ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠲᠦᠷᠦᠭᠦᠸ᠋ ᠭᠤᠷᠪᠠᠨ ᠤᠯᠠᠷᠢᠯ᠎ᠳᠤ ᠥᠪᠥᠷ ᠮᠣᠩᠭᠣᠯ᠎ᠤᠨ ᠭᠠᠳᠠᠭᠠᠳᠤ ᠠᠵᠤ ᠠᠬᠤᠢ᠎ᠳᠤ ᠬᠣᠯᠪᠣᠭᠳᠠᠬᠤ ᠣᠷᠣᠯᠭ᠎ᠠ ᠵᠠᠷᠤᠯᠭ᠎ᠠ᠎ᠶᠢᠨ ᠪᠥᠬᠥ ᠵᠣᠭᠣᠰ᠎ᠤᠨ ᠲᠣᠭ᠎ᠠ 318.37 ᠳ᠋ᠦᠩᠰᠢᠭᠤᠷ ᠳ᠋ᠣᠯᠯᠠᠷ᠎ᠲᠤ ᠬᠦᠷᠴᠡᠢ
ᠨᠡᠶ᠋ᠢᠲᠡᠯᠡᠭᠰᠡᠨ ᠴᠠᠭ᠄ 2025-11-10



ᠰᠤᠷᠪᠤᠯᠵᠢᠯᠠᠭ᠍ᠴᠢ ᠤᠯᠤᠰ᠎ᠤᠨ ᠭᠠᠳᠠᠭᠠᠳᠤ ᠭᠤᠪᠢᠭᠤᠯᠭ᠎ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠲᠣᠪᠴᠢᠶ᠎ᠠ᠎ᠠᠴᠠ ᠣᠢᠯᠠᠭᠠᠭᠰᠠᠨ᠎ᠢᠶᠠᠷ᠄ ᠡᠨᠡ ᠵᠢᠯ᠎ᠡᠴᠡ ᠨᠠᠭᠠᠰᠢ᠂ ᠥᠪᠥᠷ ᠮᠣᠩᠭᠣᠯ ᠭᠠᠳᠠᠭᠠᠳᠤ ᠭᠤᠪᠢᠭᠤᠯᠭ᠎ᠠ᠎ᠶᠢᠨ ᠬᠦᠷᠢᠶᠡᠨ᠎ᠳᠡᠬᠢ ᠥᠭᠡᠷᠡᠴᠢᠯᠡᠯᠲᠡ᠎ᠪᠡᠨ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠭᠠᠳᠠᠭᠠᠳᠤ ᠭᠤᠪᠢᠭᠤᠯᠭ᠎ᠠ᠎ᠶᠢᠨ ᠪᠣᠳᠠᠲᠤ ᠴᠣᠭᠴᠠ᠎ᠶᠢᠨ ᠠᠵᠤ ᠠᠬᠤᠢ᠎ᠳᠤ ᠦᠢᠯᠡᠴᠢᠯᠡᠬᠦ ᠴᠢᠳᠠᠪᠤᠷᠢ᠎ᠪᠠᠨ ᠦᠷᠭᠦᠯᠵᠢᠯᠡᠨ ᠳᠡᠭᠡᠭᠰᠢᠯᠡᠭᠦᠯᠵᠦ᠂ 《ᠬᠡᠳᠦᠢ ᠦᠨᠡᠨᠴᠢ ᠢᠲᠡᠭᠡᠮᠵᠢᠲᠡᠢ ᠪᠣᠯ ᠲᠡᠳᠦᠢ ᠲᠥᠬᠥᠮ》 ᠪᠠᠢᠯᠭᠠᠬᠤ ᠭᠠᠳᠠᠭᠠᠳᠤ ᠭᠤᠪᠢᠭᠤᠯᠭ᠎ᠠ᠎ᠶᠢᠨ ᠦᠢᠯᠡᠴᠢᠯᠡᠭᠡᠨ᠎ᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠭᠰᠡᠨ᠎ᠢᠶᠡᠷ᠂ ᠥᠪᠥᠷ ᠮᠣᠩᠭᠣᠯ᠎ᠤᠨ ᠭᠠᠳᠠᠭᠠᠳᠤ ᠭᠤᠪᠢᠭᠤᠯᠭ᠎ᠠ᠎ᠶᠢᠨ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ᠎ᠲᠠᠢ ᠶᠠᠪᠤᠭᠳᠠᠵᠤ᠂ ᠲᠦᠷᠦᠭᠦᠸ᠋ ᠭᠤᠷᠪᠠᠨ ᠤᠯᠠᠷᠢᠯ᠎ᠳᠤ᠂ ᠥᠪᠥᠷ ᠮᠣᠩᠭᠣᠯ᠎ᠤᠨ ᠭᠠᠳᠠᠭᠠᠳᠤ ᠠᠵᠤ ᠠᠬᠤᠢ᠎ᠳᠤ ᠬᠣᠯᠪᠣᠭᠳᠠᠬᠤ ᠣᠷᠣᠯᠭ᠎ᠠ ᠵᠠᠷᠤᠯᠭ᠎ᠠ᠎ᠶᠢᠨ ᠪᠥᠬᠥ ᠵᠣᠭᠣᠰ᠎ᠤᠨ ᠲᠣᠭ᠎ᠠ 318.37 ᠳ᠋ᠦᠩᠰᠢᠭᠤᠷ ᠳ᠋ᠣᠯᠯᠠᠷ᠎ᠲᠤ ᠬᠦᠷᠴᠡᠢ᠃ 

ᠲᠦᠷᠦᠭᠦᠸ᠋ ᠭᠤᠷᠪᠠᠨ ᠤᠯᠠᠷᠢᠯ᠎ᠳᠤ᠂ ᠥᠪᠥᠷ ᠮᠣᠩᠭᠣᠯ᠎ᠤᠨ ᠬᠢᠯᠢ ᠠᠯᠤᠰᠯᠠᠭᠰᠠᠨ ᠠᠷᠠᠯᠵᠢᠶᠠᠨ᠎ᠤ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠶᠢᠨ ᠳᠥᠭᠥᠮᠴᠢᠯᠡᠯᠲᠡ᠎ᠶᠢᠨ ᠲᠥᠷᠥ᠎ᠶᠢᠨ ᠪᠣᠳᠣᠯᠭ᠎ᠠ᠎ᠶᠢᠨ ᠬᠡᠪᠴᠢᠶ᠎ᠡ᠎ᠶᠢ ᠥᠷᠭᠡᠳᠬᠡᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠪᠡ᠃ 1-9 ᠳ᠋ᠦ᠍ᠭᠡᠷ ᠰᠠᠷ᠎ᠠ᠎ᠳᠤ᠂ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠦ ᠰᠢᠰᠲᠧᠮ᠎ᠦᠨ ᠬᠢᠨ ᠴᠢᠨᠠᠷ ᠰᠠᠢᠲᠠᠢ 119 ᠠᠵᠤ ᠠᠬᠤᠢᠯᠠᠯ᠎ᠳᠤ ᠠᠷᠠᠯᠵᠢᠶᠠᠨ᠎ᠤ ᠭᠠᠳᠠᠭᠠᠳᠤ ᠭᠤᠪᠢᠭᠤᠯᠭ᠎ᠠ᠎ᠶᠢᠨ ᠣᠷᠣᠯᠭ᠎ᠠ ᠵᠠᠷᠤᠯᠭ᠎ᠠ᠎ᠶᠢᠨ ᠳᠥᠭᠥᠮᠴᠢᠯᠡᠯᠲᠡ᠎ᠶᠢᠨ ᠲᠤᠬᠠᠢᠯᠠᠭᠰᠠᠨ ᠠᠵᠢᠯ᠎ᠢ 11871 ᠬᠤᠪᠢ ᠭᠦᠢᠴᠡᠳᠬᠡᠵᠦ᠂ ᠵᠣᠭᠣᠰᠤᠨ ᠲᠣᠭ᠎ᠠ ᠨᠡᠶ᠋ᠢᠲᠡ 267 ᠳ᠋ᠦᠩᠰᠢᠭᠤᠷ ᠲᠥᠭᠥᠷᠢᠭ᠎ᠲᠤ ᠬᠦᠷᠴᠡᠢ᠃ ᠠᠷᠪᠠᠨ᠎ᠤ ᠵᠢᠷᠭᠤᠭᠠᠨ ᠬᠤᠪᠢ ᠣᠷᠴᠢᠮ᠎ᠤᠨ ᠬᠥᠷᠥᠩᠭᠡ᠎ᠶᠢᠨ ᠲᠥᠷᠥᠯ ᠵᠦᠢᠯ᠎ᠦᠨ ᠭᠠᠳᠠᠭᠠᠳᠤ ᠭᠤᠪᠢᠭᠤᠯᠭ᠎ᠠ᠎ᠶᠢᠨ ᠣᠷᠣᠯᠭ᠎ᠠ᠎ᠶᠢ ᠳᠥᠭᠥᠮᠴᠢᠯᠡᠨ ᠲᠥᠯᠥᠬᠦ᠎ᠶᠢ ᠪᠡᠶᠡᠯᠡᠭᠦᠯᠵᠦ᠂ ᠠᠵᠤ ᠠᠬᠤᠢᠯᠠᠯ᠎ᠤᠨ 《ᠰᠠᠭᠤᠷᠢ ᠥᠪᠡᠷ᠎ᠦᠨ ᠦᠷᠳᠡᠭ》᠎ᠢ ᠨᠢ ᠪᠦᠲᠦᠮᠵᠢᠲᠡᠶ᠎ᠪᠡᠷ ᠪᠠᠭᠤᠷᠠᠭᠤᠯᠤᠭᠰᠠᠨ ᠪᠠᠢᠨ᠎ᠠ᠃ ᠡᠭᠦᠨ᠎ᠦ ᠬᠠᠮᠲᠤ᠂ ᠥᠪᠥᠷ ᠮᠣᠩᠭᠣᠯ 《ᠬᠢᠯᠢ᠎ᠶᠢᠨ ᠠᠷᠠᠳ᠎ᠤᠨ ᠬᠠᠷᠢᠯᠴᠠᠨ ᠮᠠᠢᠮᠠᠢᠯᠠᠬᠤ ᠵᠠᠬ᠎ᠠ + ᠪᠣᠳᠠᠲᠠᠢᠵᠢᠭᠤᠯᠤᠨ ᠡᠳ᠋ᠰᠢᠭᠦᠯᠬᠦ 》 ᠠᠷᠠᠯᠵᠢᠶ᠎ᠠ᠎ᠶᠢᠨ ᠰᠢᠨᠡᠴᠢᠯᠡᠨ ᠬᠥᠭᠵᠢᠬᠦ᠎ᠶᠢ ᠢᠳᠡᠪᠬᠢᠲᠡᠢ ᠳᠡᠮᠵᠢᠵᠦ᠂ ᠲᠤᠬᠠᠢᠯᠠᠭᠰᠠᠨ ᠠᠵᠢᠯ᠎ᠤᠨ ᠠᠵᠢᠯᠯᠠᠭᠠᠨ᠎ᠤ ᠵᠢᠯᠣᠭᠣᠳᠤᠮᠵᠢ ᠲᠣᠭᠲᠠᠭᠠᠨ᠂ ᠰᠢᠨ᠎ᠡ ᠬᠡᠯᠪᠡᠷᠢ᠎ᠶᠢᠨ ᠵᠠᠬ᠎ᠠ᠎ᠶᠢᠨ ᠠᠷᠠᠯᠵᠢᠶᠠᠨ᠎ᠤ ᠤᠷᠢᠳᠴᠢᠯᠠᠨ ᠥᠭᠭᠦᠭᠰᠡᠨ ᠪᠠᠷᠠᠭᠠᠨ᠎ᠤ ᠵᠣᠭᠣᠰ᠎ᠢ ᠳ᠋ᠦᠩᠨᠡᠨ ᠪᠤᠳᠤᠬᠤ᠎ᠳᠤ ᠳᠦᠬᠦᠮᠯᠡᠵᠦ᠂ ᠬᠢᠯᠢ᠎ᠶᠢᠨ ᠠᠷᠠᠳ᠎ᠤᠨ ᠣᠷᠣᠯᠭ᠎ᠠ᠎ᠶᠢ ᠨᠡᠮᠡᠭᠳᠡᠭᠦᠯᠬᠦ᠂ ᠬᠢᠯᠢ ᠬᠢᠵᠠᠭᠠᠷ ᠣᠷᠣᠨ᠎ᠢ ᠲᠣᠭᠲᠠᠪᠤᠷᠢᠵᠢᠭᠤᠯᠤᠨ ᠬᠢᠯᠢ ᠬᠢᠵᠠᠭᠠᠷ ᠣᠷᠣᠨ᠎ᠢ ᠪᠡᠬᠢᠵᠢᠭᠦᠯᠬᠦ᠎ᠪᠠᠨ ᠠᠬᠢᠭᠤᠯᠬᠤ᠎ᠶᠢᠨ ᠬᠠᠮᠲᠤ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠠᠢᠭᠠᠳ ᠭᠠᠳᠠᠭᠠᠳᠤ ᠭᠤᠪᠢᠭᠤᠯᠭ᠎ᠠ᠎ᠶᠢ ᠭᠦᠢᠴᠡᠳ ᠪᠥᠭᠡᠳ ᠰᠠᠢᠲᠤᠷ ᠬᠡᠷᠡᠭᠯᠡᠬᠦ ᠲᠤᠷᠰᠢᠯᠲᠠ᠎ᠶᠢᠨ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠡᠢ᠃ ᠥᠪᠥᠷ ᠮᠣᠩᠭᠣᠯ ᠤᠯᠤᠰ ᠠᠯᠤᠰᠯᠠᠭᠰᠠᠨ ᠺᠣᠮᠫᠠᠨᠢ᠎ᠶᠢᠨ ᠲᠣᠰ ᠤᠯᠤᠰ᠎ᠤᠨ ᠵᠣᠭᠣᠰ ᠪᠠ ᠭᠠᠳᠠᠭᠠᠳᠤ ᠤᠯᠤᠰ᠎ᠤᠨ ᠵᠣᠭᠣᠰ᠎ᠢ ᠨᠢᠭᠡ ᠴᠣᠭᠴᠠᠵᠢᠭᠤᠯᠬᠤ ᠪᠡᠯᠡ ᠮᠥᠩᠭᠥᠨ᠎ᠤ ᠲᠠᠲᠠᠭᠠᠯ᠎ᠤᠨ ᠲᠤᠬᠠᠢᠯᠠᠭᠰᠠᠨ ᠠᠵᠢᠯ᠎ᠤᠨ ᠲᠤᠷᠰᠢᠯᠲᠠ᠎ᠶᠢ ᠵᠥᠪᠰᠢᠶᠡᠷᠡᠭᠦᠯᠦᠭᠰᠡᠨ᠎ᠡᠴᠡ ᠨᠠᠭᠠᠰᠢ᠂ ᠢᠯᠢ᠂ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ 2 ᠲᠤᠷᠰᠢᠯᠲᠠ᠎ᠶᠢᠨ ᠠᠵᠤ ᠠᠬᠤᠢᠯᠠᠯ᠎ᠤᠨ ᠪᠡᠯᠡ ᠮᠥᠩᠭᠥᠨ᠎ᠤ ᠲᠠᠲᠠᠭᠠᠯ᠎ᠡᠴᠡ ᠬᠤᠪᠢᠶᠠᠷᠢᠯᠠᠨ ᠰᠢᠯᠵᠢᠭᠦᠯᠦᠭᠰᠡᠨ ᠪᠡᠯᠡ ᠮᠥᠩᠭᠥ ᠨᠡᠢ᠍ᠢᠳᠡ 29 ᠳ᠋ᠦᠩᠰᠢᠭᠤᠷ ᠲᠥᠭᠥᠷᠢᠭ᠎ᠢ ᠳᠠᠪᠠᠵᠤ᠂ ᠠᠵᠤ ᠠᠬᠤᠢᠯᠠᠯ᠎ᠤᠨ ᠪᠦᠯᠦᠭᠯᠡᠯ᠎ᠦᠨ ᠪᠦᠬᠦ ᠪᠥᠮᠪᠥᠷᠴᠡᠭ᠎ᠦᠨ ᠪᠡᠯᠡ ᠮᠥᠩᠭᠥ᠎ᠶᠢ ᠳᠣᠬᠢᠷᠠᠭᠤᠯᠬᠤ ᠴᠢᠳᠠᠪᠤᠷᠢ ᠨᠢ ᠢᠯᠡᠳᠲᠡ ᠨᠡᠮᠡᠭᠳᠡᠪᠡ᠃ 

ᠡᠭᠦᠨ᠎ᠦ ᠬᠠᠮᠲᠤ᠂ ᠥᠪᠥᠷ ᠮᠣᠩᠭᠣᠯ ᠬᠢᠯᠢ ᠠᠯᠤᠰᠯᠠᠭᠰᠠᠨ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠲᠠᠪᠴᠠᠩ᠎ᠤᠨ ᠬᠡᠷᠡᠭᠯᠡᠯᠲᠡ᠎ᠶᠢ ᠭᠦᠨᠵᠡᠭᠡᠢᠷᠡᠭᠦᠯᠪᠡ᠃ 9 ᠳ᠋ᠦ᠍ᠭᠡᠷ ᠰᠠᠷ᠎ᠠ᠎ᠶᠢᠨ ᠡᠴᠦᠰ ᠪᠣᠯᠲᠠᠯ᠎ᠠ᠂ ᠲᠣᠰ ᠲᠠᠪᠴᠠᠩ᠎ᠤᠨ ᠦᠢᠯᠡᠴᠢᠯᠡᠭᠡ᠎ᠢᠶᠠᠷ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠢᠶᠠᠷ ᠭᠣᠣᠯ ᠪᠣᠯᠭᠠᠭᠰᠠᠨ 780 ᠠᠵᠤ ᠠᠬᠤᠢᠯᠠᠯ᠎ᠳᠦ 18.69 ᠳ᠋ᠦᠩᠰᠢᠭᠤᠷ ᠲᠥᠭᠥᠷᠢᠭ᠎ᠦᠨ ᠪᠡᠯᠡ ᠲᠣᠬᠢᠷᠠᠭᠤᠯᠭ᠎ᠠ ᠣᠯᠭᠣᠵᠤ᠂ 487.51 ᠳ᠋ᠦᠩᠰᠢᠭᠤᠷ ᠲᠥᠭᠥᠷᠢᠭ᠎ᠢᠶᠠᠷ ᠭᠤᠪᠢᠭᠤᠯᠤᠨ ᠥᠭᠬᠦ᠎ᠳᠤ ᠳᠦᠬᠦᠮᠯᠡᠬᠦ᠎ᠶᠢ ᠨᠢ ᠳᠡᠮᠵᠢᠵᠦ᠂ ᠪᠡᠯᠡ ᠳᠣᠬᠢᠷᠠᠭᠤᠯᠬᠤ ᠢᠲᠡᠭᠡᠮᠵᠢ᠎ᠶᠢᠨ 13.07 ᠳ᠋ᠦᠩᠰᠢᠭᠤᠷ ᠲᠥᠭᠥᠷᠢᠭ᠎ᠢ ᠰᠢᠨ᠎ᠡ᠎ᠪᠡᠷ ᠨᠡᠮᠡᠭᠳᠡᠭᠦᠯᠵᠦ᠂ 28.2 ᠳ᠋ᠦᠩᠰᠢᠭᠤᠷ ᠲᠥᠭᠥᠷᠢᠭ᠎ᠦᠨ ᠡᠭᠦᠰᠦᠮᠡᠯ ᠨᠡᠷᠡᠳᠬᠦᠨ᠎ᠦ ᠲᠤᠬᠠᠢᠯᠠᠭᠰᠠᠨ ᠠᠵᠢᠯ᠎ᠤᠨ ᠭᠡᠷ᠎ᠡ ᠲᠣᠭᠲᠠᠵᠤ᠂ ᠭᠠᠳᠠᠭᠠᠳᠤ ᠭᠤᠪᠢᠭᠤᠯᠭ᠎ᠠ᠎ᠶᠢᠨ ᠢᠲᠡᠭᠡᠮᠵᠢ᠎ᠶᠢᠨ ᠲᠣᠭᠲᠠᠯᠴᠠᠭ᠎ᠠ᠎ᠶᠢ ᠪᠠᠶ᠋ᠢᠭᠤᠯᠬᠤ᠂ ᠦᠢᠯᠡᠴᠢᠯᠡᠭᠡᠨ᠎ᠦ ᠥᠨᠳᠥᠷ ᠬᠢᠷᠢ ᠲᠦᠪᠰᠢᠨ᠎ᠢᠶᠡᠷ ᠭᠠᠳᠠᠭ᠍ᠰᠢ ᠨᠡᠭᠡᠭᠡᠯᠲᠡ ᠬᠢᠬᠦ᠂ ᠲᠦᠭᠡᠮᠡᠯ ᠬᠠᠷᠠᠭᠠᠯᠵᠠᠯᠲᠤ ᠮᠥᠩᠭᠥᠨ ᠭᠦᠢᠯᠭᠡᠭᠡᠨ᠎ᠦ ᠰᠢᠨ᠎ᠡ ᠡᠭᠦᠳᠦᠯᠲᠡ᠎ᠶᠢ ᠳᠡᠮᠵᠢᠬᠦ᠂ ᠠᠷᠠᠯᠵᠢᠶᠠᠨ᠎ᠤ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠶᠢᠨ ᠳᠥᠭᠥᠮᠴᠢᠯᠡᠯᠲᠡ᠎ᠶᠢ ᠠᠬᠢᠭᠤᠯᠬᠤ ᠵᠡᠷᠭᠡ ᠲᠠᠯ᠎ᠠ᠎ᠪᠠᠷ ᠢᠳᠡᠪᠬᠢᠲᠡᠢ ᠦᠢᠯᠡᠳᠦᠯ ᠭᠠᠷᠭᠠᠪᠠ᠃ 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            