ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ ᠰᠤᠷᠭᠠᠭᠤᠯᠢ᠎ᠶᠢᠨ ᠬᠦᠷᠢᠶᠡᠨ᠎ᠳᠠᠬᠢ ᠬᠥᠯ ᠪᠥᠮᠪᠥᠭᠡᠨ᠎ᠦ ᠬᠥᠭᠵᠢᠯᠲᠡ᠎ᠶᠢ ᠠᠬᠢᠭᠤᠯᠬᠤ᠎ᠪᠠᠷ ᠠᠷᠪᠠᠨ ᠵᠦᠢᠯ᠎ᠦᠨ ᠠᠷᠭ᠎ᠠ ᠬᠡᠮᠵᠢᠶ᠎ᠡ ᠨᠡᠢᠲᠡᠯᠡᠵᠡᠢ
ᠨᠡᠶ᠋ᠢᠲᠡᠯᠡᠭᠰᠡᠨ ᠴᠠᠭ᠄ 2025-11-04

ᠲᠦᠷᠦᠭᠦᠬᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠪᠠ ᠪᠡᠶ᠎ᠡ᠎ᠶᠢᠨ ᠲᠠᠮᠢᠷ᠎ᠤᠨ ᠲᠣᠪᠴᠢᠶ᠎ᠠ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶᠢᠨ ᠬᠦᠷᠢᠶᠡᠨ᠎ᠳᠠᠬᠢ ᠬᠥᠯ ᠪᠥᠮᠪᠥᠭᠡᠨ᠎ᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠠᠷᠪᠠᠨ ᠵᠦᠢᠯ᠎ᠦᠨ ᠠᠷᠭ᠎ᠠ ᠬᠡᠮᠵᠢᠶ᠎ᠡ》᠎ᠶ᠋ᠢ ᠳᠠᠷᠤᠮᠠᠯᠯᠠᠨ ᠶᠠᠪᠤᠭᠤᠯᠵᠠᠢ᠂ ᠬᠥᠯ ᠪᠥᠮᠪᠥᠭᠡ᠎ᠪᠡᠷ ᠬᠥᠮᠥᠨ ᠬᠥᠮᠥᠵᠢᠭᠦᠯᠬᠦ ᠴᠢᠳᠠᠮᠵᠢ᠎ᠶᠢ ᠴᠢᠩᠭᠠᠳᠬᠠᠬᠤ᠂ ᠰᠤᠷᠭᠠᠭᠤᠯᠢ᠎ᠶᠢᠨ ᠬᠦᠷᠢᠶᠡᠨ᠎ᠳᠡᠬᠢ ᠬᠥᠯ ᠪᠥᠮᠪᠥᠭᠡᠨ᠎ᠦ ᠲᠦᠭᠡᠮᠡᠯᠵᠢᠯᠲᠡ᠎ᠶ᠋ᠢ ᠳᠡᠭᠡᠭ᠌ᠰᠢᠯᠡᠭᠦᠯᠬᠦ᠌᠎ᠶ᠋ᠢ ᠠᠬᠢᠭᠤᠯᠬᠤ᠂ ᠬᠥᠯ ᠪᠥᠮᠪᠥᠭᠡᠨ᠎ᠦ ᠬᠦᠷᠢᠶᠡᠨ᠎ᠳᠡᠬᠢ ᠪᠡᠶ᠎ᠡ᠎ᠶᠢᠨ ᠲᠠᠮᠢᠷ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠬᠦ ᠵᠡᠷᠭᠡ᠎ᠶᠢᠨ ᠲᠣᠭᠣᠷᠢᠨ᠎ᠳᠤ ᠠᠷᠪᠠᠨ ᠵᠦᠢᠯ᠎ᠦᠨ ᠠᠷᠭ᠎ᠠ ᠬᠡᠮᠵᠢᠶ᠎ᠡ ᠳᠤᠷᠠᠳᠴᠤ᠂ ᠪᠥᠬᠥ ᠣᠷᠣᠨ᠎ᠤ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶᠢᠨ ᠬᠦᠷᠢᠶᠡᠨ᠎ᠳᠡᠬᠢ ᠬᠥᠯ ᠪᠥᠮᠪᠥᠭᠡᠨ᠎ᠦ ᠴᠢᠨᠠᠷ ᠰᠠᠢᠲᠠᠢ ᠬᠥᠭᠵᠢᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ᠂ ᠰᠤᠷᠭᠠᠨ ᠬᠦᠮᠦᠵᠢᠯ᠎ᠦᠨ ᠬᠦᠴᠦᠷᠬᠡᠭ ᠣᠷᠣᠨ᠂ ᠪᠡᠶ᠎ᠡ᠎ᠶᠢᠨ ᠲᠠᠮᠢᠷ᠎ᠤᠨ ᠬᠦᠴᠦᠷᠬᠡᠭ ᠣᠷᠣᠨ᠎ᠤ ᠪᠦᠲᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠵᠡᠢ᠃

ᠠᠷᠭ᠎ᠠ ᠬᠡᠮᠵᠢᠶ᠎ᠡ᠎ᠳᠦ ᠱᠠᠭᠠᠷᠳᠠᠭᠰᠠᠨ᠎ᠢᠶᠡᠷ᠂ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ᠎ᠨᠤᠭᠤᠳ ᠬᠥᠯ ᠪᠥᠮᠪᠥᠭᠡᠨ᠎ᠦ ᠬᠥᠳᠡᠯᠭᠡᠭᠡᠨ᠎ᠢ ᠥᠷᠭᠡᠨ᠎ᠢᠶᠡᠷ ᠥᠷᠨᠢᠭᠦᠯᠵᠦ᠂ ᠪᠡᠶ᠎ᠡ᠎ᠶᠢᠨ ᠲᠠᠮᠢᠷ᠎ᠤᠨ ᠬᠢᠴᠢᠶᠡᠯ᠎ᠦᠨ ᠵᠢᠭᠠᠨ ᠰᠤᠷᠭᠠᠯᠲᠠ᠎ᠳᠠᠬᠢ ᠬᠥᠯ ᠪᠥᠮᠪᠥᠭᠡᠨ᠎ᠦ ᠲᠥᠷᠥᠯ ᠵᠦᠢᠯ᠎ᠦᠨ ᠡᠵᠡᠯᠡᠬᠦ ᠬᠠᠷᠢᠴᠠᠯ᠎ᠢ ᠳᠡᠭᠡᠭ᠌ᠰᠢᠯᠡᠭᠦᠯᠦᠨ᠎ᠡ᠃ ᠰᠤᠷᠭᠠᠭᠤᠯᠢ᠎ᠶᠢᠨ ᠬᠦᠷᠢᠶᠡᠨ᠎ᠳᠡᠬᠢ ᠬᠥᠯ ᠪᠥᠮᠪᠥᠭᠡᠨ᠎ᠦ ᠣᠨᠴᠠᠯᠢᠭ᠍ᠲᠤ ᠰᠤᠷᠭᠠᠭᠤᠯᠢ᠎ᠨᠤᠭᠤᠳ ᠠᠩᠭᠢ᠎ᠶᠢᠨ ᠬᠣᠯᠪᠣᠭᠠᠲᠤ ᠤᠷᠤᠯᠳᠤᠭᠠᠨ᠎ᠢᠶᠠᠷ ᠭᠣᠣᠯ ᠪᠣᠯᠭᠠᠵᠤ᠂ ᠰᠢᠨᠵᠢᠯᠡᠬᠦ ᠤᠬᠠᠭᠠᠨᠴᠢ ᠬᠢᠴᠢᠶᠡᠯ᠎ᠦᠨ ᠲᠣᠭ᠍ᠲᠠᠯᠴᠠᠭ᠎ᠠ᠎ᠶ᠋ᠢ ᠪᠠᠢᠭᠤᠯᠤᠨ᠎ᠠ᠃ ᠰᠤᠷᠭᠠᠭᠤᠯᠢ᠎ᠶᠢᠨ ᠬᠦᠷᠢᠶᠡᠨ᠎ᠳᠡᠬᠢ ᠬᠥᠯ ᠪᠥᠮᠪᠥᠭᠡᠨ᠎ᠦ ᠨᠠᠷᠠᠲᠤ ᠪᠠᠭ᠍ᠰᠢ᠎ᠶᠢᠨ ᠠᠵᠢᠯᠯᠠᠬᠤ ᠲᠠᠰᠤᠭ ᠪᠠᠢᠭᠤᠯᠬᠤ᠎ᠶ᠋ᠢ ᠵᠣᠷᠢᠭ᠍ᠵᠢᠭᠤᠯᠵᠤ᠂ ᠰᠤᠷᠭᠠᠭᠤᠯᠢ᠎ᠶᠢᠨ ᠬᠦᠷᠢᠶᠡᠨ᠎ᠳᠡᠬᠢ ᠬᠥᠯ ᠪᠥᠮᠪᠥᠭᠡᠨ᠎ᠦ ᠰᠣᠶᠣᠯ᠎ᠤᠨ ᠨᠠᠢᠷ ᠨᠠᠭᠠᠳᠤᠮ᠂ ᠤᠳᠬ᠎ᠠ ᠤᠷᠠᠯᠢᠭ᠋᠎ᠤᠨ ᠵᠣᠬᠢᠶᠠᠯ ᠪᠦᠲᠦᠭᠡᠯ ᠵᠡᠷᠭᠡ ᠣᠨᠴᠠᠯᠢᠭ᠍ᠲᠤ ᠠᠵᠢᠯᠯᠠᠭ᠎ᠠ ᠦᠷᠨᠢᠭᠦᠯᠦᠨ᠂ ᠭᠠᠵᠠᠷ ᠣᠷᠣᠨ ᠪᠠ ᠦᠨᠳᠦᠰᠦᠲᠡᠨ᠎ᠦ ᠣᠨᠴᠠᠯᠢᠭ᠋᠎ᠲᠠᠢ ᠰᠤᠷᠭᠠᠭᠤᠯᠢ᠎ᠶᠢᠨ ᠬᠦᠷᠢᠶᠡᠨ᠎ᠳᠡᠬᠢ ᠬᠥᠯ ᠪᠥᠮᠪᠥᠭᠡᠨ᠎ᠦ ᠰᠣᠶᠣᠯ᠎ᠤᠨ ᠨᠡᠷ᠎ᠡ᠎ᠶᠢᠨ ᠬᠠᠭᠤᠳᠠᠰᠤ᠎ᠶᠢ ᠪᠣᠶ ᠪᠣᠯᠭᠠᠨ᠎ᠠ᠃ 

ᠡᠨᠡ ᠬᠦ᠌ ᠠᠷᠭ᠎ᠠ ᠬᠡᠮᠵᠢᠶ᠎ᠡ ᠨᠢ ᠰᠤᠷᠭᠠᠭᠤᠯᠢ ᠬᠢᠭᠡᠳ ᠵᠠᠯᠠᠭᠤᠴᠤᠳ ᠪᠠᠭᠠᠴᠤᠳ᠎ᠤᠨ ᠪᠣᠯᠪᠠᠰᠤᠷᠠᠯ᠎ᠤᠨ ᠲᠥᠪ᠂ ᠲᠠᠮᠢᠷ᠎ᠤᠨ ᠰᠤᠷᠭᠠᠭᠤᠯᠢ ᠪᠠ ᠨᠡᠢᠭᠡᠮ᠎ᠦᠨ ᠵᠠᠯᠠᠭᠤᠴᠤᠳ ᠪᠠᠭᠠᠴᠤᠳ᠎ᠤᠨ ᠪᠣᠯᠪᠠᠰᠤᠷᠠᠯ᠎ᠤᠨ ᠪᠠᠢᠭᠤᠯᠤᠮᠵᠢ ᠯᠤᠭ᠎ᠠ ᠬᠠᠮᠲᠤ᠎ᠪᠠᠷ ᠱᠠᠲᠤᠯᠵᠢᠨ ᠪᠦᠲᠦᠴᠡ ᠲᠡᠢ ᠡᠩᠨᠡᠭᠡ ᠪᠠᠶ᠋ᠢᠭᠤᠯᠬᠤ᠎ᠶ᠋ᠢ ᠳᠡᠮᠵᠢᠵᠦ᠍᠂ 《ᠲᠥᠪᠯᠡᠷᠡᠭᠦᠯᠦᠨ ᠪᠣᠯᠪᠠᠰᠤᠷᠠᠭᠤᠯᠬᠤ + ᠰᠤᠷᠭᠠᠭᠤᠯᠢ᠎ᠶᠢᠨ ᠬᠦᠷᠢᠶ᠎ᠡ᠎ᠶ᠋ᠢ ᠨᠦᠯᠦᠭᠡᠯᠡᠨ ᠳᠠᠢᠴᠢᠯᠠᠬᠤ》᠎ᠶ᠋ᠢᠨ ᠲᠥᠪᠯᠡᠷᠡᠩᠭᠦᠢ ᠪᠠ ᠲᠠᠷᠠᠬᠠᠢ᠎ᠶ᠋ᠢ ᠤᠶᠠᠯᠳᠤᠭᠤᠯᠬᠤ ᠲᠣᠭᠲᠠᠴᠠ᠎ᠪᠠᠷ ᠳᠠᠮᠵᠢᠭᠤᠯᠤᠨ᠂ ᠰᠤᠷᠭᠠᠭᠤᠯᠢ᠎ᠶᠢᠨ ᠬᠦᠷᠢᠶᠡᠨ᠎ᠳᠡᠬᠢ ᠬᠥᠯ ᠪᠥᠮᠪᠥᠭᠡ᠎ᠶ᠋ᠢᠨ 《ᠣᠭᠲᠠᠷᠭᠤᠢ ᠳᠦᠭᠦᠷᠡᠩ ᠣᠳᠣᠳ ᠲᠦᠭᠡᠬᠦ᠌》 ᠮᠡᠲᠦ᠎ᠶ᠋ᠢᠨ ᠪᠣᠯᠪᠠᠰᠤᠷᠠᠯ᠎ᠤᠨ ᠬᠤᠸᠠᠷᠠᠨ᠂ ᠠᠵᠢᠯ ᠮᠡᠷᠭᠡᠵᠢᠯ᠎ᠦᠨ ᠺᠯᠦ᠋ᠪ᠎ᠦᠨ ᠵᠠᠯᠠᠭᠤᠴᠤᠳ ᠪᠠᠭᠠᠴᠤᠳ᠎ᠤᠨ ᠪᠣᠯᠪᠠᠰᠤᠷᠠᠯ᠎ᠤᠨ ᠲᠥᠪ᠂ ᠲᠤᠰᠬᠠᠢ ᠮᠡᠷᠭᠡᠵᠢᠯ᠎ᠦᠨ ᠲᠠᠮᠢᠷ᠎ᠤᠨ ᠰᠤᠷᠭᠠᠭᠤᠯᠢ᠎ᠶᠢᠨ ᠬᠣᠭᠣᠷᠣᠨᠳᠣᠬᠢ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠭᠰᠡᠨ ᠱᠠᠲᠤᠯᠵᠢᠨ ᠪᠦᠲᠦᠴᠡ ᠲᠡᠢ ᠡᠩᠨᠡᠭᠡᠨ᠎ᠦ ᠪᠠᠢᠭᠤᠯᠤᠯᠲᠠ᠎ᠶᠢᠨ ᠲᠣᠭ᠍ᠲᠠᠯᠴᠠᠭ᠎ᠠ᠎ᠶ᠋ᠢ ᠪᠠᠢᠭᠤᠯᠵᠤ᠂ ᠨᠢᠭᠡ ᠪᠦᠯᠦᠭ ᠥᠨᠳᠥᠷ ᠬᠢᠷᠢ ᠲᠦᠪᠰᠢᠨ ᠪᠦᠬᠦᠢ ᠰᠤᠷᠭᠠᠭᠤᠯᠢ᠎ᠶᠢᠨ ᠬᠦᠷᠢᠶᠡᠨ᠎ᠳᠡᠬᠢ ᠬᠥᠯ ᠪᠥᠮᠪᠥᠭᠡᠨ᠎ᠦ ᠠᠩᠭᠢ᠎ᠶᠢ ᠪᠤᠢ᠍ᠢᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠦᠨ ᠬᠥᠯ ᠪᠥᠮᠪᠥᠭᠡᠴᠢᠳ᠎ᠦᠨ ᠺᠯᠦ᠋ᠪ᠎ᠢ ᠡᠭᠦᠳᠦᠨ ᠪᠠᠢᠭᠤᠯᠵᠤ᠂ ᠵᠠᠯᠠᠭᠤᠴᠤᠳ ᠪᠠᠭᠠᠴᠤᠳ᠎ᠤᠨ ᠪᠣᠯᠪᠠᠰᠤᠷᠠᠯ᠎ᠤᠨ ᠲᠣᠭ᠍ᠲᠠᠯᠴᠠᠭ᠎ᠠ᠎ᠶ᠋ᠢ ᠲᠡᠭᠦᠯᠳᠡᠷᠵᠢᠭᠦᠯᠦᠨ᠎ᠡ ᠃ ᠬᠥᠯ ᠪᠥᠮᠪᠥᠭᠡᠨ᠎ᠦ ᠴᠢᠳᠠᠪᠤᠷᠢᠲᠠᠨ᠎ᠤ ᠪᠣᠶ᠋ᠢᠵᠢᠯᠲᠠ᠎ᠶᠢᠨ ᠵᠠᠮ᠎ᠢ ᠱᠢᠯᠦᠭᠤᠳᠭᠠᠵᠤ᠂ ᠰᠤᠷᠭᠠᠭᠤᠯᠢ᠎ᠶᠢᠨ ᠬᠦᠷᠢᠶᠡᠨ᠎ᠳᠡᠬᠢ ᠬᠥᠯ ᠪᠥᠮᠪᠥᠭᠡᠨ᠎ᠦ ᠣᠨᠴᠠᠯᠢᠭ᠍ᠲᠤ ᠰᠤᠷᠭᠠᠭᠤᠯᠢ᠂ ᠰᠢᠨ᠎ᠡ ᠬᠡᠯᠪᠡᠷᠢ᠎ᠶᠢᠨ ᠬᠥᠯ ᠪᠥᠮᠪᠥᠭᠡᠴᠢᠳ᠎ᠦᠨ ᠰᠤᠷᠭᠠᠭᠤᠯᠢ᠂ ᠬᠥᠯ ᠪᠥᠮᠪᠥᠭᠡᠴᠢᠳ᠎ᠦᠨ ᠳᠡᠭᠡᠳᠦ ᠰᠤᠷᠭᠠᠭᠤᠯᠢ ᠵᠡᠷᠭᠡ ᠬᠥᠮᠥᠵᠢᠭᠦᠯᠬᠦ ᠵᠠᠮ᠎ᠢ ᠵᠣᠯᠭᠠᠭᠤᠯᠤᠨ ᠨᠡᠪᠲᠡᠷᠡᠭᠦᠯᠬᠦ᠎ᠶᠢ ᠪᠡᠶᠡᠯᠡᠭᠦᠯᠵᠦ᠂ ᠬᠥᠯ ᠪᠥᠮᠪᠥᠭᠡᠨ᠎ᠦ ᠴᠢᠳᠠᠪᠤᠷᠢᠲᠠᠨ᠎ᠤ ᠪᠣᠶ᠋ᠢᠵᠢᠯᠲᠠ᠎ᠶᠢᠨ 《ᠵᠥᠷᠢᠯᠢᠭ ᠬᠥᠭᠥᠷᠭᠡ》᠎ᠶᠢ ᠪᠠᠢᠭᠤᠯᠤᠨ᠂ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡᠨ᠎ᠦ ᠴᠢᠳᠠᠪᠤᠷᠢᠲᠠᠨ᠎ᠢ ᠬᠥᠮᠥᠵᠢᠭᠦᠯᠬᠦ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ᠃ ᠡᠭᠦᠨ᠎ᠦ ᠬᠠᠮᠲᠤ 《ᠪᠠᠭ᠎ᠠ ᠰᠤᠷᠭᠠᠭᠤᠯᠢ — ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ — ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ — ᠶᠡᠬᠡ ᠰᠤᠷᠭᠠᠭᠤᠯᠢ》 ᠵᠢᠴᠢ 《ᠰᠤᠷᠭᠠᠭᠤᠯᠢ᠎ᠶᠢᠨ ᠵᠠᠬᠢᠷᠤᠯ᠎ᠤᠨ ᠬᠤᠨᠳᠠᠭᠠᠲᠤ — ᠬᠣᠰᠢᠭᠤ ᠰᠢᠶᠠᠨ᠎ᠤ ᠳᠠᠷᠤᠭ᠎ᠠ᠎ᠶ᠋ᠢᠨ ᠬᠤᠨᠳᠠᠭᠠᠲᠤ — ᠠᠢᠮᠠᠭ ᠬᠣᠲᠠ᠎ᠶᠢᠨ ᠳᠠᠷᠤᠭ᠎ᠠ᠎ᠶ᠋ᠢᠨ ᠬᠤᠨᠳᠠᠭᠠᠲᠤ — ᠲᠡᠷᠢᠭᠦᠯᠡᠭᠴᠢ᠎ᠶ᠋ᠢᠨ ᠬᠤᠨᠳᠠᠭᠠᠲᠤ》 ᠵᠡᠷᠭᠡ ᠬᠣᠣᠰ ᠳᠥᠷᠪᠡᠨ ᠳᠡᠰ᠎ᠦᠨ ᠰᠤᠷᠭᠠᠭᠤᠯᠢ᠎ᠶᠢᠨ ᠬᠦᠷᠢᠶᠡᠨ᠎ᠳᠡᠬᠢ ᠬᠥᠯ ᠪᠥᠮᠪᠥᠭᠡᠨ᠎ᠦ ᠤᠷᠤᠯᠳᠤᠭᠠᠨ᠎ᠤ ᠲᠣᠭ᠍ᠲᠠᠯᠴᠠᠭ᠎ᠠ᠎ᠶ᠋ᠢ ᠲᠡᠭᠦᠯᠳᠡᠷᠵᠢᠭᠦᠯᠵᠦ᠂ ᠰᠤᠷᠭᠠᠭᠤᠯᠢ᠎ᠶᠢᠨ ᠬᠦᠷᠢᠶᠡᠨ᠎ᠳᠡᠬᠢ ᠬᠥᠯ ᠪᠥᠮᠪᠥᠭᠡᠨ᠎ᠦ ᠨᠠᠷᠠᠲᠤ ᠲᠡᠮᠳᠡᠭ᠌ᠲᠦ ᠤᠷᠤᠯᠳᠤᠭᠠᠨ᠎ᠤ ᠠᠵᠢᠯᠯᠠᠭ᠎ᠠ᠎ᠶᠢ ᠰᠢᠯᠢᠳᠡᠭᠵᠢᠭᠦᠯᠦᠨ᠂ ᠣᠷᠣᠨ ᠪᠦᠰᠡ᠎ᠶᠢᠨ ᠰᠣᠯᠢᠯᠴᠠᠭ᠎ᠠ ᠬᠠᠮᠲᠤᠷᠠᠯᠴᠠᠭ᠎ᠠ᠎ᠶᠢ ᠠᠬᠢᠭᠤᠯᠤᠨ᠎ᠠ᠃ 

ᠪᠠᠭ᠍ᠰᠢ᠎ᠶᠢᠨ ᠡᠩᠨᠡᠭᠡᠨ᠎ᠦ ᠪᠠᠢᠭᠤᠯᠤᠯᠲᠠ᠎ᠶᠢᠨ ᠲᠠᠯ᠎ᠠ᠎ᠪᠠᠷ᠂ ᠠᠷᠭ᠎ᠠ ᠬᠡᠮᠵᠢᠶ᠎ᠡ᠎ᠳᠦ ᠳᠣᠣᠷᠠᠬᠢ ᠮᠡᠲᠦ ᠱᠠᠭᠠᠷᠳᠠᠯᠭ᠎ᠠ ᠳᠤᠷᠠᠳᠪᠠ᠂ ᠡᠯ᠎ᠡ ᠭᠠᠵᠠᠷ ᠡᠯ᠎ᠡ ᠰᠤᠷᠭᠠᠭᠤᠯᠢ᠎ᠶᠢᠨ ᠬᠢᠨ ᠪᠡᠶ᠎ᠡ᠎ᠶᠢᠨ ᠲᠠᠮᠢᠷ᠎ᠤᠨ ᠪᠠᠭ᠍ᠰᠢ ᠪᠠ ᠰᠤᠷᠭᠠᠭ᠍ᠴᠢ᠎ᠶ᠋ᠢᠨ ᠠᠵᠢᠯ᠎ᠤᠨ ᠪᠠᠢᠷᠢ᠎ᠶᠢᠨ ᠲᠣᠬᠢᠷᠠᠭᠤᠯᠤᠯᠲᠠ᠎ᠶ᠋ᠢ ᠨᠢᠭᠡᠳᠦᠯᠲᠡᠢ ᠲᠥᠯᠥᠪᠯᠡᠵᠦ᠂ ᠬᠠᠯᠠᠭ᠍ᠳᠠᠭ᠍ᠰᠠᠨ ᠰᠢᠯᠢᠳᠡᠭ ᠲᠠᠮᠢᠷᠴᠢᠨ᠎ᠢ ᠣᠷᠢᠨ ᠡᠯᠰᠡᠵᠦ᠍ ᠬᠥᠯ ᠪᠥᠮᠪᠥᠭᠡᠨ᠎ᠦ ᠵᠢᠭᠠᠨ ᠰᠤᠷᠭᠠᠯᠲᠠ ᠪᠠ ᠪᠣᠯᠪᠠᠰᠤᠷᠠᠯ ᠥᠷᠨᠢᠭᠦᠯᠵᠦ᠂ ᠣᠯᠠᠨ ᠤᠯᠤᠰ᠎ᠤᠨ ᠠᠪᠤᠷᠭᠤ ᠲᠠᠮᠢᠷᠴᠢᠨ᠂ ᠤᠯᠤᠰ᠎ᠤᠨ ᠠᠪᠤᠷᠭᠤ ᠲᠠᠮᠢᠷᠴᠢᠨ ᠵᠡᠷᠭᠡ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠳᠤ ᠰᠠᠭᠠᠳ ᠦᠭᠡᠢ ᠨᠡᠪᠲᠡᠷᠡᠬᠦ ᠵᠠᠮ᠎ᠢ ᠡᠭᠦᠳᠦᠨ ᠪᠠᠶ᠋ᠢᠭᠤᠯᠬᠤ᠎ᠪᠡᠷ ᠬᠠᠢᠨ ᠰᠦᠪᠡᠭ᠌ᠴᠢᠯᠡᠨ᠎ᠡ᠃ ᠲᠤᠰᠬᠠᠢ ᠪᠠ ᠲᠤᠰᠢᠶᠠᠯ ᠬᠠᠪᠰᠤᠷᠭᠠᠭ᠍ᠰᠠᠨ ᠰᠤᠷᠭᠠᠭ᠍ᠴᠢ᠎ᠶ᠋ᠢᠨ ᠠᠵᠢᠯ᠎ᠤᠨ ᠪᠠᠢᠷᠢ ᠲᠣᠬᠢᠷᠠᠭᠤᠯᠬᠤ᠂ ᠪᠡᠶ᠎ᠡ᠎ᠶᠢᠨ ᠲᠠᠮᠢᠷ᠎ᠤᠨ ᠲᠤᠰᠬᠠᠢ ᠮᠡᠷᠭᠡᠵᠢᠯ᠎ᠦᠨ ᠣᠶᠤᠲᠠᠳ᠎ᠤᠨ ᠳᠠᠳᠤᠯᠭ᠎ᠠ ᠬᠢᠵᠦ ᠰᠤᠷᠭᠠᠨ ᠬᠥᠮᠦᠵᠢᠯ᠎ᠢ ᠳᠡᠮᠵᠢᠬᠦ᠂ ᠨᠡᠢᠭᠡᠮᠴᠢᠯᠡᠭᠰᠡᠨ ᠦᠢᠯᠡᠴᠢᠯᠡᠭᠡ ᠬᠤᠳᠠᠯᠳᠤᠨ ᠠᠪᠬᠤ᠂ ᠲᠤᠰᠬᠠᠢ ᠮᠡᠷᠭᠡᠵᠢᠯ᠎ᠦᠨ ᠪᠠᠢᠭᠤᠯᠤᠮᠵᠢ ᠯᠤᠭ᠎ᠠ ᠬᠠᠮᠲᠤᠷᠠᠯᠴᠠᠨ ᠠᠵᠢᠯᠯᠠᠬᠤ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ ᠬᠥᠯ ᠪᠥᠮᠪᠥᠭᠡᠨ᠎ᠦ ᠪᠠᠭ᠍ᠰᠢ᠎ᠶᠢᠨ ᠡᠩᠨᠡᠭᠡᠨ᠎ᠦ ᠬᠦᠴᠦᠨ᠎ᠢ ᠨᠥᠬᠥᠪᠦᠷᠢᠯᠡᠵᠦ᠂ ᠭᠤᠷᠪᠠᠨ ᠵᠢᠯ᠎ᠦᠨ ᠳᠣᠲᠣᠷ᠎ᠠ ᠣᠨᠴᠠᠯᠢᠭ᠍ᠲᠤ ᠰᠤᠷᠭᠠᠭᠤᠯᠢ ᠪᠦᠬᠦᠨ᠎ᠳᠦ ᠳᠤᠮᠳᠠᠳᠤ ᠤᠯᠤᠰ᠎ᠤᠨ ᠬᠥᠯ ᠪᠥᠮᠪᠥᠭᠡᠴᠢᠳ᠎ᠦᠨ ᠨᠡᠢᠭᠡᠮᠯᠢᠭ᠎ᠦᠨ D ᠲᠠᠰ᠎ᠤᠨ ᠰᠤᠷᠭᠠᠭ᠍ᠴᠢ᠎ᠶᠢ ᠨᠠᠭᠠᠲᠤ ᠵᠠᠬ᠎ᠠ᠎ᠳᠤ᠎ᠪᠠᠨ 1 ᠲᠣᠬᠢᠷᠠᠭᠤᠯᠬᠤ᠎ᠶᠢ ᠪᠡᠶᠡᠯᠡᠭᠦᠯᠬᠦ᠎ᠪᠡᠷ ᠴᠢᠷᠮᠠᠢᠬᠤ ᠪᠣᠯᠣᠨ᠎ᠠ᠃ 

ᠨᠥᠬᠥᠴᠡᠯ᠎ᠦᠨ ᠪᠠᠲᠤᠯᠠᠭ᠎ᠠ᠎ᠶᠢᠨ ᠲᠠᠯ᠎ᠠ᠎ᠪᠠᠷ᠂ ᠠᠷᠭ᠎ᠠ ᠬᠡᠮᠵᠢᠶ᠎ᠡ᠎ᠳᠦ ᠡᠯ᠎ᠡ ᠠᠢᠮᠠᠭ ᠬᠣᠲᠠ᠂ ᠬᠣᠰᠢᠭᠤ ᠰᠢᠶᠠᠨ᠎ᠤ ᠰᠤᠷᠭᠠᠨ ᠬᠥᠮᠦᠵᠢᠯ᠂ ᠪᠡᠶ᠎ᠡ᠎ᠶᠢᠨ ᠲᠠᠮᠢᠷ᠎ᠤᠨ ᠰᠠᠯᠠᠭ᠎ᠠ ᠮᠥᠴᠢᠷ᠎ᠦᠳ ᠰᠤᠷᠭᠠᠭᠤᠯᠢ᠎ᠶᠢᠨ ᠬᠦᠷᠢᠶᠡᠨ᠎ᠳᠡᠬᠢ ᠬᠥᠯ ᠪᠥᠮᠪᠥᠭᠡᠨ᠎ᠦ ᠲᠠᠯ᠎ᠠ᠎ᠪᠠᠷ ᠬᠢ ᠵᠠᠷᠤᠳᠠᠯ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠨᠡᠢᠭᠡᠮ᠎ᠦᠨ ᠬᠦᠴᠦᠨ᠎ᠢ ᠵᠣᠷᠢᠭ᠍ᠵᠢᠭᠤᠯᠤᠨ ᠳᠡᠮᠵᠢᠵᠦ᠍ ᠪᠠᠢᠭᠠᠳ ᠣᠯᠠᠨ ᠵᠦᠢᠯ᠎ᠦᠨ ᠬᠡᠯᠪᠡᠷᠢ᠎ᠪᠡᠷ ᠰᠤᠷᠭᠠᠭᠤᠯᠢ᠎ᠶᠢᠨ ᠬᠦᠷᠢᠶᠡᠨ᠎ᠳᠡᠬᠢ ᠬᠥᠯ ᠪᠥᠮᠪᠥᠭᠡᠨ᠎ᠦ ᠬᠥᠭᠵᠢᠯᠲᠡ᠎ᠳᠦ ᠬᠦᠴᠦᠨ ᠨᠡᠮᠡᠷᠢᠯᠡᠭᠦᠯᠦᠨ᠎ᠡ᠃ ᠡᠭᠦᠨ᠎ᠦ ᠬᠠᠮᠲᠤ᠂ ᠬᠥᠯ ᠪᠥᠮᠪᠥᠭᠡᠨ᠎ᠦ ᠲᠠᠯᠠᠪᠠᠢ᠎ᠶ᠋ᠢ ᠪᠠᠭ᠎ᠠ ᠬᠡᠯᠪᠡᠷᠢᠵᠢᠭᠦᠯᠬᠦ᠂ ᠣᠯᠠᠨ ᠶᠠᠩᠵᠤᠴᠢᠯᠠᠬᠤ ᠪᠠ ᠬᠠᠮᠲᠤ᠎ᠪᠠᠷ ᠬᠡᠷᠡᠭᠯᠡᠬᠦ ᠠᠷᠭ᠎ᠠ ᠮᠠᠶᠢᠭ᠋᠎ᠢ ᠰᠦᠪᠡᠭᠴᠢᠯᠡᠵᠦ᠂ ᠰᠤᠷᠭᠠᠭᠤᠯᠢ᠎ᠶᠢᠨ ᠬᠦᠷᠢᠶᠡᠨ᠎ᠳᠡᠬᠢ ᠬᠥᠯ ᠪᠥᠮᠪᠥᠭᠡᠨ᠎ᠦ ᠲᠠᠯᠠᠪᠠᠢ᠎ᠶ᠋ᠢᠨ ᠪᠦᠲᠦᠭᠡᠨ ᠪᠠᠢᠭᠤᠯᠤᠯᠲᠠ᠎ᠶᠢᠨ ᠲᠣᠭ᠎ᠠ ᠬᠡᠮᠵᠢᠶ᠎ᠡ᠎ᠶᠢ ᠲᠣᠭᠲᠠᠭᠤᠨ᠎ᠢᠶᠠᠷ ᠨᠡᠮᠡᠭ᠌ᠳᠡᠭᠦᠯᠦᠨ᠎ᠡ ᠭᠡᠵᠦ ᠲᠣᠳᠣᠷᠬᠠᠢ ᠲᠣᠭᠲᠠᠭᠠᠪᠠ᠃ 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            