ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠢᠯᠠᠩ 2025 ᠣᠨ ᠤ᠋ ᠠᠷᠪᠠᠨ ᠬᠣᠶᠠᠳᠤᠭᠠᠷ ᠤᠳᠠᠭ᠎ᠠ ᠵᠢᠨ ᠬᠠᠮᠲᠤ᠎ᠶ᠋ᠢᠨ ᠰᠤᠷᠤᠯᠴᠠᠯᠭ᠎ᠠ ᠬᠢᠪᠡ ᠸᠠᠩ ᠸᠧᠢ ᠵᠦᠩ ᠰᠤᠷᠤᠯᠴᠠᠯᠭ᠎ᠠ ᠵᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠠᠢ ᠪᠤᠤ ᠭᠠᠩ ᠵᠠᠩ ᠶᠠᠨ ᠺᠦᠨ ᠤᠷᠤᠯᠴᠠᠪᠠ
ᠨᠡᠶ᠋ᠢᠲᠡᠯᠡᠭᠰᠡᠨ ᠴᠠᠭ᠄ 2025-11-29

11 ᠰᠠᠷ᠎ᠠ᠎ᠶ᠋ᠢᠨ 28 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠣᠨᠣᠯ ᠰᠤᠷᠤᠯᠴᠠᠬᠤ ᠭᠤᠤᠯ ᠳᠤᠭᠤᠢᠯᠠᠩ ᠬᠠᠮᠲᠤ᠎ᠶ᠋ᠢᠨ ᠰᠤᠷᠤᠯᠴᠠᠯᠭ᠎ᠠ ᠬᠢᠵᠦ᠍᠂ ᠨᠠᠮ᠎ᠤᠨ ᠬᠣᠷᠢᠳᠤᠭᠠᠷ ᠬᠤᠭᠤᠴᠠᠭᠠᠨ ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ᠎ᠶ᠋ᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠎ᠤᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠲᠥᠯᠥᠪᠵᠢᠭᠦᠯᠦᠨ ᠨᠠᠢᠳᠠᠪᠤᠷᠢᠵᠢᠭᠤᠯᠬᠤ ᠲᠤᠬᠠᠶ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠰᠤᠷᠤᠯᠴᠠᠯᠭ᠎ᠠ ᠵᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠶ᠃

ᠬᠤᠷᠠᠯ ᠳᠡᠭᠡᠷ᠎ᠡ᠂ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠪᠦᠷᠢᠯᠳᠦᠬᠦᠨ ᠨᠠᠷ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠶᠠᠷᠢᠯᠴᠠᠪᠠ᠃

ᠸᠠᠩ ᠸᠧᠶ ᠵᠦᠩ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ ᠳ᠋ᠤ ᠰᠠᠭᠤᠷᠢ᠎ᠶ᠋ᠢ ᠪᠡᠬᠢᠵᠢᠭᠦᠯᠦᠨ᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠴᠠᠭ ᠬᠤᠭᠤᠴᠠᠭ᠎ᠠ ᠪᠣᠯᠤᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠡᠷᠬᠡᠪᠰᠢ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠎ᠪᠠᠷ ᠭᠤᠤᠯ ᠱᠢᠵᠢᠮ ᠪᠣᠯᠭᠠᠵᠤ᠂ ᠶᠡᠷᠦᠩᠬᠡᠶ ᠱᠦᠵᠢ ᠰᠢ᠎ᠵᠢᠨ᠎ᠫᠢᠩ ᠪᠣᠯᠤᠨ ᠨᠠᠮ ᠎ᠤᠨ ᠲᠥᠪ ᠬᠣᠷᠢᠶ᠎ᠠ ᠡᠴᠡ ᠣᠯᠭᠣᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠂ ᠡᠭᠦᠷᠭᠡ ᠬᠠᠷᠢᠭᠤᠴᠠᠯᠭ᠎ᠠ ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠵᠤ ᠵᠢᠭᠠᠵᠤ ᠭᠠᠷᠭᠠᠵᠠᠢ᠃

ᠸᠠᠩ ᠸᠧᠢ ᠵᠦᠩ᠂ ᠳᠠᠪᠠᠭᠤᠯᠢᠭ᠎ᠢᠶᠠᠨ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠤᠶᠤᠨᠴᠢᠯᠠᠬᠤ᠂ ᠪᠣᠬᠢᠷᠲᠤᠯ ᠦᠭᠡᠢᠵᠢᠭᠦᠯᠬᠦ᠂ ᠠᠭᠤᠰᠤᠯᠴᠠᠭᠤᠯᠬᠤ ᠴᠢᠭ᠌ᠯᠡᠯ᠎ᠢ ᠪᠠᠷᠢᠮᠲᠠᠯᠠᠵᠤ᠂ ᠥᠪᠥᠷ ᠮᠣᠩᠭᠣᠯ᠎ᠤᠨ ᠣᠨᠴᠠᠯᠢᠭᠳᠤ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ ᠎ᠢ ᠲᠦᠷᠭᠡᠳᠭᠡᠨ ᠪᠠᠢᠭᠤᠯᠬᠤ ᠬᠡᠷᠡᠭ᠌ᠲᠡᠢ᠃ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ ᠎ᠶ᠋ᠢᠨ ᠠᠵᠢᠯ ᠎ᠢ ᠰᠠᠢᠲᠤᠷ ᠬᠢᠵᠦ᠍᠂ ᠨᠡᠭᠦᠷᠡᠰᠦᠨ᠎ᠦ ᠭᠠᠷᠤᠯᠲᠠ᠎ᠶ᠋ᠢ ᠲᠣᠭ᠍ᠲᠠᠪᠤᠷᠢᠵᠢᠭᠤᠯᠤᠨ ᠬᠠᠩᠭᠠᠯᠭ᠎ᠠ᠎ᠶ᠋ᠢ ᠪᠠᠲᠤᠯᠠᠬᠤ ᠪᠠ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ᠎ᠶ᠋ᠢ ᠴᠢᠩᠭᠠᠳᠭᠠᠵᠤ᠂ ᠡᠯᠡᠰᠦ ᠭᠤᠪᠢ ᠴᠦᠯᠯᠡᠷᠬᠡᠭ ᠭᠠᠵᠠᠷ ᠤ᠋ᠨ ᠲᠣᠮᠣ ᠬᠡᠯᠪᠡᠷᠢ᠎ᠶ᠋ᠢᠨ ᠰᠠᠯᠬᠢᠨ ᠬᠦᠴᠦᠨ᠎ᠦ ᠴᠠᠬᠢᠯᠭᠠᠨ ᠬᠡᠷᠡᠯᠴᠢ ᠴᠡᠨᠡᠭ᠎ᠦᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠲᠤᠬᠠᠶ᠎ᠶ᠋ᠢᠨ ᠭᠠᠵᠠᠷ᠎ᠲᠤᠨᠢ ᠱᠢᠩᠭᠡᠭᠡᠬᠦ ᠪᠠ ᠭᠠᠳᠠᠭ᠍ᠰᠢ ᠬᠦᠷᠭᠡᠬᠦ᠌᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠱᠢᠨ᠎ᠡ ᠡᠨᠧᠷᠭᠢ᠎ᠶ᠋ᠢ ᠨᠡᠭᠡᠭᠡᠨ ᠬᠥᠭ᠌ᠵᠢᠭᠦᠯᠬᠦ᠌ ᠲᠦᠪᠱᠢᠨ᠎ᠢ ᠳᠡᠭᠡᠭ᠌ᠰᠢᠯᠡᠭᠦᠯᠵᠦ᠍᠂ ᠱᠢᠨ᠎ᠡ ᠡᠨᠧᠷᠭᠢ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ᠃ ᠪᠠᠢᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠠᠵᠤ ᠦᠶ᠋ᠯᠡᠰ᠎ᠢ ᠶᠡᠬᠡ᠎ᠪᠡᠷ ᠬᠥᠭ᠌ᠵᠢᠭᠦᠯᠵᠦ᠍᠂ 《ᠬᠣᠪᠣᠷ ᠱᠢᠷᠣᠶ᠎ᠶ᠋ᠢᠨ ᠬᠣᠶᠠᠷ ᠰᠠᠭᠤᠷᠢᠨ》 ᠢ᠋ ᠴᠢᠨᠠᠷ ᠰᠠᠢᠲᠠᠶ ᠪᠥᠲᠥᠭᠡᠨ ᠪᠠᠢᠭᠤᠯᠵᠤ᠂ ᠲᠡᠮᠦᠷ᠂ ᠬᠥᠩᠭᠡᠨᠴᠠᠭᠠᠨ᠂ ᠵᠡᠰ᠂ ᠯᠢᠲ᠋ᠢ ᠵᠡᠷᠭᠡ ᠠᠵᠤ ᠦᠶ᠋ᠯᠡᠰ᠎ᠦᠨ ᠬᠡᠯᠬᠢᠶ᠎ᠡ ᠎ᠶ᠋ᠢ ᠤᠷᠲᠤᠳᠭᠠᠨ ᠬᠡᠯᠬᠢᠶ᠎ᠡ ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌᠎ᠶ᠋ᠢ ᠠᠬᠢᠭᠤᠯᠬᠤ ᠬᠡᠷᠡᠭ᠌ᠲᠡᠶ᠃ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠎ᠢ ᠨᠠᠷᠢᠯᠢᠭ ᠡᠳ᠋ᠱᠢᠭᠦᠯᠦᠨ ᠪᠤᠯᠪᠠᠰᠤᠷᠠᠭᠤᠯᠬᠤ ᠪᠠ ᠪᠣᠬᠢᠷᠲᠤᠯ ᠥᠬᠡᠶ ᠣᠷᠭᠠᠨᠢᠭ ᠲᠥᠷᠥᠯ ᠲᠡᠮᠳᠡᠭ ᠎ᠢ ᠴᠣᠭ᠍ᠴᠠᠯᠠᠬᠤ᠎ᠶ᠋ᠢ ᠰᠠᠢᠲᠤᠷ ᠠᠳᠭᠤᠬᠤ ᠬᠡᠷᠡᠭ᠌ᠲᠡᠶ᠃ ᠪᠣᠬᠢᠷᠲᠤᠯ ᠦᠭᠡᠢ ᠪᠤᠳᠤᠯᠳᠠ ᠵᠢᠨ ᠬᠦᠴᠦᠨ᠂ ᠤᠢᠷ᠎ᠠ ᠤᠭᠳᠠᠷᠭᠤᠢ ᠵᠢᠨ ᠠᠵᠤ ᠠᠬᠤᠢ᠂ ᠠᠮᠢᠳᠤ ᠪᠣᠳᠠᠰ᠎ᠤᠨ ᠦᠢᠯᠡᠳᠭᠡᠯ ᠵᠡᠷᠭᠡ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠨ ᠢᠷᠡᠭᠡᠳᠦᠢ᠎ᠶ᠋ᠢᠨ ᠠᠵᠤ ᠦᠢᠯᠡᠰ᠎ᠢ ᠲᠦᠷᠭᠡᠳᠭᠡᠨ ᠬᠥᠭ᠌ᠵᠢᠭᠦᠯᠵᠦ᠍᠂ 《ᠵᠣᠬᠢᠶᠠᠮᠠᠯ ᠤᠶᠤᠨ ᠴᠢᠳᠠᠪᠤᠷᠢ + 》 ᠠᠵᠢᠯᠯᠠᠭ᠎ᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠭᠠᠵᠠᠷ ᠣᠷᠣᠨ ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠵᠠᠢ᠃

ᠸᠠᠩ ᠸᠧᠶ ᠵᠥᠩ᠂ ᠪᠣᠭᠣᠮᠢ᠎ᠶ᠋ᠢᠨ ᠬᠦᠯᠢᠶᠡᠰᠦᠯᠡᠯ ᠎ᠢ ᠲᠦᠷᠭᠡᠨ ᠠᠷᠢᠯᠭᠠᠵᠤ᠂ ᠭᠤᠤᠯᠳᠠᠯᠭ᠎ᠠ᠎ᠶ᠋ᠢ ᠳᠣᠪᠣᠢᠯᠭᠠᠨ᠂ ᠲᠥᠪᠯᠡᠷᠡᠭᠦᠯᠦᠨ ᠬᠦᠴᠦᠯᠡᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢ ᠨᠥᠯᠥᠭᠡᠯᠡᠵᠤ ᠪᠠᠢᠭ᠎ᠠ ᠬᠣᠷᠢᠭ᠎ᠠ ᠴᠡᠭ ᠪᠠ ᠲᠦᠭ᠌ᠵᠢᠷᠡᠯ ᠎ᠢ ᠪᠦᠲᠦᠮᠵᠢᠲᠡᠶ ᠨᠡᠪᠲᠡᠷᠡᠭᠦᠯᠬᠦ᠌ ᠬᠡᠷᠡᠭ᠌ᠲᠡᠶ᠃ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ ᠎ᠢ ᠎ᠪᠡᠨ ᠬᠦᠴᠦᠷᠬᠡᠭ᠌ᠵᠢᠭᠦᠯᠬᠦ᠌᠎ᠶ᠋ᠢ ᠲᠦᠷᠭᠡᠳᠭᠡᠵᠦ᠍᠂ ᠪᠦᠬᠦ᠌ ᠶᠠᠪᠤᠴᠠ᠎ᠶ᠋ᠢᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠭᠤᠯᠵᠤ᠂ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠲᠠᠯ᠎ᠠ ᠪᠡᠷ ᠪᠤᠰᠤᠳ᠎ᠲᠤ ᠬᠢᠵᠠᠭᠠᠷᠯᠠᠭ᠍ᠳᠠᠬᠤ ᠠᠰᠠᠭᠤᠳᠠᠯ ᠎ᠢ ᠬᠦᠴᠦᠯᠡᠨ ᠱᠢᠢᠳᠪᠦᠷᠢᠯᠡᠬᠦ᠌ ᠬᠡᠷᠡᠭ᠌ᠲᠡᠢ᠃ ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠤᠢ ᠪᠣᠯᠭᠠᠵᠤ᠂ ᠲᠡᠮᠦᠷ ᠵᠠᠮ᠎ᠤᠨ ᠲᠣᠣᠷ᠂ ᠵᠠᠰᠠᠮᠠᠯ ᠵᠠᠮ᠎ᠤᠨ ᠲᠣᠣᠷ᠂ ᠠᠭᠠᠷ᠎ᠤᠨ ᠠᠶᠠᠯᠠᠯ᠎ᠤᠨ ᠲᠣᠣᠷ᠂ ᠴᠢᠯᠠᠭᠤᠨ ᠲᠤᠰᠤ ᠱᠢᠲᠠᠮᠠᠬᠠᠢ ᠬᠡᠢ᠎ᠶ᠋ᠢᠨ ᠬᠣᠭᠣᠯᠠᠢ ᠪᠣᠯᠤᠨ ᠬᠤᠳᠠ ᠬᠥᠳᠡᠭᠡ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠲᠣᠣᠷ ᠵᠡᠷᠭᠡ᠎ᠶ᠋ᠢᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠠᠱᠢᠭ᠍ᠲᠠᠢ ᠣᠷᠴᠢᠨ ᠨᠥᠬᠥᠴᠡᠯ ᠎ᠢ ᠪᠤᠢ ᠪᠣᠯᠭᠠᠬᠤ ᠬᠡᠷᠡᠭ᠌ᠲᠡᠢ᠃ 《ᠤᠰᠤ ᠪᠡᠷ ᠲᠦᠷᠪᠡ ᠵᠢ ᠲᠣᠭ᠍ᠲᠠᠭᠠᠬᠤ》 ᠵᠠᠷᠴᠢᠮ ᠎ᠢ ᠴᠢᠩᠭ᠎ᠠ ᠨᠠᠢᠳᠠᠪᠤᠷᠢᠵᠢᠭᠤᠯᠵᠤ᠂ ᠭᠤᠤᠯᠳᠠᠯᠭ᠎ᠠ᠎ᠲᠠᠶ ᠤᠰᠤᠨ ᠠᠱᠢᠭ᠍ᠯᠠᠯᠲᠠ᠎ᠶ᠋ᠢᠨ ᠪᠠᠷᠢᠯᠭ᠎ᠠ ᠵᠢ ᠱᠢᠨᠵᠢᠯᠡᠬᠦ᠌ ᠤᠬᠠᠭᠠᠨᠴᠢ ᠎ᠪᠠᠷ ᠲᠥᠯᠥᠪᠵᠢᠭᠦᠯᠦᠨ ᠬᠡᠷᠡᠭ᠌ᠵᠢᠭᠦᠯᠵᠦ᠍᠂ ᠲᠠᠷᠢᠶᠠᠯᠠᠩ᠎ᠤᠨ ᠤᠰᠤ ᠠᠷᠪᠢᠯᠠᠬᠤ ᠤᠰᠤᠯᠠᠯᠲᠠ᠂ ᠠᠵᠤ ᠦᠶ᠋ᠯᠡᠳᠪᠦᠷᠢ᠎ᠶ᠋ᠢᠨ ᠤᠰᠤ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠤᠰᠤ ᠵᠢ ᠠᠷᠪᠢᠯᠠᠨ ᠬᠡᠷᠡᠭᠯᠡᠬᠦ ᠵᠡᠷᠭᠡ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠵᠤ᠂ ᠤᠰᠤᠨ᠎ᠤ ᠡᠬᠢ ᠪᠠᠶᠠᠯᠢᠭ ᠳᠤᠲᠠᠭ᠍ᠳᠠᠵᠤ ᠪᠠᠢᠭ᠎ᠠ ᠬᠦᠯᠢᠶᠡᠰᠦᠯᠡᠯ ᠎ᠢ ᠪᠥᠬᠥ᠌ ᠬᠦᠴᠦᠨ᠎ᠢᠶᠡᠷ ᠎ᠢᠶᠡᠨ ᠠᠷᠢᠯᠭᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠸᠠᠩ ᠸᠧᠢ ᠵᠦᠩ᠂ ᠳᠤᠲᠠᠭᠤᠳᠠᠯ ᠪᠠᠭᠤᠷᠠᠢ ᠲᠠᠯ᠎ᠠ᠎ᠪᠠᠨ ᠬᠦᠴᠦᠯᠡᠨ ᠨᠥᠬᠥᠪᠥᠷᠢᠯᠡᠵᠦ᠍ ᠴᠢᠩᠭᠠᠳᠭᠠᠨ᠂ ᠬᠥᠭ᠌ᠵᠢᠯᠲᠡ᠎ᠶ᠋ᠢᠨ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ᠎ᠢ ᠨᠡᠩ ᠰᠠᠢᠲᠤᠷ ᠱᠢᠢᠳᠪᠦᠷᠢᠯᠡᠵᠦ᠍᠂ ᠬᠥᠭ᠌ᠵᠢᠯᠲᠡ᠎ᠶ᠋ᠢᠨ ᠪᠦᠬᠦᠯᠢ ᠴᠣᠭ᠍ᠴᠠᠲᠤ ᠴᠢᠨᠠᠷ ᠵᠣᠬᠢᠴᠠᠩᠭᠤᠢ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠪᠣᠳᠠᠰ ᠲᠤ᠌ ᠪᠡᠯᠡ ᠣᠷᠣᠭᠤᠯᠬᠤ ᠪᠠ ᠬᠦᠮᠦᠨ ᠳ᠋ᠤ ᠪᠡᠯᠡ ᠣᠷᠣᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠨᠡᠭᠡᠭᠡᠨ ᠬᠥᠭ᠌ᠵᠢᠭᠦᠯᠦᠯᠲᠡ ᠪᠠ ᠬᠥᠮᠦᠨ᠎ᠦ  ᠪᠦᠬᠦ᠌ ᠲᠠᠯ᠎ᠠ᠎ᠶ᠋ᠢᠨ ᠬᠥᠭ᠌ᠵᠢᠯᠲᠡ ᠳ᠋ᠤ ᠪᠡᠯᠡ ᠣᠷᠣᠭᠤᠯᠬᠤ ᠡᠷᠴᠢᠮ᠎ᠢ ᠴᠢᠩᠭᠠᠷᠠᠭᠤᠯᠵᠤ᠂ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠰᠠᠢᠲᠤᠷ ᠤᠬᠠᠭᠠᠯᠠᠨ ᠲᠥᠯᠦᠪᠯᠡᠵᠤ ᠬᠡᠷᠡᠭ᠌ᠵᠢᠭᠦᠯᠦᠨ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠎ᠤᠨ ᠠᠰᠠᠷᠠᠮᠵᠢ᠂ ᠬᠡᠤᠬᠡᠳ ᠠᠰᠠᠷᠠᠬᠤ ᠵᠡᠷᠭᠡ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠲᠦᠪᠱᠢᠨ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠬᠡᠷᠡᠭ᠌ᠯᠡᠭᠡᠨ᠎ᠦ ᠵᠦᠢᠯ ᠪᠠ ᠦᠢᠯᠡᠴᠢᠯᠡᠭᠡᠨ᠎ᠦ ᠬᠠᠩᠭᠠᠯᠭ᠎ᠠ᠎ᠶ᠋ᠢᠨ ᠵᠣᠬᠢᠴᠠᠬᠤ ᠴᠢᠨᠠᠷ᠎ᠢ ᠴᠢᠩᠭᠠᠳᠭᠠᠵᠤ᠂ ᠭᠣᠣᠯᠳᠠᠯᠭ᠎ᠠ᠎ᠲᠠᠶ ᠠᠵᠢᠯ ᠲᠦᠷᠦᠯ ᠬᠦᠷᠢᠶ᠎ᠠ ᠴᠠᠷᠠᠭ᠎ᠠ ᠵᠢᠨ᠎ᠱᠢᠨ᠎ᠡ ᠦᠢᠯᠡᠳᠬᠦᠨ ᠪᠠ ᠨᠡᠮᠡᠭᠳᠡᠯ ᠦᠷᠳᠡᠭ ᠎ᠦᠨ ᠦᠢᠯᠡᠴᠢᠯᠡᠭᠡ᠎ᠶ᠋ᠢ ᠨᠡᠭᠡᠭᠡᠨ ᠬᠥᠭ᠌ᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠠᠩᠭᠠᠯᠭ᠎ᠠ᠎ᠶ᠋ᠢ ᠳᠡᠭᠡᠳᠦ ᠲᠡᠰᠵᠢᠬᠦᠯᠬᠦ᠌᠂ ᠨᠠᠷᠢᠯᠢᠬ᠍ᠵᠢᠭᠤᠯᠬᠤ᠂ ᠤᠶᠠᠨ ᠬᠠᠳᠠᠨ ᠴᠢᠨᠠᠷᠳᠠᠢ ᠪᠤᠯᠭᠠᠬᠤ ᠶ᠋ᠢ ᠠᠬᠢᠭᠤᠯᠬᠤ ᠬᠡᠷᠡᠭ᠌ᠲᠡᠢ᠃ ᠳᠣᠲᠣᠭᠠᠳᠤ ᠭᠠᠳᠠᠭᠠᠳᠤ ᠨᠡᠬᠡᠭᠡᠯᠳᠡ᠎ᠶ᠋ᠢ ᠵᠡᠷᠭᠡ ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠬᠠᠷᠠᠯᠳᠠ᠎ᠲᠠᠶ᠎ᠪᠠᠷ ᠠᠷᠠᠯᠵᠢᠶᠠᠴᠢᠨ ᠤᠷᠢᠵᠤ ᠪᠡᠯᠡ ᠮᠥᠩᠭᠥ᠌ ᠣᠷᠣᠭᠤᠯᠤᠨ ᠠᠪᠴᠢᠷᠠᠬᠤ ᠠᠵᠢᠯ᠎ᠢ ᠥᠷᠨᠢᠭᠦᠯᠵᠦ᠍᠂ ᠣᠷᠣᠨ ᠪᠦᠰᠡ᠎ᠶ᠋ᠢᠨ ᠬᠠᠮᠲᠤᠷᠠᠯᠴᠠᠭ᠎ᠠ ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠭᠠᠳᠠᠭᠠᠳᠤ᠎ᠡᠴᠡ ᠣᠷᠣᠭᠤᠯᠬᠤ ᠡᠬᠢ ᠪᠠᠶᠠᠯᠢᠭ᠎ᠢ ᠡᠳ᠋ᠱᠢᠭᠦᠯᠦᠨ ᠪᠣᠯᠪᠠᠰᠤᠷᠠᠭᠤᠯᠬᠤ ᠪᠠ ᠭᠠᠳᠠᠭᠠᠳᠤ ᠬᠠᠨᠳᠤᠯᠭᠠᠲᠤ ᠠᠵᠤ ᠠᠬᠤᠢ᠎ᠶ᠋ᠢ ᠶᠡᠬᠡ᠎ᠪᠡᠷ ᠬᠥᠭ᠌ᠵᠢᠭᠦᠯᠵᠦ᠍᠂ ᠥᠨᠳᠥᠷ ᠲᠦᠪᠱᠢᠨ ᠪᠦᠬᠦᠢ ᠨᠡᠬᠡᠭᠡᠯᠳᠡ᠎ᠪᠡᠷ ᠬᠥᠭ᠌ᠵᠢᠯᠲᠡ᠎ᠶ᠋ᠢᠨ ᠱᠢᠨ᠎ᠡ ᠣᠷᠣᠨ ᠵᠠᠢ ᠎ᠶ᠋ᠢ ᠥᠷᠭᠡᠳᠭᠡᠬᠦ᠌ ᠬᠡᠷᠡᠭ᠌ᠲᠡᠢ᠃ ᠠᠶᠤᠯᠭᠦᠶ ᠦᠶ᠋ᠯᠡᠳᠪᠦᠷᠢᠯᠡᠯ᠎ᠦᠨ ᠬᠡᠮ ᠰᠣᠭᠣᠭ ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠴᠢᠩᠭᠠᠳᠭᠠᠵᠤ᠂ ᠭᠤᠤᠯᠳᠠᠯᠭ᠎ᠠ᠎ᠲᠠᠶ ᠬᠦᠷᠢᠶ᠎ᠠ ᠴᠠᠷᠠᠭ᠎ᠠ ᠵᠢᠨ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠢᠷᠡᠯᠲᠡ᠎ᠨᠢ ᠲᠣᠳᠣᠷᠬᠠᠶ ᠥᠬᠡᠶ ᠡᠮ᠎ᠦᠨ ᠵᠦᠶ᠋ᠯ᠎ᠢ ᠪᠣᠷᠣᠯᠠᠭᠤᠯᠬᠤ ᠵᠡᠷᠭᠡ ᠬᠠᠤᠯᠢ᠎ᠡᠴᠡ ᠵᠥᠷᠢᠴᠡᠭ᠌ᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠠᠷᠠᠳ ᠲᠦᠮᠡᠨ᠎ᠦ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ ᠪᠠ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠥᠬᠥ᠌ ᠬᠦᠴᠦᠨ᠎ᠢᠶᠡᠷ᠎ᠢᠶᠡᠨ ᠪᠠᠲᠤᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            