ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ᠎ᠶᠢᠨ ᠪᠥᠬᠥᠳᠡ ᠬᠤᠷᠠᠯᠳᠤᠭᠠᠨ᠎ᠤ 《ᠰᠤᠷᠤᠯᠴᠠᠯᠭ᠎ᠠ᠎ᠶᠢ ᠶᠡᠬᠡᠪᠡᠷ ᠡᠷᠬᠢᠮᠯᠡᠬᠦ》 ᠱᠠᠭᠠᠷᠳᠠᠯᠭ᠎ᠠ ᠶᠣᠰᠣᠭᠠᠷ᠂ 12 ᠳ᠋ᠤᠭᠠᠷ ᠰᠠᠷ᠎ᠠ᠎ᠶᠢᠨ 1᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠣᠨᠣᠯ ᠰᠤᠷᠤᠯᠴᠠᠬᠤ ᠭᠣᠣᠯ ᠳᠤᠭᠤᠢᠯᠠᠩ 2025 ᠣᠨ᠎ᠤ 11 ᠳ᠋ᠦ᠍ᠭᠡᠷ ᠤᠳᠠᠭᠠᠨ᠎ᠤ ᠬᠠᠮᠲᠤ᠎ᠶᠢᠨ ᠰᠤᠷᠤᠯᠴᠠᠯᠭ᠎ᠠ ( ᠥᠷᠭᠡᠳᠬᠡᠭᠰᠡᠨ )᠎ᠶᠢᠨ ᠬᠤᠷᠠᠯ᠎ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠥᠪᠥᠷ ᠮᠣᠩᠭᠣᠯ᠎ᠤᠨ ᠲᠤᠬᠠᠢ ᠶᠡᠷᠦᠩᠬᠡᠢ ᠱᠦᠵᠢ ᠰᠢ᠎ᠵᠢᠨ᠎ᠫᠢᠩ᠎ᠤᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠳᠠᠬᠢᠨᠲᠠ ᠰᠣᠷᠣᠯᠴᠠᠬᠤ᠎ᠪᠡᠷ ᠭᠣᠣᠯ ᠰᠡᠳᠦᠪ ᠪᠣᠯᠭᠠᠵᠤ ᠳᠠᠭᠠᠭᠤᠯᠤᠨ ᠰᠣᠷᠣᠯᠴᠠᠪᠠ᠃
ᠬᠤᠷᠠᠯ᠎ᠢᠶᠠᠷ ᠱᠠᠭᠠᠷᠳᠠᠬᠤᠳᠤᠪᠠᠨ᠂ ᠪᠦᠬᠦ ᠣᠷᠣᠨ᠎ᠤ ᠵᠠᠰᠠᠭ᠎ᠤᠨ ᠣᠷᠳᠣᠨ᠎ᠤ ᠰᠢᠰᠲᠧᠮ᠎ᠦᠨ ᠬᠢᠨ ᠤ᠌ᠭ ᠶᠣᠰᠣ᠌᠎ᠪᠠᠷ ᠨᠢ ᠰᠤᠷᠤᠯᠴᠠᠵᠤ᠂ ᠨᠡᠪᠲᠡᠷᠡᠲᠡᠯ᠎ᠡ ᠣᠢᠯᠠᠭᠠᠵᠤ᠂ ᠪᠣᠳᠠᠲᠠᠢ᠎ᠲᠠᠢ ᠤᠶᠠᠯᠳᠤᠭᠤᠯᠤᠨ ᠰᠤᠷᠤᠯᠴᠠᠵᠤ᠂ ᠥᠪᠥᠷ ᠮᠣᠩᠭᠣᠯ᠎ᠤᠨ ᠲᠤᠬᠠᠢ ᠶᠡᠷᠦᠩᠬᠡᠢ ᠱᠦᠵᠢ ᠰᠢ᠎ᠵᠢᠨ᠎ᠫᠢᠩ᠎ᠤᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠎ᠶᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ ᠶᠢ ᠲᠤᠭᠤᠰᠢᠯᠠᠭᠤᠯᠬᠤ ᠯᠤᠭ᠎ᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ᠎ᠶᠢᠨ ᠪᠥᠬᠥᠳᠡ ᠬᠤᠷᠠᠯᠳᠤᠭᠠᠨ᠎ᠤ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ ᠯᠤᠭ᠎ᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠥᠲᠥᠯᠪᠦᠷᠢ᠎ᠶᠢ ᠨᠠᠷᠢᠨ ᠨᠢᠮᠪᠠᠢ ᠨᠠᠢᠷᠠᠭᠤᠯᠤᠨ ᠵᠣᠬᠢᠶᠠᠵᠤ᠂ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠡᠯ᠎ᠡ ᠵᠦᠢᠯ᠎ᠦᠨ ᠠᠵᠢᠯ᠎ᠢ ᠰᠠᠢᠲᠤᠷ ᠬᠢᠵᠦ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠳᠣᠭᠲᠠᠭᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠬᠦ ᠬᠡᠷᠡᠭᠲᠡᠢ ᠭᠡᠪᠡ᠃