ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶᠢᠨ ᠪᠠᠢᠩᠭᠤ᠎ᠶᠢᠨ ᠬᠤᠷᠢᠶ᠎ᠠ᠎ᠶᠢᠨ ᠠᠷᠪᠠᠨ ᠳᠥᠷᠪᠡᠳᠦᠭᠡᠷ ᠬᠤᠷᠠᠯ ᠡᠬᠢᠯᠡᠪᠡ   ᠪᠦᠦ ᠭᠠᠩ ᠮᠡᠳᠡᠭᠦᠯᠦᠯᠲᠡ ᠬᠢᠵᠦ᠍  ᠵᠠᠩ ᠶᠠᠨ ᠺᠦᠨ ᠬᠤᠷᠠᠯ᠎ᠢ ᠡᠷᠬᠢᠯᠡᠵᠡᠢ
ᠨᠡᠶ᠋ᠢᠲᠡᠯᠡᠭᠰᠡᠨ ᠴᠠᠭ᠄ 2025-11-19

11 ᠰᠠᠷ᠎ᠠ᠎ᠶ᠋ᠢᠨ 18᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶᠢᠨ ᠪᠠᠢᠩᠭᠤ᠎ᠶ᠋ᠢᠨ ᠬᠤᠷᠢᠶ᠎ᠠ᠎ᠶᠢᠨ ᠠᠷᠪᠠᠨ ᠳᠥᠷᠪᠡᠳᠦᠭᠡᠷ ᠬᠤᠷᠠᠯ ᠬᠥᠬᠡᠬᠣᠲᠠ᠎ᠳᠤ ᠡᠬᠢᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠶᠢᠨ ᠪᠠᠢᠩᠭᠤ᠎ᠶ᠋ᠢᠨ ᠬᠤᠷᠢᠶ᠎ᠠ᠎ᠶᠢᠨ ᠠᠷᠪᠠᠨ ᠳᠥᠷᠪᠡᠳᠦᠭᠡᠷ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ᠎ᠶᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠰᠭᠠᠢ ᠰᠡᠳᠦᠪ᠎ᠢᠶᠡᠷ ᠤᠯᠠᠮᠵᠢᠯᠠᠨ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠤᠷᠢᠯᠭ᠎ᠠ᠎ᠪᠠᠷ ᠣᠷᠣᠯᠴᠠᠭ᠍ᠰᠠᠨ ᠪᠥᠭᠡᠳ ᠮᠡᠳᠡᠭᠦᠯᠦᠯᠲᠡ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠢ ᠡᠷᠭᠢᠯᠡᠵᠡᠢ᠃

ᠪᠦᠦ ᠭᠠᠩ ᠮᠡᠳᠡᠭᠦᠯᠦᠯᠲᠡ᠎ᠳᠡᠭᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ᠎ᠶᠢᠨ ᠪᠦᠬᠦᠳᠠ ᠬᠤᠷᠠᠯ ᠪᠣᠯ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠮᠥᠨ᠂ ᠪᠦᠬᠦ᠌ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ᠎ᠢ ᠲᠠᠢ᠌ᠴᠢᠯᠠᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ ᠡᠷᠡᠯᠬᠡᠭ᠌ᠯᠡᠨ ᠲᠡᠮᠡᠴᠡᠬᠦ᠎ᠳᠤ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ 

ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠮᠠᠨ᠎ᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠠᠵᠠ ᠲᠣᠬᠢᠶᠠᠯ ᠥᠷᠢᠰᠥᠯᠳᠦᠭᠡᠨ᠂ ᠶᠡᠷᠦᠩᠬᠡᠶ ᠱᠠᠭᠠᠷᠳᠠᠯᠭ᠎ᠠ᠂ ᠵᠠᠷᠴᠢᠮ ᠬᠠᠷᠠᠯᠲᠠ ᠪᠣᠯᠤᠨ ᠭᠤᠤᠯᠳᠠᠯᠭ᠎ᠠ᠎ᠲᠠᠶ ᠡᠭᠦᠷᠭᠡ᠎ᠶᠢ ᠣᠨᠣᠪᠴᠢᠲᠠᠶ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠦᠲᠦᠭᠡᠨ ᠪᠠᠢᠭᠤᠯᠬᠤ ᠲᠠᠯ᠎ᠠ᠎ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠥᠪᠥᠷ ᠮᠣᠩᠭᠣᠯ᠎ᠤᠨ ᠣᠨᠴᠠᠯᠢᠭᠳᠤ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠤᠨ ᠱᠢᠰᠲ᠋ᠸᠮ᠎ᠢ ᠲᠦᠷᠭᠡᠳᠭᠡᠨ ᠪᠠᠢᠭᠤᠯᠵᠤ᠂ ᠬᠠᠮᠲᠤ᠎ᠪᠠᠷ ᠪᠠᠶᠠᠵᠢᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶᠢ ᠴᠢᠷᠮᠠᠢᠨ ᠪᠢᠴᠢᠭ᠌ᠯᠡᠬᠦ᠌ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《ᠰᠠᠨᠠᠭᠤᠯᠭ᠎ᠠ》᠎ᠶᠢᠨ ᠶᠣᠰᠣᠭᠠᠷ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠦᠳᠦᠯᠪᠦᠷᠢ ᠪᠣᠯᠤᠨ ᠲᠤᠰᠭᠠᠶ ᠵᠦᠢᠯ᠎ᠤᠨ ᠲᠥᠯᠥᠪᠵᠢᠭᠦᠯᠭᠡ᠎ᠶ᠋ᠢ ᠰᠠᠢᠲᠤᠷ ᠨᠠᠢᠷᠠᠭᠤᠯᠤᠨ ᠵᠣᠬᠢᠶᠠᠵᠤ᠂ ᠪᠣᠳᠠᠲᠠᠶ ᠲᠥᠷᠥᠯ ᠵᠦᠢᠯ ᠪᠣᠯᠤᠨ ᠠᠷᠭ᠎ᠠ ᠬᠡᠮᠵᠢᠶ᠎ᠡ᠎ᠶ᠋ᠢ ᠭᠦᠨᠵᠡᠭᠡᠶ ᠰᠦᠪᠡᠭ᠌ᠴᠢᠯᠡᠨ ᠪᠣᠳᠠᠲᠠᠢᠵᠢᠭᠤᠯᠬᠤ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠤ᠎ᠶ᠋ᠢᠨ ᠵᠥᠪᠯᠡᠯᠭᠡᠨ᠎ᠳᠤ ᠴᠢᠳᠠᠪᠤᠷᠢᠲᠠᠨ ᠬᠤᠷᠠᠨ ᠴᠤᠭ᠍ᠯᠠᠷᠠᠵᠤ᠂ ᠤᠯᠠᠨ᠎ᠢᠶᠠᠷ᠎ᠢᠶᠠᠨ 《ᠰᠠᠨᠠᠭᠤᠯᠭ᠎ᠠ》᠎ᠶᠢ ᠨᠠᠢᠳᠠᠪᠤᠷᠢᠵᠢᠭᠤᠯᠬᠤ ᠪᠠ ᠲᠥᠯᠥᠪᠵᠢᠭᠦᠯᠭᠡ᠎ᠶ᠋ᠢᠨ ᠬᠦᠳᠦᠯᠪᠦᠷᠢ᠎ᠶ᠋ᠢ ᠨᠠᠢᠷᠠᠭᠤᠯᠤᠨ ᠵᠣᠬᠢᠶᠠᠬᠤ᠎ᠶᠢᠨ ᠲᠣᠭᠣᠷᠢᠨ᠎ᠳᠤ᠂ ᠡᠷᠬᠢᠮ ᠨᠠᠨᠳᠢᠨ ᠰᠠᠨᠠᠯ᠎ᠢᠶᠠᠨ ᠢᠯᠡᠭᠦᠬᠡᠨ ᠳᠤᠷᠠᠳᠴᠤ᠌᠂ ᠤᠶᠤᠨ ᠤᠬᠠᠭᠠᠨ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠵᠦ᠍ ᠪᠠᠢᠨ᠎ᠠ ᠭᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠂ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠲᠡᠷᠢᠭᠦᠯᠡᠭ᠌ᠴᠢ ᠯᠦᠸᠧ ᡁᠢ ᠬᠤ᠌᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠵᠠᠩ ᠯᠸᠢ᠂ ᠵᠠᠩ ᠪᠠᠶ ᠴᠧᠩ᠂ ᠶᠠᠩ ᠵᠢᠶᠸ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠷᠢᠨ ᠪᠢᠴᠢᠭ᠎ᠦᠨ ᠳᠠᠷᠤᠭ᠎ᠠ ᠵᠧᠩ ᠳ᠋ᠦᠩ ᠪᠥᠸᠧ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃ ᠬᠥᠬᠡᠬᠣᠲᠠ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠠᠷᠢᠭᠤᠴᠠᠯᠭᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠯᠪᠠᠨ ᠲᠢᠩᠬᠢᠮ ᠪᠣᠯᠤᠨ ᠲᠤᠰᠭᠠᠶ ᠵᠥᠪᠯᠡᠯ᠎ᠦᠨ ᠬᠠᠷᠢᠭᠤᠴᠠᠯᠭᠠᠲᠠᠨ ᠨᠥᠬᠥᠳ᠂ ᠡᠯ᠎ᠡ ᠠᠢᠮᠠᠭ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ᠂ ᠮᠠᠨᠵᠤᠤᠷ ᠬᠣᠲᠠ᠂ ᠡᠷᠢᠶᠡᠨ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ᠂ ᠬᠡᠰᠡᠭ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠣᠶᠤᠨ᠎ᠤ ᠬᠥᠮᠥᠷᠭᠡ᠎ᠶ᠋ᠢᠨ ᠲᠤᠰᠭᠠᠶ ᠮᠡᠷᠭᠡᠵᠢᠯᠲᠡᠨ ᠵᠢᠴᠢ ᠵᠥᠪᠯᠡᠬᠦ᠌ ᠠᠷᠠᠳᠴᠢᠯᠠᠯ᠎ᠤᠨ ᠵᠠᠯᠠᠭᠤᠴᠤᠳ ᠪᠠᠭᠠᠴᠤᠳ᠎ᠤᠨ ᠠᠵᠢᠭ᠍ᠯᠠᠭ᠍ᠴᠢ᠂ ᠡᠮᠡᠭ᠌ᠲᠡᠢᠴᠦᠳ᠎ᠦᠨ ᠠᠵᠢᠭ᠍ᠯᠠᠭ᠍ᠴᠢ᠎ᠨᠠᠷ ᠬᠤᠷᠠᠯ᠎ᠳᠤ ᠣᠷᠣᠯᠴᠠᠵᠠᠶ᠃ 9 ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠠ ᠨᠡᠢᠭᠡᠮ᠎ᠦᠨ ᠡᠯ᠎ᠡ ᠡᠲᠡᠭᠡᠳ᠎ᠦᠨ ᠲᠥᠯᠥᠭᠡᠯᠡᠭ᠌ᠴᠢ ᠬᠤᠷᠠᠯ ᠳᠡᠭᠡᠷ᠎ᠡ ᠦᠭᠡ ᠬᠡᠯᠡᠪᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            