ᠥᠪᠥᠷ ᠮᠣᠩᠭᠣᠯ᠎ᠳᠤ ᠰᠠᠭᠤᠭ᠎ᠠ ᠲᠥᠪ᠎ᠤᠨ ᠰᠣᠨᠢᠨ ᠮᠡᠳᠡᠭᠡᠨ᠎ᠤ ᠠᠵᠢᠯᠲᠠᠳ᠂ ᠪᠥᠬᠥ ᠣᠷᠣᠨ᠎ᠤ ᠰᠣᠨᠢᠨ ᠮᠡᠳᠡᠭᠡᠨ᠎ᠤ ᠠᠵᠢᠯᠲᠠᠳ᠄
ᠬᠣᠷᠢᠨ ᠵᠢᠷᠭᠤᠳᠤᠭ᠋ᠠᠷ ᠤᠳᠠᠭ᠎ᠠ ᠵᠢᠨ ᠳᠤᠮᠳᠠᠳᠤ ᠤᠯᠤᠰ᠎ᠤᠨ ᠰᠤᠷᠪᠤᠯᠵᠢᠯᠠᠭᠴᠢ ᠵᠢᠨ ᠪᠠᠶᠠᠷ᠎ᠤᠨ ᠡᠳᠦᠷ᠎ᠤᠨ ᠲᠠᠰᠢᠷᠠᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠰᠤᠷᠪᠤᠯᠵᠢᠯᠠᠭᠴᠢ ᠨᠥᠬᠥᠳ᠎ᠲᠤ ᠬᠠᠮᠤᠭ᠎ᠤᠨ ᠴᠢᠩ ᠦᠨᠡᠨᠴᠢ ᠪᠠᠶᠠᠷ᠎ᠤᠨ ᠡᠳᠦᠷ᠎ᠤᠨ ᠮᠡᠨᠳᠦᠴᠢᠯᠡᠯ ᠪᠣᠯᠤᠨ ᠳᠣᠲᠣᠨᠣ ᠮᠡᠨᠳᠦᠴᠢᠯᠡᠯ ᠳᠡᠪᠰᠢᠭᠦᠯᠵᠦ ᠪᠠᠢ᠌ᠨ᠎ᠠ!
ᠰᠤᠷᠪᠤᠯᠵᠢᠯᠠᠭᠴᠢ ᠪᠣᠯ ᠴᠠᠭ ᠦᠶ᠎ᠡ ᠵᠢᠨ ᠲᠡᠮᠳᠡᠭᠯᠡᠭᠴᠢ ᠪᠥᠭᠡᠳ ᠬᠥᠭᠵᠢᠯᠲᠡ ᠵᠢᠨ ᠭᠡᠷᠡᠴᠢᠯᠡᠭᠴᠢ ᠮᠥᠨ ᠃ ᠲᠠ ᠨᠠᠷ ᠬᠤᠷᠴᠠ ᠰᠡᠷᠭᠡᠭ ᠠᠵᠢᠭᠯᠠᠬᠤ ᠴᠢᠳᠠᠪᠤᠷᠢ᠂ ᠠᠮᠢᠳᠤᠯᠢᠭ ᠵᠢᠷᠤᠯᠭ᠎ᠠ ᠪᠠ ᠭᠣᠢ᠌ᠳᠠ ᠰᠠᠢ᠌ᠬᠠᠨ ᠦᠵᠡᠭᠳᠡᠯ ᠵᠶ᠋ᠡᠷ ᠴᠠᠭ ᠦᠶ᠎ᠡ ᠵᠢᠨ ᠬᠤᠪᠢᠷᠠᠯᠲᠠ ᠵᠢ ᠲᠡᠮᠳᠡᠭᠯᠡᠨ᠂ ᠦᠨᠡᠨ ᠪᠣᠳᠠᠲᠠᠢ ᠳᠠᠭᠤᠨ᠎ᠢ ᠳᠠᠮᠵᠢᠭᠤᠯᠵᠤ ᠪᠠᠢ᠌ᠨ᠎ᠠ᠃ ᠣᠷᠳᠣ ᠬᠤᠭᠤᠴᠠᠭ᠋ᠠᠨ᠎ᠤ ᠲᠤᠷᠰᠢ᠂ ᠲᠠ ᠨᠠᠷ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢᠯᠡᠰ᠎ᠤᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠠᠩᠬᠠᠷᠤᠨ ᠳᠡᠮᠵᠢᠵᠦ᠂ ᠰᠢᠨ᠎ᠡ ᠮᠡᠳᠡᠭᠡᠯᠡᠯ ᠵᠶ᠋ᠡᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ᠎ᠢ ᠤᠮᠠᠷᠠᠲᠤ ᠬᠢᠯᠢ᠎ᠳᠤ ᠭᠢᠯᠠᠯᠵᠠᠭᠤᠯᠵᠤ᠂ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠬᠥᠮᠦᠰ᠎ᠤᠨ ᠰᠡᠳᠬᠢᠯ᠎ᠳᠤ ᠭᠦᠨ ᠬᠠᠳᠠᠩᠰᠢᠭᠤᠯᠵᠠᠶ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠣᠯ ᠤᠯᠤᠰ ᠣᠷᠣᠨ᠎ᠤ ᠬᠦᠴᠦᠷᠬᠡᠭᠵᠢᠨ ᠮᠠᠨᠳᠤᠬᠤ ᠵᠢᠨ ᠰᠠᠭᠤᠷᠢ᠂ ᠰᠢᠨ᠎ᠡ ᠵᠢ ᠡᠭᠦᠳᠬᠦ ᠪᠣᠯ ᠦᠨᠳᠦᠰᠦᠲᠡᠨ᠎ᠤ ᠳᠠᠪᠰᠢᠯᠲᠠ ᠵᠢᠨ ᠰᠦᠭ ᠰᠦᠨᠡᠰᠦ ᠮᠥᠨ᠃ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠵᠢ ᠪᠡᠶᠡᠯᠡᠭᠦᠯᠬᠦ ᠰᠡᠭᠦᠯ ᠬᠤᠷᠢᠶᠠᠬᠤ ᠵᠢᠯ ᠪᠥᠭᠡᠳ ᠪᠠᠰᠠ ᠴᠤ᠌ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠬᠥᠭᠵᠢᠯᠲᠡ ᠵᠢᠨ ᠪᠠᠢ᠌ᠷᠢᠰᠢᠭᠤᠯᠤᠯᠲᠠ ᠵᠢ ᠰᠦᠪᠡᠭᠴᠢᠯᠡᠬᠦ ᠵᠢᠯ ᠮᠥᠨ᠃
ᠣᠳᠣᠬᠠᠨ᠎ᠳᠤ᠂ ᠪᠦᠬᠦ ᠣᠷᠣᠨ ᠳᠠᠶᠠᠭ᠋ᠠᠷ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠵᠦ ᠪᠠᠢ᠌ᠨ᠎ᠠ᠃ ᠰᠢᠨ᠎ᠡ ᠠᠶᠠᠨ ᠵᠠᠮ᠎ᠳᠤ᠂ ᠪᠢᠳᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠢ ᠠᠯᠢ ᠴᠤ᠌ ᠦᠶ᠎ᠡ᠎ᠠᠴᠠ ᠢᠯᠡᠭᠦᠦ ᠱᠠᠭ᠋ᠠᠷᠳᠠᠵᠤ᠂ ᠰᠢᠨ᠎ᠡ ᠵᠢ ᠡᠭᠦᠳᠬᠦ ᠬᠦᠴᠦᠨ᠎ᠢ ᠨᠡᠩ ᠢᠯᠡᠭᠦᠦ ᠱᠠᠭ᠋ᠠᠷᠳᠠᠵᠤ᠂ ᠰᠤᠷᠪᠤᠯᠵᠢᠯᠠᠭᠴᠢ ᠨᠠᠢ᠌ᠵᠠ ᠨᠠᠷ᠎ᠤᠨ ᠦᠷᠭᠦᠯᠵᠢᠯᠡᠨ ᠠᠩᠬᠠᠷᠴᠤ ᠬᠦᠴᠦᠲᠡᠢ ᠳᠡᠮᠵᠢᠯᠭᠡ ᠦᠵᠡᠭᠦᠯᠬᠦ ᠵᠢ ᠨᠡᠩ ᠢᠯᠡᠭᠦᠦ ᠱᠠᠭ᠋ᠠᠷᠳᠠᠵᠤ ᠪᠠᠢ᠌ᠨ᠎ᠠ᠃
ᠢᠷᠡᠭᠡᠳᠦᠶ ᠵᠢᠨ ᠡᠳᠦᠷ᠎ᠤᠳ᠎ᠲᠤ᠂ ᠪᠢᠳᠡ ᠦᠷᠭᠦᠯᠵᠢᠯᠡᠨ ᠰᠣᠨᠢᠨ ᠮᠡᠳᠡᠭᠡᠨ᠎ᠤ ᠠᠵᠢᠯᠲᠠᠳ᠎ᠲᠠᠢ ᠭᠠᠷ ᠬᠣᠯᠪᠣᠨ ᠬᠠᠮᠲᠤ᠎ᠪᠠᠷ ᠤᠷᠤᠭᠰᠢᠯᠠᠵᠤ᠂ ᠰᠢᠨ᠎ᠡ ᠵᠢ ᠡᠭᠦᠳᠬᠦ ᠰᠢᠪᠲᠤᠯᠤᠯᠲᠠ ᠵᠢ ᠬᠠᠮᠲᠤ᠎ᠪᠠᠷ ᠲᠡᠮᠳᠡᠭᠯᠡᠵᠦ᠂ ᠠᠵᠤ ᠦᠢᠯᠡᠰ᠎ᠤᠨ ᠬᠤᠪᠢᠰᠤᠯᠲᠠ ᠵᠢ ᠬᠠᠮᠲᠤ᠎ᠪᠠᠷ ᠭᠡᠷᠡᠴᠢᠯᠡᠵᠦ᠂ ᠰᠢᠨ᠎ᠡ ᠵᠢ ᠡᠭᠦᠳᠬᠦ ᠵᠣᠷᠢᠭ ᠰᠠᠨᠠᠭ᠎ᠠ ᠵᠢ ᠬᠠᠮᠲᠤ᠎ᠪᠠᠷ ᠪᠠᠳᠠᠷᠠᠭᠤᠯᠵᠤ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠥᠯᠢᠭᠡᠷ᠎ᠢ ᠬᠠᠮᠲᠤ᠎ᠪᠠᠷ ᠰᠠᠢ᠌ᠲᠤᠷ ᠶᠠᠷᠢᠵᠤ᠂ ᠨᠡᠢ᠌ᠭᠡᠮ ᠳᠠᠶᠠᠭ᠋ᠠᠷ᠎ᠤᠨ ᠰᠢᠨ᠎ᠡ ᠵᠢ ᠡᠭᠦᠳᠬᠦ ᠵᠢ ᠡᠷᠬᠢᠮᠯᠡᠬᠦ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠨᠠᠩ ᠴᠡᠴᠡᠭᠯᠡᠨ ᠬᠥᠭᠵᠢᠭᠰᠡᠨ ᠪᠠᠶᠠᠨ ᠴᠢᠨᠡᠭᠡᠯᠢᠭ᠂ ᠡᠶ᠎ᠡ ᠵᠣᠬᠢᠴᠠᠩᠭᠤᠶ ᠰᠠᠢ᠌ᠨ ᠰᠠᠢ᠌ᠬᠠᠨ ᠥᠪᠥᠷ ᠮᠣᠩᠭᠣᠯ᠎ᠢ ᠪᠥᠲᠥᠭᠡᠨ ᠪᠠᠢ᠌ᠭᠤᠯᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠦᠶ᠎ᠡ!
ᠰᠤᠷᠪᠤᠯᠵᠢᠯᠠᠭᠴᠢ ᠨᠠᠢ᠌ᠵᠠ ᠨᠠᠷ᠎ᠲᠤ ᠪᠠᠶᠠᠷ᠎ᠤᠨ ᠡᠳᠦᠷ᠎ᠤᠨ ᠮᠡᠨᠲᠤ ᠳᠡᠪᠰᠢᠭᠦᠯᠵᠦ᠂ ᠠᠵᠢᠯ ᠦᠢ᠍ᠯᠡᠰ ᠤᠷᠤᠭᠰᠢᠲᠠᠶ᠂ ᠪᠡᠶ᠎ᠡ ᠮᠠᠬᠠᠪᠣᠳ ᠡᠷᠡᠭᠦᠯ ᠴᠢᠭᠢᠷᠠᠭ᠂ ᠭᠡᠷ ᠬᠣᠲᠠᠯᠠᠭ᠋ᠠᠷ ᠵᠶ᠋ᠠᠨ ᠵᠣᠯ ᠵᠢᠷᠭ᠋ᠠᠯ᠎ᠲᠠᠢ ᠪᠠᠢ᠌ᠬᠤ ᠵᠢ ᠴᠢᠩ ᠰᠡᠳᠬᠢᠯ᠎ᠠᠴᠠ᠎ᠪᠠᠨ ᠵᠥᠩᠨᠡᠵᠦ ᠪᠠᠢ᠌ᠨ᠎ᠠ!
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
2025 ᠣᠨ᠎ᠤ 11 ᠳ᠋ᠦ᠍ᠭᠡᠷ ᠰᠠᠷ᠎ᠠ ᠵᠢᠨ 8᠎ᠤ ᠡᠳᠦᠷ