ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠸᠠᠩ ᠸᠧᠢ ᠵᠦᠩ ᠪᠦᠦ ᠭᠠᠩ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠶᠠᠮᠤᠨ ᠤᠯᠤᠰ᠎ᠤᠨ ᠲᠣᠭ᠎ᠠ ᠪᠦᠷᠢᠳᠭᠡᠯ᠎ᠦᠨ ᠲᠣᠪᠴᠢᠶ᠎ᠠ ᠪᠣᠯᠤᠨ ᠤᠯᠤᠰ᠎ᠤᠨ ᠲᠡᠮᠦᠷ ᠵᠠᠮ᠎ᠤᠨ ᠪᠦᠯᠦᠭ᠌ᠯᠡᠯ᠎ᠤᠨ ᠬᠢᠵᠠᠭᠠᠷᠲᠤ ᠺᠣᠮᠫᠠᠨᠢ᠎ᠳᠤ ᠬᠦᠷᠴᠦ᠍ ᠠᠵᠢᠯ ᠵᠤᠯᠭᠠᠭᠤᠯᠪᠠ
ᠨᠡᠶ᠋ᠢᠲᠡᠯᠡᠭᠰᠡᠨ ᠴᠠᠭ᠄ 2025-11-05

11 ᠰᠠᠷ᠎ᠠ᠎ᠶ᠋ᠢᠨ 3᠎ᠡᠴᠡ 4᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠪᠡᠭᠡᠵᠢᠩ᠎ᠳᠦ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ ᠰᠠᠢᠳ ᠯᠢ ᠯᠸ ᠴᠧᠩ᠂ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ᠎ᠤ ᠰᠠᠢᠳ ᠬᠠᠨ ᠵᠢᠶᠦ᠋ᠨ᠂ ᠤᠯᠤᠰ᠎ᠤᠨ ᠲᠣᠭ᠎ᠠ ᠪᠦᠷᠢᠳᠭᠡᠯ᠎ᠦᠨ ᠲᠣᠪᠴᠢᠶᠠᠨ᠎ᠤ ᠳᠠᠷᠤᠭ᠎ᠠ ᠺᠠᠩ ᠢ᠂ ᠤᠯᠤᠰ᠎ᠤᠨ ᠲᠡᠮᠦᠷ ᠵᠠᠮ᠎ᠤᠨ ᠪᠦᠯᠦᠭ᠌ᠯᠡᠯ᠎ᠤᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠭᠦᠸᠧ ᠵᠦ᠍ ᠱᠢᠤᠸᠠᠢ ᠲᠠᠢ ᠲᠣᠰ ᠲᠣᠰ ᠪᠠᠷᠠᠳᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶᠢᠨ ᠲᠤᠭᠤᠷᠢᠨ᠎ᠳᠤ ᠭᠤᠤᠯᠳᠠᠯᠭ᠎ᠠ᠎ᠲᠠᠶ ᠠᠵᠢᠯ᠎ᠢ ᠠᠬᠢᠭᠤᠯᠬᠤ᠂ ᠴᠢᠬᠤᠯᠠ ᠶᠡᠬᠡ ᠲᠥᠷᠥᠯ ᠵᠦᠶ᠋ᠯ᠎ᠢ ᠬᠡᠷᠡᠭ᠌ᠵᠢᠭᠦᠯᠬᠦ᠌ ᠵᠡᠷᠭᠡ ᠠᠵᠢᠯ᠎ᠢ ᠵᠤᠯᠭᠠᠭᠤᠯᠪᠠ᠃

ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠡᠯ᠎ᠡ ᠰᠠᠯᠠᠭ᠎ᠠ ᠮᠥᠴᠢᠷ ᠪᠣᠯᠤᠨ ᠤᠯᠤᠰ᠎ᠤᠨ ᠲᠡᠮᠦᠷ ᠵᠠᠮ᠎ᠤᠨ ᠪᠦᠯᠦᠭ᠌ᠯᠡᠯ᠎ᠡᠴᠡ ᠥᠪᠥᠷ ᠮᠣᠩᠭᠣᠯ᠎ᠳᠤ ᠬᠦᠴᠦᠲᠡᠢ ᠳᠡᠮᠵᠢᠯᠭᠡ ᠦᠵᠡᠭᠦᠯᠦᠭ᠌ᠰᠡᠭᠡᠷ ᠢᠷᠡᠭ᠌ᠰᠡᠨ᠎ᠳᠦ ᠲᠠᠯᠠᠷᠬᠠᠵᠤ ᠪᠠᠢᠬᠤ᠎ᠪᠠᠨ ᠢᠯᠡᠳᠭᠡᠭ᠌ᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠦᠬᠦᠢ ᠪᠠᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ ᠶᠠᠭ ᠶᠡᠷᠦᠩᠬᠡᠢ ᠱᠦᠵᠢ ᠰᠢ᠎ᠵᠢᠨ᠎ᠫᠢᠩ ᠪᠣᠯᠤᠨ ᠨᠠᠮ᠎ᠤᠨ ᠲᠥᠪ ᠬᠣᠷᠢᠶ᠎ᠠ᠎ᠶᠢᠨ ᠥᠪᠥᠷ ᠮᠣᠩᠭᠣᠯ᠎ᠤᠨ ᠲᠤᠬᠠᠢ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠥᠲᠥᠬᠡᠨ ᠪᠠᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠱᠢᠨ᠎ᠡ ᠵᠠᠮ᠎ᠢ ᠲᠦᠷᠭᠡᠨ ᠨᠡᠭᠡᠭᠡᠵᠦ᠍ ᠪᠠᠢᠨ᠎ᠠ᠃ ᠥᠪᠥᠷ ᠮᠣᠩᠭᠣᠯ᠎ᠤᠨ ᠡᠨᠧᠷᠭᠢ ᠠᠭᠤᠷᠬᠠᠶ᠎ᠶ᠋ᠢᠨ ᠭᠠᠷᠤᠯᠲᠠ ᠪᠠ ᠮᠠᠯ ᠠᠵᠤ ᠠᠬᠤᠶ ᠲᠠᠷᠢᠶᠠᠯᠠᠩ᠂ ᠠᠮᠢ ᠠᠬᠤᠶ᠎ᠶ᠋ᠢᠨ ᠡᠬᠢ ᠪᠠᠶᠠᠯᠢᠭ ᠡᠯᠪᠡᠭ ᠳᠡᠯᠪᠡᠭ᠂ ᠠᠵᠤ ᠦᠶ᠋ᠯᠡᠰ ᠎ᠦᠨ ᠰᠠᠭᠤᠷᠢ ᠰᠠᠢᠨ᠂ ᠬᠥᠭ᠌ᠵᠢᠯᠲᠡ᠎ᠶ᠋ᠢᠨ ᠳᠠᠯᠳᠠ ᠬᠦᠴᠦᠨ ᠯᠤᠲᠤ ᠶᠡᠬᠡ ᠪᠣᠯᠪᠠᠴᠤ᠌ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠬᠥᠭ᠌ᠵᠢᠯᠲᠡ᠂ ᠮᠠᠯ ᠠᠵᠤ ᠠᠬᠤᠶ ᠲᠠᠷᠢᠶᠠᠯᠠᠩ᠎ᠤᠨ ᠬᠡᠯᠪᠡᠷᠢ᠎ᠶ᠋ᠢ ᠬᠤᠪᠢᠷᠠᠭᠤᠯᠤᠨ ᠬᠥᠭ᠌ᠵᠢᠭᠦᠯᠬᠦ᠌᠂ ᠵᠠᠮ ᠬᠠᠷᠢᠯᠴᠠᠭᠠᠨ᠎ᠤ ᠰᠠᠭᠤᠷᠢ ᠲᠦᠬᠦᠭᠡᠷᠤᠮᠵᠢ᠎ᠶ᠋ᠢᠨ ᠪᠥᠲᠥᠭᠡᠨ ᠪᠠᠢᠭᠤᠯᠤᠯᠲᠠ᠂ ᠲᠣᠭ᠎ᠠ ᠪᠦᠷᠢᠳᠭᠡᠯ᠎ᠦᠨ ᠣᠳᠣᠬᠢᠴᠢᠯᠠᠯᠲᠠ᠎ᠶ᠋ᠢᠨ ᠥᠭᠡᠷᠡᠴᠢᠯᠡᠯᠲᠡ ᠵᠡᠷᠭᠡ ᠠᠵᠢᠯ᠎ᠤᠨ ᠳᠤᠮᠳᠠ ᠴᠥᠭᠡᠨ ᠪᠤᠰᠤ ᠬᠦᠴᠢᠷᠳᠡᠯ᠎ᠳᠦ ᠲᠤᠯᠭᠠᠷᠠᠵᠤ᠂ ᠡᠲᠡᠭᠡᠷ ᠳᠤᠲᠠᠭᠤᠳᠠᠯ᠎ᠢ ᠨᠥᠬᠥᠪᠥᠷᠢᠯᠡᠵᠦ᠍᠂ ᠪᠠᠭᠤᠷᠠᠶ ᠲᠠᠯ᠎ᠠ᠎ᠶ᠋ᠢ ᠨᠥᠬᠥᠪᠥᠷᠢᠯᠡᠵᠦ᠍ ᠴᠢᠩᠭᠠᠳᠭᠠᠬᠤ᠎ᠨᠢ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠂ ᠤᠯᠤᠰ᠎ᠤᠨ ᠶᠡᠬᠡ ᠲᠠᠯ᠎ᠠ᠎ᠳᠤ ᠨᠠᠩ ᠰᠠᠢᠨ ᠦᠶ᠋ᠯᠡᠴᠢᠯᠡᠬᠦ᠌ ᠪᠠ ᠪᠠᠲᠤᠯᠠᠭ᠎ᠠ ᠦᠵᠡᠭᠦᠯᠬᠦ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠣᠳᠣᠬᠠᠨ᠎ᠳᠤ᠂ ᠪᠢᠳᠡ ᠶᠠᠭ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠠᠵᠢᠯ᠎ᠢ ᠱᠠᠯᠠᠪᠳᠠᠨ ᠲᠥᠯᠥᠪᠵᠢᠭᠦᠯᠵᠦ᠍ ᠪᠠᠢᠨ᠎ᠠ᠂ ᠤᠯᠤᠰ᠎ᠤᠨ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ ᠨᠠᠩ ᠣᠯᠠᠨ ᠵᠢᠯᠣᠭᠣᠳᠣᠯᠭ᠎ᠠ ᠪᠠ ᠳᠡᠮᠵᠢᠯᠭᠡ ᠦᠵᠡᠭᠦᠯᠵᠦ᠍᠂ ᠥᠪᠥᠷ ᠮᠣᠩᠭᠣᠯ᠎ᠢ ᠬᠠᠪᠰᠤᠷᠤᠨ ᠡᠯ᠎ᠡ ᠵᠦᠶ᠋ᠯ᠎ᠦᠨ ᠠᠵᠢᠯ᠎ᠢ ᠨᠠᠩ ᠰᠠᠢᠲᠤᠷ ᠬᠢᠬᠦ᠌᠎ᠶ᠋ᠢ ᠬᠦᠰᠡᠵᠦ᠍ ᠪᠠᠢᠨ᠎ᠠ ᠭᠡᠪᠡ᠃

ᠯᠢ ᠯᠸ ᠴᠧᠩ᠂ ᠥᠪᠥᠷ ᠮᠣᠩᠭᠣᠯ᠎ᠤᠨ ᠡᠬᠢ ᠪᠠᠶᠠᠯᠢᠭ ᠡᠯᠪᠡᠭ ᠳᠡᠯᠪᠡᠭ᠂ ᠠᠵᠤ ᠦᠶ᠋ᠯᠡᠳᠪᠦᠷᠢ᠎ᠶ᠋ᠢᠨ ᠰᠠᠭᠤᠷᠢ ᠨᠡᠯᠢᠶᠡᠳ ᠰᠠᠢᠨ᠂ ᠱᠢᠨ᠎ᠡ ᠡᠨᠧᠷᠭᠢ᠂ ᠬᠣᠪᠣᠷ ᠱᠢᠷᠣᠶ ᠵᠡᠷᠭᠡ ᠠᠵᠤ ᠦᠶ᠋ᠯᠡᠰ᠎ᠦᠨ ᠪᠥᠯᠥᠭᠵᠢᠯ ᠲᠦᠷᠭᠡᠨ ᠬᠥᠭ᠌ᠵᠢᠵᠦ᠍ ᠪᠠᠢᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠣᠯ᠎ᠤᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠤᠨ ᠪᠠᠢᠭᠤᠯᠤᠯᠲᠠ᠎ᠶ᠋ᠢ ᠲᠦᠷᠭᠡᠳᠭᠡᠬᠦ᠌᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ᠂ ᠱᠢᠨ᠎ᠡ ᠬᠡᠯᠪᠡᠷᠢ᠎ᠶ᠋ᠢᠨ ᠮᠡᠳᠡᠭᠡ ᠵᠠᠩᠭᠢ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠡᠭᠦᠯᠳᠡᠷᠵᠢᠭᠦᠯᠬᠦ᠌᠂ ᠨᠡᠩ ᠤᠯᠠᠨ ᠲᠤᠰᠬᠠᠢᠵᠢᠬᠰᠠᠨ ᠨᠠᠷᠢᠯᠢᠬᠵᠢᠬᠰᠠᠨ ᠤᠨᠴᠠᠯᠢᠬᠲᠤ ᠱᠢᠨ᠎ᠡ ᠳᠤᠮᠳᠠ ᠪᠠᠭ᠎ᠠ ᠠᠵᠤ ᠠᠬᠤᠢᠯᠠᠯ᠎ᠢ ᠪᠣᠢᠵᠢᠭᠤᠯᠬᠤ᠎ᠶ᠋ᠢ ᠥᠩᠭᠡᠷᠡᠭ᠌ᠰᠡᠨ᠎ᠲᠡᠶ᠎ᠪᠡᠨ ᠠᠳᠠᠯᠢ ᠰᠠᠢᠲᠤᠷ ᠳᠡᠮᠵᠢᠵᠦ᠍᠂ ᠱᠢᠨ᠎ᠡ ᠮᠠᠶᠢᠭ᠎ᠤᠨ ᠠᠵᠤ ᠦᠢᠯᠡᠳᠪᠦᠷᠢᠵᠢᠯᠲᠡ᠎ᠶ᠋ᠢ ᠠᠬᠢᠭᠤᠯᠬᠤ᠂ ᠦᠢᠯᠡᠳᠬᠦ᠌ ᠦᠢᠯᠡᠰ᠎ᠦᠨ ᠬᠦᠴᠦᠷᠬᠡᠭ ᠤᠯᠤᠰ ᠪᠠ ᠰᠦᠯᠵᠢᠶᠡᠨ᠎ᠤ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠠ ᠭᠡᠵᠤ ᠢᠯᠡᠳᠭᠡᠪᠡ᠃

ᠬᠠᠨ ᠵᠢᠶᠦ᠋ᠨ᠂ ᠥᠪᠥᠷ ᠮᠣᠩᠭᠣᠯ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》᠎ᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠤᠢ᠍ᠢᠷ᠎ᠠ᠎ᠶ᠋ᠢᠨ ᠵᠢᠯ᠎ᠳ᠋ᠤ ᠠᠵᠢᠯ᠎ᠤᠨ ᠦᠷ᠎ᠡ ᠪᠦᠲᠦᠮᠵᠢ ᠢᠯᠡᠳᠲᠡ ᠪᠣᠯᠵᠠᠢ᠃ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠠᠮᠤ ᠲᠣᠰᠣ᠎ᠶᠢᠨ ᠲᠠᠷᠢᠮᠠᠯ᠎ᠤᠨ ᠮᠦ᠍ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌᠂ ᠪᠡᠯᠴᠢᠬᠡᠷ᠎ᠤᠨ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠬᠦ᠌᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶᠢ ᠯᠠᠪᠳᠠᠭᠤᠨ ᠪᠠᠲᠤᠲᠠᠶ ᠠᠬᠢᠭᠤᠯᠬᠤ ᠵᠡᠷᠭᠡ ᠲᠠᠯ᠎ᠠ᠎ᠶ᠋ᠢᠨ ᠠᠵᠢᠯ᠎ᠢ ᠬᠦᠴᠦᠯᠡᠨ ᠳᠡᠮᠵᠢᠵᠦ᠍᠂ ᠬᠠᠮᠲᠤ᠎ᠪᠠᠷ ᠴᠢᠷᠮᠠᠢᠵᠤ ᠪᠠᠢᠭᠠᠳ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠨ᠎ᠡ ᠭᠡᠵᠤ ᠢᠯᠡᠳᠭᠡᠪᠡ᠃

ᠺᠠᠩ ᠢ᠂ ᠶᠡᠷᠦᠩᠬᠡᠢ ᠱᠦᠵᠢ ᠰᠢ᠎ᠵᠢᠨ᠎ᠫᠢᠩ᠎ᠦᠨ ᠲᠣᠭ᠎ᠠ ᠪᠦᠷᠢᠳᠭᠡᠯ᠎ᠦᠨ ᠠᠵᠢᠯ᠎ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠮᠢ ᠠᠬᠤᠢ᠎ᠶᠢᠨ ᠦᠢᠯᠡᠳᠭᠦᠨ᠎ᠦ ᠶᠡᠷᠦᠩᠬᠡᠢ ᠦᠷᠳᠡᠭ᠎ᠦᠨ ᠲᠣᠭᠠᠴᠠᠭ᠎ᠠ᠂ ᠳᠥᠷᠪᠡᠳᠦᠭᠡᠷ ᠤᠳᠠᠭ᠎ᠠ᠎ᠶ᠋ᠢᠨ ᠪᠦᠬᠦ᠌ ᠤᠯᠤᠰ᠎ᠤᠨ ᠲᠠᠷᠢᠶᠠᠯᠠᠩ᠎ᠤᠨ ᠨᠡᠢᠳᠡᠮ ᠪᠠᠢᠴᠠᠭᠠᠯᠲᠠ ᠵᠡᠷᠭᠡ ᠲᠠᠯ᠎ᠠ᠎ᠪᠠᠷ ᠰᠠᠢᠲᠤᠷ ᠵᠢᠯᠤᠭᠤᠳᠤᠯᠭ᠎ᠠ ᠬᠢᠵᠦ᠍᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠳᠦ ᠲᠣᠭ᠎ᠠ ᠪᠦᠷᠢᠳᠭᠡᠯ᠎ᠦᠨ ᠦᠢᠯᠡᠴᠢᠯᠡᠭᠡ ᠬᠠᠩᠭᠠᠨ᠎ᠠ ᠭᠡᠵᠤ ᠢᠯᠡᠳᠭᠡᠪᠡ᠃

ᠭᠦᠸᠧ ᠵᠦ᠍ ᠱᠢᠤᠸᠠᠢ᠂ ᠥᠪᠥᠷ ᠮᠣᠩᠭᠣᠯ᠎ᠤᠨ ᠭᠠᠵᠠᠷ ᠨᠤᠲᠤᠭ ᠥᠷᠭᠡᠨ ᠠᠭᠤᠳᠠᠮ᠂ ᠪᠠᠢᠯᠳᠤᠬᠤ ᠪᠤᠳᠤᠯᠭ᠎ᠠ᠎ᠶ᠋ᠢᠨ ᠪᠠᠢᠷᠢ ᠰᠠᠭᠤᠷᠢ ᠴᠢᠬᠤᠯᠠ ᠶᠤᠮ᠂ ᠤᠯᠤᠰ᠎ᠤᠨ ᠲᠡᠮᠦᠷ ᠵᠠᠮ᠎ᠤᠨ ᠪᠦᠯᠦᠭ᠌ᠯᠡᠯ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠵᠢᠯ ᠲᠦᠷᠦᠯ᠎ᠦᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠣᠯ᠎ᠯᠤᠭ᠎ᠠ ᠬᠠᠮᠲᠤ᠎ᠪᠠᠷ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠤ ᠲᠡᠮᠦᠷ ᠵᠠᠮ᠎ᠤᠨ ᠲᠥᠯᠥᠪᠵᠢᠭᠦᠯᠭᠡ᠎ᠶ᠋ᠢ ᠰᠠᠢᠲᠤᠷ ᠤᠬᠠᠭᠠᠯᠠᠨ ᠲᠦᠯᠦᠪᠯᠡᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠲᠡᠮᠦᠷ ᠵᠠᠮ᠎ᠤᠨ ᠬᠦᠴᠦᠨ ᠴᠢᠳᠠᠯ᠎ᠢᠶᠠᠨ ᠡᠷᠭᠦᠬᠦ᠌᠎ᠪᠡᠷ ᠴᠢᠷᠮᠠᠢᠨ᠎ᠠ ᠭᠡᠵᠦ᠍ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠱᠢᠨ᠂ ᠶᠤᠤ ᠶᠦᠩ ᠪᠥᠸᠧ᠂ ᠳᠠᠢᠴᠢᠨ᠂ ᠤᠯᠤᠰ᠎ᠤᠨ ᠬᠤᠯᠪᠤᠬᠳᠠᠯ ᠪᠦᠬᠦᠢ ᠰᠠᠯᠠᠭ᠎ᠠ ᠮᠥᠴᠢᠷ ᠪᠣᠯᠤᠨ ᠲᠥᠪ᠎ᠦᠨ ᠠᠵᠤ ᠠᠬᠤᠢᠯᠠᠯ᠎ᠤᠨ ᠬᠤᠯᠪᠤᠬᠳᠠᠯ ᠪᠦᠬᠦᠢ ᠤᠳᠤᠷᠢᠳᠤᠯᠭ᠎ᠠ ᠠᠵᠢᠯᠯᠠᠭ᠎ᠠ᠎ᠳᠤ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            