ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ ᠠᠷᠪᠠᠨ ᠲᠠᠪᠤᠳᠤᠭᠠᠷ ᠬᠤᠭᠤᠴᠠᠭᠠᠨ᠎ᠤ ᠪᠥᠬᠥ ᠤᠯᠤᠰ᠎ᠤᠨ ᠲᠠᠮᠢᠷ᠎ᠤᠨ ᠴᠤᠭᠯᠠᠭᠠᠨ᠎ᠤ ᠡᠬᠢᠯᠡᠯᠳᠡ᠎ᠶᠢᠨ ᠶᠤᠰᠤᠯᠠᠯ᠎ᠳᠦ ᠣᠷᠣᠯᠴᠠᠵᠠᠢ
ᠨᠡᠶ᠋ᠢᠲᠡᠯᠡᠭᠰᠡᠨ ᠴᠠᠭ᠄ 2025-11-10

ᠠᠷᠪᠠᠨ ᠲᠠᠪᠤᠳᠤᠭᠠᠷ ᠬᠤᠭᠤᠴᠠᠭᠠᠨ᠎ᠤ ᠪᠥᠬᠥ ᠤᠯᠤᠰ᠎ᠤᠨ ᠲᠠᠮᠢᠷ᠎ᠤᠨ ᠴᠤᠭᠯᠠᠭᠠᠨ᠎ᠤ ᠡᠬᠢᠯᠡᠯᠲᠡ᠎ᠶᠢᠨ ᠶᠣᠰᠣᠯᠠᠯ ᠭᠤᠸᠠᠩᠳᠦ᠋ᠩ᠎ᠤᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠲᠥᠪ᠎ᠲᠤ ᠦᠪᠡᠳᠡᠭᠰᠢ ᠶᠡᠬᠡ᠎ᠪᠠᠷ ᠶᠠᠪᠤᠬᠳᠠᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭᠴᠢᠳ᠎ᠤᠨ ᠪᠦᠯᠬᠦᠮ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠵᠤ᠂ ᠬᠠᠩᠵᠧᠦ᠎ᠶᠢᠨ ᠠᠽᠢᠶ᠎ᠠ ᠲᠢᠪ᠎ᠦᠨ ᠲᠠᠮᠢᠷ᠎ᠤᠨ ᠴᠤᠭᠯᠠᠭᠠᠨ᠎ᠤ ᠮᠠᠩᠯᠠᠢ᠂ ᠫᠠᠷᠢᠰ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠳᠤ ᠮᠦᠩᠬᠦᠨ ᠮᠸᠳᠡᠯ ᠲᠤᠰᠤᠬᠰᠠᠨ ᠶᠠᠩ ᠯᠢᠦ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠲᠤᠭ᠍ᠴᠢ ᠪᠣᠯᠪᠠ᠃

ᠡᠬᠢᠯᠡᠯᠲᠡ᠎ᠶᠢᠨ ᠶᠣᠰᠣᠯᠠᠯ ᠳᠡᠭᠡᠷ᠎ᠡ᠂ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠲᠠᠮᠢᠷᠴᠢᠳ ᠴᠣᠭ ᠵᠢᠪᠬᠤᠭ᠎ᠠ ᠲᠡᠭᠦᠯᠳᠡᠷ᠂ ᠠᠯᠬᠤᠭ᠎ᠠ ᠢᠳᠡᠷᠡᠭᠦᠨ ᠪᠠᠢᠯ᠎ᠠ᠃ ᠲᠤᠰ ᠬᠤᠭᠤᠴᠠᠭᠠᠨ᠎ᠤ ᠪᠦᠬᠦ ᠤᠯᠤᠰ᠎ᠤᠨ ᠲᠠᠮᠢᠷ᠎ᠤᠨ ᠴᠤᠭᠯᠠᠭᠠᠨ᠎ᠳᠤ ᠲᠤᠭ᠍ᠴᠢ ᠶᠠᠩ ᠯᠢᠦ ᠨᠢᠳᠤᠷᠭᠠᠨ ᠲᠡᠮᠡᠴᠡᠭᠡᠨ᠎ᠤ ᠡᠮᠡᠭᠲᠡᠢ᠎ᠶᠢᠨ 66 ᠺᠢᠯᠣᠭ᠌ᠷᠠᠮ᠎ᠤᠨ ᠲᠡᠰ᠎ᠤᠨ ᠤᠷᠤᠯᠳᠤᠭᠠᠨ᠎ᠳᠤ ᠣᠷᠣᠯᠴᠠᠪᠠ᠃ ᠡᠬᠢᠯᠡᠯᠲᠡ᠎ᠶᠢᠨ ᠶᠣᠰᠣᠯᠠᠯ᠎ᠠᠴᠠ ᠡᠮᠦᠨ᠎ᠡ᠂ ᠨᠢᠳᠤᠷᠭᠠᠨ ᠲᠡᠮᠡᠴᠡᠭᠡᠨ᠎ᠤ ᠲᠥᠷᠥᠯ ᠵᠦᠢᠯ ᠨᠢᠭᠡᠨᠲᠡ ᠡᠬᠢᠯᠡᠨ ᠦᠵᠡᠯᠴᠡᠵᠦ᠂ ᠶᠠᠩ ᠯᠢᠦ ᠬᠠᠷᠢᠴᠠᠯᠠᠰᠢᠬᠦᠢ ᠳᠠᠪᠠᠭᠤᠯᠢᠭ᠋᠎ᠢᠶᠠᠷ ᠤᠷᠢᠳ ᠬᠣᠵᠢᠳ ᠰᠸᠴᠤᠸᠠᠨ᠎ᠤ ᠠᠩᠭᠢ᠎ᠶᠢᠨ ᠲᠠᠮᠢᠷᠴᠢᠨ ᠪᠠ ᠭᠠᠨᠰᠤ᠎ᠶᠢᠨ ᠠᠩᠭᠢ᠎ᠶᠢᠨ ᠲᠠᠮᠢᠷᠴᠢᠨ᠎ᠢ ᠢᠯᠠᠵᠤ᠂ ᠡᠮᠦᠨ᠎ᠡ ᠳᠥᠷᠪᠡᠨ ᠨᠡᠷᠡᠰ᠎ᠲᠤ ᠲᠤᠳᠤᠷᠠᠵᠤ᠂ ᠲᠤᠰ ᠲᠥᠷᠥᠯ ᠵᠦᠢᠯ᠎ᠤᠨ ᠠᠯᠲᠠᠨ ᠮᠧᠳᠠᠯ᠎ᠤᠨ ᠬᠦᠴᠦᠷᠬᠡᠭ ᠥᠷᠢᠰᠦᠯᠳᠦᠭᠴᠢ ᠪᠣᠯᠤᠭᠰᠠᠨ ᠪᠠᠢᠨ᠎ᠠ᠃

ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠲᠠᠮᠢᠷ᠎ᠤᠨ ᠴᠤᠭᠯᠠᠭᠠᠨ 11 ᠰᠠᠷ᠎ᠠ᠎ᠶᠢᠨ 9᠎ᠡᠴᠡ 21᠎ᠤ᠋ ᠡᠳᠦᠷ ᠪᠣᠯᠲᠠᠯ᠎ᠠ ᠭᠤᠸᠠᠨᠭᠳᠦᠢ᠍ᠩ᠂ ᠰᠢᠶᠠᠩᠭᠠᠩ᠂ ᠣᠣᠮᠧᠨ ᠭᠤᠷᠪᠠᠨ ᠭᠠᠵᠠᠷ ᠎ᠲᠤ ᠶᠠᠪᠤᠭᠳᠠᠵᠤ᠂ ᠦᠷᠢᠰᠦᠯᠳᠦᠭᠡᠨᠲᠦ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠳᠤ ᠨᠡᠶ᠋ᠢᠲᠡ 34 ᠲᠣᠮᠣ᠌ ᠤᠷᠤᠯᠳᠤᠭᠠᠨ᠎ᠤ ᠵᠦᠢᠯ᠂ 419 ᠵᠢᠵᠢᠭ ᠤᠷᠤᠯᠳᠤᠭᠠᠨ᠎ᠤ ᠵᠦᠢᠯ᠎ᠢ ᠲᠣᠬᠢᠷᠠᠭᠤᠯᠪᠠ᠃ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ ᠨᠡᠶ᠋ᠢᠲᠡ 18 ᠲᠤᠮᠤ ᠤᠷᠤᠯᠳᠤᠭᠠᠨ᠎ᠤ ᠵᠦᠢᠯ᠂ 86 ᠵᠢᠵᠢᠭ ᠤᠷᠤᠯᠳᠤᠭᠠᠨ᠎ᠤ ᠵᠦᠢᠯ᠎ᠤᠨ ᠰᠢᠢᠳᠪᠦᠷᠢᠲᠦ ᠤᠷᠤᠯᠳᠤᠭᠠᠨ᠎ᠳᠤ ᠣᠷᠣᠯᠴᠠᠨ᠎ᠠ᠃ ᠣᠲᠣ᠌ ᠪᠣᠯᠲᠠᠯ᠎ᠠ᠂ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ ᠨᠢᠭᠡᠨᠲᠡ ᠰᠢᠨ᠎ᠡ ᠣᠲᠣ᠌ ᠦᠶ᠎ᠡ᠎ᠶᠢᠨ ᠲᠠᠪᠤᠨ ᠵᠦᠢᠯ᠂ ᠬᠠᠭᠤᠴᠢᠨ ᠣᠲᠣ᠌ ᠦᠶ᠎ᠡ᠎ᠶᠢᠨ ᠲᠠᠪᠤᠨ ᠵᠦᠢᠯ᠂ ᠲᠠᠶᠧᠺᠤᠨᠳᠤ᠋᠂ ᠫᠤᠤᠳᠠᠯᠭ᠎ᠠ᠂ ᠳᠠᠷᠪᠠᠭᠤᠯᠲᠤ ᠣᠩᠭᠣᠴᠠ᠎ᠶᠢᠨ ᠲᠥᠷᠥᠯ ᠵᠦᠢᠯ᠎ᠦᠨ ᠤᠷᠤᠯᠳᠤᠭᠠᠨ᠎ᠤ ᠡᠭᠦᠷᠭᠡ᠎ᠶᠢ ᠪᠡᠶᠡᠯᠡᠭᠦᠯᠵᠦ᠂ 1 ᠠᠯᠲᠠᠨ ᠮᠧᠳᠠᠯ᠂ 3 ᠬᠦᠷᠡᠯ ᠮᠧᠳᠠᠯ ᠪᠠ 8 ᠡᠯᠰᠡᠭᠳᠡᠬᠦ ᠨᠡᠷᠡᠰ᠎ᠦᠨ ᠵᠢᠭᠰᠠᠭᠠᠯᠲᠠ᠎ᠳᠦ ᠤᠷᠤᠬᠰᠠᠨ ᠬᠢᠷᠢ ᠪᠦᠲᠦᠮᠵᠢ ᠣᠯᠵᠠᠢ᠃ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ ᠪᠠᠰᠠ ᠦᠯᠡᠳᠡᠭᠰᠡᠨ 14 ᠲᠤᠮᠤ ᠤᠷᠤᠯᠳᠤᠭᠠᠨ᠎ᠤ ᠵᠦᠢᠯ᠂ 61 ᠵᠢᠵᠢᠭ ᠤᠷᠤᠯᠳᠤᠭᠠᠠ᠎ᠤ ᠵᠦᠢᠯ᠎ᠳᠤ ᠣᠷᠣᠯᠳᠤᠬᠤ ᠪᠣᠯᠣᠨ᠎ᠠ᠃

ᠣᠢᠯᠠᠭᠠᠭᠰᠠᠨ᠎ᠢᠶᠠᠷ 11 ᠰᠠᠷ᠎ᠠ᠎ᠶᠢᠨ 10᠎ᠠᠴᠠ 15᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠣᠷᠣᠯᠴᠠᠭᠰᠠᠨ ᠨᠢᠳᠤᠷᠭᠠᠨ ᠲᠡᠮᠡᠴᠡᠭᠡᠨ᠂ ᠵᠢᠣᠳᠣᠣ᠂ ᠪᠥᠬᠡ᠎ᠶᠢᠨ ᠪᠠᠷᠢᠯᠳᠤᠭᠠᠨ᠂ ᠤᠮᠪᠠᠯᠲᠠ᠂ ᠪᠤᠶ᠋ᠢᠺᠤ ᠪᠥᠮᠪᠥᠭᠡ ᠵᠡᠷᠭᠡ ᠭᠣᠣᠯᠳᠠᠯᠭ᠎ᠠ ᠎ᠲᠠᠢ ᠠᠯᠲᠠᠨ ᠮᠧᠳᠠᠯ ᠣᠯᠬᠤ᠂ ᠮᠸᠳᠠᠯ ᠤᠯᠬᠤ ᠲᠥᠷᠥᠯ ᠵᠦᠢᠯ ᠡᠴᠦᠰ᠎ᠤᠨ ᠰᠢᠢᠳᠪᠦᠷᠢᠲᠦ ᠤᠷᠤᠯᠳᠤᠭᠠᠨ᠎ᠤ ᠭᠤᠬᠴᠤᠭ᠎ᠠ᠎ᠳᠤ ᠣᠷᠣᠵᠤ᠂ ᠲᠥᠯᠥᠭᠡᠯᠡᠭᠴᠢᠳ᠎ᠦᠨ ᠪᠦᠯᠬᠦᠮ᠎ᠦᠨ ᠬᠢᠨ ᠡᠷᠡᠭᠲᠡᠢ᠎ᠶᠢᠨ ᠨᠢᠳᠤᠷᠭᠠᠨ ᠲᠡᠮᠡᠴᠡᠭᠡᠨ᠎ᠤ 51 ᠺᠢᠯᠣᠭ᠌ᠷᠠᠮ᠎ᠤᠨ ᠲᠠᠰ᠂ ᠡᠮᠡᠭᠲᠡᠢ᠎ᠶᠢᠨ ᠨᠢᠳᠤᠷᠭᠠᠨ ᠲᠡᠮᠡᠴᠡᠭᠡᠨ᠎ᠤ 66 ᠺᠢᠯᠣᠭ᠌ᠷᠠᠮ᠎ᠤᠨ ᠲᠠᠰ᠂ 75 ᠺᠢᠯᠣᠭ᠌ᠷᠠᠮ᠎ᠤᠨ ᠲᠠᠰ᠂ ᠡᠷᠡᠭᠲᠡᠢ᠎ᠶᠢᠨ ᠵᠢᠣᠳᠣᠣ᠎ᠶᠢᠨ 90 ᠺᠢᠯᠣᠭ᠌ᠷᠠᠮ᠎ᠤᠨ ᠲᠠᠰ ᠪᠠ 100 ᠺᠢᠯᠣᠭ᠌ᠷᠠᠮ᠎ᠤᠨ ᠲᠠᠰ᠂ ᠡᠮᠡᠭᠲᠡᠢ᠎ᠶᠢᠨ ᠴᠢᠯᠦᠭᠡᠲᠦ ᠪᠥᠬᠡ᠎ᠶᠢᠨ 76 ᠺᠢᠯᠣᠭ᠌ᠷᠠᠮ᠎ᠤᠨ ᠲᠠᠰ᠂ ᠡᠷᠡᠭᠲᠡᠢ᠎ᠶᠢᠨ ᠪᠤᠶ᠋ᠢᠺᠤ ᠪᠥᠮᠪᠥᠭᠡ᠂ ᠡᠷᠡᠭᠲᠡᠢ᠎ᠶᠢᠨ 200 ᠮᠧᠲᠷ᠎ᠦᠨ ᠡᠷᠪᠡᠬᠡᠢ ᠤᠮᠪᠠᠯᠲᠠ ᠵᠡᠷᠭᠡ ᠲᠥᠷᠥᠯ ᠵᠦᠢᠯ᠎ᠳᠤ ᠰᠢᠨ᠎ᠠ ᠲᠠᠪᠠᠯᠳᠠ᠎ᠶᠢ ᠪᠡᠶᠡᠯᠡᠬᠦᠯᠬᠦ᠎ᠪᠠᠷ ᠴᠢᠷᠮᠠᠢᠬᠤ ᠪᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            