ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠯᠢᠦ ᠭᠦᠸᠧ ᠵᠥᠩ ᠥᠪᠥᠷ ᠮᠣᠩᠭᠣᠯ ᠯᠢᠶᠣᠤᠨᠢᠩ᠎ᠳᠤ ᠬᠦᠷᠴᠦ᠍ ᠪᠠᠢᠴᠠᠭᠠᠨ ᠰᠤᠳᠤᠯᠬᠤ᠎ᠳᠠᠭᠠᠨ ᠴᠢᠬᠤᠯᠠᠴᠢᠯᠠᠭᠰᠠᠨ ᠨᠢ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶᠢᠨ ᠭᠤᠤᠯᠳᠠᠯᠭ᠎ᠠ᠎ᠲᠠᠶ ᠠᠵᠢᠯ᠎ᠢ ᠯᠠᠪᠳᠠᠭᠤᠨ ᠪᠠᠲᠤᠲᠠᠶ ᠰᠠᠢᠲᠤᠷ ᠠᠳᠭᠤᠵᠤ ᠪᠦᠬᠦ᠌ ᠵᠢᠯ᠎ᠤᠨ ᠡᠯ᠎ᠡ ᠵᠦᠶ᠋ᠯ᠎ᠤᠨ ᠬᠠᠷᠠᠯᠲᠠ ᠡᠭᠦᠷᠭᠡ᠎ᠪᠡᠨ ᠪᠡᠶᠡᠯᠡᠭᠦᠯᠬᠦ᠌᠎ᠶ᠋ᠢ ᠪᠠᠲᠤᠯᠠᠬᠤ ᠬᠡᠷᠡᠭ᠌ᠲᠡᠶ
ᠨᠡᠶ᠋ᠢᠲᠡᠯᠡᠭᠰᠡᠨ ᠴᠠᠭ᠄ 2025-11-06

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶ᠎ᠠ᠎ᠶᠢᠨ ᠭᠡᠱᠢᠭᠦᠨ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠳᠡᠳ᠋ ᠶᠡᠷᠦᠩᠬᠡᠶ ᠰᠠᠢᠳ ᠯᠢᠦ ᠭᠦᠸᠧ ᠵᠥᠩ 3᠎ᠦ ᠡᠳᠦᠷ ᠡᠴᠡ 5᠎ᠦ ᠡᠳᠦᠷ ᠪᠣᠯᠲᠠᠯ᠎ᠠ ᠥᠪᠥᠷ ᠮᠣᠩᠭᠣᠯ᠂ ᠯᠢᠶᠣᠤᠨᠢᠩ᠎ᠳᠤ ᠬᠦᠷᠴᠦ᠍ ᠪᠠᠢᠴᠠᠭᠠᠨ ᠰᠤᠳᠤᠯᠪᠠ᠃ ᠲᠡᠷᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠪᠠᠢᠷᠢᠯᠠᠭᠤᠯᠤᠯᠲᠠ ᠶᠣᠰᠣᠭᠠᠷ᠂ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠭᠤᠤᠯᠳᠠᠯᠭ᠎ᠠ᠎ᠲᠠᠶ ᠠᠵᠢᠯ᠎ᠢ ᠯᠠᠪᠳᠠᠭᠤᠨ ᠪᠠᠲᠤᠲᠠᠶ ᠰᠠᠢᠲᠤᠷ ᠠᠳᠭᠤᠵᠤ᠂ ᠪᠥᠬᠥ᠌ ᠵᠢᠯ᠎ᠦᠨ ᠡᠯ᠎ᠡ ᠵᠦᠶ᠋ᠯ᠎ᠦᠨ ᠬᠠᠷᠠᠯᠲᠠ ᠡᠭᠦᠷᠭᠡ᠎ᠪᠡᠨ ᠪᠡᠶᠡᠯᠡᠭᠦᠯᠬᠦ᠌᠎ᠶ᠋ᠢ ᠪᠠᠲᠤᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠡᠭᠦᠰ ᠠᠮᠵᠢᠯᠲᠠ᠎ᠲᠠᠶ ᠰᠡᠭᠦᠯ ᠬᠤᠷᠢᠶᠠᠬᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠰᠠᠢᠨ ᠡᠬᠢᠯᠡᠯᠲᠡ᠎ᠳᠦ ᠬᠦᠴᠦᠲᠡᠶ ᠪᠠᠲᠤᠯᠠᠭ᠎ᠠ ᠬᠠᠩᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠯᠢᠦ ᠭᠦᠸᠧ ᠵᠦᠩ ᠤᠷᠢᠳ ᠬᠣᠵᠢᠳ ᠥᠪᠥᠷ ᠮᠣᠩᠭᠣᠯ᠎ᠤᠨ ᠲᠦᠩᠯᠢᠶᠣᠤ᠂ ᠯᠢᠶᠣᠤᠨᠢᠩ᠎ᠤᠨ ᠮᠦᠭ᠌ᠳᠡᠨ ᠵᠡᠷᠭᠡ ᠭᠠᠵᠠᠷ᠎ᠢᠶᠠᠷ ᠬᠦᠷᠴᠦ᠍᠂ ᠲᠠᠷᠢᠶᠠᠯᠠᠩ ᠮᠠᠯ ᠠᠵᠤ ᠠᠬᠤᠢ᠎ᠶᠢᠨ ᠠᠵᠤ ᠠᠬᠤᠢᠯᠠᠯ ᠪᠣᠯᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ ᠵᠡᠷᠭᠡ᠎ᠪᠡᠷ ᠭᠦᠨᠵᠡᠭᠡᠢᠷᠡᠵᠦ᠍᠂ ᠲᠠᠷᠢᠶᠠᠯᠠᠩ᠎ᠤᠨ ᠦᠢᠯᠡᠳᠪᠦᠷᠢᠯᠡᠯ᠂ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠳᠦᠭᠡᠭᠳᠡᠭᠦᠨ᠎ᠢ ᠨᠠᠷᠢᠯᠢᠭ ᠡᠳ᠋ᠱᠢᠭᠦᠯᠤᠨ ᠪᠤᠯᠪᠠᠰᠤᠷᠠᠭᠤᠯᠬᠤ᠂ ᠲᠠᠷᠢᠶᠠᠯᠠᠩ᠎ᠤᠨ ᠮᠡᠷᠭᠡᠵᠢᠯ᠎ᠢ ᠰᠤᠳᠤᠯᠤᠨ ᠨᠡᠭᠡᠭᠡᠵᠦ᠍ ᠳᠡᠯᠭᠡᠷᠡᠭᠦᠯᠬᠦ᠌ ᠪᠠ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠠᠵᠤ ᠦᠢᠯᠡᠰ᠎ᠦᠨ ᠬᠥᠭ᠌ᠵᠢᠯᠲᠡ ᠵᠡᠷᠭᠡ ᠪᠠᠢᠳᠠᠯ᠎ᠢ ᠪᠠᠢᠴᠠᠭᠠᠨ ᠰᠤᠳᠤᠯᠪᠠ᠃ ᠲᠡᠷᠡ᠂ ᠨᠠᠮᠤᠷ᠎ᠤᠨ ᠠᠮᠤ ᠪᠤᠳᠠᠭ᠎ᠠ ᠬᠤᠷᠢᠶᠠᠬᠤ᠂ ᠬᠠᠬᠰᠠᠭᠠᠵᠤ ᠬᠠᠳᠠᠭᠠᠬᠤ ᠪᠠ ᠬᠤᠳᠠᠯᠳᠤᠨ ᠠᠪᠴᠤ᠌ ᠨᠥᠭᠡᠴᠡᠯᠡᠬᠦ᠌ ᠵᠡᠷᠭᠡ ᠠᠵᠢᠯ᠎ᠢ ᠤᠬᠳᠤ ᠰᠤᠯᠠᠷᠠᠭᠤᠯᠤᠯ ᠦᠭᠡᠢ ᠰᠠᠢᠲᠤᠷ ᠠᠳᠭᠤᠵᠤ᠂ ᠲᠠᠷᠢᠶᠠᠯᠠᠬᠤ ᠴᠠᠭ᠎ᠢ ᠠᠮᠵᠢᠨ ᠨᠠᠮᠤᠷ᠎ᠤᠨ ᠲᠠᠷᠢᠶᠠᠯᠠᠭ᠎ᠠ ᠡᠪᠦᠯ᠎ᠦᠨ ᠲᠠᠷᠢᠶᠠᠯᠠᠭ᠎ᠠ᠎ᠶ᠋ᠢ ᠠᠯᠬᠤᠮ ᠲᠠᠷᠠᠭ᠎ᠠ ᠲᠠᠢ ᠠᠬᠢᠭᠤᠯᠵᠤ᠂ ᠨᠠᠮᠤᠷ᠎ᠤᠨ ᠠᠮᠤ ᠪᠤᠳᠠᠭ᠎ᠠ᠎ᠶ᠋ᠢᠨ ᠡᠯᠪᠡᠭ ᠬᠤᠷᠢᠶᠠᠯᠲᠠ ᠣᠯᠵᠤ᠂ ᠨᠠᠮᠤᠷ ᠡᠪᠦᠯ᠎ᠦᠨ ᠲᠠᠷᠢᠶᠠᠯᠠᠭ᠎ᠠ᠎ᠶ᠋ᠢᠨ ᠲᠠᠯᠠᠪᠠᠢ ᠲᠣᠭ᠍ᠲᠠᠭᠤᠨ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠬᠠᠷ᠎ᠠ ᠬᠥᠷᠥᠰᠥᠲᠦ ᠭᠠᠵᠠᠷ᠎ᠤᠨ ᠬᠠᠮᠠᠭᠠᠯᠠᠯᠲᠠ᠎ᠶ᠋ᠢ ᠴᠢᠩᠭᠠᠳᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ᠎ᠶ᠋ᠢ ᠴᠢᠨᠠᠷ ᠰᠠᠢᠲᠠᠢ ᠠᠬᠢᠭᠤᠯᠵᠤ᠂ ᠪᠦᠳᠦᠭᠡᠨ ᠪᠠᠢᠭᠤᠯᠤᠯᠲᠠ᠎ᠶ᠋ᠢᠨ ᠭᠣᠣᠯᠳᠠᠯᠭ᠎ᠠ᠎ᠶ᠋ᠢ ᠲᠠᠷᠢᠶᠠᠨ ᠭᠠᠵᠠᠷ᠎ᠲᠤ ᠲᠠᠯᠪᠢᠵᠤ᠂ ᠲᠠᠷᠢᠶᠠᠨ ᠭᠠᠵᠠᠷ᠎ᠤᠨ ᠦᠢᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃《ᠬᠣᠯᠢᠱᠢᠨ ᠢᠳᠡᠭᠡᠨ》ᠤ᠋ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠢ ᠰᠠᠢᠲᠤᠷ ᠬᠢᠵᠦ᠍᠂ ᠠᠮᠢᠳᠤ ᠭᠠᠬᠠᠢ᠎ᠶᠢᠨ ᠦᠢᠯᠡᠳᠪᠦᠷᠢᠯᠡᠯ᠎ᠦᠨ ᠴᠢᠳᠠᠪᠤᠷᠢ᠎ᠶ᠋ᠢ ᠲᠤᠬᠢᠷᠠᠭᠤᠯᠤᠨ ᠡᠵᠡᠮᠳᠡᠬᠦ᠌᠎ᠶ᠋ᠢ ᠴᠢᠩᠭᠠᠳᠭᠠᠵᠤ᠂ ᠮᠢᠬᠠᠨ᠎ᠦ ᠦᠭᠡᠷ ᠰᠠᠭᠠᠯᠢ᠎ᠶᠢᠨ ᠦᠨᠢᠶᠡᠨ᠎ᠦ ᠠᠵᠤ ᠦᠢᠯᠡᠰ᠎ᠦᠨ ᠬᠦᠴᠢᠷᠳᠡᠯ᠎ᠢ ᠱᠢᠢᠳᠪᠦᠷᠢᠯᠡᠬᠦ᠌ ᠲᠦᠷᠦ᠍᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠦᠨ ᠬᠠᠩᠭᠠᠯᠭ᠎ᠠ ᠪᠣᠯᠤᠨ ᠦᠨ᠎ᠡ ᠬᠠᠩᠰᠢ᠎ᠶᠢᠨ ᠲᠣᠭ᠍ᠲᠠᠭᠤᠨ᠎ᠢ ᠪᠠᠲᠤᠯᠠᠬᠤ ᠬᠡᠷᠡᠭ᠌ᠲᠡᠢ᠃ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠬᠡᠪᠴᠢᠶᠡᠵᠢᠯ᠎ᠦᠨ ᠴᠢᠨᠠᠷᠲᠠᠶ ᠳᠠᠬᠢᠨ ᠶᠠᠳᠠᠭᠤᠷᠠᠬᠤ ᠦᠭᠡᠢ ᠪᠠᠢᠬᠤ᠎ᠶᠢ ᠪᠠᠳᠤᠯᠠᠬᠤ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭ᠌ᠲᠡᠶ᠃ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠬᠥᠳᠡᠭᠡ ᠲᠣᠰᠭᠣᠨ᠎ᠤ ᠤᠨᠴᠠᠯᠢᠬ᠍ᠳᠤ ᠠᠵᠤ ᠦᠢᠯᠡᠰ᠎ᠢ ᠬᠥᠭ᠌ᠵᠢᠭᠦᠯᠵᠦ᠍᠂ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠨ᠂ ᠦᠷᠳᠡᠭ᠎ᠦᠨ ᠬᠡᠯᠬᠢᠶ᠎ᠡ᠎ᠶ᠋ᠢ ᠳᠡᠭᠡᠭ᠌ᠰᠢᠯᠡᠭᠦᠯᠵᠦ᠍᠂ ᠲᠠᠷᠢᠶᠠᠴᠢᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠬᠤ ᠬᠡᠷᠡᠭ᠌ᠲᠡᠢ᠃ 《ᠮᠢᠩᠭ᠎ᠠ ᠲᠦᠮᠡ᠎ᠶ᠋ᠢᠨ ᠢᠨᠵᠧᠨᠧᠷᠢᠩ》᠎ᠤᠨ ᠲᠤᠷᠱᠢᠯᠭ᠎ᠠ᠎ᠶ᠋ᠢ ᠭᠦᠨᠵᠡᠭᠡᠶ ᠰᠤᠷᠤᠯᠴᠠᠨ ᠬᠡᠷᠡᠭ᠌ᠯᠡᠵᠦ᠍᠂ ᠬᠥᠳᠡᠭᠡ ᠲᠣᠰᠭᠣᠨ᠎ᠤ ᠣᠷᠣᠱᠢᠨ ᠰᠠᠭᠤᠷᠢᠱᠢᠬᠤ ᠣᠷᠴᠢᠨ ᠨᠥᠬᠥᠴᠡᠯ᠎ᠢ ᠦᠷᠭᠦᠯᠵᠢᠯᠡᠨ ᠴᠡᠭ᠌ᠴᠡᠯᠡᠨ ᠵᠠᠰᠠᠵᠤ ᠳᠡᠭᠡᠭ᠌ᠰᠢᠯᠡᠭᠦᠯᠦᠨ᠂ ᠠᠵᠢᠯᠯᠠᠵᠤ ᠠᠮᠢᠳᠤᠷᠠᠬᠤ᠎ᠳᠤ ᠲᠣᠬᠢᠲᠠᠶ ᠪᠠ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠯᠢᠦ ᠭᠦᠸᠧ ᠵᠦᠩ᠂ ᠨᠠᠮᠤᠷ ᠡᠪᠦᠯ᠎ᠦᠨ ᠤᠯᠠᠷᠢᠯ ᠪᠣᠯ ᠬᠠᠯᠳᠠᠪᠤᠷᠢᠲᠤ ᠡᠪᠡᠳᠴᠢᠨ ᠤᠯᠠᠨ ᠡᠭᠦᠰᠭᠦ ᠬᠤᠭᠤᠴᠠᠭ᠎ᠠ ᠪᠣᠯᠤᠨ᠎ᠠ᠂ ᠤᠯᠠᠨ ᠡᠪᠡᠳᠴᠢᠨ᠎ᠢ ᠵᠡᠷᠭᠡ᠎ᠪᠡᠷ ᠰᠡᠷᠭᠡᠢᠯᠡᠬᠦ᠌᠎ᠶᠢ ᠪᠠᠷᠢᠮᠲᠠᠯᠠᠵᠤ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠱᠢᠨᠵᠢᠯᠡᠬᠦ᠌ ᠤᠬᠠᠭᠠᠨ᠎ᠦ ᠮᠡᠳᠡᠯᠭᠡ᠎ᠶᠢ ᠲᠦᠭᠡᠮᠡᠯᠵᠢᠭᠦᠯᠬᠦ᠌ ᠤᠬᠠᠭᠤᠯᠭ᠎ᠠ᠎ᠶᠢ ᠴᠢᠩᠭᠠᠳᠭᠠᠵᠤ᠂ ᠡᠯ᠎ᠡ ᠵᠦᠢᠯ᠎ᠦᠨ ᠠᠵᠢᠯ᠎ᠤᠨ ᠠᠷᠭ᠎ᠠ ᠬᠡᠮᠵᠢᠢ᠎ᠡ᠎ᠶᠢ ᠨᠠᠢᠳᠠᠪᠤᠷᠢᠵᠢᠭᠤᠯᠵᠤ᠂ ᠰᠡᠷᠭᠡᠢᠯᠡᠨ ᠡᠵᠡᠮᠳᠡᠬᠦ᠌ ᠠᠵᠢᠯ᠎ᠤᠨ ᠲᠣᠭ᠍ᠲᠠᠭᠤᠨ ᠡᠮᠬᠢ ᠳᠢᠭ᠌ᠯᠢᠮ᠎ᠲᠡᠶ ᠪᠠᠢᠬᠤ᠎ᠶ᠋ᠢ ᠪᠠᠲᠤᠯᠠᠬᠤ ᠬᠡᠷᠡᠭ᠌ᠲᠡᠢ᠃ ᠡᠮᠴᠢᠯᠡᠭᠡ ᠡᠷᠡᠭᠦᠯ ᠬᠠᠮᠠᠭᠠᠯᠠᠯ᠎ᠤᠨ ᠰᠠᠭᠤᠷᠢ᠎ᠶ᠋ᠢ ᠪᠡᠬᠢᠵᠢᠭᠦᠯᠬᠦ᠌ ᠢᠨᠵᠧᠨᠧᠷᠢᠩ᠎ᠢ ᠢᠳᠡᠪᠬᠢᠲᠡᠢ ᠠᠬᠢᠭᠤᠯᠵᠤ᠂ ᠨᠢᠭ᠍ᠲᠠᠷᠠᠬᠰᠠᠨ ᠬᠡᠯᠪᠡᠷᠢ᠎ᠶ᠋ᠢᠨ ᠱᠢᠶᠠᠨ᠎ᠤ ᠬᠡᠪᠴᠢᠶᠡᠨ᠎ᠦ ᠡᠮᠴᠢᠯᠡᠭᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠳᠤᠲᠠᠭᠤᠳᠠᠯ᠎ᠢ ᠲᠦᠷᠭᠡᠨ ᠨᠥᠬᠥᠪᠥᠷᠢᠯᠡᠬᠦ᠌ ᠬᠡᠷᠡᠭ᠌ᠲᠡᠢ᠃ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠬᠠᠮᠵᠢᠯᠴᠠᠨ ᠪᠣᠭᠣᠮᠲᠠ ᠱᠢᠪᠲᠤᠯᠬᠤ ᠪᠠ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠪᠡᠨ ᠴᠢᠩᠭᠠᠳᠭᠠᠵᠤ᠂ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠨᠠᠩ ᠣᠯᠠᠨ ᠱᠢᠪᠲᠤᠯᠤᠯᠲᠠ᠎ᠶ᠋ᠢᠨ ᠴᠢᠨᠠᠷᠲᠠᠶ ᠦᠷ᠎ᠡ ᠪᠦᠲᠦᠭᠡᠯ ᠤᠯᠬᠤ᠎ᠪᠠᠷ ᠴᠢᠷᠮᠠᠢᠬᠤ ᠬᠡᠷᠡᠭ᠌ᠲᠡᠶ᠃ ᠨᠢᠭᠡᠨᠲᠡ ᠨᠡᠢᠲᠡᠯᠡᠭ᠌ᠰᠡᠨ ᠦᠷᠡᠵᠢᠯ᠎ᠢ ᠳᠡᠮᠵᠢᠬᠦ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠬᠡᠦᠬᠡᠳ ᠪᠣᠢᠵᠢᠭᠤᠯᠬᠤ ᠨᠥᠬᠥᠪᠥᠷᠢ ᠶ᠋ᠢᠨ ᠲᠥᠷᠥ᠎ᠶ᠋ᠢᠨ ᠪᠣᠳᠣᠯᠭ᠎ᠠ᠎ᠶᠢ ᠰᠠᠢᠲᠤᠷ ᠬᠡᠷᠡᠭ᠌ᠵᠢᠭᠦᠯᠵᠦ᠍᠂ ᠬᠡᠦᠬᠡᠳ ᠰᠠᠭᠠᠲᠠᠭᠤᠯᠬᠤ ᠲᠦᠭᠡᠮᠡᠯ ᠬᠠᠷᠠᠭᠠᠯᠵᠠᠯᠲᠤ ᠦᠶ᠋ᠯᠡᠴᠢᠯᠡᠭᠡᠨ ᠎ᠦ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠬᠡᠷᠡᠭ᠌ᠲᠡᠶ᠃ ᠰᠠᠭᠤᠭᠠᠯᠢ ᠠᠷᠠᠳ᠎ᠤᠨ ᠡᠮᠴᠢᠯᠡᠭᠡᠨ᠎ᠤ ᠳᠠᠭᠠᠳᠭᠠᠯ᠎ᠳᠤ ᠲᠥᠪᠯᠡᠷᠡᠩᠭᠦᠢ ᠣᠷᠣᠯᠴᠠᠬᠤ ᠪᠠ ᠡᠮᠴᠢᠯᠡᠭᠡᠨ᠎ᠤ ᠳᠠᠭᠠᠳᠭᠠᠯ᠎ᠤᠨ ᠦᠢᠯᠡᠴᠢᠯᠡᠭᠡ᠂ ᠬᠢᠨᠠᠯᠲᠠ ᠬᠠᠮᠢᠶᠠᠷᠤᠯᠲᠠ ᠵᠡᠷᠭᠡ ᠠᠵᠢᠯ᠎ᠢ ᠰᠠᠢᠲᠤᠷ ᠠᠳᠭᠤᠵᠤ᠂ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠲᠣᠭ᠍ᠲᠠᠭᠤᠨ᠎ᠢᠶᠠᠷ ᠡᠷᠬᠢᠬᠥ᠎ᠶᠢ ᠪᠠᠲᠤᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            