ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ᠂ 2018 ᠣᠨ᠎ᠳᠤ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠬᠥᠭᠵᠢᠯᠲᠡ᠎ᠶᠢᠨ ᠲᠤᠰᠬᠠᠢ ᠪᠡᠯᠡ ᠮᠥᠩᠭᠥ ᠲᠣᠬᠢᠷᠠᠭᠤᠯᠤᠭᠰᠠᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠨᠡᠶ᠋ᠢᠲᠡ 72.9 ᠳ᠋ᠦᠩᠰᠢᠭᠤᠷ ᠲᠥᠭᠥᠷᠢᠭ ᠣᠷᠣᠭᠤᠯᠵᠤ᠂ ᠪᠥᠬᠥ ᠣᠷᠣᠨ᠎ᠤ 84 ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋ (ᠰᠢᠯᠢᠳᠡᠭᠵᠢᠭᠦᠯᠦᠨ ᠲᠣᠬᠢᠷᠠᠭᠤᠯᠬᠤ᠎ᠠᠴᠠ ᠡᠮᠦᠨᠡᠬᠢ ᠬᠦᠷᠢᠶᠡᠯᠡᠩ ᠲᠣᠭᠣᠷᠢᠭ᠋ ᠪᠠᠭᠲᠠᠨ᠎ᠠ)᠎ᠤᠨ 508 ᠰᠠᠭᠤᠷᠢ ᠲᠥᠬᠦᠭᠡᠷᠦᠮᠵᠢ᠎ᠶᠢᠨ ᠲᠥᠷᠥᠯ ᠵᠦᠢᠯ᠎ᠳᠦ ᠬᠦᠴᠦᠲᠡᠢ ᠳᠡᠮᠵᠢᠯᠭᠡ ᠬᠠᠩᠭᠠᠭᠰᠠᠨ ᠪᠠᠢᠨ᠎ᠠ᠃ ᠡᠨᠡ ᠬᠦ᠌ ᠪᠡᠯᠡ ᠮᠥᠩᠭᠥ ᠨᠢ 《ᠴᠠᠭ᠎ᠤᠨ ᠬᠤᠷ᠎ᠠ》 ᠰᠢᠭ᠋᠎ᠢᠶᠡᠷ ᠪᠦᠬᠦ ᠣᠷᠣᠨ᠎ᠤ 12 ᠠᠢᠮᠠᠭ ᠬᠤᠳᠠ ᠪᠠ 2 ᠲᠤᠰᠠᠭᠠᠷ ᠲᠥᠯᠥᠪᠯᠡᠭᠡᠲᠦ ᠬᠤᠳᠠ᠎ᠳᠤ ᠠᠰᠢᠭ᠋ ᠬᠦᠷᠲᠡᠭᠡᠵᠦ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠢᠳᠡ ᠴᠢᠳᠠᠯ᠎ᠢᠶᠠᠨ ᠡᠷᠴᠢᠮᠯᠡᠨ᠂ ᠬᠥᠳᠡᠯᠭᠡᠭᠴᠢ ᠬᠦᠴᠦᠨ᠎ᠢᠶᠡᠨ ᠨᠡᠮᠡᠭᠳᠡᠭᠦᠯᠬᠦ᠎ᠳᠦ ᠨᠢ ᠪᠦᠲᠦᠮᠵᠢᠲᠡᠢ ᠲᠤᠰᠠᠯᠠᠨ ᠳᠡᠮᠵᠢᠵᠦ᠂ ᠲᠠᠪᠠᠯᠳᠠᠳᠤ ᠮᠠᠶᠢᠭ᠋᠎ᠤᠨ ᠬᠥᠭᠵᠢᠯᠲᠡ᠎ᠶᠢ ᠪᠡᠶᠡᠯᠡᠭᠦᠯᠪᠡ᠃
ᠣᠢᠯᠠᠭᠠᠭᠰᠠᠨ᠎ᠢᠶᠠᠷ᠂ ᠲᠤᠰᠬᠠᠢ ᠪᠡᠯᠡ ᠮᠥᠩᠭᠥ᠎ᠶᠢ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠠᠲᠠᠭᠤ ᠪᠡᠶᠡᠲᠦ ᠬᠠᠶᠠᠭᠳᠠᠮᠠᠯ ᠰᠢᠭᠠᠷᠤ᠎ᠶᠢᠨ ᠲᠠᠯᠠᠪᠠᠶ᠂ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ᠂ ᠵᠠᠮ ᠵᠢᠴᠢ ᠬᠣᠭᠣᠯᠠᠢ ᠭᠤᠤᠷᠰᠤ᠎ᠶᠢᠨ ᠲᠣᠣᠷ᠂ ᠪᠠᠷᠢᠮᠵᠢᠶᠠᠲᠤ ᠦᠢᠯᠡᠳᠪᠦᠷᠢ᠎ᠶᠢᠨ ᠭᠡᠷ ᠪᠠᠢᠰᠢᠩ᠂ ᠰᠣᠷᠢᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ ᠵᠡᠷᠭᠡ ᠰᠠᠭᠤᠷᠢ ᠪᠡᠯᠡᠳᠬᠡᠮᠵᠢ᠎ᠶᠢ ᠥᠭᠡᠷᠡᠴᠢᠯᠡᠨ ᠲᠠᠰ ᠳᠡᠪᠰᠢᠭᠦᠯᠬᠦ᠎ᠳᠦ ᠭᠣᠣᠯᠳᠠᠯᠭ᠎ᠠ᠎ᠲᠠᠢ ᠬᠡᠷᠡᠭᠯᠡᠵᠦ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ᠎ᠶᠢᠨ ᠪᠠᠢᠭᠤᠯᠤᠯᠲᠠ ᠨᠢ ᠵᠣᠭᠰᠣᠩᠭᠤᠢ ᠪᠠᠢᠬᠤ᠂ ᠴᠢᠳᠠᠯ᠎ᠠᠴᠠ ᠨᠢ ᠠᠬᠠᠳᠠᠭᠤᠯᠬᠤ ᠵᠡᠷᠭᠡ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠭᠰᠡᠨ᠎ᠢᠶᠡᠷ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋ ᠴᠢᠨᠠᠷ᠎ᠢᠶᠠᠨ ᠳᠡᠭᠡᠭᠰᠢᠯᠡᠭᠦᠯᠦᠨ ᠲᠠᠰ ᠳᠡᠪᠰᠢᠭᠦᠯᠬᠦ ᠲᠠᠯ᠎ᠠ᠎ᠪᠠᠷ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃ ᠣᠳᠣᠬᠠᠨ᠎ᠳᠤ᠂ ᠪᠥᠬᠥ ᠣᠷᠣᠨ᠎ᠤ ᠨᠢᠭᠡᠳᠦᠭᠡᠷ᠂ ᠬᠣᠶᠠᠳᠤᠭᠠᠷ ᠲᠥᠷᠥᠯ᠎ᠦᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠲᠤ 《ᠶᠢᠰᠦ᠎ᠶᠢ ᠨᠠᠪᠲᠠᠷᠡᠭᠦᠯᠵᠦ ᠨᠢᠭᠡ᠎ᠶᠢ ᠲᠡᠭᠰᠢᠯᠡᠬᠦ》᠎ᠶᠢ ᠦᠨᠳᠦᠰᠦᠨ᠎ᠳᠦ᠎ᠪᠡᠨ ᠪᠡᠶᠡᠯᠡᠭᠦᠯᠵᠦ᠂ ᠳᠠᠭᠠᠭᠠᠴᠠ ᠨᠢ ᠢᠯᠡᠳᠲᠡ ᠴᠢᠩᠭᠠᠷᠠᠵᠤ᠂ ᠶᠡᠷᠦᠩᠬᠡᠢᠯᠡᠭᠰᠡᠨ ᠪᠣᠳᠠᠲᠤ ᠬᠦᠴᠦᠨ ᠨᠢ ᠢᠯᠡᠳᠲᠡ ᠳᠡᠭᠡᠭᠰᠢᠯᠡᠪᠡ᠃ ᠪᠥᠬᠥ ᠣᠷᠣᠨ᠎ᠤ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠦᠢᠯᠡᠳᠬᠦᠨ᠎ᠦ ᠶᠡᠷᠦᠩᠬᠡᠢ ᠥᠷᠲᠡᠭ ᠪᠠ ᠭᠠᠢᠯᠢ ᠲᠠᠲᠠᠪᠤᠷᠢ᠎ᠶᠢ ᠴᠥᠮ ᠳᠠᠬᠢᠨ᠎ᠢᠶᠠᠷ ᠨᠡᠮᠡᠭᠳᠡᠭᠦᠯᠬᠦ᠎ᠪᠡᠨ ᠪᠡᠶᠡᠯᠡᠭᠦᠯᠵᠦ᠂ ᠲᠣᠰ ᠲᠣᠰ 2018 ᠣᠨ᠎ᠳᠤ 1.06 ᠲᠦᠮᠡᠨ ᠳ᠋ᠦᠩᠰᠢᠭᠤᠷ ᠲᠥᠭᠥᠷᠢᠭ ᠪᠠ 716 ᠳ᠋ᠦᠩᠰᠢᠭᠤᠷ ᠲᠥᠭᠥᠷᠢᠭ ᠪᠠᠢᠭᠰᠠᠨ᠎ᠠᠴᠠ ᠨᠡᠮᠡᠭᠳᠡᠭᠡᠳ ᠣᠳᠣᠬᠠᠨ᠎ᠤ 2.2 ᠲᠦᠮᠡᠨ ᠳ᠋ᠦᠩᠰᠢᠭᠤᠷ ᠲᠥᠭᠥᠷᠢᠭ ᠪᠠ 1500 ᠭᠠᠷᠤᠢ ᠳ᠋ᠦᠩᠰᠢᠭᠤᠷ ᠲᠥᠭᠥᠷᠢᠭ ᠪᠣᠯᠪᠠ᠃