ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠠᠷ᠄ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠢᠯᠠᠯᠦᠳᠦᠨ ᠡᠵᠡᠩᠨᠡᠯᠲᠡ᠎ᠶᠢᠨ ᠥᠪᠡᠷ᠎ᠦᠨ ᠥᠷᠲᠡᠭ᠎ᠢ ᠨᠢ ᠪᠠᠭᠤᠷᠠᠭᠤᠯᠬᠤ᠎ᠶᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠣᠢᠷ᠎ᠠ᠎ᠳᠤ 《ᠭᠡᠷ ᠬᠥᠷᠥᠩᠭᠡ᠎ᠶᠢᠨ ᠤᠤᠯ ᠥᠷᠲᠡᠭ᠎ᠡᠴᠡ ᠬᠠᠰᠤᠬᠤ ᠬᠠᠷᠢᠴᠠᠯ᠎ᠢ ᠲᠣᠳᠣᠷᠬᠠᠢᠯᠠᠬᠤ ᠲᠤᠬᠠᠢ ᠮᠡᠳᠡᠭᠳᠡᠯ》 (ᠳᠣᠷᠣᠭ᠍ᠰᠢ 《ᠮᠡᠳᠡᠭᠳᠡᠯ》 ᠭᠡᠵᠦ ᠲᠣᠪᠴᠢᠯᠠᠪᠠ)᠎ᠢ ᠳᠠᠷᠤᠮᠠᠯᠯᠠᠨ ᠶᠠᠪᠤᠭᠤᠯᠤᠭᠠᠳ ᠨᠢᠭᠡ ᠲᠥᠷᠥᠯ᠎ᠦᠨ ᠭᠡᠷ ᠬᠥᠷᠥᠩᠭᠡ᠎ᠶᠢᠨ ᠭᠠᠢᠯᠢ᠎ᠶᠢ ᠬᠠᠰᠤᠵᠤ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢ 5 ᠵᠢᠯ ᠦᠷᠭᠦᠯᠵᠢᠯᠡᠭᠦᠯᠦᠨ᠂ ᠠᠵᠤ ᠠᠬᠤᠢᠯᠠᠯ᠎ᠤᠳ᠎ᠤᠨ ᠬᠥᠭᠵᠢᠯᠲᠡ᠎ᠶᠢ ᠤᠯᠠᠮ ᠨᠢᠭᠡ ᠠᠯᠬᠤᠮ ᠳᠡᠮᠵᠢᠬᠦ᠎ᠪᠡᠷ ᠲᠣᠳᠣᠷᠬᠠᠢ ᠲᠣᠭᠲᠠᠭᠠᠪᠠ᠃
《ᠮᠡᠳᠡᠭᠳᠡᠯ》᠎ᠳᠤ ᠲᠣᠭᠲᠠᠭᠠᠭᠰᠠᠨ᠎ᠢᠶᠠᠷ ᠪᠣᠯ᠂ 2026 ᠣᠨ᠎ᠤ 1 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ 2030 ᠣᠨ᠎ᠤ 12 ᠳ᠋ᠤᠭᠠᠷ ᠰᠠᠷ᠎ᠠ᠎ᠶᠢᠨ 31᠎ᠦ ᠡᠳᠦᠷ ᠪᠣᠯᠲᠠᠯ᠎ᠠ᠂ ᠥᠪᠥᠷ ᠮᠣᠩᠭᠣᠯ ᠦᠨ᠎ᠡ᠎ᠪᠡᠷ ᠪᠣᠳᠣᠵᠤ ᠭᠠᠢᠯᠢ ᠲᠠᠲᠠᠪᠤᠷᠢᠯᠠᠬᠤ ᠭᠡᠷ ᠬᠥᠷᠥᠩᠭᠡ᠎ᠶᠢᠨ ᠭᠠᠢᠯᠢ᠎ᠶᠢ᠂ ᠭᠡᠷ ᠬᠥᠷᠥᠩᠭᠡ᠎ᠶᠢᠨ ᠤᠤᠯ ᠥᠷᠲᠡᠭ ᠡᠴᠡ ᠨᠢᠭᠡ ᠯᠡ ᠤᠳᠠᠭ᠎ᠠ᠎ᠳᠤ 30%᠎ᠶᠢ ᠬᠠᠰᠤᠭᠰᠠᠨ ᠦᠯᠡᠳᠡᠪᠦᠷᠢ ᠥᠷᠲᠡᠭ᠎ᠢᠶᠡᠷ ᠪᠤᠳᠤᠵᠤ ᠲᠤᠰᠢᠶᠠᠨ᠎ᠠ᠃ ᠡᠨᠡ ᠬᠦ᠌ ᠲᠥᠷᠥ᠎ᠶᠢᠨ ᠪᠣᠳᠣᠯᠭ᠎ᠠ ᠪᠣᠯ ᠣᠳᠣ᠌᠎ᠶᠢᠨ ᠬᠡᠷᠡᠭᠵᠢᠭᠦᠯᠵᠦ ᠪᠠᠢᠭ᠎ᠠ ᠬᠠᠷᠠᠭᠠᠯᠵᠠᠯᠲᠤ ᠲᠥᠷᠥ᠎ᠶᠢᠨ ᠪᠣᠳᠣᠯᠭ᠎ᠠ᠎ᠶᠢᠨ ᠦᠷᠭᠦᠯᠵᠢᠯᠡᠯ ᠪᠣᠯᠣᠨ᠎ᠠ᠃ 2019 ᠣᠨ᠎ᠠᠴᠠ ᠡᠬᠢᠯᠡᠨ᠂ ᠥᠪᠥᠷ ᠮᠣᠩᠭᠣᠯ ᠨᠢᠭᠡᠨᠲᠡ ᠭᠡᠷ ᠬᠥᠷᠥᠩᠭᠡ᠎ᠶᠢᠨ ᠭᠠᠢᠯᠢ᠎ᠶᠢ ᠦᠨ᠎ᠡ᠎ᠪᠡᠷ ᠪᠣᠳᠣᠵᠤ ᠲᠠᠲᠠᠪᠤᠷᠢᠯᠠᠬᠤ᠎ᠳᠤ᠎ᠪᠠᠨ ᠬᠠᠰᠤᠬᠤ ᠬᠡᠮᠵᠢᠶ᠎ᠡ᠎ᠶᠢ ᠤᠤᠯ᠎ᠤᠨ 10% ᠪᠠᠢᠭᠰᠠᠨ᠎ᠠᠴᠠ ᠳᠡᠭᠡᠭᠰᠢᠯᠡᠭᠦᠯᠦᠭᠡᠳ 30% ᠪᠣᠯᠭᠠᠵᠤ᠂ ᠬᠠᠮᠤᠭ ᠶᠡᠬᠡ ᠬᠡᠮᠵᠢᠶ᠎ᠡ᠎ᠪᠡᠷ ᠬᠠᠰᠤᠵᠤ ᠬᠡᠯᠲᠦᠷᠢᠭᠦᠯᠬᠦ (ᠤᠯᠤᠰ᠎ᠤᠨ ᠲᠥᠷᠥ᠎ᠶᠢᠨ ᠪᠣᠳᠣᠯᠭ᠎ᠠ᠎ᠶᠢᠨ ᠬᠠᠮᠤᠭ ᠶᠡᠬᠡ ᠬᠡᠮᠵᠢᠶ᠎ᠡ᠎ᠪᠡᠷ ᠬᠠᠰᠤᠵᠤ ᠬᠡᠯᠲᠦᠷᠢᠭᠦᠯᠬᠦ᠎ᠶᠢ ᠬᠡᠷᠡᠭᠵᠢᠭᠦᠯᠦᠨ᠎ᠡ)᠎ᠶᠢ ᠬᠡᠷᠡᠭᠵᠢᠭᠦᠯᠦᠨ᠂ ᠲᠥᠷᠥ᠎ᠶᠢᠨ ᠪᠣᠳᠣᠯᠭ᠎ᠠ᠎ᠶᠢᠨ ᠠᠰᠢᠭ᠋᠎ᠢ ᠦᠷᠭᠦᠯᠵᠢᠯᠡᠨ ᠬᠦᠷᠲᠡᠭᠡᠬᠦ ᠪᠣᠯᠣᠭᠰᠠᠨ᠎ᠢᠶᠠᠷ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢᠯᠠᠯ᠎ᠳᠤ ᠠᠰᠢᠭ᠋ ᠬᠦᠷᠲᠡᠭᠡᠬᠦ᠂ ᠪᠣᠳᠠᠲᠤ ᠴᠣᠭᠴᠠ᠎ᠶᠢᠨ ᠠᠵᠤ ᠠᠬᠤᠢ᠎ᠶᠢᠨ ᠬᠥᠭᠵᠢᠯᠲᠡ᠎ᠳᠦ ᠬᠦᠴᠦᠨ ᠨᠡᠮᠡᠷᠢᠯᠡᠬᠦ ᠡᠷᠡᠰ ᠵᠣᠷᠢᠭ᠋ ᠲᠠᠢ ᠪᠠᠢᠬᠤ᠎ᠪᠠᠨ ᠢᠯᠡᠷᠡᠭᠦᠯᠪᠡ᠃
ᠣᠨᠴᠠᠭᠠᠢᠯᠠᠨ ᠲᠤᠳᠤᠷᠬᠠᠢᠯᠠᠭᠤᠰᠢᠲᠠᠢ ᠨᠢ᠂ ᠤᠯᠤᠰ᠎ᠤᠨ ᠭᠠᠢᠯᠢ᠎ᠶᠢᠨ ᠬᠠᠤᠯᠢ᠎ᠶᠢᠨ ᠲᠣᠭᠲᠠᠭᠠᠯ᠎ᠢ ᠦᠨᠳᠦᠰᠦᠯᠡᠪᠡᠯ᠂ ᠬᠤᠪᠢ ᠬᠥᠮᠥᠨ᠎ᠦ ᠥᠮᠴᠢᠯᠡᠵᠦ ᠪᠦᠬᠦᠢ ᠡᠵᠡᠩᠨᠡᠯᠲᠡ᠎ᠶᠢᠨ ᠪᠤᠰᠤ ᠭᠡᠷ ᠬᠥᠷᠥᠩᠭᠡ ᠨᠢ ᠨᠢᠭᠡᠨᠲᠡ ᠭᠡᠷ ᠬᠥᠷᠥᠩᠭᠡ᠎ᠶᠢᠨ ᠭᠠᠢᠯᠢ ᠲᠠᠲᠠᠪᠤᠷᠢᠯᠠᠬᠤ᠎ᠡᠴᠡ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢ ᠬᠦᠷᠲᠡᠭᠰᠡᠨ ᠪᠣᠯᠬᠣᠷ ᠲᠣᠰ ᠤᠳᠠᠭᠠᠨ᠎ᠤ ᠭᠠᠢᠯᠢ ᠲᠠᠲᠠᠪᠤᠷᠢ᠎ᠶᠢ ᠬᠠᠰᠤᠵᠤ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢᠨ ᠲᠣᠬᠢᠷᠠᠭᠤᠯᠤᠯᠲᠠ ᠯᠤᠭ᠎ᠠ ᠬᠣᠯᠪᠣᠭᠳᠠᠬᠤ ᠦᠭᠡᠢ᠃ ᠡᠨᠡ ᠬᠦ᠌ ᠦᠷᠭᠦᠯᠵᠢᠯᠡᠨ ᠬᠡᠷᠡᠭᠵᠢᠭᠦᠯᠬᠦ ᠲᠥᠷᠥ᠎ᠶᠢᠨ ᠪᠣᠳᠣᠯᠭ᠎ᠠ᠎ᠶᠢ ᠭᠣᠣᠯᠳᠠᠭᠤ ᠦᠢᠯᠡᠳᠪᠦᠷᠢᠯᠡᠯ ᠡᠵᠡᠩᠨᠡᠯᠲᠡ ᠡᠷᠭᠢᠯᠡᠵᠦ ᠪᠠᠢᠭ᠎ᠠ ᠵᠠᠬ᠎ᠠ ᠳᠡᠯᠭᠡᠭᠦᠷ᠎ᠦᠨ ᠪᠡᠶᠡᠴᠢ ᠴᠣᠭᠴᠠ᠎ᠨᠤᠭᠤᠳ᠎ᠲᠤ ᠬᠠᠨᠳᠤᠭᠤᠯᠵᠤ᠂ ᠠᠵᠤ ᠠᠬᠤᠢᠯᠠᠯ᠎ᠤᠳ᠎ᠲᠤ ᠵᠢᠱ᠌ᠢᠵᠦ ᠪᠣᠯᠬᠤᠢᠴᠠ ᠨᠢᠭᠡ ᠬᠡᠰᠡᠭ ᠲᠣᠭᠲᠠᠮᠠᠯ ᠬᠤᠭᠤᠴᠠᠭᠠᠲᠤ ᠲᠥᠷᠥ᠎ᠶᠢᠨ ᠪᠣᠳᠣᠯᠭ᠎ᠠ ᠬᠠᠩᠭᠠᠭᠰᠠᠨ ᠪᠣᠯᠬᠣᠷ ᠠᠵᠤ ᠠᠬᠤᠢᠯᠠᠯ᠎ᠤᠳ᠎ᠤᠨ ᠤᠷᠲᠤᠪᠲᠤᠷ ᠬᠤᠭᠤᠴᠠᠭᠠᠨ᠎ᠤ ᠲᠥᠯᠦᠪᠵᠢᠭᠦᠯᠭᠡ ᠬᠢᠬᠦ ᠪᠠ ᠪᠡᠯᠡ ᠣᠷᠣᠭᠤᠯᠤᠯᠲᠠ ᠬᠢᠬᠦ᠎ᠳᠦ ᠠᠰᠢᠭ᠍ᠲᠠᠢ ᠶᠤᠮ᠃
ᠦᠨ᠎ᠡ᠎ᠪᠡᠷ ᠲᠠᠲᠠᠪᠤᠷᠢᠯᠠᠬᠤ ᠭᠠᠢᠯᠢ ᠭᠡᠳᠡᠭ ᠪᠣᠯ ᠭᠠᠢᠯᠢ ᠲᠠᠲᠠᠪᠤᠷᠢᠯᠠᠭᠤᠯᠤᠭ᠍ᠴᠢᠳᠤᠨ ᠦᠷᠳᠡᠭ᠎ᠦᠨ ᠬᠡᠮᠵᠢᠶ᠎ᠡ᠎ᠪᠡᠷ ᠦᠨᠳᠦᠰᠦᠯᠡᠯ ᠪᠣᠯᠭᠠᠵᠤ᠂ ᠵᠣᠬᠢᠬᠤ ᠬᠠᠷᠢᠴᠠᠯ᠎ᠢᠶᠠᠷ ᠪᠤᠳᠤᠵᠤ ᠲᠠᠲᠠᠪᠤᠷᠢᠯᠠᠬᠤ ᠭᠠᠢᠯᠢ ᠲᠠᠲᠠᠪᠤᠷᠢ᠎ᠶᠢ ᠵᠢᠭᠠᠵᠤ ᠪᠣᠢ᠂ ᠵᠢᠱ᠌ᠢᠶᠡᠯᠡᠪᠡᠯ ᠮᠠᠨ᠎ᠤ ᠤᠯᠤᠰ᠎ᠤᠨ ᠤᠳᠤ᠎ᠶᠢᠨ ᠬᠡᠷᠡᠭᠵᠢᠭᠦᠯᠵᠦ ᠪᠠᠢᠭ᠎ᠠ ᠦᠷᠳᠡᠭ ᠨᠡᠮᠡᠭᠳᠡᠯ᠎ᠦᠨ ᠭᠠᠢᠯᠢ᠂ ᠪᠣᠭᠣᠮᠲᠠ᠎ᠶᠢᠨ ᠭᠠᠢᠯᠢ ᠪᠠ ᠠᠰᠢᠭ᠋ ᠣᠷᠣᠯᠭ᠎ᠠ᠎ᠶᠢᠨ ᠭᠠᠢᠯᠢ ᠵᠡᠷᠭᠡ ᠪᠣᠯᠣᠨ᠎ᠠ᠃ ᠡᠨᠡ ᠬᠦ᠌ ᠦᠷᠭᠦᠯᠵᠢᠯᠡᠨ ᠬᠡᠷᠡᠭᠵᠢᠭᠦᠯᠬᠦ ᠭᠠᠢᠯᠢ ᠲᠠᠲᠠᠪᠤᠷᠢ᠎ᠶᠢ ᠬᠠᠰᠤᠵᠤ ᠬᠡᠯᠲᠦᠷᠢᠭᠦᠯᠬᠦ ᠲᠥᠷᠥ᠎ᠶᠢᠨ ᠪᠣᠳᠣᠯᠭ᠎ᠠ ᠪᠣᠯ ᠥᠪᠥᠷ ᠮᠣᠩᠭᠣᠯ᠎ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠭᠠᠢᠯᠢ ᠰᠦᠢᠳᠬᠡᠯ᠎ᠢ ᠦᠨᠡᠨ ᠬᠦ᠌ ᠬᠠᠰᠤᠵᠤ ᠬᠡᠯᠲᠦᠷᠢᠭᠦᠯᠬᠦ᠎ᠪᠡᠷ ᠳᠠᠮᠵᠢᠭᠤᠯᠤᠨ᠂ ᠠᠵᠤ ᠠᠬᠤᠢᠯᠠᠯ᠎ᠤᠳ᠎ᠤᠨ ᠡᠵᠡᠩᠨᠡᠯᠲᠡ᠎ᠶᠢᠨ ᠴᠢᠨᠠᠷᠲᠠᠢ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠠᠵᠤ ᠠᠬᠤᠢᠯᠠᠯ᠎ᠤᠳ᠎ᠤᠨ ᠨᠠᠩ ᠣᠯᠠᠨ ᠪᠡᠯᠡ ᠮᠥᠩᠭᠥ᠎ᠪᠡᠨ ᠮᠡᠷᠭᠡᠵᠢᠯ᠎ᠦᠨ ᠰᠢᠨ᠎ᠡ᠎ᠶᠢ ᠡᠭᠦᠳᠬᠦ᠂ ᠥᠷᠭᠡᠳᠬᠡᠨ ᠳᠠᠬᠢᠨᠲᠠ ᠦᠢᠯᠡᠳᠪᠦᠷᠢᠯᠡᠬᠦ ᠵᠢᠴᠢ ᠠᠵᠢᠯ ᠣᠯᠭᠣᠯᠲᠠ᠎ᠶᠢ ᠨᠡᠮᠡᠭᠳᠡᠭᠦᠯᠬᠦ᠎ᠳᠦ ᠬᠡᠷᠡᠭᠯᠡᠬᠦ᠎ᠶᠢ ᠨᠢ ᠵᠣᠷᠢᠭ᠍ᠵᠢᠭᠤᠯᠬᠤ ᠪᠣᠯᠬᠣᠷ ᠵᠠᠬ᠎ᠠ ᠳᠡᠯᠭᠡᠭᠦᠷ᠎ᠦᠨ ᠢᠲᠡᠭᠡᠯ᠎ᠢ ᠬᠥᠭᠵᠢᠭᠡᠬᠦ᠂ ᠪᠥᠬᠥ ᠣᠷᠣᠨ᠎ᠤ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠢᠳᠡᠪᠬᠢᠲᠡᠢ ᠠᠴᠢ ᠬᠣᠯᠪᠣᠭᠳᠠᠯ᠎ᠲᠠᠢ ᠶᠤᠮ᠃