ᠣᠢᠷ᠎ᠠ᠎ᠳᠤ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠢᠲᠡᠯᠡᠬᠦ ᠬᠤᠷᠠᠯ᠎ᠡᠴᠡ ᠣᠢᠯᠠᠭᠠᠭᠰᠠᠨ᠎ᠢᠶᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠳᠦᠷᠢᠮ》 (ᠳᠣᠷᠣᠭ᠍ᠰᠢ 《ᠳᠦᠷᠢᠮ》 ᠭᠡᠵᠦ ᠲᠣᠪᠴᠢᠯᠠᠨ᠎ᠠ)᠎ᠢ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠬᠣᠷᠢᠨ ᠭᠤᠷᠪᠠᠳᠤᠭᠠᠷ ᠬᠤᠷᠠᠯᠳᠤᠭᠠᠨ᠎ᠢᠶᠠᠷ ᠪᠠᠲᠤᠯᠠᠵᠤ᠂ 2026 ᠣᠨ᠎ᠤ 1 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃
ᠲᠠᠨᠢᠯᠴᠠᠭᠤᠯᠤᠭᠰᠠᠨ᠎ᠢᠶᠠᠷ᠂ 《ᠳᠦᠷᠢᠮ》 ᠪᠣᠯ 2025 ᠣᠨ᠎ᠤ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠪᠣᠯᠬᠤ ᠬᠠᠤᠯᠢ ᠲᠣᠭᠲᠠᠭᠠᠬᠤ ᠲᠥᠷᠥᠯ ᠵᠦᠢᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠶᠡᠷᠦᠩᠬᠡᠢ ᠱᠦᠵᠢ ᠰᠢ᠎ᠵᠢᠨ᠎ᠫᠢᠩ᠎ᠤᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯᠳᠤᠭᠠᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ 《ᠨᠠᠮ᠎ᠤᠨ ᠬᠣᠷᠢᠶ᠎ᠠ ᠤᠳᠤᠷᠢᠳᠬᠤ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠢᠶᠠᠷ ᠭᠣᠣᠯᠯᠠᠭᠤᠯᠬᠤ᠂ ᠵᠠᠰᠠᠭ᠎ᠤᠨ ᠣᠷᠳᠣᠨ᠎ᠳᠤ ᠲᠦᠰᠢᠭᠯᠡᠬᠦ᠂ ᠡᠯ᠎ᠡ ᠲᠠᠯ᠎ᠠ᠎ᠶᠢᠨ ᠬᠢᠨ ᠣᠷᠣᠯᠴᠠᠬᠤ》 ᠭᠡᠬᠦ ᠬᠠᠤᠯᠢ ᠲᠣᠭᠲᠠᠭᠠᠬᠤ ᠠᠵᠢᠯ᠎ᠤᠨ ᠲᠥᠯᠥᠪ ᠪᠠᠢᠳᠠᠯ᠎ᠢ ᠪᠠᠷᠢᠮᠲᠠᠯᠠᠪᠠ᠃ ᠬᠠᠤᠯᠢ ᠲᠣᠭᠲᠠᠭᠠᠬᠤ ᠶᠠᠪᠤᠴᠠ᠎ᠳᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠪᠠᠷᠢᠮᠲᠠᠯᠠᠨ ᠬᠥᠭᠵᠢᠭᠦᠯᠵᠦ᠂ ᠤᠯᠠᠨ ᠵᠦᠢᠯ᠎ᠦᠨ ᠬᠡᠯᠪᠡᠷᠢ᠎ᠪᠡᠷ ᠳᠠᠮᠵᠢᠭᠤᠯᠤᠨ ᠰᠠᠨᠠᠯ ᠰᠠᠨᠠᠭᠤᠯᠭ᠎ᠠ᠎ᠶᠢ ᠬᠤᠷᠢᠶᠠᠬᠤ᠎ᠶᠢᠨ ᠬᠠᠮᠲᠤ ᠡᠯ᠎ᠡ ᠲᠠᠯ᠎ᠠ᠎ᠶᠢᠨ ᠬᠢᠨ᠎ᠦ ᠰᠠᠨᠠᠯ᠎ᠢ ᠬᠢᠨᠠᠮᠠᠭᠠᠢ ᠰᠤᠳᠤᠯᠤᠨ᠂ ᠬᠦᠯᠢᠶᠡᠨ ᠠᠪᠴᠤ ᠠᠰᠢᠭ᠍ᠯᠠᠨ ᠬᠡᠷᠡᠭᠯᠡᠵᠦ᠂ ᠰᠢᠨᠵᠢᠯᠡᠬᠦ ᠤᠬᠠᠭᠠᠨᠴᠢ᠎ᠪᠠᠷ ᠬᠠᠤᠯᠢ ᠲᠣᠭᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ᠎ᠶᠢ ᠦᠨᠡᠨ ᠬᠦ᠌ ᠪᠠᠲᠤᠯᠠᠵᠤ᠂ ᠬᠠᠤᠯᠢᠵᠢᠯ᠎ᠢᠶᠠᠷ ᠦᠨᠳᠦᠰᠦ᠎ᠶᠢ ᠪᠠᠲᠤᠳᠬᠠᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠂ ᠠᠯᠤᠰ ᠬᠡᠳᠦ᠎ᠳᠦ ᠠᠰᠢᠭ᠍ᠲᠠᠢ ᠪᠠᠲᠤᠯᠠᠭ᠎ᠠ᠎ᠶᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠤᠨ᠎ᠠ᠃
《ᠳᠦᠷᠢᠮ》 ᠨᠢ ᠰᠢᠨ᠎ᠡ᠎ᠪᠡᠷ ᠲᠣᠭᠲᠠᠭᠠᠭᠰᠠᠨ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢ ᠠᠬᠢᠭᠤᠯᠬᠤ ᠬᠠᠤᠯᠢ》᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠬᠥᠭᠵᠢᠯᠲᠡ᠎ᠶᠢᠨ ᠶᠠᠪᠤᠴᠠ᠎ᠳᠤ ᠲᠤᠯᠭᠠᠷᠠᠭᠰᠠᠨ ᠠᠰᠠᠭᠤᠳᠠᠯ᠎ᠤᠨ ᠲᠣᠭᠣᠷᠢᠨ᠎ᠳᠤ ᠵᠣᠬᠢᠴᠠᠯᠳᠤᠭᠰᠠᠨ ᠲᠣᠭᠲᠠᠭᠠᠯ ᠭᠠᠷᠭᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠶᠢᠨ ᠬᠠᠤᠯᠢ ᠶᠣᠰᠣᠨ᠎ᠤ ᠡᠷᠬᠡ ᠠᠰᠢᠭ᠋᠎ᠢ ᠬᠠᠤᠯᠢ ᠶᠣᠰᠣᠭᠠᠷ ᠬᠠᠮᠠᠭᠠᠯᠠᠨ᠎ᠠ᠃ ᠡᠭᠦᠨ᠎ᠦ ᠬᠠᠮᠲᠤ᠂ ᠠᠩᠬ᠎ᠠ ᠡᠭᠦᠳᠦᠯᠲᠡ᠎ᠶᠢᠨ ᠬᠤᠭᠤᠴᠠᠭᠠᠨ᠎ᠤ᠂ ᠥᠨᠳᠥᠷ ᠦᠰᠦᠨ ᠪᠣᠢᠵᠢᠯᠲᠠ᠎ᠶᠢᠨ ᠴᠢᠨᠠᠷᠲᠠᠢ᠂ ᠲᠤᠯᠭᠠᠭᠤᠷᠢᠯᠠᠯ᠎ᠤᠨ ᠴᠢᠨᠠᠷᠲᠠᠢ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠂ ᠰᠢᠨ᠎ᠡ ᠬᠡᠪ ᠵᠠᠭᠪᠤᠷ ᠪᠦᠬᠦᠢ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠶᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠤᠯᠤᠰ᠎ᠤᠨ ᠥᠮᠴᠢᠯᠡᠯᠲᠦ ᠠᠵᠤ ᠠᠬᠤᠢᠯᠠᠯ᠂ ᠳᠡᠭᠡᠳᠦ ᠵᠡᠷᠭᠡ᠎ᠶᠢᠨ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠢ ᠵᠣᠷᠢᠭ᠍ᠵᠢᠭᠤᠯᠵᠤ ᠪᠠᠢᠭᠠᠳ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠳᠤ ᠬᠡᠮᠵᠢᠭᠦᠷᠯᠢᠭ ᠲᠥᠬᠦᠭᠡᠷᠦᠮᠵᠢ᠂ ᠲᠤᠷᠰᠢᠨ ᠰᠢᠯᠭᠠᠬᠤ ᠲᠠᠯᠠᠪᠤᠷ ᠭᠠᠵᠠᠷ ᠵᠡᠷᠭᠡ ᠡᠬᠢ ᠪᠠᠶᠠᠯᠢᠭ᠋᠎ᠢᠶᠠᠨ ᠴᠢᠯᠦᠭᠡᠲᠡᠢ ᠨᠡᠭᠡᠭᠡᠵᠦ᠂ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠶᠢᠨ ᠰᠤᠳᠤᠯᠤᠨ ᠨᠡᠭᠡᠭᠡᠬᠦ ᠡᠷᠴᠢᠮ᠎ᠢᠶᠡᠨ ᠴᠢᠩᠭᠠᠷᠠᠭᠤᠯᠬᠤ᠎ᠶᠢ ᠵᠣᠷᠢᠭ᠍ᠵᠢᠭᠤᠯᠤᠨ ᠳᠡᠮᠵᠢᠵᠦ᠂ ᠥᠪᠥᠷ ᠮᠣᠩᠭᠣᠯ᠎ᠤᠨ ᠣᠨᠴᠠᠯᠢᠭ᠋᠎ᠲᠠᠢ ᠣᠳᠣᠬᠢᠴᠢᠯᠠᠭᠰᠠᠨ ᠠᠵᠤ ᠦᠢᠯᠡᠰ᠎ᠦᠨ ᠲᠣᠭᠲᠠᠯᠴᠠᠭ᠎ᠠ᠎ᠶᠢ ᠪᠠᠶ᠋ᠢᠭᠤᠯᠬᠤ᠎ᠳᠤ ᠬᠦᠴᠦᠨ ᠨᠡᠮᠡᠷᠢᠯᠡᠨ᠎ᠡ᠃ 《ᠳᠦᠷᠢᠮ》᠎ᠢ ᠶᠡᠷᠦᠩᠬᠡᠢ ᠳᠦᠷᠢᠮ᠂ ᠲᠥᠪ ᠭᠣᠥᠯᠴᠢ ᠥᠷᠢᠰᠦᠯᠳᠦᠭᠡᠨ᠂ ᠦᠢᠯᠡᠴᠢᠯᠡᠭᠡᠨ᠎ᠦ ᠪᠠᠲᠤᠯᠠᠭ᠎ᠠ᠂ ᠰᠢᠨ᠎ᠡ᠎ᠶᠢ ᠡᠭᠦᠳᠬᠦ ᠤᠷᠮᠠᠰᠢᠭᠤᠯᠤᠯ᠂ ᠡᠷᠬᠡ ᠠᠰᠢᠭ᠋᠎ᠤᠨ ᠬᠠᠮᠠᠭᠠᠯᠠᠯᠲᠠ᠂ ᠬᠠᠤᠯᠢ᠎ᠶᠢᠨ ᠬᠠᠷᠢᠭᠤᠴᠠᠯᠭ᠎ᠠ᠂ ᠳᠠᠭᠠᠯᠳᠤᠭᠤᠯᠤᠯ ᠳᠦᠷᠢᠮ ᠵᠡᠷᠭᠡ ᠲᠤᠯᠤᠭᠠᠨ ᠪᠦᠯᠦᠭ 59 ᠵᠦᠢᠯ ᠬᠤᠪᠢᠶᠠᠪᠠ᠃
《ᠳᠦᠷᠢᠮ》᠎ᠳᠦ ᠵᠠᠬ᠎ᠠ ᠳᠡᠯᠭᠡᠭᠦᠷ᠎ᠲᠦ ᠣᠷᠣᠬᠤ ᠵᠥᠪᠰᠢᠶᠡᠷᠡᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠡᠷᠭᠡ ᠲᠠᠯ᠎ᠠ᠎ᠪᠠᠷ ᠠᠷᠠᠳ᠎ᠡᠴᠡ ᠡᠵᠡᠩᠨᠡᠭᠰᠡᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠳᠤ ᠡᠷᠬᠡ ᠲᠡᠭᠰᠢ᠎ᠪᠡᠷ ᠬᠠᠨᠳᠤᠨ᠎ᠠ ᠭᠡᠵᠦ ᠲᠣᠭᠲᠠᠭᠠᠵᠠᠢ᠃ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠶᠢ ᠵᠣᠷᠢᠭ᠍ᠵᠢᠭᠤᠯᠵᠤ ᠪᠠᠢᠭᠠᠳ ᠤᠯᠤᠰ᠎ᠤᠨ ᠦᠮᠴᠢᠯᠡᠯᠲᠦ ᠠᠵᠤ ᠠᠬᠤᠢᠯᠠᠯ᠎ᠤᠨ ᠳᠦᠷᠢᠮ᠎ᠢᠶᠡᠨ ᠥᠭᠡᠷᠡᠴᠢᠯᠡᠵᠦ ᠳᠠᠬᠢᠨᠲᠠ ᠵᠣᠬᠢᠶᠠᠨ ᠪᠠᠶ᠋ᠢᠭᠤᠯᠬᠤ᠂ ᠪᠡᠯᠡ ᠨᠡᠢᠯᠡᠭᠦᠯᠦᠨ ᠡᠵᠡᠩᠨᠡᠬᠦ ᠪᠠ ᠬᠣᠯᠢᠮᠠᠭ ᠦᠮᠴᠢᠯᠡᠯᠲᠦ ᠳᠦᠷᠢᠮ᠎ᠦᠨ ᠥᠭᠡᠷᠡᠴᠢᠯᠡᠯᠲᠡ ᠬᠢᠬᠦ᠎ᠳᠦ ᠬᠠᠤᠯᠢ ᠶᠣᠰᠣᠭᠠᠷ ᠣᠷᠣᠯᠴᠠᠭᠤᠯᠵᠤ᠂ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠂ ᠤᠯᠠᠨ ᠨᠡᠶ᠋ᠢᠲᠡ᠎ᠶᠢᠨ ᠦᠢᠯᠡᠴᠢᠯᠡᠭᠡ ᠪᠠ ᠨᠡᠶ᠋ᠢᠲᠡ᠎ᠶᠢᠨ ᠬᠡᠷᠡᠭᠯᠡᠭᠡᠨ᠎ᠦ ᠦᠢᠯᠡᠰ ᠵᠡᠷᠭᠡ ᠬᠦᠷᠢᠶᠡᠨ᠎ᠳᠦ ᠬᠠᠤᠯᠢ ᠶᠣᠰᠣᠭᠠᠷ ᠡᠷᠬᠡ ᠲᠡᠭᠰᠢ᠎ᠪᠡᠷ ᠣᠷᠣᠯᠴᠠᠭᠤᠯᠤᠨ᠎ᠠ᠃ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠶᠢ ᠠᠬᠢᠭᠤᠯᠬᠤ᠂ ᠭᠠᠢᠯᠢ ᠰᠦᠢᠳᠬᠡᠯ᠎ᠢ ᠬᠠᠰᠤᠵᠤ ᠬᠡᠯᠲᠦᠷᠢᠭᠦᠯᠬᠦ᠂ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢ ᠬᠠᠮᠠᠭᠠᠯᠠᠬᠤ᠂ ᠠᠵᠤ ᠦᠢᠯᠡᠰ᠎ᠦᠨ ᠭᠠᠵᠠᠷ ᠬᠡᠷᠡᠭᠯᠡᠬᠦ ᠪᠠ ᠣᠯᠠᠨ ᠨᠡᠶ᠋ᠢᠲᠡ᠎ᠶᠢᠨ ᠦᠢᠯᠡᠴᠢᠯᠡᠭᠡ ᠬᠠᠩᠭᠠᠬᠤ ᠵᠢᠴᠢ ᠠᠵᠤ ᠠᠬᠤᠢᠯᠠᠯ᠎ᠳᠤ ᠬᠣᠯᠪᠣᠭᠳᠠᠬᠤ ᠲᠥᠷᠥ᠎ᠶᠢᠨ ᠪᠣᠳᠣᠯᠭ᠎ᠠ᠎ᠶᠢ ᠮᠥᠷᠳᠡᠨ ᠨᠠᠢᠳᠠᠪᠤᠷᠢᠵᠢᠭᠤᠯᠬᠤ ᠳᠦᠷᠢᠮ᠎ᠢ ᠪᠦᠷᠢᠨᠰᠢᠭᠦᠯᠬᠦ ᠵᠡᠷᠭᠡ ᠲᠠᠯ᠎ᠠ᠎ᠪᠠᠷ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠶᠢᠨ ᠬᠥᠭᠵᠢᠯᠲᠡ᠎ᠶᠢ ᠪᠠᠲᠤᠯᠠᠨ ᠬᠠᠮᠠᠭᠠᠯᠠᠨ᠎ᠠ ᠃ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠰᠢᠨ᠎ᠡ ᠡᠭᠦᠳᠦᠯᠲᠡ᠎ᠶᠢ ᠠᠬᠢᠭᠤᠯᠬᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠂ ᠣᠳᠣᠬᠢᠴᠢᠯᠠᠭᠰᠠᠨ ᠠᠵᠤ ᠦᠢᠯᠡᠰ᠎ᠦᠨ ᠲᠣᠭᠲᠠᠯᠴᠠᠭ᠎ᠠ᠎ᠶᠢ ᠪᠠᠶ᠋ᠢᠭᠤᠯᠬᠤ ᠳᠤᠮᠳᠠ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠶᠢᠨ ᠦᠢᠯᠡᠳᠦᠯ᠎ᠢᠶᠡᠨ ᠢᠳᠡᠪᠬᠢᠲᠡᠢ ᠪᠠᠳᠠᠷᠠᠭᠤᠯᠬᠤ᠎ᠶᠢ ᠵᠣᠷᠢᠭ᠍ᠵᠢᠭᠤᠯᠤᠨ ᠲᠡᠮᠵᠢᠨ᠎ᠠ᠃ ᠳ᠋ᠢᠭᠢᠲᠴᠢᠯᠡᠭᠰᠡᠨ᠂ ᠣᠶᠤᠨᠴᠢᠯᠠᠭᠰᠠᠨ ᠨᠡᠢᠲᠡᠴᠢ ᠴᠢᠨᠠᠷᠲᠠᠢ ᠮᠡᠷᠭᠡᠵᠢᠯ᠎ᠢ ᠰᠤᠳᠤᠯᠤᠨ ᠨᠡᠭᠡᠭᠡᠬᠦ ᠪᠠ ᠳ᠋ᠠᠢᠲ᠋ᠠ᠎ᠶᠢᠨ ᠬᠦᠴᠦᠨ ᠵᠦᠢᠯ᠎ᠦᠨ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠳᠤ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠶᠢᠨ ᠬᠠᠤᠯᠢ ᠶᠣᠰᠣᠭᠠᠷ ᠣᠷᠣᠯᠴᠠᠬᠤ ᠵᠡᠷᠭᠡ ᠲᠠᠯ᠎ᠠ᠎ᠪᠠᠷ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠶᠢᠨ ᠰᠢᠨ᠎ᠡ᠎ᠶᠢ ᠡᠭᠦᠳᠦᠨ ᠦᠢᠯᠡᠰ ᠪᠣᠰᠬᠠᠬᠤ᠎ᠳᠤ ᠨᠢ ᠳᠡᠮᠵᠢᠯᠭᠡ ᠦᠵᠡᠭᠦᠯᠦᠨ᠎ᠡ᠃ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠶᠢᠨ ᠲᠠᠩᠰᠠᠨ ᠵᠣᠭᠣᠰ᠎ᠢ ᠥᠷᠢᠲᠦᠵᠦ ᠤᠳᠠᠭᠠᠰᠢᠷᠠᠭᠤᠯᠬᠤ᠎ᠶᠢ ᠤᠷᠢᠳᠴᠢᠯᠠᠨ ᠰᠡᠷᠭᠡᠢᠯᠡᠬᠦ ᠪᠠ ᠰᠢᠢᠳᠪᠦᠷᠢᠯᠡᠬᠦ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠠᠶ᠋ᠢᠭᠤᠯᠬᠤ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢ ᠵᠢᠷᠤᠮᠵᠢᠭᠤᠯᠬᠤ᠂ ᠠᠵᠤ ᠠᠬᠤᠢᠯᠠᠯ᠎ᠳᠤ ᠬᠣᠯᠪᠣᠭᠳᠠᠭᠰᠠᠨ ᠰᠦᠢᠳᠬᠡᠯ ᠬᠤᠷᠢᠶᠠᠯᠲᠠ᠎ᠶᠢ ᠵᠢᠷᠤᠮᠵᠢᠭᠤᠯᠬᠤ᠂ ᠢᠲᠡᠭᠡᠯ ᠠᠯᠳᠠᠭᠰᠠᠳ᠎ᠢ ᠵᠠᠯᠬᠠᠭᠠᠨ ᠴᠡᠭᠡᠷᠯᠡᠭᠦᠯᠬᠦ ᠪᠠ ᠢᠲᠡᠭᠡᠮᠵᠢ᠎ᠪᠡᠨ ᠰᠡᠷᠭᠦᠭᠡᠬᠦ ᠳᠦᠷᠢᠮ᠎ᠢ ᠪᠦᠷᠢᠨᠰᠢᠭᠦᠯᠬᠦ ᠵᠡᠷᠭᠡ ᠲᠠᠯ᠎ᠠ᠎ᠪᠠᠷ ᠨᠠᠷᠢᠨ ᠲᠣᠭᠲᠠᠭᠠᠯ ᠭᠠᠷᠭᠠᠪᠠ᠃ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ ᠵᠢᠴᠢ ᠲᠡᠭᠦᠨ᠎ᠦ ᠡᠵᠡᠩᠨᠡᠭᠴᠢ᠎ᠳᠦ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠬᠦᠷᠢᠶᠡᠯᠡᠬᠦ᠂ ᠬᠠᠤᠯᠢ᠎ᠶᠢ ᠰᠠᠬᠢᠵᠤ ᠦᠨᠡᠨᠴᠢ ᠢᠲᠡᠭᠡᠮᠵᠢᠲᠡᠢ᠎ᠪᠡᠷ ᠡᠵᠡᠩᠨᠡᠬᠦ ᠵᠡᠷᠭᠡ ᠲᠠᠯ᠎ᠠ᠎ᠪᠠᠷ ᠲᠣᠭᠲᠠᠭᠠᠯ ᠭᠠᠷᠭᠠᠪᠠ᠃ ᠳᠦᠷᠢᠮ᠎ᠦᠨ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ ᠴᠢᠭᠯᠡᠭᠦᠯᠦᠨ᠂ ᠬᠠᠤᠯᠢ ᠴᠠᠭᠠᠵᠠ᠎ᠶᠢᠨ ᠬᠠᠷᠢᠭᠤᠴᠠᠯᠭ᠎ᠠ᠎ᠶᠢᠨ ᠲᠤᠰᠬᠠᠢ ᠪᠦᠯᠦᠭ ᠭᠠᠷᠭᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠶᠢᠨ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠵᠤ᠂ ᠬᠥᠭᠵᠢᠯᠲᠡ᠎ᠶᠢ ᠠᠬᠢᠭᠤᠯᠬᠤ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠪᠤᠲᠠᠲᠠᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠨᠢ ᠦᠨᠡᠨ ᠬᠦ᠌ ᠪᠠᠲᠤᠯᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠶᠢᠨ ᠬᠥᠭᠵᠢᠨ ᠪᠤᠵᠠᠭᠠᠢᠷᠠᠬᠤ᠎ᠶᠢ ᠠᠬᠢᠭᠤᠯᠤᠨ᠎ᠠ᠃