ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠪᠠ   ᠸᠠᠩ ᠸᠧᠶ ᠵᠥᠩ ᠬᠤᠷᠠᠯ᠎ᠢ ᠡᠷᠭᠢᠯᠡᠪᠡ
ᠨᠡᠶ᠋ᠢᠲᠡᠯᠡᠭᠰᠡᠨ ᠴᠠᠭ᠄ 2025-11-22

11 ᠰᠠᠷ᠎ᠠ᠎ᠶ᠋ᠢᠨ 21᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠬᠣᠷᠢᠢ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠪᠡ᠃

ᠬᠤᠷᠠᠯ᠎ᠡᠴᠡ᠂ ᠶᠡᠷᠦᠩᠬᠡᠶ ᠱᠦᠵᠢ ᠰᠢ᠎ᠵᠢᠨ᠎ᠫᠢᠩ᠎ᠦᠨ ᠪᠥᠬᠥ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠪᠥᠬᠥ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠬᠠᠤᠯᠢ᠎ᠪᠠᠷ ᠵᠠᠰᠠᠬᠤ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠳᠦ ᠬᠠᠤᠯᠢ᠎ᠪᠠᠷ ᠵᠠᠰᠠᠬᠤ ᠬᠦᠴᠦᠳᠤ ᠪᠠᠲᠤᠯᠠᠭ᠎ᠠ ᠬᠠᠩᠭᠠᠬᠤ ᠬᠡᠷᠡᠭ᠌ᠲᠡᠶ᠃ ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠦᠶ᠋ᠯᠡᠳᠦᠯᠭᠡᠵᠢᠭᠦᠯᠵᠦ᠍᠂ 《ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠰᠤᠩᠭᠤᠮᠠᠯ ᠵᠣᠬᠢᠶᠠᠯ》᠎ᠦᠨ ᠨᠢᠭᠡᠳᠦᠭᠡᠷ ᠪᠣᠲᠢ᠂ 《ᠰᠢ᠎ᠵᠢᠨ᠎ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢᠨ ᠰᠤᠷᠤᠯᠴᠠᠯᠭ᠎ᠠ᠎ᠶᠢᠨ ᠬᠥᠲᠥᠯᠪᠦᠷᠢ (2025 ᠣᠨ᠎ᠤ ᠬᠡᠪᠯᠡᠯ)》᠎ᠶᠢ ᠨᠠᠷᠢᠨ ᠬᠢᠨᠠᠮᠠᠭᠠᠶ ᠰᠤᠷᠤᠯᠴᠠᠵᠤ᠂ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠤ ᠵᠣᠷᠢᠭ ᠰᠠᠨᠠᠭᠠᠨ᠎ᠤ ᠮᠥᠨ ᠴᠢᠨᠠᠷ᠂ ᠭᠤᠤᠯ ᠠᠭᠤᠯᠭ᠎ᠠ ᠪᠣᠯᠤᠨ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠨᠢ ᠭᠦᠨᠵᠡᠭᠡᠶ ᠰᠤᠷᠤᠯᠴᠠᠨ ᠨᠠᠷᠢᠯᠢᠭ ᠣᠢᠯᠠᠭᠠᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠠᠵᠢᠯ᠎ᠤᠨ ᠦᠷ᠎ᠡ ᠪᠦᠲᠦᠮᠵᠢ᠎ᠲᠡᠭᠡᠷ᠎ᠡ᠎ᠪᠡᠨ ᠦᠨᠡᠨ ᠬᠦ᠌ ᠢᠯᠡᠷᠡᠭᠦᠯᠬᠦ᠌ ᠬᠡᠷᠡᠭ᠌ᠲᠡᠶ᠃ 《ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠡᠬᠢ ᠦᠪᠠᠷᠳᠡᠭᠡᠨ ᠵᠠᠰᠠᠬᠤ ᠤᠷᠤᠨ᠎ᠢᠶᠠᠨ ᠪᠦᠬᠦ᠌ ᠲᠠᠯ᠎ᠠ᠎ᠪᠠᠷ ᠬᠠᠤᠯᠢ᠎ᠪᠠᠷ ᠵᠠᠰᠠᠬᠤ ᠡᠯ᠎ᠡ ᠵᠦᠢᠯ᠎ᠦᠨ ᠡᠭᠦᠷᠭᠡ ᠠᠷᠭ᠎ᠠ ᠬᠡᠮᠵᠢᠶ᠎ᠡ᠎ᠶ᠋ᠢ ᠨᠠᠷᠢᠨ ᠬᠢᠨᠠᠮᠠᠭᠠᠶ ᠤᠬᠠᠭᠠᠯᠠᠨ ᠲᠦᠯᠦᠪᠯᠡᠵᠦ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠬᠠᠤᠯᠢ᠎ᠶ᠋ᠢ ᠴᠢᠩᠭ᠎ᠠ ᠬᠡᠷᠡᠭ᠌ᠵᠢᠭᠦᠯᠬᠦ᠌᠂ ᠲᠥᠪ ᠭᠣᠣᠯᠴᠢ᠎ᠪᠠᠷ ᠬᠠᠤᠯᠢ ᠪᠠᠷᠢᠬᠤ᠂ ᠪᠦᠬᠦ᠌ ᠠᠷᠠᠳ᠎ᠢᠶᠠᠷ᠎ᠢᠶᠠᠨ ᠬᠠᠤᠯᠢ᠎ᠶ᠋ᠢ ᠰᠠᠬᠢᠬᠤ᠎ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭ᠌ᠲᠡᠶ᠃ ᠬᠠᠤᠯᠢ᠎ᠪᠠᠷ ᠵᠠᠰᠠᠬᠤ ᠬᠦᠷᠢᠶᠡᠨ᠎ᠦ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠱᠢᠨ᠎ᠡ᠎ᠶ᠋ᠢ ᠡᠭᠦᠳᠬᠦ᠌ ᠰᠡᠳᠭᠢᠬᠦᠢ᠎ᠪᠡᠷ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠬᠦᠷᠢᠶᠡᠨ᠎ᠳᠡᠬᠢ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠬᠠᠤᠯᠢ᠎ᠪᠠᠷ ᠵᠠᠰᠠᠬᠤ ᠠᠷᠭ᠎ᠠ ᠬᠡᠯᠪᠡᠷᠢ᠎ᠪᠡᠷ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠰᠠᠢᠵᠢᠷᠠᠭᠤᠯᠵᠤ᠂ ᠠᠶᠤᠯ ᠲᠦᠭ᠌ᠰᠢᠭᠦᠷᠢ ᠵᠥᠷᠢᠴᠡᠯ᠎ᠢ ᠠᠷᠢᠯᠭᠠᠨ ᠱᠢᠢᠳᠪᠦᠷᠢᠯᠡᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠨᠡᠩ ᠰᠠᠢᠲᠤᠷ ᠬᠠᠮᠠᠭᠠᠯᠠᠬᠤ ᠬᠡᠷᠡᠭ᠌ᠲᠡᠢ᠃ ᠨᠠᠮ᠎ᠡᠴᠡ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠤᠳᠤᠷᠢᠳᠭᠤ ᠠᠵᠢᠯ᠎ᠤᠨ ᠲᠦᠷᠢᠮ ᠪᠠ ᠲᠣᠭ᠍ᠲᠠᠴᠠ᠎ᠶ᠋ᠢ ᠪᠦᠷᠢᠨᠱᠢᠬᠦᠯᠵᠤ᠂ ᠡᠯ᠎ᠡ ᠱᠠᠲᠤᠨ᠎ᠤ ᠨᠠᠮ᠎ᠤᠨ ᠬᠣᠷᠢᠢ᠎ᠠ (ᠨᠠᠮ᠎ᠤᠨ ᠤᠳᠤᠷᠢᠳᠭᠤ ᠳᠤᠭᠤᠢᠯᠠᠩ)᠎ᠶᠢᠨ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠤᠳᠤᠷᠢᠳᠭᠤ ᠺᠠᠳ᠋ᠷ ᠲᠦᠷᠦᠭᠦᠯᠡᠨ ᠬᠠᠤᠯᠢ᠎ᠪᠠᠷ ᠵᠠᠰᠠᠬᠤ ᠵᠢ ᠴᠢᠩᠭ᠎ᠠ ᠬᠡᠷᠡᠭ᠌ᠵᠢᠭᠦᠯᠵᠦ᠍᠂ ᠬᠠᠤᠯᠢ ᠲᠣᠭ᠍ᠲᠠᠭᠠᠯ ᠶᠣᠰᠣᠭᠠᠷ ᠠᠵᠢᠯᠯᠠᠬᠤ᠎ᠶ᠋ᠢ ᠱᠠᠯᠠᠪᠳᠠᠭᠤᠯᠤᠨ ᠵᠢᠯᠣᠭᠣᠳᠴᠤ᠌᠂ ᠬᠠᠤᠯᠢ᠎ᠪᠠᠷ ᠵᠠᠰᠠᠬᠤ ᠬᠦᠷᠢᠶᠡᠨ᠎ᠦ ᠴᠢᠬᠤᠯᠠ ᠶᠡᠬᠡ ᠪᠠᠢᠷᠢᠯᠠᠭᠤᠯᠤᠯᠲᠠ᠂ ᠴᠢᠬᠤᠯᠠ ᠡᠭᠦᠷᠭᠡ᠂ ᠭᠣᠣᠯᠳᠠᠯᠭ᠎ᠠ᠎ᠲᠠᠶ ᠠᠵᠢᠯ᠎ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠦᠬᠦ᠌ ᠬᠦᠴᠦᠨ᠎ᠢᠶᠡᠷ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ ᠶᠡᠷᠦᠩᠬᠡᠢ ᠱᠦᠵᠢ ᠰᠢ᠎ᠵᠢᠨ᠎ᠫᠢᠩ᠎ᠤᠨ ᠬ᠍ᠤ ᠶᠣᠣ ᠪᠠᠩ ᠨᠥᠬᠥᠷ᠎ᠦᠨ ᠮᠡᠨᠳᠦᠯᠡᠭᠰᠡᠨ 110 ᠵᠢᠯ᠎ᠦᠨ ᠣᠶ᠎ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶᠢ ᠤᠯᠠᠮᠵᠢᠯᠠᠨ ᠰᠤᠷᠤᠯᠴᠠᠵᠤ᠂ ᠬ᠍ᠤ ᠶᠣᠣ ᠪᠠᠩ ᠨᠥᠬᠥᠷ᠎ᠦᠨ ᠡᠷᠬᠢᠮ ᠳᠡᠭᠡᠳᠦ ᠵᠣᠷᠢᠭ᠋ ᠰᠠᠨᠠᠭᠠᠨ᠎ᠤ ᠬᠡᠪ ᠨᠠᠮᠪᠠ ᠪᠠ ᠰᠢᠯᠢᠳᠡᠭ ᠰᠤᠷᠲᠠᠯ᠎ᠢ ᠰᠤᠷᠤᠯᠴᠠᠵᠤ᠂ ᠠᠬᠠᠮᠠᠳ ᠨᠢᠭᠡ ᠦᠶ᠎ᠡ᠎ᠶᠢᠨ ᠬᠤᠪᠢᠰᠬᠠᠯᠴᠢᠳ᠎ᠤᠨ ᠡᠷᠬᠢᠮ ᠨᠠᠨᠳᠢᠨ ᠤᠶᠤᠨ ᠰᠠᠨᠠᠭᠠᠨ᠎ᠤ ᠡᠳ᠋ ᠪᠠᠶᠠᠯᠢᠭ᠋᠎ᠢ ᠵᠠᠯᠭᠠᠮᠵᠢᠯᠠᠨ ᠪᠠᠳᠠᠷᠠᠭᠤᠯᠵᠤ᠂ ᠤᠭ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠴᠢᠩ ᠵᠤᠷᠢᠭ ᠬᠤᠪᠢᠷᠠᠰᠢ ᠦᠭᠡᠢ᠎ᠪᠠᠷ ᠨᠠᠮ ᠪᠠ ᠠᠷᠠᠳ ᠲᠦᠮᠡᠨ᠎ᠦ ᠡᠷᠬᠢᠮ ᠳᠡᠭᠡᠳᠦ ᠦᠢᠯᠡᠰ᠎ᠦᠨ ᠲᠥᠯᠥᠭᠡ ᠲᠡᠮᠡᠴᠡᠬᠦ ᠬᠡᠷᠡᠭᠲᠡᠢ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠰᠢᠨ᠎ᠡ ᠠᠶᠠᠨ᠎ᠳᠤ᠂ 《ᠬᠣᠶᠠᠷ᠎ᠢ ᠲᠣᠭᠲᠠᠭᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠵᠦ᠂ ᠢᠮᠠᠭᠲᠠ ᠶᠡᠷᠦᠩᠬᠡᠢ ᠱᠦᠵᠢ ᠰᠢ᠎ᠵᠢᠨ᠎ᠫᠢᠩ᠎ᠤᠨ ᠵᠢᠭᠠᠭᠰᠠᠨ ᠴᠢᠭᠯᠡᠯ᠎ᠢ ᠳᠠᠭᠠᠵᠤ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠶᠡᠬᠡ᠎ᠪᠠᠷ ᠪᠠᠳᠠᠷᠠᠭᠤᠯᠵᠤ᠂ ᠴᠤᠴᠠᠯᠲᠠ ᠦᠭᠡᠢ ᠤᠷᠤᠭᠰᠢᠯᠠᠬᠤ ᠳᠦᠷᠢ ᠪᠠᠢᠳᠠᠯ᠎ᠢᠶᠠᠷ ᠥᠪᠥᠷ ᠮᠣᠩᠭᠣᠯ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠯᠠᠪᠳᠠᠭᠤᠨ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠪᠠ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠦᠲᠦᠭᠡᠨ ᠪᠠᠶ᠋ᠢᠭᠤᠯᠬᠤ ᠲᠠᠯ᠎ᠠ᠎ᠪᠠᠷ ᠨᠡᠩ ᠶᠡᠬᠡ ᠵᠢᠳᠬᠦᠯ ᠴᠢᠷᠮᠠᠢᠯᠭ᠎ᠠ ᠭᠠᠷᠭᠠᠬᠤ᠎ᠪᠠᠷ ᠴᠢᠷᠮᠠᠢᠬᠤ ᠬᠡᠷᠡᠭᠳᠡᠢ ᠭᠡᠵᠦ ᠴᠢᠬᠤᠯᠠᠴᠢᠯᠠᠪᠠ᠃

ᠬᠤᠷᠠᠯ᠎ᠡᠴᠡ 《ᠦᠨᠡᠨ》 ᠰᠡᠳᠬᠦᠯ᠎ᠦᠨ ᠨᠡᠢᠲᠡᠯᠡᠭᠰᠡᠨ ᠶᠡᠷᠦᠩᠬᠡᠢ ᠱᠦᠵᠢ ᠰᠢ᠎ᠵᠢᠨ᠎ᠫᠢᠩ᠎ᠤᠨ 《ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠳᠡᠢ》 ᠭᠡᠬᠦ ᠴᠢᠬᠤᠯᠠ ᠵᠣᠬᠢᠶᠠᠯ᠎ᠢ ᠤᠯᠠᠮᠵᠢᠯᠠᠨ ᠰᠤᠷᠤᠯᠴᠠᠵᠤ᠂ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠭᠤᠯᠤᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠠᠢᠲᠤᠷ ᠠᠳᠬᠤᠬᠤ ᠬᠡᠷᠡᠭᠲᠡᠢ᠃ ᠲᠤᠬᠠᠢ᠎ᠶᠢᠨ ᠭᠠᠵᠠᠷ᠎ᠤᠨ ᠡᠬᠢ ᠪᠠᠶᠠᠯᠢᠭ᠋᠎ᠤᠨ ᠲᠠᠪᠠᠭᠤᠯᠢᠭ ᠪᠠ ᠠᠵᠤ ᠦᠢᠯᠡᠰ᠎ᠦᠨ ᠰᠠᠭᠤᠷᠢ᠎ᠳᠤ ᠰᠠᠭᠤᠷᠢᠯᠠᠵᠤ᠂ ᠰᠠᠢᠨ᠎ᠢᠶᠡᠨ ᠪᠠᠳᠠᠷᠠᠭᠤᠯᠵᠤ ᠰᠢᠭᠠᠷᠤ᠎ᠪᠠᠨ ᠲᠠᠶᠠᠬᠳᠠᠨ᠂ ᠰᠢᠯᠢᠳᠡᠭ᠎ᠢ ᠪᠣᠢᠵᠢᠭᠤᠯᠤᠨ ᠦᠷ᠎ᠡ ᠠᠰᠢᠭ᠋᠎ᠢ ᠨᠡᠮᠡᠭᠳᠡᠭᠦᠯᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠪᠠᠢᠭᠤᠯᠤᠯ ᠲᠣᠭᠲᠡᠴᠡ᠎ᠶᠢ ᠲᠡᠭᠦᠯᠳᠡᠷᠵᠢᠭᠦᠯᠵᠦ᠂ ᠡᠯ᠎ᠡ ᠲᠦᠷᠦᠯ᠎ᠦᠨ ᠲᠡᠷᠢᠭᠦᠨ᠎ᠦ ᠦᠢᠯᠡᠳᠪᠦᠷᠢᠯᠡᠯ᠎ᠦᠨ ᠡᠯᠧᠮᠧᠨ᠋ᠲ᠎ᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠲᠡᠢᠰᠢ ᠲᠥᠪᠯᠡᠷᠡᠭᠦᠯᠬᠦ᠎ᠶᠢ ᠠᠬᠢᠭᠤᠯᠬᠤ ᠬᠡᠷᠡᠭᠲᠡᠢ᠃ ᠰᠢᠨ᠎ᠡ ᠡᠨᠧᠷᠭᠢ᠂ ᠤᠢᠷ᠎ᠠ ᠣᠭᠲᠠᠷᠭᠤᠢ᠎ᠶᠢᠨ ᠠᠵᠤ ᠠᠬᠤᠢ᠂ ᠠᠮᠢᠳᠤ ᠪᠣᠳᠠᠰ᠎ᠤᠨ ᠡᠮ ᠡᠮᠨᠡᠯᠭᠡ᠂ ᠵᠣᠬᠢᠶᠠᠮᠠᠯ ᠤᠶᠤᠨ ᠴᠢᠳᠠᠪᠤᠷᠢ᠂ ᠴᠥᠮ᠎ᠡ᠎ᠶᠢᠨ ᠡᠨᠧᠷᠭᠢ᠂ ᠪᠣᠬᠢᠷᠲᠤᠯ ᠦᠭᠡᠢ ᠪᠣᠳᠣᠯᠲᠠ᠎ᠶᠢᠨ ᠬᠦᠴᠦᠨ᠂ ᠳᠠᠬᠢᠨ ᠡᠭᠦᠰᠴᠦ ᠪᠤᠯᠬᠤ ᠡᠬᠢ ᠪᠠᠶᠠᠯᠢᠭ᠋᠎ᠤᠨ ᠠᠰᠢᠭ᠍ᠯᠠᠯᠲᠠ ᠵᠡᠷᠭᠡ ᠬᠦᠷᠢᠶᠡᠨ᠎ᠳᠦ ᠴᠢᠭᠯᠡᠭᠦᠯᠦᠨ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠣᠢᠵᠢᠭᠤᠯᠵᠤ ᠪᠤᠵᠠᠭᠠᠢᠷᠠᠭᠤᠯᠤᠨ᠂ ᠢᠷᠡᠭᠡᠳᠦᠢ᠎ᠶᠢᠨ ᠠᠵᠤ ᠦᠢᠯᠡᠰ᠎ᠢ ᠪᠠᠢᠷᠢᠰᠢᠭᠤᠯᠤᠨ ᠪᠦᠲᠦᠭᠡᠨ ᠪᠠᠢᠭᠤᠯᠵᠤ᠂ ᠨᠡᠭᠦᠷᠡᠰᠦ᠂ ᠮᠠᠯ ᠠᠵᠤ ᠠᠬᠤᠢ ᠲᠠᠷᠢᠶᠠᠯᠠᠩ ᠵᠡᠷᠭᠡ ᠤᠯᠠᠮᠵᠢᠯᠠᠯᠲᠤ ᠠᠵᠤ ᠦᠢᠯᠡᠰ᠎ᠦᠨ ᠳᠡᠭᠡᠳᠦ ᠲᠡᠰᠵᠢᠯᠲᠡ᠂ ᠣᠶᠤᠨᠴᠢᠯᠠᠯᠲᠠ᠂ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠰᠢᠭᠦᠯᠬᠦ᠎ᠶᠢ ᠲᠦᠷᠭᠡᠳᠬᠡᠨ ᠠᠬᠢᠭᠤᠯᠬᠤ ᠬᠡᠷᠡᠭᠲᠡᠢ᠃ 《ᠬᠥᠭᠵᠢᠯᠲᠡ᠎ᠪᠠᠷ ᠬᠡᠳᠦᠢ ᠳᠤᠲᠠᠮᠠᠭ ᠭᠠᠵᠠᠷ ᠣᠷᠣᠨ᠎ᠳᠤ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠬᠥᠭᠵᠢᠯᠲᠡ᠎ᠶᠢᠨ ᠪᠠᠢᠯᠳᠤᠬᠤ ᠪᠣᠳᠣᠯᠭ᠎ᠠ ᠬᠡᠷᠡᠭᠵᠢᠭᠦᠯᠬᠦ᠎ᠶᠢ ᠲᠠᠳᠤᠢ ᠱᠠᠭᠠᠷᠳᠠᠭᠳᠠᠨ᠎ᠠ》 ᠭᠡᠬᠦ ᠣᠢᠯᠠᠭᠠᠭᠳᠠᠬᠤᠨ᠎ᠢ ᠪᠠᠲᠤ ᠪᠤᠢ ᠪᠣᠯᠭᠠᠵᠤ᠂ ᠬᠢᠬᠦ ᠶᠤᠰᠤᠳᠠᠢ ᠠᠵᠢᠯ᠎ᠢ ᠬᠢᠵᠦ᠂ ᠬᠢᠵᠤ ᠪᠤᠯᠬᠤ ᠦᠭᠡᠢ ᠵᠦᠢᠯ᠎ᠢ ᠲᠡᠪᠴᠢᠬᠦ᠎ᠶᠢ ᠪᠠᠷᠢᠮᠲᠠᠯᠠᠵᠤ᠂ ᠳᠠᠪᠠᠭᠤᠯᠢᠭ᠋ ᠣᠨᠴᠠᠯᠢᠭ᠍ᠲᠤ ᠬᠦᠷᠢᠶ᠎ᠡ᠎ᠳᠦ ᠴᠢᠭᠯᠡᠭᠦᠯᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠴᠢᠩᠭᠠᠳᠬᠠᠵᠤ᠂ ᠪᠡᠭᠡᠵᠢᠩ ᠲᠢᠶᠠᠨᠵᠢᠨ ᠡᡁᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠋᠂ ᠭᠤᠸᠠᠨᠭᠳᠦᠢ᠍ᠩ ᠰᠢᠶᠠᠩᠭᠠᠩ ᠣᠣᠮᠧᠨ ᠵᠡᠷᠭᠡ ᠣᠷᠣᠨ ᠪᠦᠰᠡ ᠯᠤᠭᠡ᠎ᠶᠢᠨ ᠬᠠᠮᠲᠤᠷᠠᠯᠴᠠᠭ᠎ᠠ᠎ᠶᠢ ᠴᠢᠩᠭᠠᠳᠬᠠᠵᠤ᠂ ᠨᠡᠩ ᠤᠯᠠᠨ ᠰᠢᠯᠢᠳᠡᠭ ᠲᠦᠷᠦᠯ ᠵᠦᠢᠯ᠂ ᠲᠡᠷᠢᠭᠦᠨ᠎ᠦ ᠮᠡᠷᠭᠡᠵᠢᠯ᠎ᠢ ᠣᠷᠣᠭᠤᠯᠤᠨ ᠠᠪᠴᠢᠷᠠᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠳᠦ ᠨᠡᠩ ᠰᠠᠢᠨ ᠡᠨ᠋ᠸᠷᠭᠢ ᠣᠯᠭᠣᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ ᠳᠦᠷᠢᠮ (ᠲᠥᠰᠥᠯ᠎ᠳᠦ ᠵᠠᠰᠠᠪᠤᠷᠢ ᠣᠷᠣᠭᠤᠯᠤᠭᠰᠠᠨ ᠨᠣᠣᠷᠠᠭ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠳᠦᠷᠢᠮ (ᠲᠥᠰᠥᠯ᠎ᠳᠦ ᠵᠠᠰᠠᠪᠤᠷᠢ ᠣᠷᠣᠭᠤᠯᠤᠭᠰᠠᠨ ᠨᠣᠣᠷᠠᠭ)》᠎ᠢ ᠬᠢᠨᠠᠨ ᠵᠥᠪᠯᠡᠪᠡ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            