ᠳᠤᠮᠳᠠ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠳᠤ ᠨᠢᠭᠡ ᠯᠡ ᠠᠳᠠᠯᠢ᠎ᠪᠠᠷ ᠬᠠᠨᠳᠤᠬᠤ ᠵᠢ ᠠᠬᠢᠭᠤᠯᠵᠤ᠂ ᠠᠵᠤ ᠠᠬᠤᠢ᠌ᠯᠠᠯ᠎ᠤᠨ ᠬᠢᠨᠠᠨ ᠵᠥᠪᠰᠢᠶᠡᠷᠡᠬᠦ ᠵᠦᠢ᠍ᠯᠡᠰ᠎ᠢ ᠭᠦᠢ᠍ᠴᠡᠳᠬᠡᠬᠦ᠎ᠳᠤ ᠬᠠᠪᠰᠤᠷᠤᠨ ᠭᠦᠢ᠍ᠴᠡᠳᠬᠡᠵᠦ ᠣᠷᠣᠯᠠᠨ ᠭᠦᠢ᠍ᠴᠡᠳᠬᠡᠵᠦ ᠥᠭᠬᠦ ᠦᠢ᠍ᠯᠡᠴᠢᠯᠡᠭᠡ ᠬᠠᠩᠭ᠋ᠠᠨ᠎ᠠ᠃
      ᠭᠤᠷᠪᠠ᠎ᠳᠤ᠂ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ᠂ ᠠᠷᠭ᠎ᠠ ᠰᠦᠪᠡᠭᠴᠢᠯᠡᠨ ᠠᠵᠤ ᠠᠬᠤᠢ᠌ᠯᠠᠯ᠎ᠢ ᠢᠯᠡᠭᠦᠬᠡᠨ ᠡᠷᠭᠢᠯᠡᠵᠤ᠂ ᠠᠵᠢᠯ ᠣᠯᠭᠣᠯᠲᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠬᠤ ᠪᠠ ᠠᠵᠢᠯ ᠣᠯᠭᠣᠯᠲᠠ᠎ᠳᠤ ᠦᠢ᠍ᠯᠡᠴᠢᠯᠡᠬᠦ ᠵᠢ ᠬᠠᠨᠳᠤᠯᠭ᠋ᠠᠲᠤ ᠴᠢᠨᠠᠷᠲᠠᠢ᠎ᠪᠠᠷ ᠰᠠᠢ᠌ᠲᠤᠷ ᠬᠢᠵᠦ᠂ ᠵᠠᠬ᠎ᠠ ᠳᠡᠯᠭᠡᠭᠦᠷ᠎ᠤᠨ ᠬᠡᠷᠡᠭᠴᠡᠭᠡ ᠵᠢ ᠣᠨᠢᠯᠠᠨ ᠪᠣᠯᠪᠠᠰᠤᠷᠠᠯ ᠥᠷᠨᠢᠭᠦᠯᠵᠦ᠂ ᠠᠵᠤ ᠠᠬᠤᠢ᠌ᠯᠠᠯ᠎ᠤᠨ ᠣᠢ᠌ᠷ᠎ᠠ ᠬᠠᠪᠢ᠎ᠳᠠᠭᠠᠨ ᠲᠤᠬᠠᠢ ᠵᠢᠨ ᠭᠠᠵᠠᠷ᠎ᠲᠠᠭᠠᠨ ᠠᠵᠢᠯᠴᠢᠨ ᠬᠡᠷᠡᠭᠯᠡᠬᠦ ᠵᠢ ᠬᠥᠲᠥᠯᠥᠨ ᠵᠢᠯᠤᠭᠣᠳᠴᠤ᠂ ᠬᠠᠮᠤᠭ᠎ᠤᠨ ᠶᠡᠬᠡ ᠴᠢᠷᠮᠠᠢ᠌ᠯᠭ᠎ᠠ ᠭᠠᠷᠭ᠋ᠠᠵᠤ ᠤᠯᠠᠨ ᠲᠦᠮᠡᠨ᠎ᠢ ᠬᠠᠪᠰᠤᠷᠤᠨ ᠠᠵᠢᠯ ᠣᠯᠭᠣᠨ᠎ᠠ᠃
      ᠳᠥᠷᠪᠡ᠎ᠳᠤ᠂ ᠤᠰᠤ ᠠᠷᠪᠢᠯᠠᠬᠤ ᠠᠵᠢᠯᠯᠠᠭ᠎ᠠ᠂ ᠲᠠᠷᠢᠶᠠᠯᠠᠩ᠎ᠤᠨ ᠤᠰᠤ ᠠᠷᠪᠢᠯᠠᠬᠤ ᠤᠰᠤᠯᠠᠯᠲᠠ᠂ ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠤᠰᠤ ᠠᠷᠪᠢᠯᠠᠨ ᠬᠡᠷᠡᠭᠯᠡᠬᠦ᠂ ᠬᠡᠪ᠎ᠤᠨ ᠪᠤᠰᠤ ᠤᠰᠤ ᠵᠢ ᠠᠰᠢᠭᠯᠠᠬᠤ ᠪᠠ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠵᠶ᠋ᠠᠷ ᠤᠰᠤ ᠠᠷᠪᠢᠯᠠᠬᠤ ᠦᠷ᠎ᠡ ᠪᠦᠳᠦᠮᠵᠢ ᠵᠢ ᠳᠡᠭᠡᠭᠰᠢᠯᠡᠭᠦᠯᠭᠦ ᠵᠡᠷᠭᠡ ᠠᠷᠭ᠎ᠠ᠎ᠪᠠᠷ ᠳᠠᠮᠵᠢᠨ᠂ ᠠᠷᠪᠢᠯᠠᠵᠤ ᠪᠤᠯᠬᠤ ᠤᠰᠤ ᠵᠢ ᠪᠦᠭᠦᠨ᠎ᠢ ᠠᠷᠪᠢᠯᠠᠨ᠎ᠠ᠃
      ᠲᠠᠪᠤ᠎ᠳᠤ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ ᠥᠷᠨᠢᠭᠦᠯᠦᠨ᠂ ᠣᠷᠣᠰ ᠮᠣᠩᠭᠣᠯ ᠲᠡᠢ᠌ᠰᠢ ᠨᠡᠭᠡᠭᠡᠯᠲᠡ ᠬᠢᠬᠦ ᠵᠢ ᠤᠯᠠᠮ ᠨᠢᠭᠡ ᠠᠯᠬᠤᠮ ᠥᠷᠭᠡᠳᠬᠡᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ ᠪᠣᠯᠣᠨ ᠵᠡᠭᠦᠨ ᠬᠣᠢ᠌ᠲᠤ ᠵᠢᠨ ᠭᠤᠷᠪᠠᠨ ᠮᠤᠵᠢ ᠵᠡᠷᠭᠡ ᠭᠠᠵᠠᠷ ᠣᠷᠣᠨ᠎ᠯᠤᠭ᠎ᠠ ᠵᠢᠨ ᠬᠠᠮᠲᠤᠷᠠᠯᠴᠠᠭ᠎ᠠ ᠵᠢ ᠴᠢᠩᠭ᠋ᠠᠳᠬᠠᠨ᠂ ᠪᠡᠭᠡᠵᠢᠩ ᠥᠪᠥᠷ ᠮᠣᠩᠭᠣᠯ᠎ᠤᠨ ᠪᠦᠭᠦ ᠲᠠᠯ᠎ᠠ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠵᠡᠭᠦᠨ ᠳᠤᠮᠳᠠ ᠪᠠᠷᠠᠭᠤᠨ ᠬᠡᠰᠡᠭ᠎ᠤᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠵᠢ ᠠᠬᠢᠭᠤᠯᠤᠨ᠎ᠠ᠃
      ᠵᠢᠷᠭᠤᠭ᠎ᠠ᠎ᠳᠤ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢᠨ ᠳᠡᠭᠡᠭᠰᠢᠯᠡᠭᠦᠯᠭᠦ ᠠᠵᠢᠯᠯᠠᠭ᠎ᠠ ᠵᠢ ᠥᠷᠨᠢᠭᠦᠯᠦᠨ᠂ ᠰᠤᠳᠤᠯᠤᠨ ᠲᠠᠢ᠌ᠯᠪᠤᠷᠢᠯᠠᠬᠤ ᠪᠠ ᠤᠬᠠᠭᠤᠯᠤᠨ ᠳᠡᠯᠭᠡᠨ ᠦᠵᠡᠭᠦᠯᠭᠦ ᠵᠢ ᠴᠢᠩᠭ᠋ᠠᠳᠬᠠᠵᠤ᠂ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠵᠢ ᠳᠡᠮᠵᠢᠵᠦ᠂ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠤᠮᠠᠷᠠᠲᠤ ᠬᠢᠯᠢ ᠵᠢᠨ ᠰᠣᠶᠣᠯ᠎ᠢ ᠨᠠᠩ ᠨᠡᠷ᠎ᠡ ᠠᠯᠳᠠᠷᠰᠢᠭᠤᠯᠬᠤ ᠪᠠ ᠲᠠᠲᠠᠬᠤ ᠬᠦᠴᠦᠨ᠎ᠲᠠᠢ ᠪᠣᠯᠭ᠋ᠠᠨ᠎ᠠ᠃
      ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠪᠣᠬᠢᠷᠳᠤᠯ ᠦᠭᠡᠢ ᠬᠥᠭᠵᠢᠯᠲᠡ ᠵᠢ ᠠᠬᠢᠭᠤᠯᠤᠨ᠎ᠠ
      ᠠᠰᠠᠭᠤᠯᠲᠠ᠄ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠲᠤᠬᠠᠢ ᠪᠠᠢ᠌ᠷᠢᠯᠠᠭᠤᠯᠤᠯᠲᠠ ᠬᠢᠪᠡ᠂ ᠡᠭᠦᠨ᠎ᠤ ᠲᠤᠬᠠᠢ ᠥᠪᠥᠷ ᠮᠣᠩᠭᠣᠯ ᠬᠡᠷᠬᠢᠨ ᠤᠬᠠᠭ᠋ᠠᠯᠠᠨ ᠲᠥᠯᠥᠪᠯᠡᠬᠦ ᠪᠤᠶ?
      ᠬᠠᠷᠢᠭᠤᠯᠲᠠ᠄ ᠪᠢᠳᠡ ᠪᠣᠬᠢᠷᠳᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠬᠥᠭᠵᠢᠯᠲᠡ ᠵᠢᠨ ᠪᠦᠭᠦ ᠶᠠᠪᠤᠴᠠ᠎ᠳᠤ ᠲᠤᠭᠤᠰᠢᠯᠠᠭᠤᠯᠵᠤ᠂ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠂ ᠪᠣᠬᠢᠷᠳᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠯ᠎ᠢ ᠬᠠᠮᠵᠢᠯᠴᠠᠨ ᠠᠬᠢᠭᠤᠯᠵᠤ᠂ 《ᠦᠵᠡᠰᠬᠦᠯᠡᠩᠲᠦ ᠰᠠᠢ᠌ᠬᠠᠨ ᠬᠢᠭᠡᠳ ᠬᠥᠭᠵᠢᠯᠲᠡ ᠵᠢᠨ ᠬᠣᠣᠰ ᠠᠰᠢᠭ ᠭᠦᠷᠳᠡᠭᠦ》 ᠵᠢ ᠴᠢᠷᠮᠠᠢ᠌ᠨ ᠪᠡᠶᠡᠯᠡᠭᠦᠯᠦᠨ᠎ᠡ᠃
      ᠨᠢᠭᠡ ᠲᠠᠯ᠎ᠠ᠎ᠪᠠᠷ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢ ᠠᠳᠬᠤᠵᠤ᠂ ᠡᠬᠢ ᠪᠠᠶᠠᠯᠢᠭ᠎ᠤᠨ ᠬᠦᠴᠦᠨ᠎ᠢ ᠨᠢᠭᠡᠳᠦᠯᠲᠡᠢ ᠲᠥᠯᠥᠪᠵᠢᠭᠦᠯᠦᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠰᠠᠢ᠌ᠲᠤᠷ ᠬᠢᠨ᠎ᠡ᠃ ᠡᠨᠡ ᠵᠢᠯ ᠨᠢᠭᠡᠨᠲᠡ ᠵᠠᠰᠠᠭᠰᠠᠨ ᠣᠷᠣᠨ ᠪᠦᠰᠡ ᠵᠢᠨ ᠳᠤᠲᠠᠭᠤᠳᠠᠯ᠎ᠢ ᠪᠠᠢ᠌ᠴᠠᠭ᠋ᠠᠨ ᠨᠥᠬᠥᠪᠦᠷᠢᠯᠡᠬᠦ᠂ ᠰᠡᠷᠭᠦᠭᠡᠵᠦ ᠬᠠᠮᠢᠶᠠᠷᠤᠨ ᠬᠠᠮᠠᠭ᠋ᠠᠯᠠᠬᠤ ᠵᠢ ᠰᠠᠢ᠌ᠲᠤᠷ ᠠᠳᠬᠤᠬᠤ ᠵᠢᠨ ᠵᠡᠷᠭᠡ᠎ᠪᠠᠷ᠂ ᠳᠠᠭᠢᠨ 2000 ᠲᠦᠮᠡᠨ ᠮᠦ᠍᠎ᠠᠴᠠ ᠳᠡᠭᠡᠭᠰᠢ ᠡᠯᠡᠰᠦ ᠵᠢ ᠵᠠᠰᠠᠬᠤ᠎ᠪᠠᠷ ᠲᠥᠯᠥᠪᠯᠡᠵᠦ᠂ ᠬᠠᠲᠤᠨ ᠭᠣᠣᠯ᠎ᠤᠨ 《ᠶᠡᠬᠡ ᠲᠣᠬᠣᠢ》 ᠵᠢᠨ ᠡᠷᠭᠢ ᠳᠠᠭ᠋ᠠᠤ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦᠨ᠎ᠤ ᠵᠠᠬ᠎ᠠ ᠵᠢ ᠪᠡᠬᠢᠯᠡᠬᠦ ᠨᠣᠭᠣᠭ᠋ᠠᠷᠠᠭᠤᠯᠤᠯᠲᠠ ᠵᠢᠨ ᠪᠦᠰᠡ ᠵᠢ ᠪᠦᠭᠦ ᠱᠤᠭᠤᠮ ᠵᠶ᠋ᠠᠷ ᠨᠡᠪᠲᠡᠷᠡᠭᠦᠯᠬᠦ ᠵᠢ ᠠᠬᠢᠭᠤᠯᠵᠤ᠂ ᠪᠠᠳᠠᠢ ᠵᠢᠨ ᠵᠢᠷᠠᠨ᠂ ᠲᠡᠭᠷᠢ ᠡᠯᠡᠰᠦ ᠵᠢ ᠲᠣᠭᠲᠠᠪᠤᠷᠢᠵᠢᠭᠤᠯᠤᠨ ᠪᠡᠬᠢᠯᠡᠬᠦ ᠨᠣᠭᠣᠭ᠋ᠠᠷᠠᠭᠤᠯᠤᠯᠲᠠ ᠵᠢᠨ ᠪᠦᠰᠡ ᠵᠢ ᠬᠣᠯᠪᠣᠨ ᠵᠠᠯᠭ᠋ᠠᠯᠳᠤᠭᠤᠯᠬᠤ ᠵᠢ ᠪᠡᠶᠡᠯᠡᠭᠦᠯᠦᠨ᠎ᠡ᠃ ᠡᠭᠦᠨ᠎ᠤ ᠵᠡᠷᠭᠡ᠎ᠪᠠᠷ᠂ ᠬᠥᠬᠡ ᠣᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ᠎ᠢ ᠪᠦᠭᠦ ᠲᠠᠯ᠎ᠠ᠎ᠪᠠᠷ ᠰᠢᠢ᠍ᠳᠪᠦᠷᠢᠯᠡᠬᠦ ᠵᠢ ᠠᠬᠢᠭᠤᠯᠤᠨ᠎ᠠ᠃ ᠨᠢᠭᠡ ᠲᠠᠯ᠎ᠠ᠎ᠪᠠᠷ ᠰᠢᠨ᠎ᠡ ᠡᠨᠧᠷᠭᠢ ᠵᠢ ᠶᠡᠬᠡ ᠬᠡᠪᠴᠢᠶ᠎ᠡ᠎ᠪᠠᠷ ᠨᠡᠭᠡᠭᠡᠨ ᠠᠰᠢᠭᠯᠠᠬᠤ ᠵᠢ ᠠᠬᠢᠭᠤᠯᠵᠤ᠂ ᠣᠲᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠠᠵᠢᠯ᠎ᠢ ᠰᠠᠢ᠌ᠲᠤᠷ ᠬᠢᠨ᠎ᠡ᠃ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠲᠡᠰ ᠳᠡᠪᠰᠢᠭᠦᠯᠬᠦ ᠠᠯᠬᠤᠮ ᠵᠶ᠋ᠠᠨ ᠲᠦᠷᠭᠡᠳᠬᠡᠵᠦ᠂ ᠨᠡᠭᠦᠷᠡᠰᠦ᠂ ᠰᠢᠨ᠎ᠡ ᠡᠨᠧᠷᠭᠢ ᠵᠡᠷᠭᠡ ᠠᠵᠤ ᠦᠢ᠍ᠯᠡᠰ᠎ᠤᠨ ᠬᠥᠭᠵᠢᠯᠲᠡ ᠵᠢ ᠪᠦᠭᠦ ᠬᠡᠯᠬᠢᠶ᠎ᠡ᠎ᠪᠠᠷ ᠠᠬᠢᠭᠤᠯᠵᠤ᠂ ᠨᠡᠭᠦᠷᠡᠰᠦ ᠬᠤᠳᠠᠯᠳᠤᠬᠤ ᠵᠢ ᠴᠠᠭᠢᠯᠭ᠋ᠠᠨ ᠳᠠᠮᠵᠢᠭᠤᠯᠬᠤ ᠪᠣᠯᠭ᠋ᠠᠨ ᠬᠤᠪᠢᠷᠠᠭᠤᠯᠵᠤ᠂ ᠲᠦᠯᠡᠰᠢ ᠵᠢ ᠲᠦᠭᠦᠬᠡᠢ ᠡᠳ᠋ ᠪᠣᠯᠭ᠋ᠠᠨ ᠬᠤᠪᠢᠷᠠᠭᠤᠯᠵᠤ᠂ ᠪᠣᠬᠢᠷᠳᠤᠯ ᠦᠭᠡᠢ ᠴᠠᠭᠢᠯᠭ᠋ᠠᠨ ᠭᠠᠷᠭ᠋ᠠᠬᠤ ᠵᠢ ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ ᠪᠣᠬᠢᠷᠳᠤᠯ ᠦᠭᠡᠢ ᠠᠯᠺᠤᠣᠯ ᠪᠣᠯᠭ᠋ᠠᠨ ᠬᠡᠯᠬᠢᠶ᠎ᠡ ᠵᠢ ᠤᠷᠲᠤᠳᠬᠠᠨ᠎ᠠ᠃ ᠥᠪᠥᠷ ᠮᠣᠩᠭᠣᠯ᠎ᠤᠨ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠣᠷᠣᠨ ᠵᠠᠢ ᠥᠷᠭᠡᠨ ᠠᠭᠤᠳᠠᠮ᠂ ᠪᠢᠳᠠ ᠴᠠᠭᠢᠯᠭ᠋ᠠᠨ᠎ᠤ ᠢᠷᠡᠯᠲᠡ ᠵᠢ ᠨᠡᠮᠡᠭᠳᠡᠭᠦᠯᠬᠦ᠂ ᠴᠠᠭᠢᠯᠭ᠋ᠠᠨ ᠲᠣᠣᠷ᠎ᠢ ᠰᠢᠯᠢᠳᠡᠭᠵᠢᠭᠦᠯᠬᠦ᠂ ᠲᠤᠬᠠᠢ ᠵᠢᠨ ᠭᠠᠵᠠᠷ᠎ᠲᠠᠭᠠᠨ ᠰᠢᠩᠭᠡᠭᠡᠬᠦ ᠵᠢ ᠥᠷᠭᠡᠳᠬᠡᠬᠦ᠂ ᠡᠨᠧᠷᠭᠢ ᠨᠥᠭᠡᠴᠡᠯᠡᠬᠦ ᠵᠢ ᠬᠦᠴᠦᠷᠬᠡᠭᠵᠢᠭᠦᠯᠬᠦ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ᠂ ᠤᠯᠤᠰ᠎ᠤᠨ ᠴᠠᠭᠢᠯᠭ᠋ᠠᠨ ᠲᠣᠣᠷ᠎ᠯᠤᠭ᠎ᠠ ᠬᠠᠮᠲᠤᠷᠠᠯᠴᠠᠭᠰᠠᠨ ᠰᠠᠨᠠᠭᠤᠯᠤᠮᠵᠢ᠎ᠳᠤ ᠲᠣᠬᠢᠷᠠᠯᠴᠠᠭᠰᠠᠨ ᠵᠦᠢ᠍ᠯᠡᠰ᠎ᠢ ᠨᠠᠢ᠌ᠳᠠᠪᠤᠷᠢᠵᠢᠭᠤᠯᠬᠤ ᠵᠢ ᠪᠦᠭᠦ ᠬᠦᠴᠦᠨ ᠵᠶ᠋ᠡᠷ ᠠᠬᠢᠭᠤᠯᠵᠤ᠂ 《ᠡᠯᠡᠰᠦ ᠭᠣᠪᠢ ᠴᠦᠯ》᠎ᠤᠨ ᠲᠣᠮᠣ ᠰᠠᠭᠤᠷᠢᠨ ᠪᠣᠯᠣᠨ ᠴᠠᠭᠢᠯᠭ᠋ᠠᠨ ᠬᠦᠴᠦᠨ᠎ᠢ ᠭᠠᠳᠠᠭᠰᠢ ᠬᠦᠷᠭᠡᠬᠦ ᠵᠠᠮ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠰᠢᠨ᠎ᠡ ᠭᠡᠯᠪᠡᠷᠢ ᠵᠢᠨ ᠡᠨᠧᠷᠭᠢ ᠨᠥᠭᠡᠴᠡᠯᠡᠬᠦ ᠲᠦᠷᠦᠯ ᠵᠦᠢ᠍ᠯ᠎ᠢ ᠶᠡᠬᠡ᠎ᠪᠠᠷ ᠬᠡᠷᠡᠭᠵᠢᠭᠦᠯᠵᠦ᠂ ᠪᠣᠬᠢᠷᠳᠤᠯ ᠦᠭᠡᠢ ᠤᠰᠤᠲᠥ᠋ᠷᠥᠭᠴᠢ ᠵᠢᠨ 《ᠦᠢ᠍ᠯᠡᠳᠬᠦ ᠨᠥᠭᠡᠴᠡᠯᠡᠬᠦ ᠬᠦᠷᠭᠡᠬᠦ ᠬᠡᠷᠡᠭᠯᠡᠬᠦ》 ᠬᠡᠯᠬᠢᠶᠡᠵᠢᠭᠰᠡᠨ ᠬᠥᠭᠵᠢᠯᠲᠡ ᠵᠢ ᠠᠬᠢᠭᠤᠯᠵᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠰᠢᠨ᠎ᠡ ᠡᠨᠧᠷᠭᠢ ᠵᠢᠨ ᠪᠦᠭᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢᠨ ᠥᠨᠳᠥᠷᠯᠢᠭ᠎ᠢ ᠴᠢᠷᠮᠠᠢ᠌ᠨ ᠴᠣᠭᠴᠠᠯᠠᠨ᠎ᠠ᠃
      ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠵᠤ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠦᠨ᠎ᠡ
      ᠠᠰᠠᠭᠤᠯᠳᠠ᠄ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢ ᠬᠥᠲᠥᠯᠥᠨ ᠳᠠᠭ᠋ᠠᠭᠤᠯᠵᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲᠸᠮ᠎ᠢ ᠪᠠᠢ᠌ᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠂ ᠥᠪᠥᠷ ᠮᠣᠩᠭᠣᠯ ᠡᠨᠡ ᠠᠵᠢᠯ᠎ᠢ ᠬᠡᠷᠬᠢᠨ ᠠᠬᠢᠭᠤᠯᠬᠤ ᠪᠤᠢ?
      ᠬᠠᠷᠢᠭᠤᠯᠲᠠ᠄ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠣᠯ ᠥᠪᠥᠷ ᠮᠣᠩᠭᠣᠯ᠎ᠤᠨ ᠲᠣᠪᠣᠢ᠌ᠮ᠎ᠠ ᠳᠤᠲᠠᠭᠤᠳᠠᠯ ᠪᠣᠯᠣᠨ᠎ᠠ᠂ ᠪᠢᠳᠡ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠤᠶ ᠪᠤᠯᠭ᠋ᠠᠵᠤ ᠳᠡᠢ᠌ᠯᠭᠦ ᠬᠦᠰᠡᠯ ᠡᠷᠡᠮᠡᠯᠵᠡᠯ᠎ᠲᠠᠢ 《ᠪᠦᠰᠡᠯᠡᠯᠲᠡ ᠰᠢᠪᠲᠤᠯᠬᠤ》 ᠴᠡᠭ᠎ᠢ ᠴᠢᠩᠭ᠎ᠠ ᠠᠳᠬᠤᠵᠤ ᠦᠷᠭᠦᠯᠵᠢᠯᠡᠨ ᠪᠣᠭᠣᠮᠲᠠ ᠰᠢᠪᠲᠤᠯᠵᠤ᠂ ᠨᠢᠭᠡᠨᠲᠡ ᠪᠠᠢ᠌ᠷᠢᠯᠠᠭᠤᠯᠤᠭᠰᠠᠨ 5 ᠴᠡᠭ ᠳᠡᠭᠡᠷ᠎ᠡ ᠠᠯᠢ ᠲᠦᠷᠭᠡᠨ ᠵᠶ᠋ᠡᠷ ᠮᠡᠷᠭᠡᠵᠢᠯ᠎ᠤᠨ ᠰᠢᠪᠲᠤᠯᠤᠯᠲᠠ ᠭᠠᠷᠭ᠋ᠠᠵᠤ᠂ ᠵᠣᠬᠢᠶᠠᠮᠠᠯ ᠣᠶᠤᠨ ᠴᠢᠳᠠᠪᠤᠷᠢ + ᠣᠢ᠌ᠷ᠎ᠠ ᠣᠭᠲᠠᠷᠭᠤᠢ ᠵᠢᠨ ᠠᠵᠤ ᠠᠬᠤᠢ᠂ ᠠᠮᠢᠳᠤ ᠪᠣᠳᠠᠰ᠎ᠤᠨ ᠮᠡᠷᠭᠡᠵᠢᠯ ᠵᠡᠷᠭᠡ ᠬᠦᠷᠢᠶᠡᠨ᠎ᠳᠤ ᠪᠠᠰᠠ ᠨᠢᠭᠡ ᠪᠦᠯᠦᠭ ᠰᠢᠨ᠎ᠡ ᠴᠡᠭ᠎ᠢ ᠡᠬᠢᠯᠡᠭᠦᠯᠵᠦ᠂ ᠣᠯᠠᠨ ᠲᠠᠯ᠎ᠠ᠎ᠪᠠᠷ ᠬᠥᠭᠵᠢᠭᠦᠯᠦᠨ ᠴᠡᠴᠡᠭᠯᠡᠭᠦᠯᠬᠦ ᠵᠢ ᠴᠢᠷᠮᠠᠢ᠌ᠨ ᠪᠡᠶᠡᠯᠡᠭᠦᠯᠦᠨ᠎ᠡ᠃ ᠳᠡᠭᠡᠳᠦ ᠳᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠢ ᠦᠷᠭᠦᠯᠵᠢᠯᠡᠨ ᠡᠭᠦᠳᠦᠨ ᠪᠠᠢ᠌ᠭᠤᠯᠵᠤ᠂ ᠭᠦᠭᠡᠬᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠭᠦ ᠲᠣᠭᠣᠷᠢᠭ᠂ ᠤᠯᠤᠰ᠎ᠤᠨ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠵᠡᠷᠭᠡ ᠵᠢ ᠵᠥᠪᠰᠢᠶᠡᠷᠡᠭᠦᠯᠬᠦ᠎ᠪᠠᠷ ᠴᠢᠷᠮᠠᠢ᠌ᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠠᠬᠢ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠠᠯᠪᠠᠳᠠᠯᠭ᠎ᠠ ᠵᠢᠨ ᠴᠢᠨᠠᠷᠲᠠᠢ ᠨᠡᠮᠡᠭᠳᠡᠭᠦᠯᠬᠦ ᠲᠣᠭᠲᠠᠴᠠ ᠵᠢ ᠰᠠᠢ᠌ᠲᠤᠷ ᠨᠠᠢ᠌ᠳᠠᠪᠤᠷᠢᠵᠢᠭᠤᠯᠤᠨ᠂ 《ᠮᠧᠩ ᠺᠧ ᠵᠢᠦᠢ》ᠲᠠᠪᠴᠠᠩ᠎ᠤᠨ ᠴᠢᠬᠤᠯᠠ ᠶᠡᠬᠡ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠨᠠᠩ ᠰᠠᠢ᠌ᠲᠤᠷ ᠪᠠᠳᠠᠷᠠᠭᠤᠯᠵᠤ᠂ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠬᠦ ᠬᠡᠮᠵᠢᠶ᠎ᠡ ᠵᠢ ᠲᠠᠰᠤᠷᠠᠯᠲᠠ ᠦᠭᠡᠢ ᠥᠷᠭᠡᠳᠬᠡᠨ᠎ᠡ᠃
      ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠲᠦᠷᠭᠡᠨ ᠬᠥᠭᠵᠢᠯᠲᠡ᠎ᠨᠢ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠳᠡᠰ ᠳᠡᠪᠰᠢᠭᠦᠯᠬᠦ ᠵᠢ ᠬᠦᠴᠦᠲᠡᠢ ᠳᠠᠢ᠌ᠴᠢᠯᠠᠵᠤ ᠴᠢᠳᠠᠨ᠎ᠠ᠃ ᠨᠢᠳᠤᠨᠤᠨ ᠮᠠᠨ᠎ᠤ ᠣᠷᠣᠨ᠎ᠤ ᠰᠦ ᠵᠢᠨ ᠦᠢ᠍ᠯᠡᠰ᠂ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠂ ᠣᠳᠣᠬᠢᠴᠢᠯᠠᠭᠰᠠᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠤᠯᠤᠰ᠎ᠤᠨ ᠲᠠᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠳᠤ ᠰᠣᠩᠭᠣᠭᠳᠠᠪᠠ᠂ ᠡᠨᠡ ᠬᠡᠳᠦᠨ ᠠᠵᠤ ᠦᠢ᠍ᠯᠡᠰ᠎ᠲᠤ ᠪᠢᠳᠡ ᠠᠵᠤ ᠦᠢ᠍ᠯᠡᠰ᠎ᠤᠨ ᠬᠡᠯᠬᠢᠶ᠎ᠡ ᠵᠢᠨ ᠦᠢ᠍ᠯᠡᠳᠬᠦᠨ᠎ᠤ ᠥᠷᠲᠡᠭ᠎ᠢ ᠤᠯᠠᠮ ᠨᠢᠭᠡ ᠠᠯᠬᠤᠮ ᠪᠤᠵᠠᠭ᠋ᠠᠢ᠌ᠷᠠᠭᠤᠯᠤᠨ᠎ᠠ᠃ ᠡᠭᠦᠨ᠎ᠤ ᠬᠠᠮᠲᠤ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ ᠵᠡᠷᠭᠡ ᠵᠢᠨ ᠬᠥᠭᠵᠢᠯᠲᠡ ᠵᠢ ᠶᠡᠬᠡ᠎ᠪᠠᠷ ᠠᠬᠢᠭᠤᠯᠵᠤ᠂ ᠪᠣᠳᠣᠯᠲᠠ ᠵᠢᠨ ᠬᠦᠴᠦᠨ᠎ᠤ ᠬᠡᠪᠴᠢᠶ᠎ᠡ ᠵᠢ ᠰᠢᠨ᠎ᠡ ᠰᠢᠪᠲᠤᠯᠤᠯᠲᠠ᠎ᠲᠠᠢ ᠪᠤᠯᠭ᠋ᠠᠵᠤ᠂ ᠣᠶᠤᠨᠴᠢ ᠪᠣᠳᠣᠯᠲᠠ ᠵᠢᠨ ᠬᠡᠪᠴᠢᠶ᠎ᠡ ᠵᠢ ᠪᠦᠭᠦ ᠤᠯᠤᠰ᠎ᠤᠨ ᠲᠡᠷᠢᠭᠦᠨ ᠪᠠᠢ᠌ᠷᠢᠨ᠎ᠳᠤ ᠪᠠᠢ᠌ᠯᠭ᠋ᠠᠬᠤ᠎ᠪᠠᠷ ᠴᠢᠷᠮᠠᠢ᠌ᠨ᠎ᠠ᠃
      ᠭᠣᠣᠯᠳᠠᠯᠭ᠎ᠠ᠎ᠲᠠᠢ ᠥᠭᠡᠷᠡᠴᠢᠯᠡᠯᠲᠡ ᠵᠢ ᠠᠬᠢᠭᠤᠯᠵᠤ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ᠎ᠡ
      ᠠᠰᠠᠭᠤᠯᠲᠠ᠄ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠠᠵᠤ ᠠᠬᠤᠢ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢᠨ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠵᠤ᠂ ᠪᠡᠯᠭᠡ ᠲᠡᠮᠳᠡᠭ᠎ᠤᠨ ᠴᠢᠨᠠᠷᠲᠠᠢ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠥᠷ ᠮᠣᠩᠭᠣᠯ ᠭᠣᠣᠯᠳᠠᠯᠭ᠎ᠠ᠎ᠪᠠᠨ ᠬᠠᠮᠢᠭ᠎ᠠ᠎ᠠᠴᠠ ᠬᠦᠴᠦᠯᠡᠬᠦ ᠪᠤᠢ?
      ᠬᠠᠷᠢᠭᠤᠯᠲᠠ᠄ ᠥᠪᠥᠷ ᠮᠣᠩᠭᠣᠯ᠎ᠤᠨ ᠬᠥᠭᠵᠢᠯᠲᠡ ᠳᠤᠮᠳᠠ ᠬᠠᠮᠤᠭ᠎ᠤᠨ ᠲᠤᠯᠭ᠋ᠠᠮ ᠰᠢᠢ᠍ᠳᠪᠦᠷᠢᠯᠡᠬᠦ ᠴᠢᠬᠤᠯᠠᠲᠠᠢ ᠠᠰᠠᠭᠤᠳᠠᠯ ᠪᠣᠯ ᠵᠠᠬ᠎ᠠ ᠳᠡᠯᠭᠡᠭᠦᠷ᠎ᠤᠨ ᠤᠬᠠᠮᠰᠠᠷ ᠴᠢᠩᠭ᠎ᠠ ᠪᠤᠰᠤ ᠠᠰᠠᠭᠤᠳᠠᠯ ᠪᠣᠯᠣᠨ᠎ᠠ᠃ ᠪᠢᠳᠡᠨ ᠠᠵᠤ ᠠᠬᠤᠢ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠠᠬᠢᠭᠤᠯᠬᠤ ᠵᠢᠨ ᠭᠣᠣᠯᠳᠠᠯᠭ᠎ᠠ᠎ᠨᠢ ᠡᠯ᠎ᠡ ᠱᠠᠲᠤᠨ᠎ᠤ ᠤᠬᠠᠮᠰᠠᠷ᠎ᠠᠴᠠ᠎ᠪᠠᠨ ᠵᠠᠬ᠎ᠠ ᠳᠡᠯᠭᠡᠭᠦᠷᠴᠢᠯᠡᠯᠲᠡ ᠵᠢᠨ ᠠᠷᠭ᠎ᠠ ᠪᠠᠷᠢᠯ ᠵᠶ᠋ᠠᠷ 《ᠭᠤᠷᠪᠠᠨ ᠲᠦᠪᠰᠢᠨ》᠎ᠢ ᠳᠡᠭᠡᠭᠰᠢᠯᠡᠭᠦᠯᠭᠦ ᠵᠢ ᠠᠬᠢᠭᠤᠯᠬᠤ ᠶᠠᠪᠤᠳᠠᠯ ᠪᠣᠯᠣᠨ᠎ᠠ᠃
      ᠨᠢᠭᠡ᠎ᠳᠤ᠂ ᠵᠠᠬ᠎ᠠ ᠳᠡᠯᠭᠡᠭᠦᠷᠴᠢᠯᠡᠯᠲᠡ ᠵᠢᠨ ᠠᠷᠭ᠎ᠠ ᠪᠠᠷᠢᠯ᠎ᠳᠤ ᠲᠦᠰᠢᠭᠯᠡᠨ ᠠᠵᠤ ᠠᠬᠤᠢ ᠵᠢᠨ ᠬᠥᠭᠵᠢᠯᠲᠡ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠠᠵᠤ ᠠᠬᠤᠢ ᠵᠢᠨ ᠠᠵᠢᠯᠯᠠᠭ᠎ᠠ ᠵᠢ ᠥᠷᠨᠢᠭᠦᠯᠬᠦ᠎ᠳᠡᠭᠡᠨ ᠡᠷᠬᠡᠪᠰᠢ ᠠᠵᠤ ᠠᠬᠤᠢ ᠵᠢᠨ ᠵᠢᠮ᠎ᠡ ᠶᠣᠰᠣ᠎ᠪᠠᠷ ᠠᠵᠢᠯᠯᠠᠵᠤ᠂ ᠵᠠᠬ᠎ᠠ ᠳᠡᠯᠭᠡᠭᠦᠷ᠎ᠲᠤ ᠲᠤᠰᠢᠶᠠᠨ ᠥᠭᠴᠦ ᠪᠤᠯᠬᠤ ᠵᠢ᠎ᠨᠢ ᠵᠠᠬ᠎ᠠ ᠳᠡᠯᠭᠡᠭᠦᠷ᠎ᠲᠤ ᠲᠤᠰᠢᠶᠠᠨ ᠥᠭᠴᠦ᠂ ᠠᠯᠢ ᠴᠢᠳᠠᠬᠤ᠎ᠪᠠᠷ ᠦᠷ᠎ᠡ ᠠᠰᠢᠭ᠎ᠢ ᠬᠠᠮᠤᠭ᠎ᠤᠨ ᠶᠡᠬᠡ ᠪᠤᠯᠭ᠋ᠠᠬᠤ ᠬᠡᠷᠡᠭᠲᠡᠢ᠃ ᠪᠢᠳᠡ ᠦᠷ᠎ᠡ ᠠᠰᠢᠭ᠎ᠤᠨ ᠤᠳᠤᠷᠢᠳᠤᠮᠵᠢ ᠵᠢ ᠲᠤᠪᠤᠢ᠍ᠢ᠍ᠯᠭ᠋ᠠᠵᠤ᠂ ᠨᠠᠷᠢᠨ ᠪᠤᠳᠤᠬᠤ ᠤᠬᠠᠮᠰᠠᠷ ᠵᠶ᠋ᠠᠨ ᠴᠢᠩᠭ᠋ᠠᠳᠬᠠᠵᠤ᠂ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ ᠵᠢ ᠪᠠᠲᠤᠯᠠᠬᠤ ᠪᠠ ᠲᠡᠭᠦᠨ᠎ᠳᠤ ᠦᠢ᠍ᠯᠡᠴᠢᠯᠡᠬᠦ ᠤᠷᠢᠲᠠᠯ ᠳᠣᠣᠷ᠎ᠠ᠂ ᠡᠨᠧᠷᠭᠢ᠂ ᠴᠠᠭᠢᠯᠭ᠋ᠠᠨ ᠬᠦᠴᠦ᠂ ᠭᠠᠵᠠᠷ ᠰᠢᠷᠣᠢ᠂ ᠳ᠋ᠠᠢ᠌ᠲ᠋ᠠ ᠵᠡᠷᠭᠡ ᠡᠯᠧᠮᠧᠨ᠋ᠲ᠎ᠢ ᠪᠦᠭᠦᠨ᠎ᠢ ᠵᠠᠬ᠎ᠠ ᠳᠡᠯᠭᠡᠭᠦᠷᠴᠢᠯᠡᠯᠲᠡ ᠵᠢᠨ ᠠᠷᠭ᠎ᠠ ᠭᠡᠯᠪᠡᠷᠢ᠎ᠪᠠᠷ ᠲᠣᠬᠢᠷᠠᠭᠤᠯᠤᠨ᠎ᠠ᠃
      ᠬᠣᠶᠠᠷ᠎ᠲᠤ᠂ ᠵᠠᠬ᠎ᠠ ᠳᠡᠯᠭᠡᠭᠦᠷᠴᠢᠯᠡᠯᠲᠡ ᠵᠢᠨ ᠠᠷᠭ᠎ᠠ ᠪᠠᠷᠢᠯ᠎ᠳᠤ ᠲᠦᠰᠢᠭᠯᠡᠨ ᠨᠡᠢ᠌ᠭᠡᠮ᠎ᠤᠨ ᠵᠠᠰᠠᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠲᠥᠪ ᠭᠣᠣᠯᠴᠢ ᠡᠮᠬᠢ ᠵᠢᠷᠤᠮ᠎ᠲᠠᠢ ᠨᠡᠢ᠌ᠭᠡᠮ᠎ᠤᠨ ᠣᠷᠴᠢᠨ ᠨᠥᠬᠥᠴᠡᠯ᠎ᠢ ᠪᠤᠢ ᠪᠤᠯᠭ᠋ᠠᠬᠤ᠎ᠳᠤ ᠵᠥᠪᠭᠡᠨ ᠵᠠᠰᠠᠭ ᠵᠠᠬᠢᠷᠭ᠋ᠠᠨ᠎ᠤ ᠠᠷᠭ᠎ᠠ ᠪᠠᠷᠢᠯ ᠵᠶ᠋ᠠᠷ 《ᠬᠠᠮᠢᠶᠠᠷᠴᠤ》 ᠪᠤᠯᠬᠤ ᠦᠭᠡᠢ᠂ ᠪᠠᠰᠠ ᠵᠠᠬ᠎ᠠ ᠳᠡᠯᠭᠡᠭᠦᠷ᠎ᠤᠨ ᠲᠣᠭᠲᠠᠴᠠ᠎ᠪᠠᠷ 《ᠵᠢᠯᠤᠭᠣᠳᠬᠤ》 ᠬᠡᠷᠡᠭᠲᠡᠢ᠃ ᠪᠢᠳᠡ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠡᠯᠴᠢᠭᠡᠷ᠎ᠢ ᠠᠮᠠᠷᠠᠭᠤᠯᠬᠤ ᠨᠥᠬᠥᠪᠦᠷᠢ ᠣᠯᠭᠣᠬᠤ ᠵᠡᠷᠭᠡ ᠲᠠᠯ᠎ᠠ ᠵᠢᠨ ᠠᠰᠢᠭᠲᠠᠢ ᠲᠤᠷᠰᠢᠯᠭ᠎ᠠ ᠵᠢ ᠭᠦᠢ᠍ᠴᠡᠳ ᠠᠰᠢᠭᠯᠠᠵᠤ᠂ ᠡᠯ᠎ᠡ ᠬᠦᠷᠢᠶᠡᠨ᠎ᠳᠤ ᠡᠯᠧᠮᠧᠨ᠋ᠲ᠎ᠤᠨ ᠵᠠᠬ᠎ᠠ ᠳᠡᠯᠭᠡᠭᠦᠷ᠎ᠤᠨ ᠬᠥᠰᠢᠭᠦᠷᠭᠡ ᠵᠢᠨ ᠦᠢ᠍ᠯᠡᠳᠦᠯ᠎ᠢ ᠨᠡᠩ ᠰᠠᠢ᠌ᠨ ᠪᠠᠳᠠᠷᠠᠭᠤᠯᠵᠤ᠂ ᠡᠭᠦᠨ᠎ᠤ ᠤᠯᠠᠮ᠎ᠠᠴᠠ ᠨᠡᠢ᠌ᠭᠡᠮ᠎ᠤᠨ ᠡᠮᠬᠢ ᠵᠢᠷᠤᠮ᠎ᠢ ᠰᠢᠯᠢᠳᠡᠭᠵᠢᠭᠦᠯᠦᠨ᠎ᠡ᠃
      ᠭᠤᠷᠪᠠ᠎ᠳᠤ᠂ ᠵᠠᠬ᠎ᠠ ᠳᠡᠯᠭᠡᠭᠦᠷᠴᠢᠯᠡᠯᠲᠡ ᠵᠢᠨ ᠠᠷᠭ᠎ᠠ ᠪᠠᠷᠢᠯ᠎ᠳᠤ ᠲᠦᠰᠢᠭᠯᠡᠨ ᠤᠯᠠᠨ ᠲᠦᠮᠡᠨ᠎ᠳᠤ ᠦᠢ᠍ᠯᠡᠴᠢᠯᠡᠬᠦ ᠲᠦᠪᠰᠢᠨ᠎ᠢ ᠳᠡᠭᠡᠭᠰᠢᠯᠡᠭᠦᠯᠦᠨ᠎ᠡ᠃ ᠪᠢ ᠦᠨᠳᠦᠰᠦᠨ ᠱᠠᠲᠤᠨ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠬᠦ ᠳᠤᠮᠳᠠ᠂ ᠮᠠᠰᠢ ᠣᠯᠠᠨ ᠤᠴᠢᠷ ᠶᠠᠪᠤᠳᠠᠯ᠎ᠳᠤ ᠰᠦᠢ᠍ᠳᠬᠡᠯ ᠬᠤᠷᠢᠶᠠᠬᠤ ᠬᠥᠮᠥᠨ ᠦᠭᠡᠢ ᠪᠤᠯᠪᠠᠴᠤ ᠪᠠᠰᠠ ᠬᠠᠮᠢᠶᠠᠷᠬᠤ ᠬᠥᠮᠥᠨ ᠦᠭᠡᠢ᠎ᠠᠴᠠ ᠪᠣᠯᠵᠤ ᠵᠠᠷᠢᠮ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠪᠠᠲᠤᠯᠠᠵᠤ ᠴᠢᠳᠠᠬᠤ ᠦᠭᠡᠢ ᠪᠠᠢ᠌ᠬᠤ ᠵᠢ ᠢᠯᠡᠷᠡᠭᠦᠯᠵᠡᠢ᠃ ᠪᠢᠳᠡ ᠶᠠᠭ 《ᠨᠡᠶ᠋ᠢᠲᠡ ᠵᠢᠨ ᠠᠰᠠᠷᠠᠮᠵᠢ + ᠵᠠᠬ᠎ᠠ ᠳᠡᠯᠭᠡᠭᠦᠷ》᠎ᠤᠨ ᠡᠵᠡᠩᠨᠡᠯᠲᠡ ᠵᠢᠨ ᠵᠠᠭᠪᠤᠷ᠎ᠢ ᠰᠦᠪᠡᠭᠴᠢᠯᠡᠨ ᠲᠡᠭᠦᠯᠳᠡᠷᠵᠢᠭᠦᠯᠵᠦ᠂ ᠨᠠᠩ ᠣᠯᠠᠨ ᠡᠵᠡᠩᠨᠡᠯᠲᠡ ᠵᠢᠨ ᠭᠣᠣᠯ ᠴᠣᠭᠴᠠ ᠵᠢ ᠲᠠᠲᠠᠵᠤ ᠰᠤᠷᠭ᠋ᠠᠨ ᠬᠥᠮᠦᠵᠢᠯ᠂ ᠡᠮᠴᠢᠯᠡᠭᠡ᠂ ᠨᠠᠰᠤᠵᠢᠯ᠎ᠤᠨ ᠠᠰᠠᠷᠠᠮᠵᠢ ᠵᠡᠷᠭᠡ ᠣᠯᠠᠨ ᠨᠡᠶ᠋ᠢᠲᠡ ᠵᠢᠨ ᠦᠢ᠍ᠯᠡᠰ᠎ᠲᠤ ᠪᠡᠯᠡ ᠣᠷᠣᠭᠤᠯᠵᠤ᠂ ᠣᠯᠠᠨ ᠲᠦᠮᠡᠨ᠎ᠤ ᠴᠢᠨᠠᠷ ᠰᠠᠢ᠌ᠲᠠᠢ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠢ᠌ᠨ ᠬᠠᠩᠭ᠋ᠠᠨ᠎ᠠ᠃
      ᠠᠰᠠᠭᠤᠯᠲᠠ᠄ ᠡᠨᠡ ᠵᠢᠯ ᠥᠪᠥᠷ ᠮᠣᠩᠭᠣᠯ ᠬᠡᠷᠬᠢᠨ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠨᠡᠩ ᠰᠠᠢ᠌ᠲᠤᠷ ᠠᠭᠤᠰᠤᠯᠴᠠᠬᠤ ᠪᠤᠢ?
      ᠬᠠᠷᠢᠭᠤᠯᠲᠠ᠄ ᠥᠪᠥᠷ ᠮᠣᠩᠭᠣᠯ ᠤᠯᠤᠰ᠎ᠤᠨ ᠳᠣᠲᠣᠷ᠎ᠠ ᠨᠠᠢ᠍ᠮᠠᠨ ᠮᠤᠵᠢ ᠣᠷᠣᠨ᠎ᠲᠠᠢ ᠵᠠᠯᠭ᠋ᠠᠯᠳᠤᠵᠤ᠂ ᠭᠠᠳᠠᠨ᠎ᠠ᠎ᠪᠠᠨ ᠤᠷᠤᠰ ᠪᠣᠯᠣᠨ ᠮᠣᠩᠭᠣᠯ ᠤᠯᠤᠰ᠎ᠲᠠᠢ ᠬᠢᠯᠢ ᠨᠡᠢ᠌ᠯᠡᠵᠦ᠂ ᠣᠷᠣᠨ ᠪᠠᠢ᠌ᠷᠢ ᠵᠢᠨ ᠳᠠᠪᠠᠭᠤᠯᠢᠭ ᠪᠤᠰᠤᠳ᠎ᠠᠴᠠ ᠢᠯᠡᠭᠦᠦ ᠪᠠᠢ᠌ᠳᠠᠭ᠃ ᠡᠨᠡ ᠵᠢᠯ᠂ ᠪᠢᠳᠡ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠬᠦ ᠵᠢᠨ ᠵᠣᠷᠢᠯᠭ᠎ᠠ ᠪᠣᠯ ᠳᠠᠷᠤᠢ ᠭᠠᠳᠠᠭ᠋ᠠᠳᠤ᠂ ᠳᠣᠲᠣᠭ᠋ᠠᠳᠤ ᠵᠢᠨ ᠬᠠᠮᠲᠤᠷᠠᠯᠴᠠᠭ᠎ᠠ ᠪᠠ ᠣᠷᠣᠨ᠎ᠤ ᠳᠣᠲᠣᠷᠠᠬᠢ ᠡᠯ᠎ᠡ ᠠᠢ᠌ᠮᠠᠭ ᠬᠣᠲᠠ ᠵᠢᠨ ᠬᠠᠮᠵᠢᠯᠴᠠᠭ᠎ᠠ ᠵᠢ ᠨᠢᠭᠡᠨ ᠰᠢᠨ᠎ᠡ ᠲᠦᠪᠰᠢᠨ᠎ᠳᠤ ᠭᠦᠷᠲᠡᠯ᠎ᠡ ᠳᠡᠭᠡᠭᠰᠢᠯᠡᠭᠦᠯᠭᠦ ᠵᠢᠨ ᠲᠥᠯᠥᠭᠡ ᠶᠤᠮ᠃

      ᠭᠠᠳᠠᠭ᠋ᠠᠳᠤ᠎ᠲᠠᠢ ᠬᠠᠷᠢᠯᠴᠠᠬᠤ᠎ᠳᠤ᠂ ᠭᠣᠣᠯᠳᠠᠭᠤ ᠣᠷᠣᠰ ᠮᠣᠩᠭᠣᠯ᠎ᠳᠤ ᠨᠡᠭᠡᠭᠡᠯᠲᠡ ᠬᠢᠬᠦ ᠵᠢ ᠥᠷᠭᠡᠳᠬᠡᠵᠦ᠂ 《ᠭᠠᠷᠭ᠋ᠠᠬᠤ》 ᠠᠵᠢᠯ᠎ᠢ ᠴᠢᠨᠠᠭᠰᠢᠳᠠ ᠰᠠᠢ᠌ᠲᠤᠷ ᠬᠢᠵᠦ᠂ 《ᠣᠷᠣᠭᠤᠯᠬᠤ》 ᠦᠢ᠍ᠯᠡᠳᠬᠦᠨ᠎ᠢ ᠰᠠᠢ᠌ᠲᠤᠷ ᠬᠡᠷᠡᠭᠯᠡᠵᠦ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠢ ᠵᠢᠨ ᠬᠣᠩᠭᠢᠯ᠎ᠤᠨ ᠪᠦᠲᠦᠭᠡᠨ ᠪᠠᠢ᠌ᠭᠤᠯᠤᠯᠲᠠ᠎ᠳᠠᠬᠢ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ᠎ᠢ ᠨᠠᠩ ᠰᠠᠢ᠌ᠲᠤᠷ ᠪᠠᠳᠠᠷᠠᠭᠤᠯᠤᠨ᠎ᠠ᠃ ᠳᠣᠲᠣᠭ᠋ᠠᠳᠤ᠎ᠳᠠᠭᠠᠨ᠂ ᠭᠣᠣᠯᠳᠠᠯᠭ᠎ᠠ᠎ᠨᠢ ᠪᠡᠭᠡᠵᠢᠩ ᠥᠪᠥᠷ ᠮᠣᠩᠭᠣᠯ᠎ᠤᠨ ᠪᠦᠭᠦ ᠲᠠᠯ᠎ᠠ ᠵᠢᠨ ᠬᠠᠮᠲᠤᠷᠠᠯᠴᠠᠭ᠎ᠠ ᠵᠢᠨ ᠥᠷᠭᠡᠴᠡ ᠪᠠ ᠭᠦᠨᠴᠡ ᠵᠢ ᠥᠷᠭᠡᠳᠬᠡᠵᠦ᠂ 《ᠵᠢᠷᠭᠤᠭ᠋ᠠᠨ ᠳᠠᠭᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠪᠠ 《ᠳᠥᠷᠪᠡᠨ ᠵᠦᠢ᠍ᠯ᠎ᠤᠨ ᠠᠵᠢᠯᠯᠠᠭ᠎ᠠ》 ᠵᠢ ᠭᠦᠨᠵᠡᠭᠡᠢ ᠥᠷᠨᠢᠭᠦᠯᠵᠦ᠂ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠲᠤ ᠦᠢ᠍ᠯᠡᠴᠢᠯᠡᠬᠦ ᠪᠠ ᠠᠭᠤᠰᠤᠯᠴᠠᠬᠤ ᠳᠤᠮᠳᠠ ᠲᠣᠰ ᠪᠡᠶ᠎ᠡ ᠵᠢᠨ ᠬᠥᠭᠵᠢᠯᠲᠡ᠎ᠪᠠᠨ ᠪᠡᠶᠡᠯᠡᠭᠦᠯᠦᠨ᠎ᠡ᠃ ᠣᠷᠣᠨ᠎ᠤ ᠳᠣᠲᠣᠷ᠎ᠠ᠂ ᠵᠡᠭᠦᠨ ᠬᠣᠢ᠌ᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠡᠷᠭᠡ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠤᠨ᠂ ᠡᠯ᠎ᠡ ᠭᠠᠵᠠᠷ᠎ᠤᠨ᠎ᠬᠢᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠠᠷᠢᠴᠠᠭᠤᠯᠤᠭᠰᠠᠨ ᠳᠠᠪᠠᠭᠤᠯᠢᠭ᠎ᠲᠠᠭᠠᠨ ᠰᠠᠭᠤᠷᠢᠯᠠᠨ ᠲᠣᠰ ᠲᠣᠰ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠥᠪᠥᠷ ᠮᠣᠩᠭᠣᠯ᠎ᠤᠨ ᠵᠡᠭᠦᠨ ᠬᠡᠰᠡᠭ ᠭᠠᠵᠠᠷ ᠣᠷᠣᠨ᠂ ᠭᠦᠭᠡᠬᠣᠲᠠ ᠪᠤᠭᠤᠲᠤ ᠣᠷᠳᠣᠰ ᠦᠬᠠᠢ ᠵᠡᠷᠭᠡ ᠭᠠᠵᠠᠷ ᠣᠷᠣᠨ᠂ ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠬᠣᠯᠪᠤᠭ᠋ᠠᠯᠠᠨ ᠬᠥᠳᠡᠯᠦᠯᠴᠡᠨ ᠬᠥᠭᠵᠢᠬᠦ᠂ ᠵᠦᠷᠢᠶᠡᠴᠢᠯᠡᠨ ᠵᠣᠬᠢᠴᠠᠩᠭᠤᠢ ᠬᠥᠭᠵᠢᠬᠦ ᠵᠢ ᠠᠬᠢᠭᠤᠯᠤᠨ᠎ᠠ᠃
      ᠠᠷᠠᠳ᠎ᠤᠨ ᠠᠮᠢᠳᠤᠷᠠᠯ᠎ᠢ ᠨᠠᠩ ᠰᠠᠢ᠌ᠨ ᠪᠠᠲᠤᠯᠠᠨ ᠰᠠᠢ᠌ᠵᠢᠷᠠᠭᠤᠯᠤᠨ᠎ᠠ
      ᠠᠰᠠᠭᠤᠯᠲᠠ᠄ ᠰᠢᠨ᠎ᠡ ᠨᠢᠭᠡ ᠵᠢᠯ᠎ᠳᠤ᠂ ᠥᠪᠥᠷ ᠮᠣᠩᠭᠣᠯ ᠠᠷᠠᠳ᠎ᠤᠨ ᠠᠮᠢᠳᠤᠷᠠᠯ᠎ᠢ ᠬᠡᠷᠬᠢᠨ ᠨᠠᠩ ᠰᠠᠢ᠌ᠨ ᠪᠠᠲᠤᠯᠠᠨ ᠰᠠᠢ᠌ᠵᠢᠷᠠᠭᠤᠯᠬᠤ ᠪᠤᠶ?
      ᠬᠠᠷᠢᠭᠤᠯᠲᠠ᠄ ᠬᠥᠭᠵᠢᠯᠲᠡ ᠵᠢᠨ ᠦᠷ᠎ᠡ ᠪᠦᠲᠦᠭᠡᠯ᠎ᠢ ᠭᠠᠭᠴᠠ ᠬᠦ᠌ ᠠᠮᠢᠳᠤᠷᠠᠯ᠎ᠤᠨ ᠴᠢᠨᠠᠷ ᠴᠢᠨᠰᠠᠭ᠎ᠠ ᠪᠣᠯᠭ᠋ᠠᠨ ᠬᠤᠪᠢᠷᠠᠭᠤᠯᠪᠠᠯ ᠰᠠᠶᠢ ᠣᠯᠠᠨ ᠲᠦᠮᠡᠨ᠎ᠳᠤ ᠨᠠᠩ ᠰᠠᠢ᠌ᠨ ᠠᠰᠢᠭ ᠬᠦᠷᠲᠡᠭᠡᠵᠦ ᠴᠢᠳᠠᠨ᠎ᠠ᠃ ᠨᠢᠳᠤᠨᠤᠨ᠂ ᠪᠢᠳᠡ 200 ᠳ᠋ᠦᠩᠰᠢᠭᠤᠷ ᠲᠥᠭᠥᠷᠢᠭ ᠰᠢᠬᠠᠮ᠎ᠤᠨ ᠳᠤᠯᠠᠭ᠋ᠠᠯᠠᠭ᠎ᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠪᠦᠭᠦ ᠣᠷᠣᠨ᠎ᠤ ᠠᠷᠠᠳ ᠲᠦᠮᠡᠨ᠎ᠳᠤ ᠠᠮᠠᠯᠠᠭᠰᠠᠨ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠠᠬᠢᠭᠤᠯᠬᠤ ᠪᠠᠷᠢᠮᠵᠢᠶ᠎ᠠ ᠪᠦᠭᠦ ᠤᠯᠤᠰ᠎ᠤᠨ ᠳᠤᠮᠳᠠᠴᠢ ᠲᠦᠪᠰᠢᠨ᠎ᠳᠤ ᠭᠦᠷᠦᠭᠰᠡᠨ ᠪᠤᠶᠤ ᠳᠠᠪᠠᠭᠰᠠᠨ᠎ᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠪᠡ᠃ ᠡᠨᠡ ᠵᠢᠯ᠂ ᠪᠢᠳᠡ ᠡᠯ᠎ᠡ ᠵᠦᠢ᠍ᠯ᠎ᠤᠨ ᠠᠷᠠᠳ᠎ᠤᠨ ᠠᠮᠢᠳᠤᠷᠠᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠢᠵᠦ᠂ ᠰᠠᠭᠤᠷᠢ ᠰᠤᠷᠭ᠋ᠠᠨ ᠬᠥᠮᠦᠵᠢᠯ᠎ᠢ ᠥᠷᠭᠡᠳᠬᠡᠨ ᠰᠢᠯᠢᠳᠡᠭᠵᠢᠭᠦᠯᠵᠦ ᠶᠠᠰᠤ ᠴᠢᠨᠠᠷ᠎ᠢ ᠳᠡᠭᠡᠭᠰᠢᠯᠡᠭᠦᠯᠭᠦ ᠢᠨᠵᠧᠨᠧᠷᠢᠩ᠎ᠢ ᠬᠡᠷᠡᠭᠵᠢᠭᠦᠯᠵᠦ᠂ ᠡᠮᠴᠢᠯᠡᠭᠡ᠂ ᠡᠮᠴᠢᠯᠡᠭᠡᠨ᠎ᠤ ᠳᠠᠭ᠋ᠠᠳᠬᠠᠯ᠂ ᠡᠮ ᠡᠮᠨᠡᠯᠭᠡ ᠵᠢ ᠵᠣᠬᠢᠴᠠᠭᠤᠯᠤᠨ ᠬᠥᠭᠵᠢᠭᠦᠯᠬᠦ ᠪᠠ ᠵᠠᠰᠠᠬᠤ ᠵᠢ ᠠᠬᠢᠭᠤᠯᠵᠤ᠂ ᠴᠢᠨᠠᠷ ᠰᠠᠢ᠌ᠲᠠᠢ ᠡᠮᠴᠢᠯᠡᠭᠡᠨ᠎ᠤ ᠡᠬᠢ ᠪᠠᠶᠠᠯᠢᠭ᠎ᠢ ᠥᠷᠭᠡᠳᠬᠡᠨ ᠦᠨᠳᠦᠰᠦᠨ ᠱᠠᠲᠤᠨ᠎ᠳᠤ ᠪᠠᠭᠤᠯᠭ᠋ᠠᠬᠤ ᠵᠢ ᠠᠬᠢᠭᠤᠯᠵᠤ᠂ ᠭᠤᠷᠪᠠᠨ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠣᠣᠷ ᠰᠦᠯᠵᠢᠶᠡᠨ᠎ᠤ ᠪᠠᠢ᠌ᠭᠤᠯᠤᠯᠲᠠ ᠵᠢ ᠠᠬᠢᠭᠤᠯᠵᠤ᠂ ᠲᠦᠭᠡᠮᠡᠯ ᠬᠠᠷᠠᠭ᠋ᠠᠯᠵᠠᠯᠲᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠥᠷᠭᠡᠳᠬᠡᠵᠦ᠂ ᠰᠤᠷᠭ᠋ᠠᠨ ᠬᠥᠮᠦᠵᠢᠯ᠂ ᠡᠮᠴᠢᠯᠡᠭᠡ᠂ ᠨᠠᠰᠤᠵᠢᠯ᠎ᠤᠨ ᠠᠰᠠᠷᠠᠮᠵᠢ ᠵᠡᠷᠭᠡ ᠦᠢ᠍ᠯᠡᠴᠢᠯᠡᠭᠡᠨ᠎ᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠢᠯᠠᠩᠭᠤᠶ᠎ᠠ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠰᠠᠢ᠌ᠲᠤᠷ ᠥᠷᠨᠢᠭᠦᠯᠵᠦ᠂ 《ᠬᠥᠮᠥᠨ ᠪᠠᠢ᠌ᠭ᠋ᠠᠳ ᠬᠢᠬᠦ ᠠᠵᠢᠯ ᠦᠭᠡᠢ》 ᠪᠠ 《ᠠᠵᠢᠯ ᠪᠠᠢ᠌ᠭ᠋ᠠᠳ ᠬᠢᠬᠦ ᠬᠥᠮᠥᠨ ᠦᠭᠡᠢ》 ᠪᠦᠲᠦᠴᠡ ᠵᠢᠨ ᠴᠢᠨᠠᠷᠲᠠᠢ ᠠᠵᠢᠯ ᠣᠯᠭᠣᠯᠲᠠ ᠵᠢᠨ ᠵᠥᠷᠢᠴᠡᠯ᠎ᠢ ᠬᠦᠴᠦᠯᠡᠨ ᠰᠢᠢ᠍ᠳᠪᠦᠷᠢᠯᠡᠵᠦ᠂ ᠠᠵᠢᠯ ᠣᠯᠭᠣᠯᠲᠠ᠎ᠪᠠᠷ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠦᠷ᠎ᠡ ᠠᠰᠢᠭ᠎ᠢ ᠨᠡᠮᠡᠭᠳᠡᠭᠦᠯᠬᠦ ᠵᠢ ᠳᠠᠢ᠌ᠴᠢᠯᠠᠨ᠎ᠠ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠣᠯᠣᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠯᠲᠠ ᠵᠢᠨ ᠬᠠᠷᠢᠭᠤ ᠲᠤᠰᠬᠠᠬᠤ ᠠᠵᠢᠯ ᠳᠠᠭᠤᠰᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》ᠢᠨᠵᠧᠨᠧᠷᠢᠩ᠎ᠤᠨ 2024 ᠣᠨ᠎ᠤ ᠠᠵᠢᠯ᠎ᠤᠨ ᠳ᠋ᠦᠩᠨᠡᠯᠲᠡ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2025 ᠣᠨ᠎ᠤ ᠨᠢᠭᠡᠳᠦᠭᠡᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠪᠠ
2025 ᠣᠨ᠎ᠤ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠬᠤᠷᠠᠯ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠳᠤ ᠪᠠᠢ᠌ᠴᠠᠭ᠋ᠠᠨ ᠰᠤᠳᠤᠯᠤᠯᠲᠠ ᠬᠢᠪᠡ
 
            