12 ᠰᠠᠷ᠎ᠠ᠎ᠶᠢᠨ 2᠎ᠤᠨ ᠡᠳᠦᠷ᠂ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠨᠢᠨ ᠮᠡᠲᠡᠭᠡᠨ᠎ᠤ ᠠᠯᠪᠠᠨ ᠬᠡᠷ 《〈ᠠᠷᠪᠠᠨ ᠲᠦᠷᠪᠡᠲᠦᠭᠡᠷ ᠲᠠᠪᠤᠨ ᠵᠢᠯ〉᠎ᠤᠨ ᠲᠦᠯᠦᠪᠵᠢᠭᠦᠯᠭᠡ᠎ᠶᠢ ᠪᠡᠶᠡᠯᠡᠭᠦᠯᠵᠦ ᠴᠢᠨᠠᠷ ᠰᠠᠢᠲᠠᠢ ᠬᠦᠭᠵᠢᠯᠲᠡ᠎ᠶᠢ ᠠᠬᠢᠭᠤᠯᠬᠤ》 ᠰᠢᠷᠢᠰ ᠭᠤᠤᠯ ᠰᠡᠲᠦᠪᠲᠦ ᠰᠤᠨᠢᠨ ᠮᠡᠲᠡᠭᠡ ᠨᠡᠢᠲᠡᠯᠡᠬᠦ ᠬᠤᠷᠠᠯ᠎ᠤᠨ 《ᠲᠦᠪᠯᠡᠷᠡᠨᠭᠭᠦᠢ ᠡᠷᠴᠢᠮᠵᠢᠭᠰᠡᠨ ᠬᠦᠭᠵᠢᠯᠲᠡ᠎ᠶᠢ ᠠᠬᠢᠭᠤᠯᠵᠤ ᠬᠦᠮᠦᠨ᠎ᠢᠶᠠᠷ ᠭᠤᠤᠯ ᠪᠤᠯᠭᠠᠬᠰᠠᠨ ᠰᠢᠨ᠎ᠡ ᠬᠡᠯᠪᠡᠷᠢ᠎ᠶᠢᠨ ᠬᠤᠲᠠ ᠪᠠᠯᠭᠠᠰᠤᠵᠢᠯᠲᠠ᠎ᠶᠢᠨ ᠪᠠᠢᠷᠢᠰᠢᠯ᠎ᠢ ᠪᠠᠢᠭᠤᠯᠬᠤ》 ᠲᠤᠰᠬᠠᠢ ᠲᠠᠯᠠᠪᠠᠢ ᠰᠤᠨᠢᠨ ᠮᠡᠲᠡᠭᠡ ᠨᠡᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠬᠦᠭᠵᠢᠭᠦᠯᠦᠯᠲᠡ ᠪᠠ ᠦᠭᠡᠷᠡᠴᠢᠯᠡᠯᠲᠡ᠎ᠶᠢᠨ ᠵᠦᠪᠯᠡᠯ᠂ ᠦᠪᠡᠷᠲᠡᠭᠡᠨ ᠵᠠᠰᠠᠬᠤ ᠤᠷᠤᠨ᠎ᠤ ᠤᠷᠤᠨ ᠰᠠᠭᠤᠴᠠ ᠪᠠ ᠬᠤᠲᠠ ᠬᠦᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠨᠭᠬᠢᠮ ᠵᠡᠷᠭᠡ ᠰᠠᠯᠠᠭ᠎ᠠ ᠮᠥᠴᠢᠷ᠎ᠤᠨ ᠬᠠᠮᠢᠶ᠎ᠠ ᠪᠥᠬᠥᠶ ᠬᠠᠷᠢᠭᠤᠴᠠᠯᠭᠠᠲᠠᠨ᠎ᠡᠴᠡ ᠰᠤᠷᠪᠤᠯᠵᠢᠯᠠᠬᠴᠢᠳ᠎ᠤᠨ ᠠᠰᠠᠭᠤᠯᠲᠠ᠎ᠶᠢ ᠬᠠᠷᠢᠭᠤᠯᠵᠦ᠂ 《ᠠᠷᠪᠠᠨ ᠲᠦᠷᠪᠡᠲᠦᠭᠡᠷ ᠲᠠᠪᠤᠨ ᠵᠢᠯ》᠎ᠤᠨ ᠬᠤᠭᠤᠴᠠᠭᠠᠨ ᠳ᠋ᠡᠬᠢ ᠦᠪᠦᠷ ᠮᠤᠩᠭᠤᠯ᠎ᠤᠨ ᠦᠵᠡᠰᠭᠦᠯᠡᠨᠭᠲᠦ ᠰᠠᠢᠬᠠᠨ ᠤᠷᠤᠰᠢᠨ ᠰᠠᠭᠤᠷᠢᠰᠢᠬᠤ᠎ᠳᠤ ᠲᠤᠬᠢᠷᠠᠮᠵᠢᠲᠠᠢ ᠬᠤᠲᠠ ᠪᠠᠯᠭᠠᠰᠤᠨ᠎ᠤ ᠤᠷᠤᠨ ᠵᠠᠢ᠎ᠶᠢ ᠴᠤᠬᠴᠠᠯᠠᠬᠰᠠᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠪᠡ ᠦᠷ᠎ᠡ ᠪᠦᠲᠦᠮᠵᠢ᠎ᠶᠢ ᠨᠡᠢᠲᠡᠯᠡᠪᠡ᠃
《ᠰᠠᠭᠤᠬᠤ᠎ᠡᠴᠡ ᠣᠷᠣᠨ ᠰᠠᠭᠤᠴᠠ ᠲᠠᠢ ᠪᠠᠢᠬᠤ》 ᠬᠠᠷᠠᠯᠲᠠ ᠲᠡᠢᠰᠢ ᠡᠷᠴᠢᠮᠳᠠᠢ ᠤᠷᠤᠭ᠍ᠰᠢᠯᠠᠪᠠ
《〈ᠠᠷᠪᠠᠨ ᠳᠥᠷᠪᠡᠳᠦᠭᠡᠷ ᠲᠠᠪᠤᠨ ᠵᠢᠯ〉᠎ᠡᠴᠡ ᠨᠠᠭᠠᠰᠢ᠂ ᠦᠪᠤᠷ ᠮᠤᠡᠭᠭᠤᠯ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠯ᠎ᠡ ᠭᠠᠵᠠᠷ ᠤ᠋ᠨᠬᠢᠨᠢ ᠵᠢᠯᠣᠭᠣᠳᠤᠨ ᠲᠦᠷᠢᠶᠡᠰᠦᠯᠡᠬᠦ᠌ ᠪᠤᠯᠤᠨ ᠬᠤᠳᠠᠯᠳᠤᠨ ᠠᠪᠬᠤ᠎ᠶᠢ ᠵᠡᠷᠭᠡ᠎ᠪᠡᠷ ᠴᠢᠬᠤᠯᠠᠴᠢᠯᠠᠬᠤ ᠣᠷᠣᠨ ᠰᠠᠭᠤᠴᠠ᠎ᠶᠢᠨ ᠲᠦᠷᠢᠮ᠎ᠢ ᠲᠤᠭᠳᠠᠭᠠᠵᠤ᠂ 〈ᠪᠠᠲᠤᠯᠠᠭ᠎ᠠ + ᠵᠠᠬ᠎ᠠ ᠳᠡᠯᠭᠡᠭᠦᠷ〉᠎ᠤᠨ ᠣᠷᠣᠨ ᠰᠠᠭᠤᠴᠠ᠎ᠶᠢᠨ ᠬᠠᠩᠭᠠᠯᠭ᠎ᠠ᠎ᠶᠢᠨ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠣᠷᠣᠱᠢᠨ ᠰᠠᠭᠤᠷᠢᠰᠢᠬᠤ ᠣᠷᠴᠢᠨ ᠲᠣᠭᠣᠷᠢᠨ᠂ ᠲᠦᠬᠦᠭᠡᠷᠦᠮᠵᠢ᠎ᠶᠢᠨ ᠨᠥᠬᠥᠴᠡᠯ ᠪᠠ ᠦᠶ᠋ᠯᠡᠴᠢᠯᠡᠭᠡᠨ᠎ᠤ ᠴᠢᠳᠠᠮᠵᠢ᠎ᠶᠢ ᠪᠥᠬᠥ᠌ ᠲᠠᠯ᠎ᠠ᠎ᠪᠡᠷ ᠳᠡᠭᠡᠭ᠌ᠰᠢᠯᠡᠭᠦᠯᠵᠦ᠍᠂ ᠪᠥᠬᠥ᠌ ᠣᠷᠣᠨ᠎ᠤ ᠣᠷᠣᠨ ᠰᠠᠭᠤᠴᠠ᠎ᠶᠢᠨ ᠬᠥᠭ᠌ᠵᠢᠯᠲᠡ 〈ᠰᠠᠭᠤᠬᠤ᠎ᠡᠴᠡ ᠣᠷᠣᠨ ᠰᠠᠭᠤᠴᠠ ᠲᠠᠢ ᠪᠠᠢᠬᠤ〉 ᠬᠠᠷᠠᠯᠲᠠ ᠲᠡᠢᠰᠢ ᠡᠷᠴᠢᠮᠳᠠᠢ ᠤᠷᠤᠭ᠍ᠰᠢᠯᠠᠪᠠ》 ᠭᠡᠵᠦ ᠦᠪᠡᠷᠲᠡᠭᠡᠨ ᠵᠠᠰᠠᠬᠤ ᠤᠷᠤᠨ᠎ᠤ ᠤᠷᠤᠨ ᠰᠠᠭᠤᠴᠠ ᠪᠠ ᠬᠤᠲᠠ ᠬᠦᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠨᠭᠬᠢᠮ᠎ᠤᠨ ᠳᠡᠳ᠋ ᠳᠠᠷᠤᠭ᠎ᠠ ᠢᠦᠢ ᠰᠢᠨ ᠹᠠᠩ ᠬᠡᠯᠡᠪᠡ᠃
ᠣᠷᠣᠨ ᠰᠠᠭᠤᠴᠠ᠎ᠶᠢᠨ ᠲᠠᠯ᠎ᠠ᠎ᠪᠠᠷ ᠬᠦᠴᠢᠷᠳᠡᠯᠲᠡᠶ ᠭᠡᠷ ᠪᠦᠯᠢ᠎ᠶᠢᠨ ᠦᠨᠳᠦᠰᠦᠨ ᠣᠷᠣᠨ ᠰᠠᠭᠤᠴᠠ᠎ᠶᠢᠨ ᠬᠡᠷᠡᠭ᠌ᠴᠡᠭᠡ᠎ᠶᠢ ᠦᠨᠡᠨ ᠬᠦ᠌ ᠪᠠᠲᠤᠯᠠᠵᠦ᠂ ᠬᠡᠷᠡᠭ᠌ᠴᠡᠭᠡ᠎ᠶᠢᠨ ᠲᠠᠯ᠎ᠠ᠎ᠪᠠᠷ᠂ ᠬᠡᠷᠡᠭ᠌ᠴᠡᠭᠡ᠎ᠪᠡᠷ ᠪᠠᠢᠭᠤᠯᠬᠤ᠎ᠶᠢ ᠲᠣᠭ᠍ᠲᠠᠭᠠᠬᠤ᠂ ᠬᠡᠷᠡᠭ᠌ᠴᠡᠭᠡ᠎ᠪᠡᠷ ᠬᠤᠳᠠᠯᠳᠤᠨ ᠠᠪᠬᠤ᠎ᠶᠢ ᠲᠣᠭ᠍ᠲᠠᠭᠠᠬᠤ᠎ᠶᠢ ᠪᠠᠷᠢᠮᠲᠠᠯᠠᠵᠤ᠂ ᠡᠯ᠎ᠡ ᠭᠠᠵᠠᠷ᠎ᠤᠨ ᠬᠢᠨ᠎ᠤ ᠣᠷᠣᠨ ᠰᠠᠭᠤᠴᠠ᠎ᠶᠢᠨ ᠪᠠᠲᠤᠯᠠᠭ᠎ᠠ᠎ᠶᠢᠨ ᠮᠦᠷᠯᠡᠵᠦ ᠬᠦᠯᠢᠶᠡᠬᠦ᠌ ᠬᠥᠮᠥᠷᠭᠡ᠎ᠶᠢᠨ ᠳᠦᠷᠢᠮ ᠲᠤᠭᠳᠠᠭᠠᠬᠤ᠎ᠶᠢ ᠵᠢᠯᠣᠭᠣᠳᠴᠤ᠌᠂ ᠪᠠᠲᠤᠯᠠᠭ᠎ᠠ᠎ᠶᠢᠨ ᠴᠢᠨᠠᠷᠲᠠᠶ ᠣᠷᠣᠨ ᠰᠠᠭᠤᠴᠠ ᠭᠤᠶᠤᠴᠢᠯᠠᠬᠤ᠂ ᠮᠦᠷᠯᠡᠵᠦ ᠬᠦᠯᠢᠶᠡᠬᠦ᠌᠂ ᠵᠥᠪᠱᠢᠶᠡᠷᠡᠨ ᠣᠷᠣᠭᠤᠯᠬᠤ᠂ ᠬᠡᠷᠡᠭ᠌ᠯᠡᠬᠦ᠌᠂ ᠪᠤᠴᠠᠭᠠᠵᠤ ᠭᠠᠷᠭᠠᠬᠤ ᠵᠡᠷᠭᠡ ᠡᠯ᠎ᠡ ᠭᠣᠭ᠍ᠴᠣᠭ᠎ᠠ᠎ᠶᠢᠨ ᠬᠠᠮᠢᠶᠠᠷᠤᠯᠲᠠ᠎ᠶᠢᠨ ᠲᠣᠭ᠍ᠲᠠᠴᠠ᠎ᠶᠢ ᠪᠦᠷᠢᠨᠱᠢᠭᠦᠯᠪᠡ᠃ ᠬᠠᠩᠭᠠᠯᠭ᠎ᠠ᠎ᠶᠢᠨ ᠲᠠᠯ᠎ᠠ ᠪᠡᠷ᠂ ᠣᠯᠠᠨ ᠨᠡᠢᠲᠡ᠎ᠶᠢᠨ ᠲᠦᠷᠢᠶᠡᠰᠦᠨ ᠣᠷᠣᠨ ᠰᠠᠭᠤᠴᠠ᠂ ᠪᠠᠲᠤᠯᠠᠭ᠎ᠠ᠎ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ᠂ ᠲᠣᠬᠢᠷᠠᠭᠤᠯᠤᠨ ᠬᠤᠳᠠᠯᠳᠤᠬᠤ ᠬᠡᠯᠪᠡᠷᠢ᠎ᠶᠢᠨ ᠪᠠᠲᠤᠯᠠᠭ᠎ᠠ᠎ᠶᠢᠨ ᠴᠢᠨᠠᠷᠲᠠᠶ ᠣᠷᠣᠨ ᠰᠠᠭᠤᠴᠠ᠎ᠶᠢᠨ ᠬᠠᠩᠭᠠᠯᠭ᠎ᠠ᠎ᠶᠢ ᠦᠷᠭᠦᠯᠵᠢᠯᠡᠨ ᠨᠡᠮᠡᠭ᠌ᠳᠡᠭᠦᠯᠵᠦ᠍᠂ ᠬᠣᠲᠠ ᠪᠠᠯᠭᠠᠰᠤᠨ᠎ᠤ ᠣᠷᠣᠨ ᠰᠠᠭᠤᠴᠠ᠎ᠶᠢᠨ ᠪᠠᠲᠤᠯᠠᠭ᠎ᠠ᠎ᠶᠢᠨ ᠬᠡᠷ ᠪᠦᠯᠢ᠎ᠶᠢᠨ ᠲᠦᠷᠢᠶᠡᠰᠦᠯᠡᠯ᠎ᠤᠨ ᠨᠥᠬᠥᠪᠥᠷᠢ ᠣᠯᠭᠣᠬᠤ ᠠᠵᠢᠯ᠎ᠢ ᠵᠡᠷᠭᠡ ᠳ᠋ᠤᠨᠢ ᠰᠠᠢᠲᠤᠷ ᠬᠢᠵᠦ᠍᠂ ᠱᠢᠨ᠎ᠡ ᠬᠣᠲᠠ᠎ᠶᠢᠨ ᠠᠷᠠᠳ᠂ ᠵᠠᠯᠠᠭᠤᠴᠤᠳ ᠵᠡᠷᠭᠡ ᠡᠯ᠎ᠡ ᠲᠥᠷᠥᠯ᠎ᠤᠨ ᠬᠦᠮᠦᠰ᠎ᠤᠨ ᠣᠯᠠᠨ ᠳᠡᠰ ᠳᠠᠪᠬᠤᠷᠭ᠎ᠠ᠎ᠶᠢᠨ ᠣᠷᠣᠨ ᠰᠠᠭᠤᠴᠠ᠎ᠶᠢᠨ ᠬᠡᠷᠡᠭ᠌ᠴᠡᠭᠡ ᠱᠠᠭᠠᠷᠳᠠᠯᠭ᠎ᠠ᠎ᠶᠢ ᠬᠠᠨᠭᠭᠠᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠪᠥᠬᠥ᠌ ᠣᠷᠣᠨ᠎ᠳᠤ ᠪᠠᠲᠤᠯᠠᠭ᠎ᠠ᠎ᠶᠢᠨ ᠴᠢᠨᠠᠷᠲᠠᠶ ᠣᠷᠣᠨ ᠰᠠᠭᠤᠴᠠ᠎ᠶᠢ ᠨᠡᠢᠲᠡ 5.94 ᠲᠦᠮᠡᠨ ᠢᠵᠢ ᠪᠠᠢᠭᠤᠯᠵᠦ᠂ ᠵᠢᠯ ᠪᠤᠯᠭᠠᠨ 2 ᠲᠦᠮᠡ ᠭᠠᠷᠤᠶ ᠡᠷᠦᠬᠡ᠎ᠳᠤ ᠬᠣᠲᠠ ᠪᠠᠯᠭᠠᠰᠤᠨ᠎ᠤ ᠣᠷᠣᠨ ᠰᠠᠭᠤᠴᠠ᠎ᠶᠢᠨ ᠪᠠᠲᠤᠯᠠᠭ᠎ᠠ᠎ᠶᠢᠨ ᠬᠡᠷ ᠪᠦᠯᠢ᠎ᠶᠢᠨ ᠲᠦᠷᠢᠶᠡᠰᠦᠯᠡᠯ᠎ᠤᠨ ᠨᠥᠬᠥᠪᠥᠷᠢ᠎ᠶᠢ ᠲᠠᠷᠬᠠᠭᠠᠪᠠ᠃ ᠣᠯᠠᠨ ᠲᠦᠮᠡᠨ᠎ᠤ ᠠᠩᠬᠠᠷᠴᠤ᠌ ᠪᠠᠢᠭ᠎ᠠ ᠭᠡᠷ ᠪᠠᠢᠱᠢᠩ᠎ᠤᠨ ᠠᠮᠤᠷ ᠲᠦᠪᠱᠢᠨ᠎ᠤ ᠲᠦᠭ᠌ᠰᠢᠭᠦᠷᠢ᠎ᠶᠢᠨ ᠭᠡᠮ ᠰᠤᠭᠤᠭ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠤᠷᠤᠨ ᠰᠠᠭᠤᠴᠠ᠎ᠶᠢᠨ ᠠᠮᠤᠷ ᠲᠦᠪᠱᠢᠨ᠎ᠤ ᠪᠠᠢᠳᠠᠯ᠎ᠢ ᠣᠢᠯᠠᠭᠠᠵᠤ ᠵᠢᠭ᠍ᠰᠠᠭᠠᠨ ᠪᠠᠢᠴᠠᠭᠠᠵᠤ᠂ ᠥᠭᠡᠷᠡᠴᠢᠯᠡᠨ ᠱᠢᠨᠡᠳᠭᠡᠬᠦ᠌ ᠡᠯ᠎ᠡ ᠵᠦᠶ᠋ᠯ᠎ᠤᠨ ᠠᠵᠢᠯ᠎ᠢ ᠯᠠᠪᠳᠠᠭᠤᠨ ᠪᠠᠲᠤᠲᠠᠶ ᠠᠬᠢᠭᠤᠯᠤᠨ᠂ ᠰᠠᠭᠤᠭᠠᠯᠢ ᠠᠷᠠᠳ᠎ᠤᠨ ᠣᠷᠣᠨ ᠰᠠᠭᠤᠴᠠ᠎ᠶᠢᠨ ᠨᠥᠬᠥᠴᠡᠯ᠎ᠢ ᠰᠠᠢᠵᠢᠷᠠᠭᠤᠯᠤᠨ᠂ ᠬᠣᠲᠠ᠎ᠶᠢᠨ ᠶᠡᠷᠦᠩᠬᠡᠢᠯᠡᠭ᠌ᠰᠡᠨ ᠳᠠᠭᠠᠭᠠᠴᠠ᠎ᠶᠢᠨ ᠴᠢᠳᠠᠪᠤᠷᠢ᠎ᠶᠢ ᠳᠡᠭᠡᠭ᠌ᠰᠢᠯᠡᠭᠦᠯᠵᠦ᠍᠂ ᠨᠡᠢᠭᠡᠮ᠎ᠤᠨ ᠡᠶ᠎ᠡ ᠵᠣᠬᠢᠴᠠᠡᠭᠭᠤᠢ ᠲᠣᠭ᠍ᠲᠠᠭᠤᠨ ᠪᠠᠢᠬᠤ᠎ᠶᠢ ᠠᠬᠢᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠪᠥᠬᠥ᠌ ᠣᠷᠣᠨ᠎ᠳᠤ ᠨᠡᠢᠲᠡ 5.17 ᠲᠦᠮᠡᠨ ᠢᠵᠢ ᠳᠥᠭᠥᠮ ᠪᠦᠳᠦᠴᠡᠲᠦ ᠣᠷᠣᠨ ᠰᠠᠭᠤᠴᠠ᠎ᠶᠢᠨ ᠲᠣᠭᠣᠷᠢᠭ᠎ᠢ ᠥᠭᠡᠷᠡᠴᠢᠯᠡᠨ ᠪᠠᠢᠭᠤᠯᠵᠤ᠂ ᠬᠣᠲᠠ᠎ᠶᠢᠨ 5760 ᠢᠵᠢ ᠨᠤᠷᠠᠬᠤ ᠠᠶᠤᠯᠲᠠᠶ ᠬᠠᠭᠤᠴᠢᠨ ᠤᠷᠤᠨ ᠰᠠᠭᠤᠴᠠ᠎ᠶᠢ ᠥᠭᠡᠷᠡᠴᠢᠯᠡᠨ ᠱᠢᠨᠡᠳᠭᠡᠪᠡ᠃
《ᠪᠠᠲᠤᠯᠠᠭ᠎ᠠ + ᠵᠠᠬ᠎ᠠ ᠳᠡᠯᠭᠡᠭᠦᠷ》᠎ᠤᠨ ᠣᠷᠣᠨ ᠰᠠᠭᠤᠴᠠ᠎ᠶᠢᠨ ᠬᠠᠩᠭᠠᠯᠭ᠎ᠠ᠎ᠶᠢᠨ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠬᠣᠲᠠ᠎ᠶᠢᠨ ᠵᠠᠰᠠᠭ᠎ᠤᠨ ᠣᠷᠳᠣᠨ᠎ᠳᠤ ᠬᠡᠷ ᠭᠠᠵᠠᠷ᠎ᠤᠨ ᠬᠥᠷᠥᠩᠭᠡ᠎ᠶᠢᠨ ᠵᠠᠬ᠎ᠠ ᠳᠡᠯᠭᠡᠭᠦᠷ᠎ᠤᠨ ᠲᠣᠬᠢᠷᠠᠭᠤᠯᠭ᠎ᠠ ᠡᠵᠡᠮᠳᠡᠯ᠎ᠤᠨ ᠡᠵᠡᠨ ᠮᠡᠳᠡᠬᠦ᠌ ᠡᠷᠬᠡ᠎ᠶᠢ ᠭᠦᠶ᠋ᠴᠡᠳ ᠣᠯᠭᠣᠵᠤ᠂ ᠬᠣᠲᠠ᠎ᠶᠢᠨ ᠪᠠᠢᠳᠠᠯ ᠳ᠋ᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠶᠢ ᠪᠠᠷᠢᠮᠲᠠᠯᠠᠨ᠂ ᠢᠲᠡᠭᠡᠮᠵᠢᠲᠦ ᠵᠢᠭᠡᠯᠡᠯᠭᠡ᠎ᠶᠢᠨ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠶᠢᠨ ᠡᠷᠴᠢᠮ᠎ᠢ ᠴᠢᠩᠭᠠᠷᠠᠭᠤᠯᠵᠤ᠂ ᠬᠡᠷ ᠭᠠᠵᠠᠷ᠎ᠤᠨ ᠬᠥᠷᠥᠩᠭᠡ᠎ᠶᠢᠨ ᠪᠣᠷᠣᠯᠠᠭᠤᠯᠭ᠎ᠠ᠎ᠶᠢ ᠠᠬᠢᠭᠤᠯᠬᠤ ᠠᠵᠢᠯᠯᠠᠭ᠎ᠠ᠎ᠶᠢ ᠥᠷᠨᠢᠭᠦᠯᠦᠨ᠂ ᠲᠠᠸᠠᠷ᠎ᠤᠨ ᠤᠷᠤᠨ ᠰᠠᠭᠤᠴᠠ᠎ᠶᠢᠨ 《ᠬᠠᠭᠤᠴᠢᠨ᠎ᠢᠶᠠᠷ ᠱᠢᠨ᠎ᠡ᠎ᠶᠢ ᠰᠣᠯᠢᠬᠤ》᠎ᠶᠢ ᠵᠣᠷᠢᠭ᠍ᠵᠢᠭᠤᠯᠵᠤ᠂ ᠬᠡᠷ ᠭᠠᠵᠠᠷ᠎ᠤᠨ ᠬᠥᠷᠥᠩᠭᠡ᠎ᠶᠢᠨ ᠵᠠᠬ᠎ᠠ ᠳᠡᠯᠭᠡᠭᠦᠷ᠎ᠤᠨ ᠲᠣᠭ᠍ᠲᠠᠭᠤᠨ ᠪᠥᠭᠡᠳ ᠡᠷᠡᠭᠦᠯ᠎ᠢᠶᠠᠷ ᠬᠥᠭ᠌ᠵᠢᠬᠦ᠌᠎ᠶᠢ ᠪᠦᠲᠦᠮᠵᠢᠲᠡᠶ ᠠᠬᠢᠭᠤᠯᠪᠠ᠃《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠪᠥᠬᠥ᠌ ᠣᠷᠣᠨ᠎ᠤ ᠬᠡᠷ ᠭᠠᠵᠠᠷ᠎ᠤᠨ ᠬᠥᠷᠥᠩᠭᠡ᠎ᠶᠢᠨ ᠨᠡᠭᠡᠭᠡᠯᠲᠡ᠎ᠶᠢᠨ ᠪᠠᠯᠠ ᠣᠷᠣᠭᠤᠯᠤᠯᠲᠠ ᠨᠡᠢᠲᠡ 4913 ᠳ᠋ᠦᠩᠱᠢᠭᠤᠷ ᠲᠥᠭᠥᠷᠢᠭ᠎ᠲᠤ ᠬᠦᠷᠴᠤ᠂ ᠪᠤᠷᠤᠯᠠᠭᠤᠯᠤᠬᠰᠠᠨ ᠱᠢᠨ᠎ᠡ᠎ᠪᠡᠷ ᠪᠠᠢᠭᠤᠯᠤᠭ᠍ᠰᠠᠨ ᠲᠠᠸᠠᠷ᠎ᠤᠨ ᠤᠷᠤᠨ ᠰᠠᠭᠤᠴᠠ᠎ᠶᠢᠨ ᠲᠠᠯᠠᠪᠠᠶ ᠨᠡᠢᠲᠡ 7225 ᠲᠦᠮᠡᠨ ᠲᠡᠭ᠌ᠰᠢ ᠳᠥᠷᠪᠡᠯᠵᠢᠨ ᠮᠧᠲ᠋ᠷ᠎ᠲᠤ ᠬᠥᠷᠪᠡ᠃
ᠬᠣᠲᠠ᠎ᠶᠢᠨ ᠶᠠᠪᠤᠳᠠᠯ᠎ᠤᠨ ᠰᠠᠭᠤᠷᠢ ᠲᠦᠬᠦᠭᠡᠷᠦᠮᠵᠢ᠎ᠶᠢᠨ ᠪᠠᠲᠤᠯᠠᠭ᠎ᠠ᠎ᠶᠢᠨ ᠴᠢᠳᠠᠪᠤᠷᠢ ᠪᠠ ᠠᠮᠤᠷ ᠲᠦᠪᠱᠢᠨ᠎ᠤ ᠬᠡᠮᠵᠢᠶ᠎ᠡ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠪᠡ
《ᠬᠣᠲᠠ᠎ᠶᠢᠨ ᠭᠠᠵᠠᠷ ᠳᠤᠤᠷᠠᠬᠢ ᠬᠣᠭᠣᠯᠠᠶ᠎ᠶᠢᠨ ᠲᠤᠤᠷ ᠵᠢᠴᠢ ᠲᠦᠬᠦᠭᠡᠷᠦᠮᠵᠢ᠎ᠶᠢ ᠦᠭᠡᠷᠡᠴᠢᠯᠡᠨ ᠰᠢᠨᠡᠳᠭᠡᠬᠦ ᠪᠤᠯ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠠ ᠬᠥᠭ᠌ᠵᠢᠯᠲᠡ᠎ᠶᠢᠨ ᠢᠨᠵᠧᠨᠧᠷᠢᠩ ᠪᠣᠯᠤᠨ᠎ᠠ᠃ 〈ᠠᠷᠪᠠᠨ ᠳᠥᠷᠪᠡᠳᠦᠭᠡᠷ ᠲᠠᠪᠤᠨ ᠵᠢᠯ〉᠎ᠡᠴᠡ ᠨᠠᠭᠠᠰᠢ᠂ ᠥᠪᠥᠷ ᠮᠣᠩᠭᠣᠯ ᠬᠠᠭᠤᠴᠢᠨ ᠬᠣᠭᠣᠯᠠᠶ᠎ᠶᠢᠨ ᠲᠤᠤᠷ᠎ᠢ ᠦᠭᠡᠷᠡᠴᠢᠯᠡᠨ ᠰᠢᠨᠡᠳᠭᠡᠬᠦ ᠡᠨᠡ ᠬᠦ᠌ ᠵᠠᠩᠭᠢᠯᠠᠭ᠎ᠠ᠎ᠶᠢᠨ ᠬᠦᠷᠢᠶᠡᠨ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠣᠲᠠ᠎ᠶᠢᠨ ᠶᠠᠪᠤᠳᠠᠯ᠎ᠤᠨ ᠰᠠᠭᠤᠷᠢ ᠲᠥᠬᠥᠭᠡᠷᠦᠮᠵᠢ᠎ᠶᠢᠨ ᠳᠤᠲᠠᠭᠤᠳᠠᠯ᠎ᠢ ᠨᠥᠬᠥᠪᠥᠷᠢᠯᠡᠵᠦ᠂ ᠬᠣᠲᠠ ᠪᠠᠯᠭᠠᠰᠤᠨ᠎ᠤ ᠳᠤᠯᠠᠭᠠᠯᠠᠭ᠎ᠠ ᠬᠠᠩᠭᠠᠬᠤ 《ᠳᠤᠯᠠᠭᠠᠯᠠᠭ᠎ᠠ᠎ᠶᠢᠨ ᠢᠨᠵᠧᠨᠧᠷᠢᠩ》᠎ᠢ ᠬᠡᠷᠡᠭ᠌ᠵᠢᠭᠦᠯᠵᠦ᠂ ᠬᠣᠲᠠ᠎ᠶᠢᠨ ᠱᠢᠲᠠᠮᠠᠬᠠᠶ ᠬᠡᠢ᠎ᠶᠢᠨ ᠬᠠᠭᠤᠴᠢᠷᠠᠭ᠍ᠰᠠᠨ ᠬᠣᠭᠣᠯᠠᠶ᠂ ᠤᠰᠤ ᠲᠠᠲᠠᠷᠠᠭᠤᠯᠬᠤ ᠤᠰᠤᠲᠤᠯ᠎ᠢ ᠰᠡᠷᠭᠡᠢᠯᠡᠬᠦ᠌ ᠲᠥᠬᠥᠭᠡᠷᠦᠮᠵᠢ᠂ ᠤᠰᠤ ᠬᠠᠩᠭᠠᠬᠤ ᠬᠣᠭᠣᠯᠠᠶ᠎ᠶᠢᠨ ᠲᠤᠤᠷ᠎ᠤᠨ ᠭᠣᠭᠣᠵᠢᠵᠤ ᠰᠦᠢᠳᠬᠦ᠎ᠶᠢ ᠵᠠᠰᠠᠬᠤ ᠪᠠ ᠬᠠᠭᠤᠴᠢᠷᠠᠬᠤ᠎ᠶᠢ ᠦᠭᠡᠷᠡᠴᠢᠯᠡᠨ ᠰᠢᠨᠡᠳᠭᠡᠬᠦ ᠵᠡᠷᠭᠡ᠎ᠶᠢ ᠲᠦᠷᠭᠡᠳᠭᠡᠨ ᠠᠬᠢᠭᠤᠯᠵᠤ᠂ ᠳᠤᠯᠠᠭᠠᠯᠠᠭ᠎ᠠ ᠬᠠᠨᠭᠭᠠᠬᠤ᠂ ᠱᠢᠲᠠᠮᠠᠬᠠᠶ ᠬᠡᠢ᠂ ᠤᠰᠤ ᠲᠠᠲᠠᠷᠠᠭᠤᠯᠬᠤ ᠵᠡᠷᠭᠡ ᠬᠣᠲᠠ᠎ᠶᠢᠨ ᠶᠠᠪᠤᠳᠠᠯ᠎ᠤᠨ ᠰᠠᠭᠤᠷᠢ ᠲᠦᠬᠦᠭᠡᠷᠦᠮᠵᠢ᠎ᠶᠢᠨ ᠪᠠᠲᠤᠯᠠᠭ᠎ᠠ᠎ᠶᠢᠨ ᠴᠢᠳᠠᠪᠤᠷᠢ ᠪᠠ ᠠᠮᠤᠷ ᠲᠦᠪᠱᠢᠨ᠎ᠤ ᠬᠡᠮᠵᠢᠶ᠎ᠡ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠣᠷᠣᠱᠢᠨ ᠰᠠᠭᠤᠷᠢᠰᠢᠬᠤ᠎ᠳᠤ ᠲᠣᠬᠢᠷᠠᠮᠵᠢᠲᠠᠶ ᠣᠷᠴᠢᠨ ᠲᠣᠭᠣᠷᠢᠨ᠎ᠤ ᠪᠦᠲᠦᠭᠡᠨ ᠪᠠᠢᠭᠤᠯᠤᠯᠲᠠ᠎ᠶᠢ ᠴᠢᠩᠭᠠᠳᠭᠠᠵᠤ᠂ ᠠᠷᠠᠳ ᠣᠯᠠᠨ᠎ᠤ ᠬᠦᠷᠲᠡᠮᠵᠢ᠎ᠶᠢᠨ ᠲᠥᠷᠥᠭ᠌ᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠲᠠᠰᠤᠷᠠᠯᠲᠠ ᠦᠭᠡᠢ ᠲᠡᠭᠡᠭᠰᠢᠯᠡᠬᠦᠯᠵᠡᠢ》 ᠭᠡᠵᠦ ᠥᠪᠡᠷᠲᠡᠭᠡᠨ ᠵᠠᠰᠠᠬᠤ ᠣᠷᠣᠨ᠎ᠤ ᠬᠦᠭᠵᠢᠭᠦᠯᠦᠯᠲᠡ ᠪᠠ ᠦᠭᠡᠷᠡᠴᠢᠯᠡᠯᠲᠡ᠎ᠶᠢᠨ ᠵᠦᠪᠯᠡᠯ᠎ᠤᠨ ᠪᠡᠯᠡ ᠤᠷᠤᠭᠤᠯᠤᠯᠲᠠ᠎ᠶᠢᠨ ᠭᠠᠵᠠᠷ᠎ᠤᠨ ᠳᠠᠷᠤᠭ᠎ᠠ ᠵᠠᠩ ᠭᠦᠸᠸ ᠳ᠋ᠦᠩ ᠲᠠᠨᠢᠯᠴᠠᠭᠤᠯᠪᠠ᠃
2024 - 2025 ᠣᠨ᠎ᠳᠤ᠂ ᠲᠥᠪ᠎ᠡᠴᠡ ᠥᠪᠥᠷ ᠮᠣᠩᠭᠣᠯ᠎ᠳᠤ ᠳᠤᠯᠠᠭᠠᠯᠠᠭ᠎ᠠ ᠬᠠᠩᠭᠠᠬᠤ ᠬᠠᠭᠤᠴᠢᠷᠬᠠᠰᠠᠨ ᠬᠣᠭᠣᠯᠠᠶ᠎ᠶᠢᠨ ᠲᠤᠤᠷ ᠵᠢᠴᠢ ᠰᠠᠭᠤᠷᠢ ᠲᠦᠬᠦᠭᠡᠷᠦᠮᠵᠢ᠎ᠶᠢ ᠦᠭᠡᠷᠡᠴᠢᠯᠡᠨ ᠰᠢᠨᠡᠳᠭᠡᠬᠦ ᠪᠠᠯᠠ ᠮᠥᠩᠭᠥ᠎ᠶᠢ ᠨᠡᠢᠲᠡ 45 ᠳ᠋ᠦᠩᠱᠢᠭᠤᠷ ᠲᠥᠭᠥᠷᠢᠭ ᠪᠠᠭᠤᠯᠭᠠᠵᠤ᠂ 119 ᠲᠥᠷᠥᠯ ᠵᠦᠶ᠋ᠯ᠎ᠳᠤ ᠬᠣᠯᠪᠣᠭ᠍ᠳᠠᠨ᠂ ᠢᠯᠴᠢ᠎ᠶᠢᠨ ᠬᠠᠩᠭᠠᠯᠭ᠎ᠠ᠎ᠶᠢ ᠪᠠᠲᠤᠯᠠᠬᠤ᠂ ᠢᠯᠴᠢ᠎ᠶᠢᠨ ᠲᠤᠤᠷ᠎ᠢ ᠱᠢᠨᠡᠳᠭᠡᠬᠦ᠌᠂ ᠢᠯᠴᠢ᠎ᠶᠢᠨ ᠬᠦᠴᠦᠨ᠎ᠤ ᠥᠷᠲᠡᠭᠡ᠎ᠶᠢ ᠳᠡᠭᠡᠭ᠌ᠰᠢᠯᠡᠭᠦᠯᠬᠦ᠌ ᠵᠡᠷᠭᠡ ᠪᠥᠲᠥᠭᠡᠨ ᠪᠠᠢᠭᠤᠯᠤᠯᠲᠠ᠎ᠶᠢᠨ ᠠᠭᠤᠯᠭ᠎ᠠ᠎ᠶᠢ ᠬᠠᠮᠤᠷᠴᠤ᠌᠂ ᠥᠪᠡᠷᠲᠡᠭᠡᠨ ᠵᠠᠰᠠᠬᠤ ᠣᠷᠣᠨ᠎ᠤ 《ᠳᠤᠯᠠᠭᠠᠯᠠᠭ᠎ᠠ᠎ᠶᠢᠨ ᠢᠨᠵᠧᠨᠧᠷᠢᠩ》᠎ᠢ ᠤᠷᠤᠭ᠍ᠰᠢᠲᠠᠶ ᠬᠡᠷᠡᠭ᠌ᠵᠢᠭᠦᠯᠬᠦ᠌᠎ᠶᠢ ᠪᠠᠲᠤᠯᠠᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠡᠴᠡ ᠨᠠᠭᠠᠰᠢ᠂ ᠲᠥᠪ᠎ᠡᠴᠡ ᠥᠪᠥᠷ ᠮᠣᠩᠭᠣᠯ᠎ᠳᠤ ᠱᠢᠲᠠᠮᠠᠬᠠᠶ ᠬᠡᠶ᠎ᠶᠢᠨ ᠬᠠᠭᠤᠴᠢᠷᠬᠠᠰᠠᠨ ᠬᠣᠭᠣᠯᠠᠶ ᠵᠢᠴᠢ ᠲᠥᠬᠥᠭᠡᠷᠦᠮᠵᠢ᠎ᠶᠢ ᠱᠢᠨᠡᠳᠭᠡᠨ ᠥᠭᠡᠷᠡᠴᠢᠯᠡᠬᠦ᠌ ᠪᠠᠯᠠ ᠮᠥᠩᠭᠥ᠎ᠶᠢ ᠨᠡᠢᠲᠡ 42 ᠳ᠋ᠦᠩᠱᠢᠭᠤᠷ ᠲᠥᠭᠥᠷᠢᠭ ᠪᠠᠭᠤᠯᠭᠠᠵᠤ᠂ 182 ᠲᠥᠷᠥᠯ ᠵᠦᠶ᠋ᠯ᠎ᠤᠨ ᠪᠥᠲᠥᠭᠡᠨ ᠪᠠᠢᠭᠤᠯᠤᠯᠲᠠ᠎ᠶᠢ ᠳᠡᠮᠵᠢᠵᠦ᠍᠂ ᠬᠣᠲᠠ᠎ᠶᠢᠨ ᠶᠠᠪᠤᠳᠠᠯ ᠪᠠ ᠬᠦᠷᠢᠶ᠎ᠡ ᠬᠠᠱᠢᠶᠠᠨ᠎ᠤ ᠬᠠᠭᠤᠴᠢᠨ ᠱᠢᠲᠠᠮᠠᠬᠠᠶ ᠬᠡᠶ᠎ᠶᠢᠨ ᠬᠣᠭᠣᠯᠠᠶ᠎ᠶᠢᠨ ᠲᠤᠤᠷ᠎ᠢ 2424 ᠺᠢᠯᠣᠮᠧᠲ᠋ᠷ ᠦᠭᠡᠷᠡᠴᠢᠯᠡᠨ ᠰᠢᠨᠡᠳᠭᠡᠵᠦ᠂ ᠰᠠᠭᠤᠭᠠᠯᠢ ᠠᠷᠠᠳ᠎ᠤᠨ ᠬᠡᠷᠡᠭ᠌ᠯᠡᠬᠦ᠌ ᠡᠷᠦᠬᠡ᠎ᠳᠤ ᠠᠦ᠋ᠲ᠋ᠣ᠋ ᠪᠢᠲᠡᠭᠦᠮᠵᠢᠯᠡᠬᠦ ᠨᠡᠭᠡᠯᠡᠬᠡᠶ᠂ ᠱᠢᠲᠠᠮᠠᠬᠠᠶ ᠬᠡᠶ᠎ᠶᠢᠨ ᠬᠡᠮᠵᠢᠭᠦᠷ᠂ ᠲᠦᠭ᠌ᠰᠢᠭᠦᠷᠢ ᠮᠡᠳᠡᠭᠡᠯᠡᠬᠦ᠌ ᠪᠠᠭᠠᠵᠢ ᠵᠡᠷᠭᠡ ᠱᠢᠲᠠᠮᠠᠬᠠᠶ ᠬᠡᠶ᠎ᠶᠢᠨ ᠲᠣᠨᠣᠭ᠍ᠯᠠᠯ᠎ᠢ 97.8 ᠲᠦᠮᠡᠨ ᠢᠵᠢ ᠤᠭ᠍ᠰᠠᠷᠠᠵᠤ᠂ ᠱᠢᠲᠠᠮᠠᠬᠠᠶ ᠬᠡᠶ᠎ᠶᠢᠨ ᠠᠮᠤᠷ ᠲᠦᠪᠱᠢᠨ᠎ᠢ ᠪᠠᠲᠤᠯᠠᠬᠤ ᠴᠢᠳᠠᠪᠤᠷᠢ᠎ᠶᠢ ᠤᠯᠠᠮ ᠴᠢᠨᠠᠬᠰᠢᠲᠠ ᠳᠡᠭᠡᠭ᠌ᠰᠢᠯᠡᠭᠦᠯᠪᠡ; ᠤᠰᠤ ᠲᠠᠲᠠᠷᠠᠭᠤᠯᠬᠤ ᠤᠰᠤᠲᠤᠯ᠎ᠢ ᠰᠡᠷᠭᠡᠢᠯᠡᠬᠦ᠌ ᠲᠥᠬᠥᠭᠡᠷᠦᠮᠵᠢ᠎ᠶᠢᠨ ᠪᠥᠲᠥᠭᠡᠨ ᠪᠠᠢᠭᠤᠯᠤᠯᠲᠠ᠎ᠶᠢᠨ ᠥᠭᠡᠷᠡᠴᠢᠯᠡᠨ ᠰᠢᠨᠡᠳᠭᠡᠬᠦ ᠪᠠᠯᠠ ᠮᠥᠩᠭᠥ᠎ᠶᠢ ᠨᠡᠢᠲᠡ 53.8 ᠳ᠋ᠦᠩᠱᠢᠭᠤᠷ ᠲᠥᠭᠥᠷᠢᠭ ᠪᠠᠭᠤᠯᠭᠠᠵᠤ᠂ 169 ᠲᠥᠷᠥᠯ ᠵᠦᠶ᠋ᠯ᠎ᠤᠨ ᠪᠥᠲᠥᠭᠡᠨ ᠪᠠᠢᠭᠤᠯᠤᠯᠲᠠ᠎ᠶᠢ ᠳᠡᠮᠵᠢᠵᠦ᠍᠂ ᠤᠰᠤ ᠲᠠᠲᠠᠷᠠᠭᠤᠯᠬᠤ ᠬᠣᠭᠣᠯᠠᠶ᠎ᠶᠢᠨ ᠲᠤᠤᠷ᠎ᠢ 1901 ᠺᠢᠯᠣᠮᠧᠲ᠋ᠷ ᠦᠭᠡᠷᠡᠴᠢᠯᠡᠨ ᠰᠢᠨᠡᠳᠭᠡᠪᠡ; ᠤᠰᠤ ᠬᠠᠩᠭᠠᠬᠤ ᠬᠣᠭᠣᠯᠠᠶ᠎ᠶᠢᠨ ᠲᠤᠤᠷ᠎ᠤᠨ ᠭᠣᠭᠣᠵᠢᠵᠤ ᠰᠦᠢᠳᠬᠦ᠎ᠶᠢ ᠵᠠᠰᠠᠬᠤ ᠪᠠᠯᠠ ᠮᠥᠩᠭᠥ᠎ᠶᠢ ᠨᠡᠢᠲᠡ 15 ᠳ᠋ᠦᠩᠱᠢᠭᠤᠷ ᠲᠥᠭᠥᠷᠢᠭ ᠪᠠᠭᠤᠯᠭᠠᠵᠤ᠂ 46 ᠲᠥᠷᠥᠯ ᠵᠦᠶ᠋ᠯ᠎ᠤᠨ ᠪᠥᠲᠥᠭᠡᠨ ᠪᠠᠢᠭᠤᠯᠤᠯᠲᠠ᠎ᠶᠢ ᠳᠡᠮᠵᠢᠵᠦ᠍᠂ ᠤᠰᠤ ᠬᠠᠩᠭᠠᠬᠤ ᠬᠣᠭᠣᠯᠠᠶ᠎ᠶᠢᠨ ᠲᠤᠤᠷ᠎ᠢ 2371 ᠺᠢᠯᠣᠮᠧᠲ᠋ᠷ ᠦᠭᠡᠷᠡᠴᠢᠯᠡᠨ ᠰᠢᠨᠡᠳᠭᠡᠵᠦ᠂ ᠤᠰᠤ ᠬᠠᠩᠭᠠᠬᠤ ᠬᠣᠭᠣᠯᠠᠶ᠎ᠶᠢᠨ ᠲᠤᠤᠷ᠎ᠤᠨ ᠭᠣᠭᠣᠵᠢᠵᠤ ᠰᠦᠢᠳᠬᠦ᠎ᠶᠢ ᠵᠠᠰᠠᠬᠤ ᠲᠦᠪᠱᠢᠨ᠎ᠢ ᠶᠡᠬᠡᠪᠡᠷ ᠳᠡᠭᠡᠭ᠌ᠰᠢᠯᠡᠭᠦᠯᠪᠡ᠃
ᠬᠤᠲᠠ᠎ᠶᠢᠨ ᠰᠢᠨᠡᠴᠢᠯᠡᠯᠲᠡ᠎ᠶᠢ ᠬᠡᠷᠡᠭᠵᠢᠭᠦᠯᠵᠦ ᠬᠤᠲᠠ᠎ᠶᠢᠨ ᠴᠢᠨᠠᠷ ᠰᠠᠢᠲᠠᠢ ᠬᠦᠭᠵᠢᠯᠲᠡ᠎ᠶᠢ ᠠᠬᠢᠭᠤᠯᠪᠠ
《2021 ᠣᠨ᠎ᠳᠤ᠂ ᠦᠪᠤᠷ ᠮᠤᠡᠭᠭᠤᠯ 〈ᠬᠣᠲᠠ᠎ᠶᠢᠨ ᠰᠢᠨᠡᠴᠢᠯᠡᠯᠲᠡ᠎ᠶᠢᠨ ᠠᠵᠢᠯᠯᠠᠭ᠎ᠠ᠎ᠶᠢ ᠬᠡᠷᠡᠭ᠌ᠵᠢᠭᠦᠯᠬᠦ᠌ ᠲᠤᠬᠠᠶ ᠵᠢᠯᠣᠭᠣᠳᠭᠤ ᠰᠠᠨᠠᠯ〉᠎ᠢ ᠳᠠᠷᠤᠮᠠᠯᠯᠠᠨ ᠲᠠᠷᠬᠠᠭᠠᠵᠤ᠂ ᠣᠷᠣᠱᠢᠨ ᠰᠠᠭᠤᠷᠢᠰᠢᠬᠤ᠎ᠳᠤ ᠲᠣᠬᠢᠷᠠᠮᠵᠢᠲᠠᠶ ᠣᠶᠤᠨᠲᠤ ᠬᠣᠲᠠ᠎ᠶᠢ ᠪᠥᠲᠥᠭᠡᠨ ᠪᠠᠢᠭᠤᠯᠬᠤ ᠶᠡᠷᠦᠩᠬᠡᠶ ᠬᠠᠷᠠᠯᠲᠠ᠎ᠶᠢᠨ ᠲᠣᠭᠣᠷᠢᠨ᠎ᠳᠤ᠂ ᠨᠢᠭᠡ ᠪᠦᠯᠦᠭ ᠬᠣᠲᠠ᠎ᠶᠢ ᠦᠭᠡᠷᠡᠴᠢᠯᠡᠨ ᠰᠢᠨᠡᠳᠭᠡᠬᠦ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠲᠤᠪᠤᠢᠮ᠎ᠠ ᠦᠷ᠎ᠡ ᠪᠦᠲᠦᠮᠵᠢ ᠤᠯᠵᠠᠢ》 ᠭᠡᠵᠦ ᠦᠪᠡᠷᠲᠡᠭᠡᠨ ᠵᠠᠰᠠᠬᠤ ᠤᠷᠤᠨ᠎ᠤ ᠤᠷᠤᠨ ᠰᠠᠭᠤᠴᠠ ᠪᠠ ᠬᠤᠲᠠ ᠬᠦᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠨᠭᠬᠢᠮ᠎ᠤᠨ ᠳᠡᠳ᠋ ᠳᠠᠷᠤᠭ᠎ᠠ ᠢᠦᠢ ᠰᠢᠨ ᠹᠠᠩ ᠭᠡᠯᠡᠯ᠎ᠠ᠃
ᠦᠪᠦᠷ ᠮᠤᠨᠭᠭᠤᠯ ᠬᠣᠲᠠ᠎ᠶᠢᠨ ᠰᠠᠭᠤᠷᠢ ᠲᠦᠬᠦᠭᠡᠷᠦᠮᠵᠢ᠎ᠶᠢ ᠦᠷᠬᠦᠯᠵᠢᠯᠡᠨ ᠰᠢᠯᠢᠳᠡᠭᠵᠢᠭᠦᠯᠵᠦ᠂ ᠡᠯ᠎ᠡ ᠲᠥᠷᠥᠯ᠎ᠤᠨ ᠭᠠᠵᠠᠷ ᠳᠣᠣᠷᠠᠬᠢ ᠬᠣᠭᠣᠯᠠᠢ᠎ᠶᠢᠨ ᠲᠣᠣᠷ᠎ᠢ ᠨᠡᠢᠲᠡ 162 ᠲᠦᠮᠡᠨ ᠺᠢᠯᠣᠮᠧᠲᠷ ᠥᠭᠡᠷᠡᠴᠢᠯᠡᠨ ᠵᠠᠰᠠᠵᠤ᠂ ᠬᠣᠲᠠ᠎ᠶᠢᠨ ᠠᠮᠤᠷ ᠲᠦᠪᠱᠢᠨ ᠠᠵᠢᠯᠯᠠᠭᠠᠨ᠎ᠤ ᠪᠠᠲᠤᠯᠠᠭ᠎ᠠ᠎ᠶᠢᠨ ᠴᠢᠳᠠᠪᠤᠷᠢ᠎ᠶᠢ ᠪᠦᠲᠦᠮᠵᠢᠲᠡᠢ ᠳᠡᠭᠡᠭ᠌ᠰᠢᠯᠡᠭᠦᠯᠪᠡ᠃ ᠬᠠᠢᠮᠢᠶᠠᠨ ᠬᠣᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠬᠣᠲᠠ᠎ᠶᠢᠨ ᠤᠰᠤ ᠲᠠᠲᠠᠷᠠᠭᠤᠯᠬᠤ ᠤᠰᠤᠲᠤᠯ᠎ᠢ ᠰᠡᠷᠭᠡᠢᠯᠡᠬᠦ᠌ ᠢᠨᠵᠧᠨᠧᠷᠢᠩ᠎ᠤᠨ ᠱᠢᠰᠲ᠋ᠧᠮ᠎ᠤᠨ ᠪᠠᠢᠭᠤᠯᠤᠯᠲᠠ᠎ᠶᠢ ᠲᠡᠭᠦᠯᠳᠡᠷᠵᠢᠭᠦᠯᠵᠦ᠍᠂ 208 ᠤᠰᠤ ᠬᠤᠷᠠᠬᠤ ᠴᠡᠭ᠎ᠢ ᠠᠷᠢᠯᠭᠠᠪᠠ᠃ ᠬᠣᠲᠠ ᠪᠠᠯᠭᠠᠰᠤᠨ᠎ᠤ ᠠᠮᠢᠳᠤᠷᠠᠯ᠎ᠤᠨ ᠪᠣᠬᠢᠷ ᠤᠰᠤ ᠱᠢᠶ᠋ᠳᠪᠦᠷᠢᠯᠡᠬᠦ᠌ ᠦᠶ᠋ᠯᠡᠳᠪᠦᠷᠢ ᠴᠥᠮ ᠨᠢᠭᠡᠳᠦᠭᠡᠷ ᠳᠡᠰ᠎ᠤᠨ A ᠲᠠᠲᠠᠷᠠᠭᠤᠯᠬᠤ ᠪᠠᠷᠢᠮᠵᠢᠶ᠎ᠠ᠎ᠳᠤ ᠬᠦᠷᠴᠦ᠍᠂ ᠬᠣᠲᠠ ᠪᠠᠯᠭᠠᠰᠤᠨ᠎ᠤ ᠳᠠᠬᠢᠯᠲᠠ ᠤᠰᠤᠨ᠎ᠤ ᠠᠱᠢᠭ᠍ᠯᠠᠯᠲᠠ᠎ᠶᠢᠨ ᠨᠣᠷᠮ᠎ᠠ 47.7%᠎ᠳᠤ ᠬᠦᠷᠴᠦ᠍᠂ 6 ᠬᠣᠲᠠ ᠤᠯᠤᠰ᠎ᠤᠨ ᠳᠠᠬᠢᠯᠲᠠ ᠤᠰᠤᠨ᠎ᠤ ᠠᠱᠢᠭ᠍ᠯᠠᠯᠲᠠ᠎ᠶᠢᠨ ᠭᠤᠤᠯᠳᠠᠯᠭ᠎ᠠ ᠲᠠᠢ ᠬᠣᠲᠠ᠎ᠪᠡᠷ ᠠᠮᠵᠢᠯᠲᠠ ᠲᠠᠢ ᠭᠤᠶᠤᠴᠢᠯᠠᠨ ᠮᠡᠳᠡᠭᠦᠯᠪᠡ᠃ ᠪᠥᠬᠥ᠌ ᠣᠷᠣᠨ᠎ᠤ ᠬᠣᠲᠠ ᠪᠠᠯᠭᠠᠰᠤ᠎ᠶᠢᠨ ᠠᠮᠢᠳᠤᠷᠠᠯ᠎ᠤᠨ ᠬᠣᠭ ᠨᠣᠪᠰᠢ᠎ᠶᠢ ᠬᠤᠤᠷ ᠥᠬᠡᠢᠳᠡᠭᠦᠯᠦᠨ ᠱᠢᠶ᠋ᠳᠪᠦᠷᠢᠯᠡᠭ᠌ᠰᠡᠨ ᠨᠣᠷᠮ᠎ᠠ 100%᠎ᠳᠤ ᠬᠦᠷᠴᠦ᠍᠂ ᠪᠣᠬᠢᠷ ᠤᠰᠤ᠎ᠶᠢ ᠱᠢᠶ᠋ᠳᠪᠦᠷᠢᠯᠡᠭ᠌ᠰᠡᠨ ᠨᠣᠷᠮ᠎ᠠ 98.89%᠎ᠳᠤ ᠬᠦᠷᠴᠦ᠍᠂ ᠱᠢᠲᠠᠮᠠᠬᠠᠶ ᠬᠡᠶ᠎ᠶᠢᠨ ᠲᠦᠭᠡᠮᠡᠯᠵᠢᠭ᠌ᠰᠡᠨ ᠨᠣᠷᠮ᠎ᠠ 96.58%᠎ᠳᠤ ᠬᠦᠷᠴᠦ᠍᠂ ᠤᠰᠤᠨ᠎ᠤ ᠬᠠᠩᠭᠠᠯᠭ᠎ᠠ᠎ᠶᠢᠨ ᠲᠦᠭᠡᠮᠡᠯᠵᠢᠭ᠌ᠰᠡᠨ ᠨᠣᠷᠮ᠎ᠠ 99.24%᠎ᠳᠤ ᠬᠦᠷᠴᠦ᠍᠂ 2020 ᠣᠨ᠎ᠤ ᠬᠢ᠎ᠡᠴᠡ ᠲᠣᠰ ᠲᠣᠰ ᠵᠠᠭᠤᠨ᠎ᠤ ᠬᠠᠷᠢᠴᠠᠯ᠎ᠢᠶᠠᠷ 1 ᠬᠤᠪᠢ᠂ 1.56 ᠬᠤᠪᠢ᠂ 1.86 ᠬᠤᠪᠢ᠂ 2.03 ᠬᠤᠪᠢ ᠳᠡᠭᠡᠭ᠌ᠰᠢᠯᠡᠪᠡ᠃ 2024 ᠣᠨ᠎ᠳᠤ ᠬᠣᠲᠠ ᠪᠠᠯᠭᠠᠰᠤ᠎ᠶᠢᠨ ᠳᠤᠯᠠᠭᠠᠯᠠᠭ᠎ᠠ ᠬᠠᠩᠭᠠᠬᠤ 《ᠳᠤᠯᠠᠭᠠᠯᠠᠭ᠎ᠠ᠎ᠶᠢᠨ ᠢᠨᠵᠧᠨᠧᠷᠢᠩ》᠎ᠢ ᠬᠡᠷᠡᠭ᠌ᠵᠢᠭᠦᠯᠵᠦ᠍᠂ 2025 ᠤᠨ᠎ᠳᠤ ᠪᠠᠰᠠ 《ᠳᠤᠯᠠᠭᠠᠯᠠᠭ᠎ᠠ᠎ᠶᠢᠨ ᠢᠨᠵᠧᠨᠧᠷᠢᠩ》᠎ᠢ ᠪᠡᠬᠢᠵᠢᠭᠦᠯᠦᠨ ᠳᠡᠭᠡᠭ᠌ᠰᠢᠯᠡᠭᠦᠯᠬᠦ᠌ ᠠᠵᠢᠯᠯᠠᠭ᠎ᠠ᠎ᠶᠢ ᠬᠡᠷᠡᠭ᠌ᠵᠢᠭᠦᠯᠵᠦ᠍᠂ ᠳᠤᠯᠠᠭᠠᠯᠠᠭ᠎ᠠ ᠬᠠᠩᠭᠠᠬᠤ ᠲᠥᠬᠥᠭᠡᠷᠦᠮᠵᠢ᠂ ᠳᠤᠯᠠᠭᠠᠯᠠᠭ᠎ᠠ ᠬᠠᠩᠭᠠᠬᠤ ᠦᠶ᠋ᠯᠡᠴᠢᠯᠡᠭᠡ᠂ ᠤᠶᠤᠨᠴᠢᠯᠠᠨ ᠲᠠᠰ ᠳᠡᠪᠱᠢᠭᠦᠯᠬᠦ᠌ ᠵᠡᠷᠭᠡ ᠲᠠᠯ᠎ᠠ᠎ᠪᠡᠷ ᠴᠥᠮ ᠲᠦᠷᠭᠡᠨ ᠳᠠᠪᠱᠢᠯᠲᠠ ᠲᠠᠢ ᠪᠣᠯᠵᠣ᠂ ᠪᠥᠬᠥ᠌ ᠣᠷᠣᠨ᠎ᠤ ᠳᠤᠯᠠᠭᠠᠯᠠᠭ᠎ᠠ ᠬᠠᠩᠭᠠᠬᠤ ᠪᠠᠲᠤᠯᠠᠭ᠎ᠠ᠎ᠶᠢᠨ ᠴᠢᠳᠠᠪᠤᠷᠢ᠎ᠶᠢ ᠶᠡᠬᠡᠪᠡᠷ ᠳᠡᠭᠡᠭ᠌ᠰᠢᠯᠡᠭᠦᠯᠪᠡ᠃
ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶᠢᠨ ᠦᠵᠡᠯ ᠰᠠᠨᠠᠭ᠎ᠠ᠎ᠶᠢ ᠢᠮᠠᠭ᠍ᠲᠠ ᠪᠠᠷᠢᠮᠲᠠᠯᠠᠵᠤ᠂ ᠬᠣᠲᠠ ᠪᠠᠯᠭᠠᠰᠤᠨ᠎ᠤ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌᠎ᠶᠢ ᠠᠷᠠᠳ᠎ᠤᠨ ᠠᠮᠢᠳᠤᠷᠠᠯ᠎ᠤᠨ ᠴᠢᠬᠤᠯᠠ ᠢᠨᠵᠧᠨᠧᠷᠢᠩ ᠪᠣᠯᠭᠠᠵᠤ᠂ ᠣᠯᠠᠨ ᠲᠦᠮᠡᠨ᠎ᠤ ᠲᠤᠰᠭᠠᠯ ᠴᠢᠩᠭ᠎ᠠ ᠪᠠᠢᠭ᠎ᠠ ᠬᠦᠴᠢᠷ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠵᠦ᠍᠂ ᠬᠠᠯᠠᠭᠤᠨ ᠳᠤᠯᠠᠭᠠᠨ ᠨᠡᠢᠭᠡᠮ ᠲᠣᠭᠣᠷᠢᠭ᠎ᠢ ᠪᠠᠢᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠪᠥᠬᠥ᠌ ᠣᠷᠣᠨ᠎ᠳᠤ 7323 ᠬᠣᠲᠠ ᠪᠠᠯᠭᠠᠰᠤᠨ᠎ᠤ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠰᠢᠨᠡᠳᠭᠡᠬᠦ᠎ᠶᠢ ᠬᠡᠷᠡᠭᠵᠢᠭᠦᠯᠵᠦ᠂ 112 ᠲᠦᠮᠡᠨ ᠡᠷᠦᠬᠡ ᠰᠠᠭᠤᠭᠠᠯᠢ ᠠᠷᠠᠳ᠂ 310 ᠭᠠᠷᠤᠶ ᠲᠦᠮᠡᠨ ᠬᠥᠮᠦᠨ᠎ᠳᠤ ᠠᠱᠢᠭ ᠬᠦᠷᠲᠡᠭᠡᠪᠡ᠃