ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ᠎ᠵᠢᠨ᠎ᠫᠢᠩ᠎ᠦᠨ ᠬᠣᠯᠪᠣᠭᠳᠠᠯ ᠪᠦᠬᠦᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠱᠢᠯᠠᠭᠤᠯᠵᠤ 《ᠲᠥᠪ᠎ᠦᠨ ᠲᠣᠭᠣᠷᠢᠨ ᠪᠠᠢᠴᠠᠭᠠᠯᠳᠠ᠎ᠶᠢᠨ ᠬᠠᠷᠢᠭᠤ ᠲᠤᠰᠬᠠᠭᠰᠠᠨ ᠰᠠᠨᠠᠯ ᠶᠤᠰᠤᠭᠠᠷ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠲᠥᠰᠥᠯ》 ᠢ᠋ ᠬᠢᠨᠠᠨ ᠵᠥᠪᠯᠡᠪᠡ   ᠸᠠᠩ ᠸᠧᠢ ᠵᠥᠩ ᠬᠤᠷᠠᠯ᠎ᠢ ᠡᠷᠭᠢᠯᠡᠵᠡᠢ
ᠨᠡᠶ᠋ᠢᠲᠡᠯᠡᠭᠰᠡᠨ ᠴᠠᠭ᠄ 2025-12-20

12 ᠰᠠᠷ᠎ᠠ᠎ᠶᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠬᠣᠯᠪᠣᠭᠳᠠᠯ ᠪᠦᠬᠦᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ 《ᠲᠥᠪ᠎ᠦᠨ ᠲᠣᠭᠣᠷᠢᠨ ᠪᠠᠢᠴᠠᠭᠠᠯᠳᠠ ᠵᠢᠨ ᠬᠠᠷᠢᠭᠤ ᠲᠤᠰᠬᠠᠭᠰᠠᠨ ᠰᠠᠨᠠᠯ ᠶᠤᠰᠤᠭᠠᠷ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠲᠥᠰᠥᠯ》᠎ᠢ ᠬᠢᠨᠠᠨ ᠵᠥᠪᠯᠡᠵᠦ᠂ ᠪᠦᠬᠦ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠂ ᠤᠯᠤᠰ ᠲᠦᠷᠦ ᠬᠠᠤᠯᠢ ᠴᠠᠭᠠᠵᠠ᠎ᠶᠢᠨ ᠠᠵᠢᠯ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠠᠵᠢᠯ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠬᠣᠯᠪᠣᠭᠳᠠᠯ ᠪᠦᠬᠦᠢ ᠡᠭᠦᠷᠭᠡ᠎ᠶᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠥᠩ ᠬᠤᠷᠠᠯ᠎ᠢ ᠡᠷᠭᠢᠯᠡᠪᠡ᠃

ᠬᠤᠷᠠᠯ᠎ᠡᠴᠡ᠂ ᠶᠡᠷᠦᠩᠬᠡᠢ ᠱᠦᠵᠢ ᠰᠢ᠎ᠵᠢᠨ᠎ᠫᠢᠩ᠎ᠦᠨ ᠲᠣᠭᠣᠷᠢᠨ ᠪᠠᠢᠴᠠᠭᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠯᠤᠰ ᠲᠦᠷᠦ᠎ᠶᠢ ᠡᠷᠬᠢᠮᠯᠡᠬᠦ᠂ ᠦᠨᠡᠨᠴᠢ ᠰᠢᠳᠤᠷᠭᠤ᠎ᠶᠢ ᠡᠷᠬᠢᠮᠯᠡᠬᠦ ᠥᠨᠳᠥᠷᠴᠡ᠎ᠡᠴᠡ ᠲᠥᠪ᠎ᠦᠨ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠠᠵᠢᠯ᠎ᠳᠤ ᠬᠠᠨᠳᠤᠵᠤ᠂ ᠴᠡᠭᠴᠡᠯᠡᠨ ᠰᠠᠢᠵᠢᠷᠠᠭᠤᠯᠬᠤ ᠲᠥᠰᠥᠯ᠎ᠢ ᠨᠠᠢᠳᠠᠪᠤᠷᠢᠵᠢᠭᠤᠯᠬᠤ᠎ᠶᠢ ᠴᠢᠩᠭ᠎ᠠ ᠪᠣᠳᠠᠲᠠᠢ ᠲᠦᠷᠭᠡᠨ ᠰᠠᠢᠲᠤᠷ ᠠᠳᠬᠤᠵᠤ᠂ ᠪᠣᠳᠠᠲᠤ ᠦᠷ᠎ᠡ ᠪᠦᠲᠦᠮᠵᠢ᠎ᠪᠡᠷ 《ᠬᠣᠶᠠᠷ᠎ᠢ ᠲᠣᠭᠲᠠᠭᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠬᠦ ᠬᠡᠷᠡᠭᠲᠡᠢ᠃ ᠲᠡᠮᠡᠴᠡᠯ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠵᠣᠷᠢᠭ᠍ᠲᠠᠢ᠎ᠪᠠᠷ ᠬᠠᠲᠠᠭᠤ᠎ᠲᠠᠢ ᠨᠢ ᠬᠠᠯᠳᠠᠵᠤ᠂ ᠠᠰᠠᠭᠤᠳᠠᠯ᠎ᠳᠤ ᠴᠢᠭᠯᠡᠭᠦᠯᠦᠨ ᠰᠢᠢᠳᠪᠦᠷᠢᠯᠡᠵᠤ᠂ ᠠᠰᠠᠭᠤᠳᠠᠯ᠎ᠢ ᠨᠢᠬᠳᠠ ᠠᠩᠬᠠᠷᠴᠤ ᠰᠠᠢᠵᠢᠷᠠᠭᠤᠯᠤᠨ᠂ ᠬᠦᠴᠦᠨ᠎ᠢᠶᠡᠨ ᠲᠥᠪᠯᠡᠷᠡᠭᠦᠯᠦᠨ ᠭᠣᠣᠯᠳᠠᠯᠭ᠎ᠠ᠎ᠲᠠᠢ ᠪᠣᠭᠣᠮᠲᠠ ᠰᠢᠪᠲᠤᠯᠬᠤ᠎ᠶᠢ ᠴᠢᠩᠭᠠᠳᠬᠠᠵᠤ᠂ ᠬᠦᠴᠢᠷ ᠠᠰᠠᠭᠤᠳᠠᠯ᠎ᠢ ᠲᠤᠢᠯᠪᠤᠷᠢᠲᠠᠢ ᠰᠢᠢᠳᠪᠦᠷᠢᠯᠡᠬᠦ ᠬᠡᠷᠡᠭᠲᠡᠢ᠃ ᠰᠢᠰᠲᠧᠮ᠎ᠲᠠᠢ ᠠᠷᠭ᠎ᠠ ᠪᠣᠳᠣᠯᠭ᠎ᠠ ᠬᠡᠷᠡᠭᠵᠢᠭᠦᠯᠬᠦ᠂ ᠥᠩᠭᠡᠨ ᠲᠠᠯ᠎ᠠ ᠪᠠ ᠦᠨᠳᠦᠰᠦ ᠡᠴᠡ ᠨᠢ ᠵᠠᠰᠠᠬᠤ᠎ᠶᠢ ᠪᠠᠷᠢᠮᠲᠠᠯᠠᠵᠤ᠂ ᠠᠰᠠᠭᠤᠳᠠᠯ᠎ᠤᠨ ᠠᠷᠤ᠎ᠳᠠᠬᠢ ᠭᠦᠨ ᠳᠠᠪᠬᠤᠷᠭ᠎ᠠ᠎ᠶᠢᠨ ᠰᠢᠯᠲᠠᠭᠠᠨ᠎ᠢ ᠭᠦᠨᠵᠡᠭᠡᠢ ᠵᠠᠳᠠᠯᠤᠨ ᠡᠷᠢᠵᠦ᠂ ᠨᠢᠭᠡ᠎ᠡᠴᠡ ᠨᠥᠭᠥᠭᠡ᠎ᠶᠢ ᠵᠦᠢᠴᠢᠯᠡᠨ ᠮᠡᠳᠡᠵᠦ ᠳᠤᠲᠠᠭᠤᠳᠠᠯ᠎ᠢᠶᠠᠨ ᠪᠠᠢᠴᠠᠭᠠᠨ ᠨᠥᠬᠥᠪᠦᠷᠢᠯᠡᠵᠦ᠂ ᠳᠦᠷᠢᠮ ᠲᠣᠭᠲᠠᠭᠠᠯ ᠲᠣᠭᠲᠠᠭᠠᠵᠤ᠂ ᠠᠰᠠᠭᠤᠳᠠᠯ ᠡᠭᠦᠰᠬᠦ᠎ᠶᠢ ᠡᠬᠢ ᠡᠭᠦᠰᠦᠯ᠎ᠡᠴᠡ ᠨᠢ ᠪᠠᠭᠠᠰᠬᠠᠬᠤ ᠬᠡᠷᠡᠭᠲᠡᠢ᠃ ᠴᠡᠭᠴᠡᠯᠡᠨ ᠰᠠᠢᠵᠢᠷᠠᠭᠤᠯᠬᠤ᠎ᠳᠤ ᠬᠢᠨᠠᠯᠲᠠ ᠲᠠᠯᠪᠢᠬᠤ᠎ᠪᠠᠨ ᠴᠢᠩᠭᠠᠳᠬᠠᠵᠤ᠂ ᠥᠩᠭᠡᠨ ᠲᠠᠯ᠎ᠠ᠎ᠡᠴᠡ ᠯᠠ ᠴᠡᠭᠴᠡᠯᠡᠨ ᠰᠠᠢᠵᠢᠷᠠᠭᠤᠯᠵᠤ᠂ ᠬᠤᠳᠠᠯ ᠬᠠᠭᠤᠷᠮᠠᠭ᠎ᠢᠶᠠᠷ ᠴᠡᠭᠴᠡᠯᠡᠨ ᠰᠠᠢᠵᠢᠷᠠᠭᠤᠯᠤᠭᠰᠠᠨ ᠪᠠᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ᠃ ᠡᠯ᠎ᠡ ᠲᠠᠯ᠎ᠠ᠎ᠶᠢᠨ ᠬᠠᠷᠢᠭᠤᠴᠠᠯᠭ᠎ᠠ᠎ᠶᠢ ᠴᠢᠩᠭ᠎ᠠ ᠪᠣᠳᠠᠲᠠᠢᠵᠢᠭᠤᠯᠵᠤ᠂ ᠮᠤᠵᠢ᠎ᠶᠢᠨ ᠱᠠᠲᠤᠨ᠎ᠤ ᠤᠳᠤᠷᠢᠳᠬᠤ ᠨᠥᠬᠥᠳ᠎ᠦᠨ ᠬᠥᠲᠥᠯᠥᠨ ᠳᠠᠭᠠᠭᠤᠯᠵᠤ ᠵᠢᠱ᠌ᠢᠶ᠎ᠡ ᠦᠵᠡᠭᠦᠯᠬᠦ ᠦᠢᠯᠡᠳᠦᠯ᠎ᠢ ᠰᠠᠢᠲᠤᠷ ᠪᠠᠳᠠᠷᠠᠭᠤᠯᠵᠤ᠂ ᠴᠡᠭᠴᠡᠯᠡᠨ ᠰᠠᠢᠵᠢᠷᠠᠭᠤᠯᠬᠤ ᠠᠵᠢᠯ᠎ᠤᠨ ᠬᠠᠮᠲᠤᠷᠠᠯ ᠬᠦᠴᠦᠨ᠎ᠦ ᠪᠦᠷᠢᠯᠳᠦᠬᠦ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠢ ᠱᠦᠵᠢ ᠰᠢ᠎ᠵᠢᠨ᠎ᠫᠢᠩ᠎ᠦᠨ ᠨᠠᠰᠤᠨ᠎ᠳᠤ ᠦᠯᠦ ᠬᠦᠷᠦᠭᠰᠡᠳ᠎ᠦᠨ ᠦᠵᠡᠯ ᠰᠠᠨᠠᠭ᠎ᠠ ᠶᠣᠰᠣ᠌ ᠰᠤᠷᠲᠠᠬᠤᠨ᠎ᠤ ᠪᠠᠢᠭᠤᠯᠤᠯᠲᠠ᠎ᠶᠢᠨ ᠠᠵᠢᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠰᠤᠨ᠎ᠳᠤ ᠦᠯᠦ ᠬᠦᠷᠦᠭᠰᠡᠳ᠎ᠦᠨ ᠦᠵᠡᠯ ᠰᠠᠨᠠᠭ᠎ᠠ ᠶᠣᠰᠣ᠌ ᠰᠤᠷᠲᠠᠬᠤᠨ᠎ᠤ ᠪᠠᠢᠭᠤᠯᠤᠯᠲᠠ᠎ᠶᠢ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠠᠭᠤᠷᠢ ᠴᠢᠨᠠᠷᠲᠠᠢ ᠠᠵᠢᠯ ᠪᠣᠯᠭᠠᠨ ᠴᠢᠩᠭ᠎ᠠ ᠠᠳᠬᠤᠵᠤ ᠪᠣᠳᠠᠲᠠᠢ ᠠᠳᠬᠤᠬᠤ᠎ᠶᠢ ᠪᠠᠷᠢᠮᠲᠠᠯᠠᠬᠤ ᠬᠡᠷᠡᠭᠲᠡᠢ᠃ ᠦᠵᠡᠯ ᠰᠠᠨᠠᠭᠠᠨ᠎ᠤ ᠦᠷᠳᠡᠭ᠎ᠢᠶᠡᠷ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ ᠰᠢ᠎ᠵᠢᠨ᠎ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠨᠳᠦᠰᠦ᠎ᠶᠢ ᠪᠣᠢᠵᠢᠭᠤᠯᠵᠤ ᠰᠦᠭ ᠰᠦᠨᠡᠰᠦ᠎ᠶᠢ ᠱᠤᠭᠤᠬᠤ᠎ᠶᠢ ᠴᠥᠬᠥᠷᠡᠰᠢ ᠦᠭᠡᠢ ᠪᠠᠷᠢᠮᠲᠠᠯᠠᠬᠤ ᠬᠡᠷᠡᠭᠲᠡᠢ᠃ ᠨᠠᠰᠤᠨ᠎ᠳᠤ ᠦᠯᠦ ᠬᠦᠷᠦᠭᠰᠡᠳ᠎ᠦᠨ ᠤᠶᠤᠨ᠎ᠤ ᠪᠠ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠬᠡᠦᠬᠡᠳ᠎ᠦᠳ᠎ᠲᠦ ᠨᠡᠩ ᠤᠯᠠᠨ ᠬᠡᠦᠬᠡᠳ᠎ᠨᠠᠰᠤᠨ᠎ᠤ ᠬᠠᠪᠤ ᠴᠡᠩᠭᠡᠯ᠎ᠢ ᠢᠯᠡᠷᠡᠬᠦᠯᠦᠭᠰᠡᠨ᠂ ᠢᠳᠡᠪᠬᠢᠲᠡᠢ ᠦᠷᠳᠡᠭ᠎ᠦᠨ ᠬᠠᠨᠳᠤᠰᠢ᠎ᠶᠢ ᠳᠠᠮᠵᠢᠭᠤᠯᠬᠤ ᠰᠣᠶᠣᠯ᠎ᠤᠨ ᠪᠦᠲᠦᠭᠡᠭᠳᠡᠬᠦᠨ ᠪᠠ ᠦᠢᠯᠡᠴᠢᠯᠡᠭᠡ ᠬᠠᠩᠭᠠᠬᠤ ᠬᠡᠷᠡᠭᠲᠡᠢ᠃ ᠪᠡᠶ᠎ᠡ ᠰᠡᠳᠬᠢᠴᠡ᠎ᠶᠢᠨ ᠡᠷᠡᠭᠦᠯ ᠮᠡᠨᠳᠦ᠎ᠶᠢᠨ ᠬᠥᠮᠦᠵᠢᠯ᠎ᠢ ᠨᠠᠰᠤᠨ᠎ᠳᠤ ᠥᠯᠥ ᠭᠦᠷᠦᠭᠰᠡᠳ᠎ᠦᠨ ᠦᠰᠦᠨ ᠪᠣᠢᠵᠢᠬᠤ ᠪᠥᠬᠥ ᠶᠠᠪᠤᠴᠠ᠎ᠳᠤ ᠲᠤᠭᠤᠰᠢᠯᠠᠭᠤᠯᠵᠤ᠂ ᠨᠠᠰᠤᠨ᠎ᠳᠤ ᠥᠯᠥ ᠭᠦᠷᠦᠭᠰᠡᠳ᠎ᠢ ᠬᠠᠮᠠᠭᠠᠯᠠᠬᠤ ᠪᠠ ᠬᠠᠤᠯᠢ᠎ᠡᠴᠡ ᠵᠥᠷᠢᠴᠡᠵᠦ ᠶᠠᠯ᠎ᠠ ᠬᠢᠬᠦ᠎ᠶᠢ ᠰᠡᠷᠭᠡᠢᠯᠡᠨ ᠵᠠᠰᠠᠬᠤ᠎ᠶᠢ ᠴᠢᠩᠭᠠᠳᠬᠠᠵᠤ᠂ ᠨᠠᠰᠤᠨ᠎ᠳᠤ ᠥᠯᠥ ᠭᠦᠷᠦᠭᠰᠡᠳ᠎ᠦᠨ ᠪᠡᠶ᠎ᠡ ᠰᠡᠳᠬᠢᠴᠡ᠎ᠶᠢᠨ ᠡᠷᠡᠭᠦᠯ ᠮᠡᠨᠳᠦ ᠪᠠ ᠬᠠᠤᠯᠢ ᠶᠣᠰᠣᠨ᠎ᠤ ᠡᠷᠬᠡ ᠠᠰᠢᠭ᠋᠎ᠲᠤ ᠬᠣᠣᠷ ᠬᠥᠨᠥᠭᠡᠯ ᠤᠴᠠᠷᠠᠭᠤᠯᠬᠤ ᠰᠦᠯᠵᠢᠶᠡᠨ᠎ᠤ ᠰᠠᠮᠠᠭᠤᠨ ᠦᠵᠡᠭᠳᠡᠯ᠎ᠳᠦ ᠤᠨᠢᠨ ᠳᠡᠭᠡᠷ᠎ᠡ ᠨᠢ ᠴᠤᠬᠢᠯᠲᠠ ᠦᠭᠬᠦ ᠬᠡᠷᠡᠭᠳᠡᠢ᠃ ᠠᠵᠢᠯ᠎ᠤᠨ ᠲᠣᠭᠲᠡᠴᠡ᠎ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠤᠯᠠᠨ ᠲᠦᠮᠡᠨᠴᠢ ᠴᠢᠨᠠᠷᠳᠠᠢ ᠪᠦᠯᠬᠦᠮ ᠵᠣᠬᠢᠶᠠᠨ ᠪᠠᠢᠭᠤᠯᠤᠯᠲᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠬᠦᠴᠦ᠎ᠪᠡᠨ ᠬᠠᠮᠲᠤᠳᠬᠠᠨ ᠨᠠᠰᠤᠨ᠎ᠳᠤ ᠦᠯᠦ ᠬᠦᠷᠦᠭᠰᠡᠳ᠎ᠦᠨ ᠡᠷᠡᠭᠦᠯ᠎ᠢᠶᠡᠷ ᠦᠰᠦᠨ ᠪᠣᠢᠵᠢᠬᠤ᠎ᠳᠤ ᠰᠠᠢᠨ ᠰᠠᠢᠬᠠᠨ ᠨᠡᠢᠭᠡᠮ᠎ᠦᠨ ᠣᠷᠴᠢᠨ ᠨᠦᠭᠦᠴᠡᠯ᠎ᠢ ᠪᠤᠢ ᠪᠤᠯᠭᠠᠵᠤ ᠥᠭᠬᠥ ᠬᠡᠷᠡᠭᠳᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠢ ᠱᠦᠵᠢ ᠰᠢ᠎ᠵᠢᠨ᠎ᠫᠢᠩ᠎ᠤᠨ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠣᠰᠣ᠌ ᠰᠤᠷᠲᠠᠬᠤᠨ᠎ᠢᠶᠡᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠵᠤ᠂ ᠲᠥᠪ ᠶᠤᠰᠤ᠎ᠶᠢ ᠪᠠᠷᠢᠮᠲᠠᠯᠠᠨ ᠰᠢᠨ᠎ᠡ᠎ᠶᠢ ᠡᠭᠦᠳᠴᠦ ᠶᠡᠬᠡ ᠳᠡᠭᠡᠳᠦ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ ᠪᠣᠯᠣᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠪᠠᠢᠭᠤᠯᠤᠯᠲᠠ᠎ᠶᠢ ᠠᠬᠢᠭᠤᠯᠬᠤ ᠬᠡᠷᠡᠭᠲᠡᠢ᠃ ᠨᠠᠮ᠎ᠤᠨ ᠰᠢᠨ᠎ᠡ ᠡᠭᠦᠳᠦᠯᠳᠡ᠎ᠶᠢᠨ ᠤᠨᠤᠯ᠎ᠢᠶᠠᠷ ᠵᠡᠪᠰᠡᠭᠯᠡᠬᠦ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠰᠢᠨ᠎ᠡ ᠴᠠᠭ ᠦᠶ᠎ᠡ᠎ᠶᠢᠨ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠣᠯᠣᠭᠰᠠᠨ ᠠᠭᠤᠤ ᠶᠡᠬᠡ ᠠᠮᠵᠢᠯᠲᠠ ᠪᠦᠳᠦᠮᠵᠢ᠎ᠶᠢ ᠤᠬᠠᠭᠤᠯᠤᠨ ᠲᠠᠢᠯᠪᠤᠷᠢᠯᠠᠵᠤ᠂ ᠥᠷᠭᠡᠨ ᠤᠯᠠᠨ ᠰᠤᠷᠤᠭ᠍ᠴᠢᠳ᠎ᠤᠨ ᠰᠡᠳᠬᠢᠯ᠎ᠦᠨ ᠤᠭ᠎ᠡᠴᠡ᠎ᠪᠠᠨ ᠨᠠᠮ᠎ᠤᠨ ᠠᠴᠢ᠎ᠳᠦ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠲᠠᠭᠠᠵᠤ ᠤᠷᠤᠬᠰᠢᠯᠠᠬᠤ᠎ᠶᠢ ᠬᠥᠲᠥᠯᠥᠨ ᠵᠢᠯᠤᠭᠣᠳᠬᠤ ᠬᠡᠷᠡᠭᠲᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠬᠥᠮᠦᠵᠢᠯ᠎ᠢ ᠴᠢᠩᠭᠠᠳᠬᠠᠵᠤ᠂ ᠥᠷᠭᠡᠨ ᠤᠯᠠᠨ ᠰᠤᠷᠤᠭ᠍ᠴᠢᠳ᠎ᠤᠨ ᠳᠤᠮᠳᠠᠳᠤ᠎ᠶᠢᠨ ᠦᠨᠳᠦᠰᠦᠲᠡᠨ᠎ᠤ ᠲᠤᠬᠠᠢ ᠲᠠᠨᠢᠨ ᠮᠡᠳᠡᠷᠡᠬᠦᠢ ᠰᠡᠳᠬᠢᠯᠭᠡ᠂ ᠬᠠᠷᠢᠶᠠᠯᠠᠭᠳᠠᠬᠤᠢ ᠰᠡᠳᠬᠢᠯᠭᠡ᠂ ᠣᠮᠣᠭᠰᠢᠯᠳᠦ ᠰᠡᠳᠬᠢᠯᠭᠡ᠎ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠠᠳᠠᠯᠢ ᠪᠤᠰᠤ ᠨᠠᠰᠤᠨ᠎ᠤ ᠰᠤᠷᠤᠭ᠍ᠴᠢᠳ᠎ᠤᠨ ᠣᠨᠴᠠᠯᠢᠭ᠋᠎ᠢ ᠦᠨᠳᠦᠰᠦᠯᠡᠵᠤ᠂ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠵᠢᠭᠠᠨ ᠰᠤᠷᠭᠠᠯᠲᠠ᠎ᠶᠢᠨ ᠬᠡᠪ ᠵᠠᠭᠪᠤᠷ ᠪᠠ ᠦᠭᠡ ᠶᠠᠷᠢᠶᠠᠨ᠎ᠤ ᠰᠢᠰᠲᠧᠮ᠎ᠦᠨ ᠰᠢᠨ᠎ᠡ᠎ᠶᠢ ᠡᠭᠦᠳᠬᠦ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ᠎ᠶᠢᠨ ᠡᠩᠨᠡᠭᠡ ᠵᠢᠨ ᠪᠠᠢᠭᠤᠯᠤᠯᠲᠠ᠎ᠶᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ᠎ᠶᠢᠨ ᠬᠠᠮ ᠠᠵᠢᠯ᠎ᠤᠨ ᠪᠠᠢᠷᠢᠰᠢᠯ᠎ᠢ ᠪᠠᠢᠭᠤᠯᠵᠤ᠂ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠰᠠᠢᠲᠤᠷ ᠬᠢᠬᠦ᠎ᠳᠦ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠰᠢ᠎ᠵᠢᠨ᠎ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠬᠠᠤᠯᠢ ᠴᠠᠭᠠᠵᠠ᠎ᠶᠢᠨ ᠠᠵᠢᠯ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ᠎ᠶᠢ ᠪᠠᠷᠢᠮᠲᠠᠯᠠᠵᠤ᠂ ᠤᠯᠤᠰ ᠲᠦᠷᠦ ᠬᠠᠤᠯᠢ ᠴᠠᠭᠠᠵᠠ᠎ᠶᠢᠨ ᠰᠢᠰᠲ᠋ᠸᠮ᠎ᠤᠨ ᠠᠶᠤᠯ ᠲᠦᠭᠰᠢᠭᠦᠷᠢ᠎ᠶᠢ ᠰᠡᠷᠭᠡᠢᠯᠡᠬᠦ᠂ ᠠᠮᠤᠷ ᠲᠦᠪᠰᠢᠨ᠎ᠢ ᠪᠠᠲᠤᠯᠠᠬᠤ᠂ ᠲᠣᠭᠲᠠᠭᠤᠨ᠎ᠢ ᠬᠠᠮᠠᠭᠠᠯᠠᠬᠤ᠂ ᠬᠥᠭᠵᠢᠯᠲᠡ᠎ᠶᠢ ᠠᠬᠢᠭᠤᠯᠬᠤ ᠲᠠᠯ᠎ᠠ᠎ᠪᠠᠷ ᠬᠢ ᠴᠢᠬᠤᠯᠠ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠦᠬᠦ ᠬᠦᠴᠦᠨ᠎ᠢᠶᠡᠷ᠎ᠢᠶᠡᠨ ᠪᠡᠬᠢᠵᠢᠭᠦᠯᠬᠦ ᠬᠡᠷᠡᠭᠲᠡᠢ᠃ ᠤᠯᠤᠰ᠎ᠤᠨ ᠤᠯᠤᠰ ᠲᠦᠷᠦ᠎ᠶᠢᠨ ᠠᠮᠤᠷ ᠲᠦᠪᠰᠢᠨ᠎ᠢ ᠡᠷᠡᠰ ᠬᠠᠮᠠᠭᠠᠯᠠᠵᠤ᠂ ᠡᠯ᠎ᠡ ᠵᠦᠢᠯ᠎ᠦᠨ ᠳᠠᠢᠰᠤᠩᠨᠠᠭ᠍ᠴᠢ ᠬᠦᠴᠦᠨ᠎ᠦ ᠨᠡᠪᠴᠢᠯᠲᠡ ᠡᠪᠳᠡᠯᠡᠭᠡ᠎ᠶᠢᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠰᠢᠨ᠎ᠡ ᠴᠠᠭ ᠦᠶ᠎ᠡ᠎ᠶᠢᠨ 《ᠹᠸᠩᠴᠢᠶᠤᠤ ᠵᠢᠨ ᠲᠤᠷᠰᠢᠯᠭ᠎ᠠ》᠎ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠡᠴᠡ ᠨᠢ ᠪᠠᠢᠴᠠᠭᠠᠨ ᠰᠢᠢᠳᠪᠦᠷᠢᠯᠡᠬᠦ᠎ᠶᠢ ᠴᠢᠩᠭᠠᠳᠬᠠᠵᠤ᠂ ᠨᠡᠢᠭᠡᠮ᠎ᠦᠨ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭᠠᠬᠤ ᠠᠵᠢᠯ᠎ᠢ ᠪᠠᠢᠩᠭᠤᠵᠢᠭᠤᠯᠤᠨ ᠥᠷᠨᠢᠭᠦᠯᠵᠦ᠂ ᠨᠡᠢᠭᠡᠮ᠎ᠦᠨ ᠶᠡᠬᠡ ᠲᠠᠯ᠎ᠠ᠎ᠶᠢᠨ ᠲᠣᠭᠲᠠᠭᠤᠨ᠎ᠢ ᠦᠨᠡᠨ ᠬᠦ᠌ ᠬᠠᠮᠠᠭᠠᠯᠠᠬᠤ ᠬᠡᠷᠡᠭᠲᠡᠢ᠃ ᠲᠦᠪ ᠭᠤᠤᠯᠴᠢ ᠪᠣᠯᠪᠠᠰᠤᠨ᠎ᠢᠶᠠᠷ ᠬᠠᠤᠯᠢ ᠬᠡᠷᠡᠭᠵᠢᠭᠦᠯᠬᠦ᠎ᠶᠢ ᠴᠢᠨᠭᠭ᠎ᠠ ᠵᠢᠷᠤᠮᠵᠢᠭᠤᠯᠵᠤ᠂ ᠲᠥᠪ ᠭᠣᠣᠯᠴᠢ᠎ᠪᠠᠷ ᠬᠠᠤᠯᠢ ᠪᠠᠷᠢᠬᠤ᠎ᠶᠢ ᠬᠦᠴᠤᠯᠡᠨ ᠠᠬᠢᠭᠤᠯᠵᠤ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃ ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠢᠨ᠎ᠡ ᠴᠠᠭ ᠦᠶ᠎ᠡ᠎ᠶᠢᠨ ᠤᠯᠤᠰ ᠲᠦᠷᠦ ᠬᠠᠤᠯᠢ ᠴᠠᠭᠠᠵᠠ᠎ᠶᠢᠨ ᠲᠡᠮᠦᠷ ᠴᠡᠷᠢᠭ᠎ᠢ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠠᠵᠢᠯ᠎ᠳᠠᠬᠢ ᠨᠠᠮ ᠤ᠋ᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠡᠷᠡᠭᠴᠡᠭᠡ ᠪᠣᠯᠣᠨ ᠭᠣᠣᠯᠳᠠᠯᠭ᠎ᠠ᠎ᠲᠠᠢ ᠠᠵᠤ ᠦᠢᠯᠡᠰ᠎ᠦᠨ ᠪᠠᠢᠷᠢᠰᠢᠭᠤᠯᠤᠯᠲᠠ᠎ᠲᠠᠢ ᠨᠢᠭ᠍ᠲᠠ ᠤᠶᠠᠯᠳᠤᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ᠂ ᠠᠷᠠᠳ᠎ᠤᠨ ᠠᠮᠢᠳᠤᠷᠠᠯ᠎ᠤᠨ ᠬᠡᠯᠪᠡᠷᠢ᠎ᠶᠢᠨ᠂ ᠭᠠᠳᠠᠭ᠍ᠰᠢ ᠴᠢᠭᠯᠡᠭᠦᠯᠦᠭᠰᠡᠨ ᠬᠡᠯᠪᠡᠷᠢ᠎ᠶᠢᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢ ᠢᠳᠡᠪᠬᠢᠲᠡᠢ ᠪᠣᠢᠵᠢᠭᠤᠯᠵᠤ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢ ᠬᠥᠲᠥᠯᠥᠨ ᠵᠢᠯᠤᠭᠣᠳᠴᠤ ᠠᠷᠠᠯᠵᠢᠶᠠᠴᠢᠨ ᠤᠷᠢᠵᠤ ᠪᠡᠯᠡ ᠮᠦᠨᠭᠭᠦ ᠣᠷᠣᠭᠤᠯᠤᠨ ᠠᠪᠴᠢᠷᠠᠬᠤ᠂ ᠨᠡᠢᠭᠡᠮ᠎ᠦᠨ ᠵᠠᠰᠠᠯᠲᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ᠎ᠪᠠᠷ ᠨᠡᠩ ᠶᠡᠬᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭᠲᠡᠢ᠃ ᠬᠠᠮᠢᠶᠠᠷᠤᠯᠲᠠ ᠦᠢᠯᠡᠴᠢᠯᠡᠭᠡ᠎ᠶᠢᠨ ᠲᠣᠭᠲᠡᠴᠡ᠎ᠶᠢ ᠰᠢᠯᠤᠭᠤᠳᠬᠠᠵᠤ᠂ ᠤᠷᠮᠠᠰᠢᠭᠤᠯᠤᠨ ᠲᠡᠳᠬᠦᠬᠦ ᠪᠠ ᠶᠡᠷᠦᠩᠬᠡᠢᠯᠡᠨ ᠬᠢᠨᠠᠨ ᠬᠠᠮᠢᠶᠠᠷᠬᠤ᠎ᠶᠢ ᠴᠢᠩᠭᠠᠳᠬᠠᠵᠤ᠂ ᠨᠡᠢᠭᠡᠮ᠎ᠦᠨ ᠵᠣᠬᠢᠶᠠᠨ ᠪᠠᠢᠭᠤᠯᠤᠯᠲᠠ ᠵᠢᠨ ᠴᠤᠭᠴᠠᠯᠠᠯᠳᠠ ᠵᠢᠨ ᠵᠢᠷᠤᠮᠵᠢᠭᠰᠠᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠢ ᠱᠦᠵᠢ ᠰᠢ᠎ᠵᠢᠨ᠎ᠫᠢᠩ᠎ᠤᠨ ᠳᠦᠷᠢᠮ ᠲᠤᠬᠳᠠᠭᠠᠯ ᠶᠣᠰᠣᠭᠠᠷ ᠨᠠᠮ᠎ᠢ ᠵᠠᠰᠠᠬᠤ ᠲᠤᠬᠠᠢ ᠴᠢᠬᠤᠯᠠ ᠥᠭᠦᠯᠡᠯᠲᠡ᠎ᠶᠢ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠲᠠᠢ ᠤᠶᠠᠯᠳᠤᠭᠤᠯᠤᠨ ᠰᠤᠷᠤᠯᠴᠠᠨ ᠣᠢᠯᠠᠭᠠᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠳᠦᠷᠢᠮ᠎ᠤᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠬᠠᠤᠯᠢ ᠲᠣᠭᠲᠠᠭᠠᠯ᠎ᠤᠨ ᠪᠢᠴᠢᠭ ᠮᠠᠲᠧᠷᠢᠶᠠᠯ᠎ᠢ ᠲᠣᠭᠲᠠᠭᠠᠬᠤ ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠬᠠᠤᠯᠢ ᠲᠣᠭᠲᠠᠭᠠᠯ ᠳᠦᠷᠢᠮ᠎ᠢ ᠲᠤᠭᠤᠰᠢᠯᠠᠭᠤᠯᠤᠨ ᠬᠡᠷᠡᠭᠵᠢᠭᠦᠯᠬᠦ᠎ᠶᠢ ᠰᠠᠢᠲᠤᠷ ᠠᠳᠬᠤᠵᠤ᠂ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠤᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ᠎ᠢ ᠡᠷᠡᠰ ᠬᠠᠮᠠᠭᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            