ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠳᠥᠷᠪᠡᠳᠡᠬᠢ ᠤᠳᠠᠭᠠᠨ᠎ᠤ ᠪᠦᠬᠦ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠨᠡᠢᠳᠡᠮ ᠪᠠᠢᠴᠠᠭᠠᠯᠲᠠ᠎ᠶᠢᠨ ᠤᠳᠤᠷᠢᠳᠬᠤ ᠳᠤᠭᠤᠢᠯᠠᠩ᠎ᠤᠨ ᠵᠢᠷᠭᠤᠳᠤᠭᠠᠷ ᠤᠳᠠᠭᠠᠨ᠎ᠤ ᠬᠤᠷᠠᠯᠳᠤᠭᠠᠨ ᠬᠤᠷᠠᠯᠳᠤᠪᠠ   ᠪᠦᠦ ᠰᠢᠶᠠᠨ ᠬᠤᠸᠠ ᠶᠠᠷᠢᠶ᠎ᠠ ᠲᠠᠯᠪᠢᠵᠤ ᠶᠠᠩ ᠵᠢᠨ ᠬᠤᠷᠠᠯ᠎ᠢ ᠡᠷᠭᠢᠯᠡᠪᠡ
ᠨᠡᠶ᠋ᠢᠲᠡᠯᠡᠭᠰᠡᠨ ᠴᠠᠭ᠄ 2025-11-13

11 ᠳ᠋ᠦ᠍ᠭᠡᠷ ᠰᠠᠷ᠎ᠠ᠎ᠶᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠥᠷᠪᠡᠳᠡᠬᠢ ᠤᠳᠠᠭᠠᠨ᠎ᠤ ᠪᠥᠬᠥ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠨᠡᠢᠳᠡᠮ ᠪᠠᠢᠴᠠᠭᠠᠯᠲᠠ᠎ᠶᠢᠨ ᠤᠳᠤᠷᠢᠳᠬᠤ ᠳᠤᠭᠤᠢᠯᠠᠩ᠎ᠤᠨ ᠵᠢᠷᠭᠤᠳᠤᠭᠠᠷ ᠤᠳᠠᠭᠠᠨ᠎ᠤ ᠬᠤᠷᠠᠯᠳᠤᠭᠠᠨ᠎ᠢ ᠬᠥᠬᠡᠬᠣᠲᠠᠨ᠎ᠠ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ᠂ ᠨᠡᠢᠳᠡᠮ ᠪᠠᠢᠴᠠᠭᠠᠯᠲᠠ᠎ᠶᠢᠨ ᠤᠳᠤᠷᠢᠳᠬᠤ ᠳᠤᠭᠤᠢᠯᠠᠩ᠎ᠤᠨ ᠳᠤᠭᠤᠢᠯᠠᠩ᠎ᠤᠨ ᠳᠠᠷᠤᠭ᠎ᠠ ᠪᠦᠦ ᠰᠢᠶᠠᠨ ᠬᠤᠸᠠ ᠲᠣᠰ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ᠂ ᠨᠡᠢᠳᠡᠮ ᠪᠠᠢᠴᠠᠭᠠᠯᠲᠠ᠎ᠶᠢᠨ ᠤᠳᠤᠷᠢᠳᠬᠤ ᠳᠤᠭᠤᠢᠯᠠᠩ᠎ᠤᠨ ᠳᠤᠭᠤᠢᠯᠠᠩ᠎ᠤᠨ ᠳᠠᠷᠤᠭ᠎ᠠ ᠶᠠᠩ ᠵᠢᠨ ᠬᠤᠷᠠᠯ᠎ᠢ ᠡᠷᠭᠢᠯᠡᠪᠡ᠃ 

ᠬᠤᠷᠠᠯ᠎ᠢᠶᠠᠷ᠂ ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠰᠢ ᠎ᠶᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠡᠬᠢ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ᠎ᠪᠡᠨ ᠴᠢᠨᠠᠭᠰᠢᠳᠠ ᠴᠢᠩᠭᠠᠳᠬᠠᠵᠤ᠂ ᠭᠤᠷᠪᠠᠳᠤᠭᠠᠷ ᠱᠠᠲᠤᠨ᠎ᠳᠠᠬᠢ ᠡᠯ᠎ᠡ ᠵᠦᠢᠯ᠎ᠦᠨ ᠡᠭᠦᠷᠭᠡ᠎ᠪᠠᠨ ᠨᠠᠷᠢᠨ ᠬᠢᠨᠠᠮᠠᠭᠠᠢ ᠨᠠᠢᠳᠠᠪᠤᠷᠢᠵᠢᠭᠤᠯᠬᠤ ᠬᠡᠷᠡᠭᠲᠡᠢ᠃ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠰᠢᠰᠲᠧᠮᠲᠦ ᠬᠠᠮᠠᠭᠠᠯᠠᠯᠲᠠ᠎ᠶᠢ ᠬᠦᠴᠦᠯᠡᠨ ᠠᠬᠢᠭᠤᠯᠵᠤ᠂ ᠨᠡᠢᠳᠡᠮ ᠪᠠᠢᠴᠠᠭᠠᠯᠲᠠ᠎ᠶᠢᠨ ᠮᠡᠳᠡᠭᠦᠯᠦᠯᠲᠡ᠎ᠶᠢ ᠨᠠᠢᠷᠠᠭᠤᠯᠤᠨ ᠲᠤᠭᠤᠷᠪᠢᠬᠤ ᠵᠢᠴᠢ ᠲᠤᠰᠬᠠᠢ ᠲᠦᠷᠦᠯ᠎ᠦᠨ ᠪᠠᠢᠴᠠᠭᠠᠯᠲᠠ ᠰᠢᠨᠡᠴᠢᠯᠡᠯᠲᠡ᠎ᠶᠢ ᠴᠢᠨᠠᠷ ᠰᠠᠢᠲᠠᠢ ᠪᠡᠶᠡᠯᠡᠭᠦᠯᠦᠨ᠂ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠲᠣᠭᠲᠠᠯᠴᠠᠭ᠎ᠠ᠎ᠶᠢ ᠲᠡᠭᠦᠯᠳᠡᠷᠵᠢᠭᠦᠯᠵᠦ᠂ ᠨᠡᠢᠳᠡᠮ ᠪᠠᠢᠴᠠᠭᠠᠯᠲᠠ᠎ᠶᠢᠨ ᠦᠷ᠎ᠡ ᠪᠦᠲᠦᠭᠡᠯ᠎ᠢᠶᠠᠨ ᠪᠣᠯᠪᠠᠰᠤᠨ᠎ᠤ ᠦᠨᠳᠦᠰᠦ ᠰᠤᠳᠠᠰᠤ᠎ᠶᠢ ᠰᠠᠬᠢᠨ ᠬᠠᠮᠠᠭᠠᠯᠠᠬᠤ᠂ ᠲᠡᠦᠬᠡ ᠰᠣᠶᠣᠯ᠎ᠤᠨ ᠤᠯᠪᠠᠭ᠎ᠠ᠎ᠶᠢ ᠦᠷᠭᠦᠯᠵᠢᠯᠡᠭᠦᠯᠬᠦ᠂ ᠴᠢᠨᠠᠷ ᠰᠠᠢᠲᠠᠢ ᠬᠥᠭᠵᠢᠯᠲᠡ᠎ᠶᠢᠨ ᠪᠠᠲᠤ ᠪᠡᠬᠢ ᠲᠤᠯᠭᠠᠭᠤᠷᠢᠯᠠᠯ ᠪᠣᠯᠭᠠᠬᠤ ᠬᠡᠷᠡᠭᠲᠡᠢ ᠬᠡᠮᠡᠨ ᠴᠢᠬᠤᠯᠠᠴᠢᠯᠠᠪᠠ᠃ 

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠂ ᠤᠯᠤᠰ᠎ᠤᠨ ᠦᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠂ ᠤᠯᠠᠭᠠᠨᠴᠠᠪ ᠬᠤᠳᠠ᠂ ᠪᠠᠶᠠᠨᠨᠠᠭᠤᠷ ᠬᠤᠳᠠ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠨᠥᠬᠥᠳ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠲᠣᠪᠴᠢᠶ᠎ᠠ᠎ᠶᠢᠨ ᠲᠦᠷᠦ᠎ᠶᠢᠨ ᠪᠣᠳᠣᠯᠭ᠎ᠠ ᠬᠠᠤᠯᠢ ᠲᠣᠭᠲᠠᠭᠠᠯ᠎ᠤᠨ ᠵᠤᠷᠭᠠᠨ᠎ᠤ ᠬᠠᠷᠢᠭᠤᠴᠠᠯᠭᠠᠲᠠᠨ ᠲᠤᠰᠬᠠᠢ ᠰᠡᠳᠦᠪᠲᠦ ᠲᠠᠢᠯᠤᠮᠵᠢ ᠬᠢᠭᠰᠡᠨ ᠪᠥᠭᠡᠳ ᠡᠯ᠎ᠡ ᠠᠢᠮᠠᠭ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠳᠣᠬᠢᠷᠠᠭᠤᠯᠵᠠᠢ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            