ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶᠢᠨ ᠰᠠᠨᠠᠭᠤᠯᠭ᠎ᠠ
(2025 ᠤᠨ᠎ᠤ 11 ᠰᠠᠷ᠎ᠠ᠎ᠶᠢᠨ 14᠎ᠤ ᠡᠲᠦᠷ ᠲᠤᠮᠲᠠᠲᠤ ᠤᠯᠤᠰ᠎ᠤᠨ ᠡᠪ ᠬᠠᠮᠲᠦ ᠨᠠᠮ᠎ᠤᠨ ᠦᠪᠦᠷ ᠮᠤᠩᠭᠤᠯ᠎ᠤᠨ ᠦᠪᠡᠷᠲᠡᠭᠡᠨ
ᠵᠠᠰᠬᠠᠤ ᠤᠷᠤᠨ᠎ᠤ ᠠᠷᠪᠠᠨ ᠨᠢᠭᠡᠲᠦᠭᠡᠷ ᠬᠤᠭᠤᠴᠠᠭᠠᠨ᠎ᠤ ᠬᠤᠷᠢᠶ᠎ᠠ᠎ᠶᠢᠨ ᠠᠷᠪᠠᠳᠤᠭᠠᠷ ᠤᠳᠠᠭ᠎ᠠ᠎ᠶᠢᠨ ᠪᠦᠬᠦᠲᠡ ᠬᠤᠷᠠᠯ᠎ᠡᠴᠡ ᠪᠠᠲᠤᠯᠠᠪᠠ)
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ᠎ᠤᠨ ᠲᠤᠬᠠᠢ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ᠎ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠥᠭᠵᠢᠯᠲᠡ᠎ᠶᠢᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠣᠣᠷᠠᠬᠢ ᠮᠡᠲᠦ ᠰᠠᠨᠠᠭᠤᠯᠭ᠎ᠠ᠎ᠶᠢ ᠳᠤᠷᠠᠳᠪᠠ᠃
ᠨᠢᠭᠡ᠂ ᠶᠡᠷᠦᠩᠬᠡᠢ ᠱᠦᠵᠢ ᠰᠢ᠎ᠵᠢᠨ᠎ᠫᠢᠩ᠎ᠤᠨ ᠵᠢᠭᠠᠭᠰᠠᠨ ᠴᠢᠭᠯᠡᠯ᠎ᠢᠶᠡᠷ ᠭᠤᠢᠪᠢᠰᠢ ᠦᠭᠡᠢ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠰᠢᠨ᠎ᠡ ᠵᠠᠮ᠎ᠢ ᠦᠷᠭᠦᠯᠵᠢᠯᠡᠨ ᠨᠡᠭᠡᠭᠡᠨ᠎ᠡ
(1) 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠦᠯᠦᠪᠵᠢᠭᠦᠯᠭᠡ᠎ᠶᠢᠨ ᠬᠤᠭᠤᠴᠠᠭᠠᠨ᠎ᠳᠦ ᠥᠪᠥᠷ ᠮᠣᠩᠭᠣᠯ᠎ᠤᠨ ᠬᠥᠭᠵᠢᠯᠲᠡ ᠴᠢᠬᠤᠯᠠ ᠶᠡᠬᠡ ᠠᠮᠵᠢᠯᠲᠠ ᠪᠦᠲᠦᠮᠵᠢ ᠣᠯᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠦᠯᠦᠪᠵᠢᠭᠦᠯᠭᠡ᠎ᠶᠢᠨ ᠬᠤᠭᠤᠴᠠᠭᠠᠨ᠎ᠳᠤ᠂ ᠥᠭᠡᠷᠡᠴᠢᠯᠡᠯᠲᠡ ᠬᠥᠭᠵᠢᠯᠳᠡ ᠲᠣᠭᠲᠠᠭᠤᠨ ᠪᠠᠢᠯᠭᠠᠬᠤ ᠬᠠᠲᠠᠭᠤ ᠪᠡᠷᠬᠡ ᠬᠦᠨᠲᠦ ᠨᠦᠰᠡᠷ ᠡᠭᠦᠷᠭᠡ᠎ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠲᠡᠭᠦᠯᠦᠨ ᠲᠠᠭᠠᠭᠤᠯᠵᠦ᠂ ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ᠎ᠤᠨ ᠲᠤᠬᠠᠢ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ᠎ᠪᠠᠷ ᠭᠣᠣᠯ ᠰᠢᠵᠢᠮ ᠪᠣᠯᠭᠠᠵᠤ᠂ 《ᠶᠡᠷᠦᠩᠬᠡᠢ ᠱᠦᠵᠢ ᠰᠢ᠎ᠵᠢᠨ᠎ᠫᠢᠩ᠎ᠤᠨ ᠲᠤᠰᠢᠶᠠᠭᠰᠠᠨ ᠲᠠᠪᠤᠨ ᠶᠡᠬᠡ ᠡᠭᠦᠷᠭᠡ᠎ᠶᠢ ᠪᠡᠶᠡᠯᠡᠭᠦᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ》 ᠬᠣᠶᠠᠷ ᠶᠡᠬᠡ ᠶᠠᠪᠤᠳᠠᠯ᠎ᠢ ᠬᠦᠴᠦᠯᠡᠨ ᠰᠠᠢᠲᠤᠷ ᠬᠢᠵᠦ᠂ 《ᠵᠢᠷᠭᠤᠭᠠᠨ ᠢᠨᠵᠧᠨᠧᠷᠢᠩ》᠎ᠢ ᠬᠡᠷᠡᠭᠵᠢᠭᠦᠯᠦᠨ᠂ 《ᠵᠢᠷᠭᠤᠭᠠᠨ ᠠᠵᠢᠯᠯᠠᠭ᠎ᠠ》᠎ᠶᠢ ᠥᠷᠨᠢᠭᠦᠯᠵᠦ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠪᠠ᠃ 《ᠤᠮᠠᠷᠠᠲᠤ᠎ᠶᠢᠨ ᠭᠤᠷᠪᠠᠨ ᠤᠷᠤᠨ》᠎ᠤ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ ᠪᠠ ᠬᠥᠬᠡ ᠣᠭᠲᠠᠷᠭᠤᠢ᠂ ᠬᠦᠬᠡᠮᠲᠦᠭ ᠤᠰᠤᠨ᠂ ᠠᠷᠢᠭᠤᠨ ᠬᠥᠷᠥᠰᠥ᠎ᠶᠢ ᠬᠠᠮᠠᠭᠠᠯᠠᠬᠤ ᠲᠠᠢᠯᠠᠯᠳᠤᠭᠠᠨ ᠴᠢᠬᠤᠯᠠ ᠶᠡᠬᠡ ᠦᠷ᠎ᠡ ᠪᠦᠲᠦᠭᠡᠯ ᠣᠯᠵᠤ᠂ ᠡᠬᠢ ᠪᠠᠶᠠᠯᠢᠭ᠋᠎ᠢ ᠠᠷᠪᠢᠯᠠᠨ ᠭᠠᠮᠨᠠᠵᠤ ᠡᠷᠴᠢᠮᠵᠢᠬᠦᠯᠦᠨ ᠠᠰᠢᠭ᠍ᠯᠠᠬᠤ ᠲᠦᠪᠰᠢᠨ ᠲᠠᠰᠤᠷᠠᠯᠳᠠ ᠦᠭᠡᠢ ᠳᠡᠭᠡᠭᠰᠢᠯᠡᠵᠦ᠂ ᠠᠮᠢ ᠠᠬᠤᠢ ᠣᠷᠴᠢᠨ ᠲᠤᠭᠤᠷᠢᠨ᠎ᠤ ᠶᠠᠰᠤ ᠴᠢᠨᠠᠷ ᠦᠷᠭᠦᠯᠵᠢᠯᠡᠨ ᠰᠠᠢᠵᠢᠷᠠᠪᠠ᠃ ᠤᠯᠤᠰ᠎ᠤᠨ ᠴᠠᠬᠢᠯᠭᠠᠨ ᠭᠠᠷᠭᠠᠬᠤ ᠨᠡᠭᠦᠷᠡᠰᠦᠨ᠎ᠦ ᠬᠠᠩᠭᠠᠯᠭ᠎ᠠ᠎ᠶᠢ ᠪᠠᠲᠤᠯᠠᠬᠤ ᠡᠭᠦᠷᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠣᠲᠣ᠌ ᠦᠶ᠎ᠡ᠎ᠶᠢᠨ ᠨᠡᠬᠦᠷᠡᠰᠤ ᠬᠢᠮᠢ᠎ᠶᠢᠨ ᠠᠵᠦ ᠦᠢᠯᠡᠳᠪᠦᠷᠢ ᠲᠦᠷᠬᠡᠨ ᠬᠦᠭᠵᠢᠵᠦ᠂ ᠰᠢᠨ᠎ᠡ ᠡᠨᠧᠷᠭᠢ᠎ᠶᠢᠨ ᠪᠦᠲᠦᠭᠡᠨ ᠪᠠᠢᠭᠤᠯᠤᠯᠲᠠ ᠪᠥᠬᠥ ᠤᠯᠤᠰ᠎ᠲᠤ ᠲᠦᠷᠦᠭᠦᠯᠡᠵᠦ᠂ 《ᠬᠣᠶᠠᠷ ᠬᠣᠪᠣᠷ ᠰᠢᠷᠣᠢ᠎ᠶᠢᠨ ᠰᠠᠭᠤᠷᠢᠨ》᠎ᠢ᠋ ᠠᠩᠬ᠎ᠠ ᠠᠯᠬᠤᠮ ᠬᠡᠪᠴᠢᠶᠡᠵᠢᠭᠦᠯᠪᠡ᠃ ᠠᠮᠤ ᠪᠤᠳᠠᠭ᠎ᠠ ᠮᠢᠬ᠎ᠠ ᠰᠦ᠎ᠶᠢᠨ ᠭᠠᠷᠤᠯᠲᠠ ᠳᠠᠬᠢᠨᠲᠠ ᠰᠢᠨ᠎ᠡ ᠲᠡᠮᠳᠡᠭᠯᠡᠯ᠎ᠢ ᠡᠭᠦᠳᠴᠦ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠬᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠪᠦᠬᠦ ᠲᠠᠯ᠎ᠠ᠎ᠪᠠᠷ ᠠᠬᠢᠭᠤᠯᠪᠠ᠃ ᠬᠢᠯᠢ ᠬᠢᠵᠠᠭᠠᠷ᠎ᠢ ᠲᠣᠭᠲᠠᠪᠤᠷᠢᠵᠢᠭᠤᠯᠤᠨ ᠬᠢᠯᠢ ᠬᠢᠵᠠᠭᠠᠷ᠎ᠢ ᠪᠡᠬᠢᠵᠢᠭᠦᠯᠬᠦ᠂ ᠨᠡᠢᠭᠡᠮ᠎ᠢ ᠵᠠᠰᠠᠬᠤ᠂ ᠭᠠᠮᠰᠢᠭ᠋᠎ᠢ ᠰᠡᠷᠭᠡᠢᠯᠡᠨ ᠠᠶᠤᠯ᠎ᠡᠴᠡ ᠠᠪᠤᠷᠠᠬᠤ ᠵᠡᠷᠭᠡ ᠠᠵᠢᠯ ᠲᠣᠪᠣᠢᠮ᠎ᠠ ᠠᠮᠵᠢᠯᠲᠠ ᠣᠯᠵᠤ᠂ ᠨᠡᠢᠭᠡᠮ᠎ᠦᠨ ᠶᠡᠬᠡ ᠲᠠᠯ᠎ᠠ᠎ᠶᠢᠨ ᠲᠣᠭᠲᠠᠭᠤᠨ ᠪᠠᠢᠳᠠᠯ᠎ᠢ ᠪᠠᠲᠤᠯᠠᠪᠠ᠃ ᠭᠠᠳᠠᠭᠠᠳᠤ ᠨᠡᠭᠡᠭᠡᠯᠲᠡ ᠯᠠᠪᠳᠠᠭᠤᠨ᠎ᠢᠶᠠᠷ ᠠᠬᠢᠵᠤ᠂ ᠪᠡᠭᠡᠵᠢᠩ ᠥᠪᠥᠷ ᠮᠣᠩᠭᠣᠯ᠎ᠤᠨ ᠵᠡᠭᠦᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠬᠠᠮᠵᠢᠯᠴᠠᠭ᠎ᠠ᠎ᠶᠢᠨ ᠦᠷ᠎ᠡ ᠪᠦᠲᠦᠭᠡᠯ ᠡᠯᠪᠡᠭ ᠪᠠᠢᠵᠤ᠂ ᠬᠠᠭᠤᠷᠠᠢ ᠵᠠᠮ᠎ᠤᠨ ᠪᠣᠭᠣᠮᠲᠠ᠎ᠶᠢᠨ ᠪᠠᠷᠠᠭ᠎ᠠ ᠲᠡᠭᠡᠭᠡᠪᠦᠷᠢ᠎ᠶᠢᠨ ᠬᠡᠮᠵᠢᠶ᠎ᠡ ᠪᠥᠬᠥ ᠤᠯᠤᠰ᠎ᠲᠤ ᠲᠦᠷᠦᠭᠦᠯᠡᠪᠡ᠃ 《ᠵᠢᠷᠭᠤᠭᠠᠨ ᠥᠭᠦᠯᠡᠪᠦᠷᠢ᠎ᠶᠢᠨ ᠪᠣᠳᠠᠲᠤ ᠶᠠᠪᠤᠳᠠᠯ ᠪᠠ ᠶᠣᠰᠣ᠌ ᠤᠴᠢᠷ》᠎ᠢ ᠥᠷᠭᠡᠨ᠎ᠢᠶᠡᠷ ᠮᠡᠳᠡᠷᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠬᠥᠮᠥᠰ᠎ᠦᠨ ᠰᠡᠳᠬᠢᠯ᠎ᠳᠦ ᠬᠠᠳᠠᠩᠰᠢᠵᠤ᠂ ᠰᠣᠶᠣᠯ᠎ᠤᠨ ᠦᠢᠯᠡᠰ ᠪᠠ ᠰᠣᠶᠣᠯ᠎ᠤᠨ ᠠᠵᠤ ᠦᠢᠯᠡᠰ ᠴᠡᠴᠡᠭᠯᠡᠨ ᠬᠥᠭᠵᠢᠵᠦ᠂ ᠠᠷᠠᠳᠴᠢᠯᠠᠯ ᠬᠠᠤᠯᠢ᠎ᠪᠠᠷ ᠵᠠᠰᠠᠬᠤ ᠪᠠᠢᠭᠤᠯᠤᠯᠲᠠ ᠦᠷᠭᠦᠯᠵᠢᠯᠡᠨ ᠴᠢᠩᠭᠠᠷᠠᠵᠤ᠂ ᠭᠣᠣᠯᠳᠠᠯᠭ᠎ᠠ᠎ᠲᠠᠢ ᠬᠦᠷᠢᠶᠡᠨ᠎ᠦ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠢᠷᠡᠵᠦ᠂ ᠣᠷᠣᠨ ᠪᠦᠰᠡ᠎ᠶᠢᠨ ᠰᠢᠨ᠎ᠡ᠎ᠶᠢ ᠡᠭᠦᠳᠬᠦ ᠴᠢᠳᠠᠪᠤᠷᠢ ᠲᠦᠷᠭᠡᠨ ᠳᠡᠭᠡᠭᠰᠢᠯᠡᠵᠦ᠂ ᠮᠥᠩᠭᠥᠨ ᠭᠦᠢᠯᠭᠡᠭᠡᠨ᠎ᠦ ᠠᠶᠤᠯ ᠲᠦᠭᠰᠢᠭᠦᠷᠢ᠎ᠶᠢ ᠲᠣᠭᠲᠠᠭᠤᠨ᠎ᠢᠶᠠᠷ ᠰᠢᠢᠳᠪᠦᠷᠢᠯᠡᠵᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠯᠠᠪᠳᠠᠭᠤᠨ ᠪᠠᠲᠤᠲᠠᠢ ᠪᠣᠯᠵᠠᠢ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠢᠮᠠᠭᠲᠠ ᠴᠥᠬᠥᠷᠡᠰᠢ ᠦᠭᠡᠢ ᠠᠳᠬᠤᠵᠤ᠂ ᠰᠤᠷᠲᠠᠯ᠎ᠤᠨ ᠪᠠᠢᠭᠤᠯᠤᠯᠲᠠ ᠪᠠ ᠢᠯᠵᠢᠷᠠᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢᠷᠡᠭᠦᠯᠦᠨ ᠠᠬᠢᠭᠤᠯᠪᠠ᠃ ᠡᠳᠡᠭᠡᠷ ᠴᠢᠬᠤᠯᠠ ᠶᠡᠬᠡ ᠠᠮᠵᠢᠯᠲᠠ ᠪᠦᠲᠦᠮᠵᠢ᠎ᠶᠢ ᠣᠯᠣᠭᠰᠠᠨ᠎ᠤ ᠦᠨᠳᠦᠰᠦᠨ ᠰᠢᠯᠲᠠᠭᠠᠨ ᠨᠢ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠠᠶᠠᠯᠠᠯ᠎ᠢ ᠵᠠᠮᠴᠢᠯᠠᠨ ᠴᠢᠭᠯᠡᠯ᠎ᠢ ᠡᠵᠡᠮᠲᠡᠭᠰᠡᠨ᠎ᠳᠤ ᠪᠤᠢ᠂ ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳᠤ ᠪᠤᠢ᠃
(2) 《ᠠᠷᠪᠠᠨ ᠲᠠᠪᠤᠳᠤᠭᠠᠷ ᠲᠠᠪᠤᠨ ᠵᠢᠯ》᠎ᠤᠨ ᠲᠦᠯᠦᠪᠵᠢᠭᠦᠯᠭᠡ᠎ᠶᠢᠨ ᠬᠤᠭᠤᠴᠠᠭᠠᠨ᠎ᠳᠡᠬᠢ ᠥᠪᠥᠷ ᠮᠣᠩᠭᠣᠯ᠎ᠤᠨ ᠬᠥᠭᠵᠢᠯᠲᠡ᠎ᠳᠦ ᠲᠤᠯᠭᠠᠷᠠᠬᠤ ᠰᠢᠨ᠎ᠡ ᠠᠵᠠ ᠲᠣᠬᠢᠶᠠᠯ ᠰᠢᠨ᠎ᠡ ᠥᠷᠢᠰᠦᠯᠳᠦᠭᠡᠨ᠃ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭ᠎ᠠ ᠪᠣᠯ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠠᠭᠤᠷᠢ᠎ᠵᠢ ᠪᠠᠲᠤᠳᠬᠠᠵᠤ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠬᠤᠭᠤᠴᠠᠭ᠎ᠠ ᠮᠥᠨ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠶᠠᠪᠤᠴᠠ᠎ᠳᠤ ᠤᠷᠢᠳᠤᠬᠢ᠎ᠶᠢ ᠵᠠᠯᠭᠠᠮᠵᠢᠯᠠᠨ ᠢᠷᠡᠭᠡᠳᠦᠢ᠎ᠶᠢ ᠨᠡᠭᠡᠭᠡᠬᠦ ᠴᠢᠬᠤᠯᠠ ᠪᠠᠢᠷᠢ ᠰᠠᠭᠤᠷᠢ᠎ᠲᠠᠢ ᠶᠤᠮ᠃ ᠮᠠᠨ᠎ᠤ ᠤᠯᠤᠰ᠎ᠤᠨ ᠠᠵᠤ ᠠᠬᠤᠢ᠎ᠶᠢᠨ ᠰᠠᠭᠤᠷᠢ ᠲᠣᠭᠲᠠᠭᠤᠨ᠂ ᠳᠠᠪᠠᠭᠤᠯᠢᠭ᠋ ᠤᠯᠠᠨ᠂ ᠤᠶᠠᠨ ᠬᠠᠳᠠᠨ ᠴᠢᠨᠠᠷ ᠴᠢᠩᠭ᠎ᠠ᠂ ᠲᠠᠯᠳᠠ ᠬᠦᠴᠦᠨ ᠶᠡᠬᠡ᠂ ᠤᠷᠳᠤ ᠬᠤᠭᠤᠴᠠᠭ᠎ᠠ᠎ᠪᠠᠷ ᠰᠠᠢᠵᠢᠷᠠᠬᠤ᠎ᠳᠤ ᠲᠤᠯᠭᠠᠭᠤᠷᠢᠯᠠᠬᠤ ᠨᠥᠬᠥᠴᠡᠯ ᠪᠠ ᠦᠨᠳᠦᠰᠦᠨ ᠬᠠᠨᠳᠤᠰᠢ ᠬᠤᠪᠢᠷᠠᠭ᠎ᠠ ᠦᠭᠡᠢ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠋᠂ ᠭᠡᠳᠤ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠋᠂ ᠪᠦᠷᠢᠨ ᠪᠦᠲᠦᠨ ᠠᠵᠤ ᠦᠢᠯᠡᠰ᠎ᠦᠨ ᠰᠢᠰᠲᠧᠮ᠎ᠦᠨ ᠳᠠᠪᠠᠭᠤᠯᠢᠭ᠋᠂ ᠪᠠᠶᠠᠯᠢᠬ ᠴᠢᠳᠠᠪᠤᠷᠢᠲᠠᠨ᠎ᠤ ᠡᠬᠢ ᠪᠠᠶᠠᠯᠢᠭ᠎ᠤᠨ ᠳᠠᠪᠠᠭᠤᠯᠢᠭ᠋ ᠨᠡᠩ ᠢᠯᠡᠬᠦᠦ ᠢᠯᠡᠷᠡᠪᠡ᠃ ᠡᠨᠡ ᠬᠤᠭᠤᠴᠠᠭ᠎ᠠ ᠪᠣᠯ ᠮᠥᠨ ᠴᠦ᠍ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠂ ᠰᠢᠨ᠎ᠡ ᠵᠠᠮ᠎ᠢ ᠲᠦᠷᠭᠡᠨ ᠨᠡᠭᠡᠭᠡᠬᠦ ᠵᠠᠩᠭᠢᠯᠠᠭ᠎ᠠ᠎ᠶᠢᠨ ᠴᠠᠬ ᠬᠤᠭᠤᠴᠠᠭ᠎ᠠ ᠪᠣᠯᠣᠨ᠎ᠠ᠂ ᠪᠠᠰᠠ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ ᠨᠠᠶᠠᠨ ᠵᠢᠯ᠎ᠦᠨ ᠤᠢ᠎ᠶᠢ ᠤᠭᠲᠤᠬᠤ ᠪᠣᠯᠣᠨ᠎ᠠ᠂ ᠮᠠᠨ᠎ᠤ ᠣᠷᠣᠨ᠎ᠤ ᠬᠥᠭᠵᠢᠯᠲᠡ ᠮᠠᠰᠢ ᠤᠯᠠᠨ ᠠᠰᠢᠭ᠍ᠲᠠᠢ ᠨᠥᠬᠥᠴᠡᠯ᠎ᠲᠠᠢ ᠶᠤᠮ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠨ ᠨᠠᠭᠠᠰᠢ᠂ ᠶᠡᠷᠦᠩᠬᠡᠢ ᠱᠦᠵᠢ ᠰᠢ᠎ᠵᠢᠨ᠎ᠫᠢᠩ 3 ᠤᠳᠠᠭ᠎ᠠ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠵᠤ᠂ 5 ᠤᠳᠠᠭ᠎ᠠ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠵᠤ᠂ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠥᠭᠴᠦ᠂ ᠪᠢᠳᠡᠨ᠎ᠳᠦ ᠰᠢᠨᠵᠢᠯᠡᠬᠦ ᠤᠬᠠᠭᠠᠨᠴᠢ ᠴᠢᠭᠯᠡᠯ᠎ᠤᠨ ᠵᠢᠯᠤᠭᠤᠳᠤᠯᠭ᠎ᠠ ᠦᠭᠴᠦ᠂ ᠯᠤᠲᠤ ᠶᠡᠬᠡ ᠤᠶᠤᠨ ᠰᠠᠨᠠᠭᠠᠨ᠎ᠤ ᠵᠣᠷᠢᠭ᠍ᠵᠢᠭᠤᠯᠤᠯ᠂ ᠪᠠᠳᠦ ᠴᠢᠩᠭ᠎ᠠ ᠡᠭᠦᠷᠭᠡ ᠬᠠᠷᠢᠭᠤᠴᠠᠯᠭᠠᠳᠤ ᠰᠡᠳᠬᠢᠯᠬᠡ ᠣᠯᠭᠣᠪᠠ᠃ ᠰᠢᠨ᠎ᠡ ᠨᠢᠭᠡᠨ ᠡᠭᠡᠯᠵᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ ᠪᠠ ᠠᠵᠤ ᠦᠢᠯᠡᠰ᠎ᠦᠨ ᠬᠤᠪᠢᠰᠤᠯᠲᠠ ᠲᠦᠷᠭᠡᠨ ᠰᠢᠪᠲᠤᠯᠤᠯᠲᠠ᠎ᠲᠠᠢ ᠪᠣᠯᠵᠤ᠂ ᠮᠠᠨ᠎ᠤ ᠤᠯᠤᠰ᠎ᠤᠨ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠢᠭᠤᠯᠵᠤ᠂ 《ᠬᠣᠣᠰ ᠨᠡᠭᠦᠷᠡᠰᠦᠲᠥ᠋ᠷᠥᠭᠴᠢ》᠎ᠶᠢᠨ ᠠᠵᠢᠯ᠎ᠢ ᠭᠦᠨᠵᠡᠭᠡᠢ ᠠᠬᠢᠭᠤᠯᠵᠤ᠂ ᠥᠪᠥᠷ ᠮᠣᠩᠭᠣᠯ᠎ᠤᠨ ᠡᠨᠧᠷᠭᠢ᠂ ᠡᠬᠢ ᠪᠠᠶᠠᠯᠢᠭ᠋᠂ ᠣᠷᠣᠨ ᠪᠠᠢᠷᠢ᠂ ᠲᠠᠷᠢᠶᠠᠯᠠᠩ ᠮᠠᠯ ᠠᠵᠤ ᠠᠬᠤᠢ ᠵᠡᠷᠭᠡ ᠳᠠᠪᠠᠭᠤᠯᠢᠭ᠋᠎ᠢᠶᠠᠨ ᠴᠢᠨᠠᠷ ᠰᠠᠢᠲᠠᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ᠎ᠳᠤ ᠥᠷᠭᠡᠨ ᠠᠭᠤᠳᠠᠮ ᠣᠷᠣᠨ ᠵᠠᠢ ᠬᠠᠩᠭᠠᠵᠠᠢ᠃ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠣᠢᠲᠤ ᠣᠷᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ ᠵᠡᠷᠭᠡ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠳᠠᠪᠬᠤᠴᠠᠯ ᠦᠢᠯᠡᠳᠦᠯ ᠭᠦᠢᠴᠡᠳ ᠢᠯᠡᠷᠡᠬᠦ᠎ᠶᠢ ᠳᠠᠭᠠᠯᠳᠤᠨ᠂ 《ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠲᠤᠬᠠᠢ ᠲᠦᠷᠦ᠎ᠶᠢᠨ ᠶᠠᠪᠤᠳᠠᠯ᠎ᠤᠨ ᠬᠤᠷᠢᠶ᠎ᠠ᠎ᠶᠢᠨ ᠰᠠᠨᠠᠯ》 ᠵᠡᠷᠬᠡ ᠲᠥᠷᠥ᠎ᠶᠢᠨ ᠪᠣᠳᠣᠯᠭ᠎ᠠ᠎ᠶᠢᠨ ᠠᠰᠢᠭ᠋ ᠲᠤᠰᠠ ᠦᠷᠭᠦᠯᠵᠢᠯᠡᠨ ᠢᠯᠡᠷᠡᠵᠦ᠂ ᠮᠠᠨ᠎ᠤ ᠣᠷᠣᠨ᠎ᠤ ᠬᠥᠭᠵᠢᠯᠲᠡ᠎ᠶᠢᠨ ᠬᠥᠳᠡᠯᠭᠡᠬᠦ ᠡᠨᠧᠷᠭᠢ ᠨᠠᠩ ᠭᠦᠢᠴᠡᠳ ᠪᠤᠯᠵᠠᠢ᠃ ᠡᠭᠦᠨ᠎ᠦ ᠬᠠᠮᠲᠤ᠂ ᠮᠠᠨ᠎ᠤ ᠣᠷᠣᠨ᠎ᠤ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠮᠥᠨ ᠬᠦ᠌ ᠲᠣᠪᠣᠢᠮ᠎ᠠ ᠪᠠᠢᠵᠤ᠂ ᠠᠵᠤ ᠠᠬᠤᠢ᠎ᠶᠢᠨ ᠬᠥᠭᠵᠢᠯᠲᠡ᠎ᠶᠢᠨ ᠳᠦᠪᠰᠢᠨ ᠨᠢ ᠡᠬᠢ ᠪᠠᠶᠠᠯᠢᠭ᠋᠎ᠤᠨ ᠤᠭ ᠰᠤᠷᠪᠤᠯᠵᠢ ᠯᠤᠭ᠎ᠠ ᠲᠣᠬᠢᠷᠠᠯᠴᠠᠬᠤ ᠦᠭᠡᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ ᠬᠦᠷᠦᠯᠴᠡᠬᠦ ᠦᠭᠡᠢ᠂ ᠰᠢᠨ᠎ᠡ᠎ᠪᠡᠷ ᠮᠠᠨᠳᠤᠬᠰᠠᠨ ᠠᠵᠤ ᠦᠢᠯᠡᠰ᠎ᠦᠨ ᠬᠡᠪᠴᠢᠶ᠎ᠡ ᠶᠡᠬᠡ ᠪᠢᠰᠢ᠂ ᠤᠯᠠᠮᠵᠢᠯᠠᠯᠲᠤ ᠠᠵᠤ ᠦᠢᠯᠡᠰ᠎ᠦᠨ ᠲᠤᠯᠭᠠᠭᠤᠷᠢᠯᠠᠬᠤ ᠦᠢᠯᠡᠳᠦᠯ ᠪᠠᠭᠤᠷᠠᠵᠤ ᠪᠤᠶ; ᠲᠠᠷᠢᠶᠠᠯᠠᠩ ᠮᠠᠯ ᠠᠵᠤ ᠠᠬᠤᠢ ᠬᠢᠬᠡᠳ ᠲᠠᠷᠢᠶᠠᠯᠠᠬᠤ ᠮᠠᠯᠵᠢᠬᠤ ᠣᠷᠣᠨ᠎ᠤ ᠣᠳᠣᠬᠢᠴᠢᠯᠠᠯᠲᠠ᠎ᠶᠢᠨ ᠡᠭᠦᠷᠭᠡ ᠬᠠᠲᠠᠭᠤ ᠪᠡᠷᠬᠡ ᠪᠠᠢᠨ᠎ᠠ; ᠨᠡᠭᠡᠭᠡᠯᠲᠡᠲᠤ ᠬᠥᠭᠵᠢᠯᠲᠡ᠎ᠶᠢᠨ ᠲᠦᠪᠰᠢᠨ ᠥᠨᠳᠥᠷ ᠪᠢᠰᠢ; ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢ ᠨᠡᠮᠡᠭᠳᠡᠭᠦᠯᠬᠦ ᠠᠷᠭ᠎ᠠ ᠵᠠᠮ ᠨᠡᠯᠢᠶᠡᠳ ᠢᠪᠴᠤᠤ᠂ ᠦᠨᠳᠦᠰᠦᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠦᠪᠰᠢᠨ ᠮᠥᠨ ᠬᠦ᠌ ᠳᠣᠣᠷ᠎ᠠ ᠪᠠᠢᠭᠰᠠᠭᠠᠷ; ᠬᠥᠮᠥᠨ ᠠᠮᠠ᠎ᠶᠢᠨ ᠪᠦᠲᠦᠴᠡ᠎ᠶᠢᠨ ᠬᠤᠪᠢᠷᠠᠯᠲᠠ ᠨᠢ ᠠᠵᠤ ᠠᠬᠤᠢ᠎ᠶᠢᠨ ᠬᠥᠭᠵᠢᠯᠲᠡ ᠪᠠ ᠨᠡᠢᠭᠡᠮ᠎ᠦᠨ ᠵᠠᠰᠠᠯᠲᠠ᠎ᠳᠤ ᠰᠢᠨ᠎ᠡ ᠥᠷᠢᠰᠦᠯᠳᠦᠭᠡᠨ᠎ᠢ ᠠᠪᠴᠢᠷᠠᠪᠠ; ᠭᠣᠣᠯᠳᠠᠯᠭ᠎ᠠ᠎ᠲᠠᠢ ᠬᠦᠷᠢᠶᠡᠨ᠎ᠳᠡᠬᠢ ᠠᠶᠤᠯ ᠲᠦᠭᠰᠢᠭᠦᠷᠢ᠎ᠶᠢᠨ ᠳᠠᠯᠳᠠ ᠬᠡᠮ᠎ᠢ ᠣᠮᠲᠣᠭᠠᠢᠯᠠᠵᠤ ᠪᠣᠯᠬᠤ ᠦᠭᠡᠢ᠃ ᠪᠥᠬᠥ ᠣᠷᠣᠨ᠎ᠤ ᠡᠯ᠎ᠡ ᠱᠠᠲᠤᠨ᠎ᠤ ᠬᠢᠨ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠪᠠᠲᠤᠯᠠᠵᠤ᠂ ᠵᠠᠪᠠᠯ ᠢᠯᠠᠬᠤ ᠢᠲᠡᠭᠡᠯ᠎ᠢᠶᠡᠨ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠰᠡᠳᠬᠢᠴᠡ᠎ᠪᠠᠷ ᠳᠠᠪᠠᠭᠤᠯᠢᠭ᠋᠎ᠢᠶᠠᠨ ᠪᠠᠳᠠᠷᠠᠭᠤᠯᠵᠤ᠂ ᠳᠤᠲᠠᠭᠤᠳᠠᠯ᠎ᠢᠶᠠᠨ ᠨᠥᠬᠥᠪᠦᠷᠢᠯᠡᠵᠦ᠂ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ᠂ ᠲᠡᠦᠬᠡ᠎ᠶᠢᠨ ᠰᠠᠨᠠᠭᠠᠴᠢᠯᠠᠭᠠᠲᠤ ᠵᠣᠷᠢᠭ᠋ ᠰᠠᠨᠠᠭ᠎ᠠ᠎ᠪᠠᠷ ᠬᠦᠴᠢᠷ᠎ᠢ ᠳᠤᠭᠤᠯᠵᠤ᠂ ᠠᠶᠤᠯ ᠲᠦᠭᠰᠢᠭᠦᠷᠢ᠎ᠶᠢ ᠳᠤᠭᠤᠯᠵᠤ᠂ ᠥᠷᠢᠰᠦᠯᠳᠦᠭᠡᠨ᠎ᠢ ᠤᠭᠲᠤᠵᠤ᠂ ᠴᠥᠬᠥᠷᠡᠰᠢ ᠦᠭᠡᠢ ᠴᠢᠷᠮᠠᠢᠵᠤ᠂ ᠦᠷᠭᠦᠯᠵᠢᠯᠡᠨ ᠲᠡᠮᠡᠴᠡᠵᠦ᠂ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠨ᠎ᠡ᠃
( 3 ) 《ᠠᠷᠪᠠᠨ ᠲᠠᠪᠤᠳᠤᠭᠠᠷ ᠲᠠᠪᠤᠨ ᠵᠢᠯ》ᠦ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠶᠡᠷᠦᠩᠬᠡᠢ ᠱᠠᠭᠠᠷᠳᠠᠯᠭ᠎ᠠ ᠪᠠ ᠭᠣᠣᠯ ᠬᠠᠷᠠᠯᠲᠠ᠃ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠧᠩ ᠰᠢᠶᠣᠣ ᠫᠢᠩ᠎ᠦᠨ ᠣᠨᠣᠯ᠂ 《ᠭᠤᠷᠪᠠ᠎ᠶᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠎ᠶᠢ ᠪᠠᠷᠢᠮᠳᠠᠯᠠᠵᠤ᠂ ᠰᠢ᠎ᠵᠢᠨ᠎ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠤᠯᠭᠠᠵᠤ᠂ 《ᠲᠠᠪᠤ᠎ᠶᠢ ᠨᠢᠭᠡ ᠴᠣᠭᠴᠠᠵᠢᠭᠤᠯᠬᠤ》 ᠶᠡᠷᠦᠩᠬᠡᠢ ᠪᠠᠢᠷᠢᠯᠠᠭᠤᠯᠤᠯᠲᠠ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ 《ᠳᠥᠷᠪᠡᠨ ᠪᠦᠬᠦ ᠲᠠᠯ᠎ᠠ》᠎ᠶᠢᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠵᠣᠬᠢᠴᠠᠭᠤᠯᠤᠨ ᠠᠬᠢᠭᠤᠯᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠬᠤ᠎ᠳᠤ ᠢᠳᠡᠪᠬᠢᠲᠡᠢ ᠠᠭᠤᠰᠤᠯᠴᠠᠨ ᠦᠢᠯᠡᠴᠢᠯᠡᠵᠦ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠵᠦ᠂ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠎ᠪᠠᠷ ᠭᠣᠣᠯᠳᠠᠯᠭ᠎ᠠ ᠪᠣᠯᠭᠠᠬᠤ᠎ᠶ᠋ᠢ ᠪᠠᠷᠢᠮᠲᠠᠯᠠᠵᠦ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠵᠦ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠦᠨᠳᠦᠰᠦᠨ ᠬᠥᠳᠡᠯᠭᠡᠬᠦ᠌ ᠬᠦᠴᠦᠨ ᠪᠣᠯᠭᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠦᠨᠳᠦᠰᠦᠨ ᠵᠣᠷᠢᠯᠭ᠎ᠠ ᠪᠣᠯᠭᠠᠵᠦ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠪᠠᠷ ᠦᠨᠳᠦᠰᠦᠨ ᠪᠠᠲᠤᠯᠠᠭ᠎ᠠ ᠪᠣᠯᠭᠠᠵᠦ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠳᠤᠭ᠎ᠠ ᠬᠡᠮᠵᠢᠶᠡᠨ᠎ᠦ ᠵᠣᠬᠢᠰᠲᠠᠶ ᠨᠡᠮᠡᠭ᠌ᠳᠡᠯ᠎ᠢ ᠠᠬᠢᠭᠤᠯᠵᠦ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠂ ᠦᠨᠳᠦᠰᠦᠲᠡᠨ ᠨᠤᠭᠦᠳ᠎ᠦᠨ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠳᠤ ᠯᠠᠪᠳᠠᠭᠤᠨ ᠪᠠᠲᠤᠲᠠᠢ ᠠᠯᠬᠤᠬᠤ᠎ᠶᠢ ᠠᠬᠢᠭᠤᠯᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠦᠲᠦᠭᠡᠨ ᠪᠠᠢᠭᠤᠯᠬᠤ᠎ᠳᠤ ᠱᠢᠨ᠎ᠡ ᠵᠢᠳᠬᠦᠯ ᠴᠢᠷᠮᠠᠢᠯᠭ᠎ᠠ ᠭᠠᠷᠭᠠᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠦ᠂ ᠪᠦᠬᠦ᠌ ᠤᠯᠤᠰ᠎ᠲᠠᠶ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠲᠠᠯ᠎ᠠ᠎ᠪᠠᠷ ᠱᠢᠢᠳᠪᠦᠷᠢᠯᠡᠭ᠌ᠴᠢ ᠴᠢᠨᠠᠷᠲᠠᠢ ᠠᠬᠢᠴᠠ᠎ᠲᠠᠶ ᠪᠣᠯᠬᠤ᠎ᠶ᠋ᠢ ᠦᠨᠡᠨ ᠬᠦ᠌ ᠪᠠᠲᠤᠯᠠᠨ᠎ᠠ ᠃
ᠶᠡᠷᠦᠩᠬᠡᠶ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠎ᠳᠤ᠂ ᠡᠷᠬᠡᠪᠰᠢ 《ᠬᠣᠶᠠᠷ᠎ᠢ ᠲᠣᠭ᠍ᠲᠠᠭᠠᠬᠰᠠᠨ》᠎ᠤ ᠱᠢᠶ᠋ᠳᠪᠦᠷᠢᠯᠡᠭ᠌ᠴᠢ ᠴᠢᠨᠠᠷᠲᠠᠶ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》᠎ᠢᠶᠠᠨ ᠴᠢᠩᠭᠠᠳᠭᠠᠵᠤ᠂ 《ᠳᠥᠷᠪᠡᠨ ᠢᠲᠡᠭᠡᠯ》᠎ᠢᠶᠠᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠍᠂ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠪᠠᠷᠢᠮᠲᠠᠯᠠᠵᠤ᠂ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠵᠤ᠂ ᠪᠦᠲᠦᠮᠵᠢᠲᠡᠶ ᠵᠠᠬ᠎ᠠ ᠳᠡᠯᠭᠡᠭᠦᠷ ᠪᠠ ᠵᠢᠳᠬᠦᠯ᠎ᠲᠡᠶ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠬᠦ᠌᠎ᠶ᠋ᠢ ᠪᠠᠷᠢᠮᠲᠠᠯᠠᠵᠤ᠂ ᠪᠥᠬᠥ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠠᠩ ᠰᠠᠢᠲᠤᠷ ᠦᠶ᠋ᠯᠡᠴᠢᠯᠡᠨ ᠪᠠᠲᠤᠯᠠᠭ᠎ᠠ ᠬᠠᠩᠭᠠᠬᠤ ᠳᠤᠮᠳᠠ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠤᠨ᠎ᠠ᠃
ᠬᠣᠢᠱᠢᠳᠠ᠎ᠶ᠋ᠢᠨ ᠲᠠᠪᠤᠨ ᠵᠢᠯ᠎ᠦᠨ ᠪᠦᠬᠦ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠪᠣᠯ᠄
— ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠱᠢᠨ᠎ᠡ ᠦᠷ᠎ᠡ ᠪᠦᠲᠦᠮᠵᠢ ᠣᠯᠬᠤ᠎ᠶᠢ ᠠᠬᠢᠭᠤᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠦᠷᠢᠮ ᠲᠣᠭ᠍ᠲᠠᠴᠠ᠎ᠶ᠋ᠢ ᠨᠠᠩ ᠪᠦᠷᠢᠨᠱᠢᠭᠦᠯᠵᠦ᠍᠂ ᠣᠨᠣᠯ᠎ᠤᠨ ᠰᠤᠳᠤᠯᠭᠠᠨᠲᠠᠢᠯᠪᠤᠷᠢᠯᠠᠯᠲᠠᠳᠤ ᠨᠢᠭᠡ ᠪᠦᠯᠦᠭ ᠨᠥᠯᠥᠭᠡᠯᠡᠬᠦ᠌ ᠬᠦᠴᠦᠨ᠎ᠲᠡᠶ ᠴᠢᠬᠤᠯᠠ ᠦᠷ᠎ᠡ ᠪᠦᠲᠦᠭᠡᠯ ᠣᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠶ᠋ᠢ ᠭᠦᠨᠵᠡᠭᠡᠶ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠬᠥᠮᠦᠰ᠎ᠦᠨ ᠰᠡᠳᠭᠢᠯ᠎ᠳᠦ ᠨᠠᠩ ᠬᠠᠳᠠᠩᠱᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠨᠠᠩ ᠣᠯᠠᠨ ᠦᠷ᠎ᠡ ᠪᠦᠲᠦᠭᠡᠯ ᠤᠯᠤᠨ᠎ᠠ᠃
— ᠴᠢᠨᠠᠷ ᠰᠠᠢᠲᠠᠶ ᠬᠥᠭ᠌ᠵᠢᠯᠲᠡ᠎ᠶᠢᠨ ᠱᠢᠨ᠎ᠡ ᠦᠰᠦᠷᠦᠯᠲᠡ᠎ᠶ᠋ᠢ ᠪᠡᠶᠡᠯᠡᠭᠦᠯᠦᠨ᠎ᠠ᠃ ᠠᠵᠤ ᠠᠬᠤᠶ᠎ᠶ᠋ᠢᠨ ᠨᠡᠮᠡᠭ᠌ᠳᠡᠯ᠎ᠢ ᠵᠦᠶ ᠵᠣᠬᠢᠰᠲᠠᠶ ᠣᠷᠣᠨ ᠪᠠᠢᠷᠢ᠎ᠳᠤ ᠪᠠᠢᠯᠭᠠᠵᠤ᠂ ᠪᠥᠬᠥ᠌ ᠬᠦᠴᠦᠨ ᠵᠦᠶ᠋ᠯ᠎ᠦᠨ ᠦᠶ᠋ᠯᠡᠳᠪᠦᠷᠢᠯᠡᠯ᠎ᠦᠨ ᠨᠣᠷᠮ᠎ᠠ᠎ᠶ᠋ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠵᠦ᠂ ᠰᠠᠭᠤᠭᠠᠯᠢ ᠠᠷᠠᠳ᠎ᠤᠨ ᠬᠡᠷᠡᠭ᠌ᠯᠡᠭᠡ᠎ᠶ᠋ᠢᠨ ᠨᠣᠷᠮ᠎ᠠ᠎ᠶ᠋ᠢ ᠢᠯᠡᠳᠲᠡ ᠳᠡᠭᠡᠭ᠌ᠰᠢᠯᠡᠭᠦᠯᠵᠦ᠍᠂ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡ᠂ ᠮᠡᠳᠡᠭᠡ ᠵᠠᠩᠭᠢᠴᠢᠯᠠᠯᠳᠠ᠂ ᠬᠣᠲᠠ ᠪᠠᠯᠭᠠᠰᠣᠵᠢᠯᠳᠡ᠂ ᠲᠠᠷᠢᠶᠠᠯᠠᠩ ᠮᠠᠯ ᠠᠵᠤ ᠠᠬᠤᠶ᠎ᠶ᠋ᠢᠨ ᠣᠳᠣᠬᠢᠴᠢᠯᠠᠯᠲᠠ᠎ᠶ᠋ᠢ ᠴᠢᠬᠤᠯᠠ ᠶᠡᠬᠡ ᠠᠬᠢᠴᠠ᠎ᠲᠠᠶ ᠪᠣᠯᠭᠠᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠦᠨ᠂ ᠥᠪᠥᠷ ᠮᠣᠩᠭᠣᠯ᠎ᠤᠨ ᠣᠨᠴᠠᠯᠢᠭ ᠪᠥᠬᠥᠶ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠴᠣᠭ᠍ᠴᠠᠯᠠᠨ ᠪᠠᠢᠭᠤᠯᠬᠤ᠎ᠳᠤ ᠴᠢᠬᠤᠯᠠ ᠶᠡᠬᠡ ᠱᠢᠪᠲᠤᠯᠤᠯᠲᠠ᠎ᠲᠠᠶ ᠪᠣᠯᠭᠠᠵᠤ᠂ ᠡᠨᠧᠷᠭᠢ᠂ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ ᠪᠠ ᠴᠢᠬᠤᠯᠠ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠪᠠᠲᠤᠯᠠᠬᠤ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠬᠥᠮᠦᠨ ᠳᠤᠮᠳᠠᠴᠢ᠎ᠶ᠋ᠢᠨ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ᠎ᠢ ᠪᠥᠬᠥ᠌ ᠤᠯᠤᠰ᠎ᠤᠨ ᠳᠡᠭᠡᠷ᠎ᠡ ᠲᠦᠪᠰᠢᠨ᠎ᠳᠤ ᠯᠠᠪᠳᠠᠭᠤᠨ ᠪᠠᠢᠯᠭᠠᠨ᠎ᠠ᠃
— ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶᠢ ᠱᠢᠨ᠎ᠡ ᠳᠡᠭ᠌ᠲᠡᠷ᠎ᠲᠦ ᠭᠠᠷᠭᠠᠨ᠎ᠠ᠃ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌ ᠪᠠᠢᠷᠢᠱᠢᠯ᠎ᠢ ᠦᠨᠳᠦᠰᠦᠨ᠎ᠳᠡᠭᠡᠨ ᠪᠦᠷᠢᠯᠳᠦᠬᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ ᠲᠠᠰᠤᠷᠠᠯᠲᠠ ᠦᠭᠡᠢ ᠪᠤᠵᠠᠭᠠᠢᠷᠠᠵᠤ᠂ ᠴᠢᠬᠤᠯᠠ ᠬᠦᠴᠦᠨ ᠵᠤᠢᠯ᠎ᠢ ᠲᠥᠪᠯᠡᠷᠡᠭᠦᠯᠬᠦ᠌ ᠴᠢᠳᠠᠪᠤᠷᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠂ ᠦᠷ᠎ᠡ ᠪᠦᠲᠦᠭᠡᠯ᠎ᠢ ᠣᠨᠳᠣᠣᠱᠢᠭᠤᠯᠬᠤ ᠴᠢᠳᠠᠪᠤᠷᠢ ᠶᠡᠬᠡᠪᠡᠷ ᠳᠡᠭᠡᠭ᠌ᠰᠢᠯᠡᠵᠦ᠍᠂ ᠪᠦᠬᠦ᠌ ᠶᠠᠪᠤᠴᠠ᠎ᠵᠢᠨ ᠱᠢᠨ᠎ᠡ᠎ᠶ᠋ᠢ ᠡᠭᠦᠳᠬᠦ᠌ ᠬᠡᠯᠬᠢᠶ᠎ᠡ ᠲᠦᠷᠭᠡᠨ ᠪᠦᠷᠢᠯᠳᠦᠵᠦ᠍᠂ ᠳᠠᠪᠠᠭᠤᠯᠢᠭ ᠬᠦᠷᠢᠶ᠎ᠠ ᠴᠠᠷᠠᠭᠠᠨ᠎ᠳᠦ ᠨᠢᠭᠡ ᠪᠦᠯᠦᠭ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠲᠡᠷᠢᠭᠦᠨ᠎ᠦ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ ᠣᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌ ᠭᠦᠨᠵᠡᠭᠡᠶ ᠠᠭᠤᠰᠤᠯᠴᠠᠵᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠦᠢᠯᠡᠳᠦᠯ᠎ᠢ ᠢᠯᠡᠳᠲᠡ ᠴᠢᠩᠭᠠᠳᠬᠠᠨ᠎ᠠ᠃
— ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠵᠦ᠍ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠤᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠶᠣᠰᠣᠭᠠᠷ ᠲᠥᠰᠦᠪᠯᠡᠨ ᠪᠠᠢᠷᠢᠯᠠᠭᠤᠯᠤᠭ᠍ᠰᠠᠨ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠬᠤᠭᠤᠴᠠᠭ᠎ᠠ ᠶᠣᠰᠣᠭᠠᠷ ᠪᠡᠶᠡᠯᠡᠭᠦᠯᠵᠦ᠍᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠦᠨ ᠱᠢᠰᠲ᠋ᠧᠮ᠎ᠢ ᠦᠨᠳᠦᠰᠦᠨ᠎ᠳᠡᠭᠡᠨ ᠪᠦᠷᠢᠯᠳᠦᠭᠦᠯᠵᠦ᠍᠂ ᠪᠦᠬᠦ᠌ ᠶᠠᠪᠤᠴᠠ᠎ᠵᠢᠨ ᠠᠷᠠᠳ᠎ᠤᠨ ᠠᠷᠠᠳᠴᠢᠯᠠᠯ᠎ᠢ ᠭᠦᠨᠵᠡᠭᠡᠶ ᠬᠥᠭ᠌ᠵᠢᠭᠦᠯᠵᠦ᠍᠂ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠨᠡᠩ ᠥᠨᠳᠥᠷ ᠲᠦᠪᠱᠢᠨ᠎ᠳᠦ ᠬᠦᠷᠭᠡᠨ᠎ᠡ᠃ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠯᠤᠭᠡ ᠨᠠᠩ ᠨᠢᠭ᠍ᠲᠠ ᠠᠭᠤᠰᠤᠯᠴᠠᠵᠤ᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶᠢ ᠱᠢᠪᠲᠤᠯᠤᠯᠲᠠ᠎ᠶ᠋ᠢᠨ ᠴᠢᠨᠠᠷᠲᠠᠶ ᠠᠬᠢᠴᠠ᠎ᠲᠠᠶ ᠪᠣᠯᠭᠠᠨ᠎ᠠ᠃
— ᠨᠡᠢᠭᠡᠮ᠎ᠦᠨ ᠪᠣᠯᠪᠠᠰᠤᠨ᠎ᠤ ᠳᠦᠪᠰᠢᠨ᠎ᠢ ᠱᠢᠨ᠎ᠡ ᠳᠡᠭᠡᠭ᠌ᠰᠢᠯᠡᠯᠲᠡ᠎ᠲᠡᠶ ᠪᠣᠯᠭᠠᠨ᠎ᠠ᠃ ᠨᠡᠢᠭᠡᠮ ᠵᠢᠷᠤᠮ᠎ᠤᠨ ᠭᠣᠣᠯᠯᠠᠬᠴᠢ ᠥᠷᠲᠡᠭ᠎ᠦᠨ ᠦᠵᠡᠯᠲᠡ᠎ᠶ᠋ᠢ ᠥᠷᠭᠡᠨ᠎ᠢᠶᠡᠷ ᠦᠢᠯᠡᠳᠦᠯᠭᠡᠵᠢᠭᠦᠯᠵᠦ᠍᠂ ᠣᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠱᠢᠰᠲ᠋ᠧᠮ᠂ ᠣᠳᠣ ᠦᠶ᠎ᠡ᠎ᠶ᠋ᠢᠨ ᠰᠣᠶᠣᠯ᠎ᠤᠨ ᠠᠵᠤ ᠦᠢᠯᠡᠰ᠎ᠦᠨ ᠱᠢᠰᠲ᠋ᠧᠮ ᠪᠠ ᠵᠠᠬ᠎ᠠ ᠳᠡᠯᠭᠡᠭᠦᠷ᠎ᠦᠨ ᠱᠢᠰᠲ᠋ᠧᠮ᠎ᠢ ᠨᠡᠩ ᠪᠦᠷᠢᠨᠱᠢᠭᠦᠯᠵᠦ᠍᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠣᠶᠣᠨ ᠰᠠᠨᠠᠭ᠎ᠠ ᠰᠣᠶᠣᠯ᠎ᠤᠨ ᠠᠮᠢᠳᠤᠷᠠᠯ᠎ᠢ ᠨᠡᠩ ᠪᠠᠶᠠᠯᠢᠭ᠍ᠵᠢᠭᠤᠯᠤᠨ᠂ ᠣᠯᠠᠨ ᠲᠦᠮᠡᠨ᠎ᠦ ᠶᠣᠰᠣ ᠮᠣᠷᠠᠯ᠎ᠤᠨ ᠬᠡᠪ ᠴᠢᠨᠠᠷ᠂ ᠱᠢᠨᠵᠢᠯᠡᠬᠦ᠌ ᠤᠬᠠᠭᠠᠨ ᠰᠣᠶᠣᠯ᠎ᠤᠨ ᠬᠡᠪ ᠴᠢᠨᠠᠷ᠂ ᠡᠷᠡᠭᠦᠯ ᠮᠡᠨᠳᠦ᠍᠎ᠶ᠋ᠢᠨ ᠬᠡᠪ ᠴᠢᠨᠠᠷ᠎ᠢ ᠤᠯᠠᠮ ᠳᠡᠭᠡᠭ᠌ᠰᠢᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠣᠨ ᠰᠠᠨᠠᠭᠠᠨ᠎ᠤ ᠭᠡᠷ ᠣᠷᠣᠨ᠎ᠢ ᠨᠡᠩ ᠪᠡᠬᠢᠵᠢᠭᠦᠯᠦᠨ᠎ᠡ᠃
— ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠱᠢᠨ᠎ᠡ ᠳᠡᠭᠡᠭ᠌ᠰᠢᠯᠡᠯᠲᠡ᠎ᠲᠡᠶ ᠪᠤᠯᠭᠠᠨ᠎ᠠ᠃ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠲᠣᠭ᠍ᠲᠠᠭᠤᠨ᠎ᠢᠶᠠᠷ ᠠᠬᠢᠭᠤᠯᠵᠤ᠂ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠪᠦᠬᠦ᠌ ᠤᠯᠤᠰ᠎ᠤᠨ ᠲᠠᠬᠡᠷ᠎ᠡ ᠲᠦᠪᠰᠢᠨ᠎ᠳᠦ ᠣᠷᠣᠭᠤᠯᠵᠤ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠨᠡᠩ ᠪᠦᠷᠢᠨᠱᠢᠬᠦᠯᠵᠤ᠂ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠲᠡᠩᠴᠡᠬᠦᠷᠢᠱᠢᠬᠦᠯᠬᠦ᠌ ᠲᠦᠪᠱᠢᠨ᠎ᠢ ᠢᠯᠡᠳᠲᠡ ᠳᠡᠭᠡᠭ᠌ᠰᠢᠯᠡᠭᠦᠯᠤᠨ᠂ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠨᠡᠩ ᠲᠡᠭᠦᠯᠳᠡᠷ᠂ ᠨᠡᠩ ᠪᠠᠲᠤᠯᠠᠭ᠎ᠠ᠎ᠲᠠᠶ᠂ ᠨᠡᠩ ᠦᠷᠭᠦᠯᠵᠢᠯᠡᠬᠦᠢᠴᠠ ᠪᠣᠯᠭᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ᠃
— ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶᠢ ᠱᠢᠨ᠎ᠡ ᠦᠨᠳᠦᠷᠴᠡ᠎ᠳᠤ ᠬᠦᠷᠭᠡᠨ᠎ᠡ᠃ 《ᠤᠮᠠᠷᠠᠲᠤ᠎ᠶᠢᠨ ᠭᠤᠷᠪᠠᠨ ᠤᠷᠤᠨ》᠎ᠤ ᠢᠨᠵᠧᠨᠧᠷᠢᠩ᠎ᠦᠨ ᠵᠢᠷᠭᠤᠳᠤᠭᠠᠷ ᠬᠤᠭᠤᠴᠠᠭᠠᠨ᠎ᠤ ᠲᠥᠯᠥᠪᠵᠢᠭᠦᠯᠭᠡ᠎ᠶ᠋ᠢᠨ ᠡᠭᠦᠷᠭᠡ᠎ᠶ᠋ᠢ ᠪᠥᠬᠥ᠌ ᠲᠠᠯ᠎ᠠ᠎ᠪᠠᠷ ᠪᠡᠶᠡᠯᠡᠭᠦᠯᠵᠦ᠍᠂ ᠭᠤᠤᠯ ᠪᠣᠯᠬᠤ ᠪᠣᠬᠢᠷ ᠪᠤᠳᠠᠰ᠎ᠢ ᠭᠠᠳᠠᠭ᠍ᠰᠢᠯᠠᠭᠤᠯᠬᠤ ᠶᠡᠷᠦᠩᠬᠡᠶ ᠬᠡᠮᠵᠢᠶ᠎ᠡ᠎ᠶ᠋ᠢ ᠦᠷᠭᠦᠯᠵᠢᠯᠡᠨ ᠪᠠᠭᠠᠰᠭᠠᠵᠤ᠂ ᠬᠣᠲᠠ ᠬᠥᠳᠡᠭᠡ᠎ᠶ᠋ᠢᠨ ᠣᠷᠣᠱᠢᠨ ᠰᠠᠭᠤᠬᠤ ᠣᠷᠴᠢᠨ ᠲᠣᠭᠣᠷᠢᠨ᠎ᠢ ᠢᠯᠡᠳᠲᠡ ᠰᠠᠢᠵᠢᠷᠠᠭᠤᠯᠤᠨ᠂ ᠪᠣᠬᠢᠷᠲᠤᠯ ᠥᠬᠡᠶ ᠦᠶ᠋ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠦᠨᠳᠦᠰᠦᠨ᠎ᠳᠡᠭᠡᠨ ᠪᠦᠷᠢᠯᠳᠦᠭᠦᠯᠵᠦ᠍᠂ ᠨᠡᠭᠦᠷᠡᠰᠦᠲᠥ᠋ᠷᠥᠭ᠌ᠴᠢ᠎ᠶ᠋ᠢᠨ ᠭᠠᠲᠠᠭᠰᠢᠯᠠᠭᠤᠯᠤᠯᠲᠠ ᠣᠷᠭᠢᠯᠬᠡᠮᠵᠢᠭᠲᠠᠯᠳᠤ ᠬᠦᠷᠬᠦ᠌ ᠬᠠᠷᠠᠯᠲᠠ᠎ᠶ᠋ᠢ ᠬᠤᠭᠤᠴᠠᠭ᠎ᠠ ᠶᠣᠰᠣᠭᠠᠷ ᠪᠡᠶᠡᠯᠡᠭᠦᠯᠦᠨ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠴᠢᠬᠤᠯᠠ ᠶᠡᠬᠡ ᠱᠢᠨ᠎ᠡ ᠠᠬᠢᠴᠠ᠎ᠲᠠᠶ ᠪᠣᠯᠭᠠᠵᠤ᠂ ᠴᠢᠳᠠᠮᠵᠢ᠎ᠨᠢ ᠪᠦᠷᠢᠨ ᠲᠡᠭᠦᠯᠳᠡᠷ᠂ ᠡᠪᠳᠡᠷᠡᠰᠢ ᠥᠬᠡᠶ ᠪᠠᠲᠤ ᠪᠠᠬᠢ ᠤᠮᠠᠷᠠᠲᠤ ᠬᠢᠯᠢ᠎ᠶ᠋ᠢᠨ ᠪᠣᠬᠢᠷᠲᠤᠯ ᠥᠬᠡᠶ ᠣᠷᠳᠣ ᠴᠠᠭᠠᠨ ᠬᠡᠷᠡᠮ᠂ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠢᠭᠤᠯᠤᠨ᠎ᠠ᠃
— ᠠᠮᠤᠭᠤᠯᠠᠩᠳᠦ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶᠢᠨ ᠱᠢᠨ᠎ᠡ ᠪᠠᠢᠳᠠᠯ᠎ᠢ ᠡᠭᠦᠳᠤᠨ᠎ᠡ᠃ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠴᠢᠳᠠᠪᠤᠷᠢ᠎ᠶ᠋ᠢ ᠤᠯᠠᠮ ᠴᠢᠩᠭᠠᠳᠭᠠᠵᠤ᠂ ᠭᠣᠣᠯᠳᠠᠯᠭ᠎ᠠ᠎ᠲᠠᠶ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠨᠡᠢᠭᠡᠮ᠎ᠦᠨ ᠵᠠᠰᠠᠯᠲᠠ ᠪᠠ ᠤᠯᠠᠨ ᠨᠡᠢᠲᠡ᠎ᠶ᠋ᠢᠨ ᠠᠮᠤᠷ ᠲᠦᠪᠱᠢᠨ᠎ᠦ ᠵᠠᠰᠠᠯᠲᠠ᠎ᠶ᠋ᠢᠨ ᠲᠦᠪᠱᠢᠨ᠎ᠢ ᠢᠯᠡᠳᠲᠡ ᠳᠡᠭᠡᠭ᠌ᠰᠢᠯᠡᠭᠦᠯᠤᠨ᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠡᠨ ᠬᠠᠮᠲᠤᠳᠭᠠᠨ ᠬᠢᠯᠢ᠎ᠶ᠋ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠪᠠᠢᠷᠢᠱᠢᠯ᠎ᠢ ᠤᠯᠠᠮ ᠨᠢᠭᠡ ᠠᠯᠬᠤᠮ ᠪᠡᠬᠢᠵᠢᠭᠦᠯᠵᠦ᠍᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠨᠡᠩ ᠪᠠᠲᠤ ᠪᠠᠬᠢ ᠪᠤᠯᠭᠠᠨ᠎ᠠ᠃
ᠡᠨᠡ ᠬᠦ᠌ ᠰᠠᠭᠤᠷᠢᠨ ᠳᠡᠭᠡᠷ᠎ᠡ ᠲᠠᠬᠢᠨ ᠲᠠᠪᠤᠨ ᠵᠢᠯ ᠲᠡᠮᠡᠴᠡᠵᠦ᠍᠂ 2035 ᠣᠨ ᠪᠣᠯᠬᠤ᠎ᠳᠤ ᠪᠦᠬᠦ᠌ ᠣᠷᠣᠨ᠎ᠤ ᠶᠡᠷᠦᠩᠬᠡᠢᠯᠡᠭ᠌ᠰᠡᠨ ᠠᠵᠤ ᠠᠬᠤᠢ᠎ᠶ᠋ᠢᠨ ᠪᠣᠳᠠᠲᠤ ᠬᠦᠴᠦᠨ ᠶᠡᠬᠡᠪᠡᠷ ᠳᠡᠭᠡᠭ᠌ᠰᠢᠯᠡᠵᠦ᠍᠂ ᠬᠥᠮᠦᠨ ᠳᠤᠮᠳᠠᠴᠢ᠎ᠶ᠋ᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ ᠪᠣᠯᠤᠨ ᠰᠠᠭᠤᠭᠠᠯᠢ ᠠᠷᠠᠳ᠎ᠤᠨ ᠣᠷᠣᠯᠭ᠎ᠠ ᠨᠡᠩ ᠥᠨᠳᠥᠷ ᠳᠡᠭ᠌ᠲᠡᠷ᠎ᠲᠦ ᠭᠠᠷᠴᠤ᠌᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢᠨ ᠦᠢᠯᠡᠳᠦᠯ ᠴᠢᠨᠠᠭ᠍ᠰᠢᠳᠠ ᠳᠡᠭᠡᠭ᠌ᠰᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠠᠮᠲᠤ᠎ᠪᠠᠷ ᠪᠠᠶᠠᠵᠢᠬᠤ᠎ᠶᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠤ᠂ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠂ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠦᠳᠦᠭᠡᠨ ᠪᠠᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠤ᠂ ᠪᠦᠬᠦ᠌ ᠤᠯᠤᠰ᠎ᠲᠠᠶ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ᠃
ᠬᠣᠶᠠᠷ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ ᠪᠣᠯᠤᠨ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠱᠢᠵᠢᠮ᠎ᠢ ᠪᠠᠲᠤ ᠡᠵᠡᠮᠳᠡᠠ᠂ ᠭᠣᠣᠯ ᠱᠢᠵᠢᠮ᠎ᠤᠨ ᠱᠠᠭᠠᠷᠳᠠᠯᠭ᠎ᠠ᠎ᠶ᠋ᠢ ᠪᠦᠬᠦ᠌ ᠣᠷᠣᠨ᠎ᠤ ᠠᠵᠤ ᠠᠬᠤᠢ᠎ᠶ᠋ᠢᠨ ᠪᠦᠳᠦᠭᠡᠨ ᠪᠠᠢᠭᠤᠯᠤᠯᠲᠠ᠂ ᠤᠯᠤᠰ ᠲᠦᠷᠦ᠍᠎ᠶ᠋ᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠪᠣᠯᠤᠨ ᠨᠠᠮ᠎ᠤᠨ ᠪᠠᠢᠭᠤᠯᠤᠯᠲᠠ ᠵᠡᠷᠭᠡ ᠡᠯ᠎ᠡ ᠵᠦᠢᠯ᠎ᠦᠨ ᠠᠵᠢᠯ᠎ᠳᠤ ᠪᠣᠳᠠᠲᠠᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠨᠢᠲᠤᠨ᠎ᠳᠤ ᠦᠵᠡᠭᠲᠠᠵᠦ᠂ ᠭᠠᠷ᠎ᠲᠤ ᠪᠠᠷᠢᠭᠲᠠᠵᠦ᠂ ᠰᠡᠳᠬᠢᠯ᠎ᠳᠤ ᠰᠠᠭᠤᠭᠲᠠᠮᠠ ᠪᠦᠲᠦᠮᠵᠢᠲᠡᠢ ᠠᠬᠢᠭᠤᠯᠤᠨ᠎ᠠ᠃
(4)ᠭᠣᠣᠯ ᠱᠢᠵᠢᠮ᠎ᠤᠨ ᠱᠠᠭᠠᠷᠳᠠᠯᠭ᠎ᠠ᠎ᠶ᠋ᠢ ᠲᠤᠭᠤᠱᠢᠯᠠᠭᠤᠯᠬᠤ ᠳᠦᠷᠢᠮ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠂ ᠵᠠᠰᠠᠭ᠎ᠤᠨ ᠣᠷᠳᠣᠨ᠎ᠤ ᠲᠦᠷᠢᠮ ᠲᠣᠭ᠍ᠲᠠᠭᠠᠯ᠎ᠤᠨ ᠭᠣᠣᠯ ᠱᠢᠵᠢᠮ᠎ᠤᠨ ᠱᠠᠭᠠᠷᠳᠠᠯᠭ᠎ᠠ᠎ᠶᠢ ᠲᠤᠭᠤᠱᠢᠯᠠᠭᠤᠯᠤᠬᠰᠠᠨᠳᠦ ᠬᠢᠨᠠᠨ ᠬᠠᠷᠭᠤᠭᠤᠯᠵᠤ ᠬᠢᠨᠠᠨ ᠪᠠᠢᠴᠠᠭᠠᠬᠤ᠎ᠪᠠᠨ ᠴᠢᠩᠭᠠᠳᠭᠠᠨ᠎ᠠ᠃ ᠴᠢᠬᠤᠯᠠ ᠶᠡᠬᠡ ᠠᠵᠤ ᠠᠬᠤᠶ ᠨᠡᠢᠭᠡᠮ᠎ᠢ ᠬᠥᠭ᠌ᠵᠢᠬᠦᠯᠬᠦ ᠲᠥᠷᠥ᠎ᠶ᠋ᠢᠨ ᠪᠣᠳᠣᠯᠭ᠎ᠠ᠎ᠳᠦ ᠭᠤᠤᠯ ᠱᠢᠵᠢᠮ᠎ᠤᠨ ᠱᠠᠭᠠᠷᠳᠠᠯᠭ᠎ᠠ᠎ᠶᠢ ᠲᠤᠭᠤᠱᠢᠯᠠᠭᠤᠯᠬᠤ᠂ ᠪᠣᠶ ᠪᠥᠬᠥᠶ ᠥᠭᠡᠷᠡᠴᠢᠯᠡᠯᠲᠡ ᠬᠥᠭ᠌ᠵᠢᠯᠲᠡ᠎ᠶᠢᠨ 《ᠭᠤᠷᠪᠠᠨ ᠠᠴᠢ ᠬᠣᠯᠪᠣᠭ᠍ᠳᠠᠯ》 ᠲᠠᠢ ᠪᠠᠢᠬᠤ᠎ᠶᠢ ᠬᠢᠨᠠᠨ ᠬᠠᠷᠭᠤᠭᠤᠯᠵᠤ ᠦᠨᠡᠯᠡᠨ ᠵᠢᠱ᠌ᠢᠬᠦ᠌ ᠲᠣᠭ᠍ᠲᠠᠴᠠ᠎ᠶ᠋ᠢ ᠳᠡᠭᠦᠯᠳᠡᠷᠵᠢᠬᠦᠯᠦᠨ᠎ᠡ᠃ ᠦᠨᠳᠦᠰᠦᠲᠡᠨ᠎ᠦ ᠬᠦᠷᠢᠶᠡᠨ᠎ᠳᠡᠬᠢ ᠬᠠᠤᠯᠢ ᠴᠠᠭᠠᠵᠠ᠎ᠶ᠋ᠢᠨ ᠶᠡᠷᠦ᠍᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠪᠠ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ᠎ᠪᠠᠷ ᠵᠠᠰᠠᠬᠤ᠎ᠶ᠋ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠪᠣᠯᠤᠨ ᠤᠳᠤᠷᠢᠳᠭᠤ ᠺᠠᠳ᠋ᠷ᠎ᠤᠨ ᠭᠣᠣᠯ ᠰᠢᠵᠢᠮ᠎ᠤᠨ ᠤᠬᠠᠮᠰᠠᠷ᠎ᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ ᠪᠣᠯᠤᠨ ᠠᠵᠢᠯ᠎ᠤᠨ ᠵᠣᠬᠢᠴᠠᠭᠤᠯᠬᠤ ᠲᠣᠭ᠍ᠲᠠᠴᠠ᠎ᠶ᠋ᠢ ᠴᠢᠩᠭ᠎ᠠ ᠨᠠᠢᠳᠠᠪᠤᠷᠢᠵᠢᠭᠤᠯᠤᠨ᠎ᠠ᠃
(5)ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠨᠤᠯ᠎ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ᠎ᠢ ᠴᠢᠩᠭᠠᠳᠭᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠴᠢᠬᠤᠯᠠ ᠶᠡᠬᠡ ᠰᠠᠭᠤᠷᠢ ᠴᠢᠨᠠᠷᠲᠠᠢ ᠠᠰᠠᠭᠤᠳᠠᠯ᠎ᠤᠨ ᠰᠤᠳᠤᠯᠭᠠᠨ᠎ᠢ ᠭᠦᠨᠵᠡᠭᠡᠢᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠰᠠᠭᠤᠷᠢᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠠᠢᠯᠭᠠᠬᠤ᠎ᠶ᠋ᠢ ᠠᠬᠢᠭᠤᠯᠵᠤ᠂ ᠨᠠᠮ᠎ᠤᠨ ᠭᠡᠱᠢᠭᠦᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ 《ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ᠎ᠶ᠋ᠢ ᠰᠣᠨᠣᠰᠴᠦ᠂ ᠨᠠᠮ᠎ᠢᠶᠠᠨ ᠲᠠᠭᠠᠨ ᠤᠷᠤᠬᠰᠢᠯᠠᠬᠤ》 ᠤᠯᠠᠨ ᠲᠦᠮᠡᠨᠴᠢ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠬᠡᠯᠪᠡᠷᠢ ᠠᠴᠢᠶᠠᠯᠠᠪᠤᠷᠢ᠎ᠶ᠋ᠢ ᠪᠠᠶᠠᠯᠢᠭ᠍ᠵᠢᠭᠤᠯᠵᠤ᠂ ᠥᠷᠭᠡᠴᠡ ᠭᠦᠨᠴᠡ᠎ᠶ᠋ᠢ ᠥᠷᠭᠡᠳᠭᠡᠵᠦ᠍᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠬᠦᠳᠦᠯᠥᠨ ᠳᠠᠭᠠᠭᠤᠯᠵᠤ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠲᠤᠮᠰᠢᠭ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠤᠢ ᠪᠤᠯᠭᠠᠨ᠎ᠠ᠃ ᠭᠤᠤᠯ ᠰᠢᠵᠢᠮ᠎ᠤᠨ ᠱᠠᠭᠠᠷᠳᠠᠯᠭ᠎ᠠ᠎ᠶ᠋ᠢ ᠲᠡᠦᠬᠡ ᠰᠣᠶᠣᠯ᠎ᠤᠨ ᠤᠬᠠᠭᠤᠯᠭ᠎ᠠ ᠬᠥᠮᠦᠵᠢᠯ᠂ ᠣᠯᠠᠨ ᠨᠡᠢᠲᠡ᠎ᠶ᠋ᠢᠨ ᠰᠣᠶᠣᠯ᠎ᠤᠨ ᠲᠦᠭᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠂ ᠬᠣᠲᠠ᠎ᠶ᠋ᠢᠨ ᠪᠡᠯᠭᠡ ᠲᠡᠮᠳᠡᠭ᠎ᠦᠨ ᠴᠢᠨᠠᠷᠲᠠᠶ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠂ ᠵᠢᠭᠤᠯᠴᠢᠯᠠᠯ᠎ᠤᠨ ᠦᠵᠡᠮᠵᠢ᠎ᠶ᠋ᠢᠨ ᠦᠵᠡᠭᠦᠯᠭᠡ ᠵᠡᠷᠭᠡ ᠬᠠᠮᠢᠶ᠎ᠠ ᠪᠥᠬᠥᠶ ᠲᠠᠯ᠎ᠠ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠲᠡᠨ᠎ᠨᠦᠭᠦᠳ ᠬᠠᠮᠲᠤ᠎ᠪᠠᠷ ᠡᠳ᠋ᠯᠡᠬᠦ ᠳᠤᠮᠳᠠᠳᠤ᠎ᠶ᠋ᠢᠨ ᠰᠣᠶᠣᠯ᠎ᠤᠨ ᠲᠡᠮᠳᠡᠭ ᠪᠠ ᠳᠤᠮᠳᠠᠳᠤ᠎ᠶ᠋ᠢᠨ ᠦᠨᠳᠦᠰᠦᠲᠡᠨ᠎ᠦ ᠳᠦᠷᠢ ᠲᠥᠷᠬᠦ᠌᠎ᠶ᠋ᠢ ᠱᠤᠭᠤᠵᠤ ᠳᠣᠪᠣᠢᠯᠭᠠᠨᠠ᠃
(6)ᠦᠨᠳᠦᠰᠦᠲᠡᠨ᠎ᠨᠦᠭᠦᠳ᠎ᠦᠨ ᠭᠦᠨᠵᠡᠭᠡᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠬᠤ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠦᠨ᠎ᠡ᠃ ᠬᠤᠲᠠ ᠬᠥᠳᠡᠭᠡ᠎ᠶ᠋ᠢᠨ ᠪᠦᠲᠦᠭᠡᠡ ᠪᠠᠢᠭᠤᠯᠤᠯᠲᠠ᠎ᠶ᠋ᠢᠨ ᠪᠠᠢᠷᠢᠱᠢᠭᠤᠯᠤᠯᠲᠠ᠎ᠶ᠋ᠢᠨ ᠲᠥᠯᠥᠪᠵᠢᠭᠦᠯᠭᠡ ᠪᠣᠯᠤᠨ ᠤᠯᠠᠠ ᠨᠡᠢᠲᠡ᠎ᠶ᠋ᠢᠨ ᠦᠢᠯᠡᠴᠢᠯᠡᠭᠡᠨ᠎ᠦ ᠡᠬᠢ ᠪᠠᠶᠠᠯᠢᠭ᠎ᠤᠨ ᠲᠤᠬᠢᠷᠠᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠨᠡᠩ ᠲᠡᠭᠦᠯᠳᠡᠷᠵᠢᠭ᠌ᠰᠡᠨ ᠦᠨᠳᠦᠰᠦᠲᠡᠨ᠎ᠨᠦᠭᠦᠳ᠎ᠦᠨ ᠤᠯᠠᠠ ᠲᠦᠮᠡᠨ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠨᠥᠬᠥᠴᠡᠯ᠎ᠢ ᠪᠦᠷᠢᠯᠳᠦᠭᠦᠯᠦᠨ᠎ᠡ᠃ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠷᠣᠨ ᠪᠦᠰᠡ ᠠᠯᠤᠰᠯᠠᠨ ᠱᠢᠯᠵᠢᠵᠦ᠍ ᠠᠭᠤᠰᠤᠯᠴᠠᠨ ᠰᠠᠭᠤᠷᠢᠱᠢᠬᠤ᠎ᠶ᠋ᠢ ᠡᠮᠬᠢ ᠵᠢᠷᠤᠮ᠎ᠲᠠᠶ᠎ᠪᠠᠷ ᠠᠬᠢᠭᠤᠯᠵᠤ᠂ ᠦᠨᠳᠦᠰᠦᠲᠡᠨ᠎ᠨᠦᠭᠦᠳ᠎ᠦᠨ ᠬᠠᠷᠢᠯᠴᠠᠨ ᠱᠢᠭᠢᠳᠬᠦ᠌ ᠮᠠᠶᠢᠭ᠎ᠤᠨ ᠬᠥᠭ᠌ᠵᠢᠯᠲᠡ᠎ᠶ᠋ᠢᠨ ᠲᠥᠯᠥᠪᠯᠡᠭᠡ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠂ ᠵᠢᠭᠤᠯᠴᠢᠯᠠᠯ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠦᠨᠳᠦᠰᠦᠲᠡᠨ᠎ᠨᠦᠭᠦᠳ᠎ᠦᠨ ᠠᠭᠤᠰᠤᠯᠴᠠᠨ ᠱᠢᠭᠢᠳᠬᠦ ᠦᠶ᠋ᠯᠡᠳᠦᠯᠭᠡ᠎ᠶ᠋ᠢᠨ ᠠᠷᠭ᠎ᠠ ᠵᠠᠮ᠎ᠢ ᠲᠠᠰᠤᠷᠠᠯᠲᠠ ᠥᠬᠡᠶ ᠥᠷᠭᠡᠳᠭᠡᠨ᠎ᠡ᠃ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠦᠨ᠎ᠡ᠃
(7) ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠤᠨ᠎ᠠ᠃ ᠨᠡᠢᠲᠡᠯᠢᠭ ᠴᠢᠨᠠᠷ᠎ᠢ ᠴᠢᠩᠭᠠᠳᠭᠠᠬᠤ᠂ ᠲᠥᠪᠯᠡᠷᠡᠩᠭᠦᠢ ᠬᠦᠴᠦᠨ᠎ᠢ ᠴᠢᠩᠭᠠᠷᠠᠭᠤᠯᠬᠤ᠂ ᠨᠢᠭ᠍ᠲᠠᠷᠠᠯ᠎ᠤᠨ ᠬᠦᠴᠦᠨ᠎ᠢ ᠳᠡᠭᠡᠭ᠌ᠰᠢᠯᠡᠭᠦᠯᠬᠦ ᠲᠤᠭᠤᠷᠢᠨ᠎ᠳᠦ᠂ ᠬᠠᠮᠲᠤ᠎ᠪᠠᠷ ᠪᠦᠯᠬᠦᠮᠳᠡᠨ ᠲᠡᠮᠡᠴᠡᠬᠦ᠌ ᠰᠠᠢ᠌ᠨ ᠰᠠᠢᠬᠠᠨ ᠪᠠᠢᠳᠠᠯ᠎ᠢ ᠪᠡᠬᠢᠵᠢᠭᠦᠯᠦᠨ ᠬᠥᠭ᠌ᠵᠢᠭᠦᠯᠦᠨ᠎ᠡ᠃ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠵᠥᠪᠯᠡᠬᠦ᠌ ᠠᠷᠠᠳᠴᠢᠯᠠᠯ᠎ᠤᠨ ᠥᠷᠭᠡᠨ ᠳᠡᠯᠭᠡᠷ ᠤᠯᠠᠨ ᠲᠡᠰ ᠳᠠᠪᠬᠤᠷᠭᠠᠲᠤ ᠳᠦᠷᠢᠮᠵᠢᠭ᠌ᠰᠡᠨ ᠬᠥᠭ᠌ᠵᠢᠯᠲᠡ᠎ᠶ᠋ᠢ ᠠᠬᠢᠭᠤᠯᠤᠨ᠎ᠠ᠃ 《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》᠎ᠤ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃ ᠦᠨᠳᠦᠰᠦᠨ ᠱᠠᠲᠤᠨ᠎ᠤ ᠠᠷᠠᠳᠴᠢᠯᠠᠯ᠎ᠤᠨ ᠲᠦᠷᠢᠮ᠎ᠢ ᠲᠡᠭᠦᠯᠳᠡᠷᠵᠢᠭᠦᠯᠦᠨ᠎ᠡ᠃ ᠠᠷᠠᠳ᠎ᠤᠨ ᠰᠠᠨᠠᠭ᠎ᠠ᠎ᠶ᠋ᠢ ᠱᠢᠩᠭᠡᠭᠡᠨ ᠠᠪᠬᠤ᠂ ᠠᠷᠠᠳ᠎ᠤᠨ ᠣᠶᠤᠨ ᠤᠬᠠᠭᠠᠨ᠎ᠢ ᠬᠤᠷᠠᠮᠳᠤᠭᠤᠯᠬᠤ ᠠᠵᠢᠯ᠎ᠤᠨ ᠲᠣᠭ᠍ᠲᠠᠴᠠ᠎ᠶ᠋ᠢ ᠱᠢᠯᠢᠳᠡᠭ᠌ᠵᠢᠭᠦᠯᠦᠨ᠎ᠡ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭ᠌ᠲᠡᠢᠴᠦᠳ᠎ᠦᠨ ᠬᠤᠯᠪᠤᠭ᠎ᠠ ᠵᠡᠷᠭᠡ ᠤᠯᠠᠨ ᠲᠦᠮᠡᠨᠴᠢ ᠪᠦᠯᠬᠦᠮ᠎ᠦᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠤᠨ᠎ᠠ᠃ ᠶᠡᠬᠡ ᠨᠢᠭᠡᠳᠦᠮᠡᠯ ᠹᠷᠣᠨᠲ᠎ᠤᠨ ᠠᠵᠢᠯ᠎ᠤᠨ ᠪᠠᠢᠷᠢᠱᠢᠯ᠎ᠢ ᠲᠡᠭᠦᠯᠳᠡᠷᠵᠢᠭᠦᠯᠵᠦ᠍᠂ ᠨᠢᠭᠡᠳᠦᠮᠡᠯ ᠹᠷᠣᠨᠲ᠎ᠤᠨ ᠠᠵᠢᠯ᠎ᠤᠨ ᠬᠠᠷᠢᠭᠤᠴᠠᠯᠭ᠎ᠠ᠎ᠶ᠋ᠢᠨ ᠳᠦᠷᠢᠮ᠎ᠢ ᠨᠠᠢᠳᠠᠪᠤᠷᠢᠵᠢᠭᠤᠯᠵᠤ᠂ ᠬᠠᠮᠤᠭ᠎ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ᠎ᠢ ᠪᠡᠬᠢᠵᠢᠭᠦᠯᠦᠨ ᠬᠥᠭ᠌ᠵᠢᠭᠦᠯᠦᠨ᠎ᠡ᠃ ᠮᠠᠨ᠎ᠤ ᠤᠯᠤᠰ᠎ᠤᠨ ᠱᠠᠱᠢᠨ ᠰᠤᠷᠲᠠᠬᠤᠨ᠎ᠤ ᠳᠤᠮᠳᠠᠳᠤ ᠤᠯᠤᠰᠴᠢᠯᠠᠬᠤ ᠴᠢᠭ᠌ᠯᠡᠯ᠎ᠢ ᠪᠠᠷᠢᠮᠲᠠᠯᠠᠵᠤ᠂ ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠬᠠᠤᠯᠢ᠎ᠪᠠᠷ ᠵᠠᠰᠠᠬᠤ᠎ᠶ᠋ᠢ ᠴᠢᠩᠭᠠᠳᠭᠠᠨ᠎ᠠ᠃ ᠬᠠᠤᠯᠢ᠎ᠪᠠᠷ ᠣᠷᠣᠨ᠎ᠢᠶᠠᠨ ᠵᠠᠰᠠᠬᠤ᠎ᠶ᠋ᠢ ᠭᠦᠨᠵᠡᠭᠡᠶ ᠠᠬᠢᠭᠤᠯᠵᠤ᠂ ᠬᠠᠤᠯᠢ᠎ᠪᠠᠷ ᠵᠠᠰᠠᠬᠤ᠎ᠪᠠᠷ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠪᠦᠯᠬᠦᠮᠳᠡᠯ᠎ᠢ ᠰᠠᠬᠢᠨ ᠬᠠᠮᠠᠭᠠᠯᠠᠨ᠎ᠠ᠃ ᠦᠨᠳᠦᠰᠦᠨ ᠬᠠᠤᠯᠢ᠂ ᠬᠠᠤᠯᠢ ᠴᠠᠭᠠᠵᠠ᠎ᠶ᠋ᠢ ᠵᠢᠷᠤᠮᠯᠠᠬᠤ ᠪᠠ ᠬᠡᠷᠡᠭ᠌ᠵᠢᠭᠦᠯᠬᠦ᠌᠎ᠶ᠋ᠢ ᠪᠦᠲᠦᠮᠵᠢᠲᠡᠢ ᠪᠠᠲᠤᠯᠠᠵᠤ᠂ ᠬᠠᠤᠯᠢ ᠲᠣᠭ᠍ᠲᠠᠭᠠᠬᠤ ᠲᠥᠯᠥᠪᠵᠢᠭᠦᠯᠭᠡ ᠪᠠ ᠬᠠᠤᠯᠢ ᠲᠣᠭ᠍ᠲᠠᠭᠠᠯᠲᠠ᠎ᠶ᠋ᠢᠨ ᠬᠢᠨᠠᠨ ᠪᠠᠢᠴᠠᠭᠠᠯᠲᠠ᠎ᠶ᠋ᠢ ᠴᠢᠩᠭᠠᠳᠭᠠᠨ᠎ᠠ᠃ ᠬᠠᠤᠯᠢ ᠪᠡᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠴᠢᠩᠭᠠᠳᠭᠠᠨ᠎ᠠ᠃ ᠬᠠᠤᠯᠢ ᠪᠠᠷᠢᠬᠤ ᠡᠷᠬᠡ᠎ᠶ᠋ᠢᠨ ᠠᠵᠢᠯᠯᠠᠭ᠎ᠠ᠎ᠨᠢ ᠵᠢᠷᠤᠮᠵᠢᠭᠤᠯᠤᠨ᠎ᠠ᠃ ᠬᠢᠨᠠᠨ ᠪᠠᠢᠴᠠᠭᠠᠬᠤ ᠬᠢᠨᠠᠯᠲᠠ ᠲᠠᠯᠪᠢᠯᠲᠠ᠎ᠶ᠋ᠢ ᠴᠢᠩᠭᠠᠳᠬᠠᠨ᠎ᠠ᠃ 《ᠭᠦᠢᠴᠡᠳᠭᠡᠬᠦ᠌᠎ᠳᠦ ᠬᠦᠴᠢᠷᠲᠡᠢ》 ᠪᠠᠢᠬᠤ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠨ᠎ᠠ᠃ ᠤᠳᠤᠷᠢᠳᠭᠤ ᠺᠠᠳ᠋ᠷ᠎ᠤᠨ ᠬᠠᠤᠯᠢ ᠶᠣᠰᠣᠭᠠᠷ ᠬᠡᠷᠡᠭ ᠱᠢᠢᠳᠪᠦᠷᠢᠯᠡᠬᠦ᠌ ᠬᠢᠨᠠᠯᠲᠠ ᠲᠠᠯᠪᠢᠯᠳᠠ ᠪᠠᠢᠴᠠᠭᠠᠯᠲᠠ᠎ᠶ᠋ᠢ ᠴᠢᠩᠭᠠᠳᠭᠠᠨ᠎ᠠ᠃ ᠬᠠᠤᠯᠢ᠎ᠪᠠᠷ ᠵᠠᠰᠠᠬᠤ ᠨᠡᠢᠭᠡᠮ᠎ᠦᠨ ᠪᠠᠢᠭᠤᠯᠤᠯᠲᠠ᠎ᠶ᠋ᠢ ᠠᠬᠢᠭᠤᠯᠵᠤ᠂ ᠨᠡᠢᠭᠡᠮ ᠳᠠᠶᠠᠭᠠᠷ᠎ᠢᠶᠠᠨ ᠬᠠᠤᠯᠢ᠎ᠪᠠᠷ ᠵᠠᠰᠠᠬᠤ᠎ᠶ᠋ᠢ ᠡᠷᠬᠢᠮᠯᠡᠬᠦ᠌᠂ ᠲᠦᠷᠢᠮ ᠲᠤᠭᠳᠠᠭᠠᠯ᠎ᠢ ᠬᠢᠴᠢᠶᠡᠩᠭᠦᠢᠯᠡᠨ ᠰᠠᠬᠢᠬᠤ᠂ ᠭᠡᠷ᠎ᠡ᠎ᠶ᠋ᠢ ᠬᠦᠨᠳᠦᠳᠭᠡᠬᠦ᠌᠂ ᠲᠥᠪ ᠭᠣᠣᠯᠴᠢ᠎ᠶᠢ ᠬᠠᠮᠠᠭᠠᠯᠠᠬᠤ ᠰᠠᠢ᠌ᠨ ᠰᠠᠢᠬᠠᠨ ᠣᠷᠴᠢᠨ ᠨᠥᠬᠥᠴᠡᠯ᠎ᠢ ᠪᠦᠷᠢᠯᠳᠦᠬᠦᠯᠦᠨ᠎ᠡ᠃ ᠱᠢᠶᠠᠩᠭᠠᠩ ᠣᠣᠮᠧᠨ ᠲᠠᠢᠸᠠᠨ᠎ᠤ ᠠᠬ᠎ᠠ ᠳᠡᠭᠦᠦ᠍᠎ᠨᠡᠷ᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ᠍ᠨᠡᠷᠯᠦᠭᠡᠶ᠋ᠢᠨ ᠬᠠᠷᠢᠯᠴᠠᠭ᠎ᠠ᠎ᠪᠠᠨ ᠴᠢᠩᠭᠠᠳᠭᠠᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢ ᠪᠦᠳᠦᠭᠡᠨ ᠪᠠᠢᠭᠤᠯᠬᠤ ᠤᠶᠤᠨ ᠤᠬᠠᠭᠠᠨ ᠬᠦᠴᠦᠨ ᠴᠢᠳᠠᠯ᠎ᠢ ᠥᠷᠭᠡᠨ᠎ᠢᠶᠡᠷ ᠨᠢᠭ᠍ᠲᠠᠷᠠᠭᠤᠯᠤᠨ᠎ᠠ᠃
ᠭᠤᠷᠪᠠ᠂ ᠠᠮᠢ ᠠᠬᠤᠢ᠎ᠶᠢ ᠤᠷᠢᠳ᠎ᠢᠶᠡᠷ ᠪᠤᠳᠤᠯᠬᠢᠯᠠᠬᠤ᠂ ᠪᠣᠬᠢᠷᠲᠤᠯ ᠦᠭᠡᠢᠬᠦᠭᠵᠢᠯᠳᠡᠶᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠦᠨ᠎ᠡ
ᠨᠤᠮᠢᠨ ᠤᠰᠤ ᠬᠦᠬᠡᠮᠳᠦᠭ ᠠᠭᠤᠯᠠ ᠪᠣᠯ ᠠᠯᠳᠠᠨ ᠠᠭᠤᠯᠠ ᠮᠦᠩᠬᠦᠨ ᠬᠠᠢᠷᠬᠠᠨᠮᠦᠨ ᠬᠡᠬᠦ ᠣᠢᠯᠠᠭᠠᠭᠳᠠᠬᠤᠨ᠎ᠢ ᠪᠠᠲᠤ ᠪᠡᠬᠢ ᠪᠤᠢ ᠪᠣᠯᠭᠠᠨ ᠦᠢᠯᠡᠳᠦᠯᠭᠡᠵᠢᠭᠦᠯᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢ᠎ᠳᠤ ᠡᠪᠡᠰᠦ ᠪᠡᠯᠴᠢᠬᠡᠷ ᠡᠯᠡᠰᠦᠮᠠᠩᠬᠠᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠵᠦ᠂ ᠨᠡᠭᠦᠷᠡᠰᠦᠲᠥ᠋ᠷᠥᠭᠴᠢ᠎ᠶᠢ ᠪᠠᠭᠠᠰᠬᠠᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ ᠪᠡ ᠥᠰᠦᠯᠲᠡ᠎ᠶᠢ ᠨᠡᠮᠡᠭᠳᠡᠭᠦᠯᠬᠦ᠎ᠶᠢ ᠬᠠᠮᠵᠢᠯᠴᠠᠨ ᠠᠬᠢᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠪᠠᠷ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠨ᠎ᠡ᠃
(8) 《ᠤᠮᠠᠷᠠᠲᠤ᠎ᠶᠢᠨ ᠭᠤᠷᠪᠠᠨ ᠣᠷᠣᠨ》᠎ᠤ ᠢᠨᠵᠧᠨᠧᠷᠢᠩ᠎ᠦᠨ ᠪᠡᠬᠢᠯᠡᠯᠳᠡ ᠰᠢᠪᠳᠤᠯᠬᠤ ᠲᠠᠢ᠍ᠢᠯᠠᠯᠳᠤᠭᠠᠨᠦ ᠢᠯᠠᠯᠲᠠ ᠤᠯᠬᠤ᠎ᠶᠢ ᠬᠤᠭᠤᠴᠠᠭ᠎ᠠ ᠶᠣᠰᠣᠭᠠᠷ ᠪᠡᠶᠡᠯᠡᠬᠦᠯᠦᠨ᠎ᠡ᠃ ᠬᠠᠲᠤᠨ ᠭᠣᠣᠯ᠎ᠤᠨ 《ᠶᠡᠭᠡ ᠳᠤᠬᠤᠢ᠎ᠶᠢᠨ ᠤᠷᠤᠨ》᠎ᠤ ᠨᠣᠭᠣᠭᠠᠷᠠᠭᠤᠯᠤᠯᠲᠠ᠎ᠶᠢᠨ ᠪᠦᠰᠡ᠂ ᠨᠦᠯᠦᠮᠡᠯ ᠭᠠᠵᠠᠷ᠎ᠤᠨ ᠬᠠᠰᠢᠯᠭ᠎ᠠ᠂ ᠬᠡᠷᠡᠯᠴᠢ ᠴᠡᠨᠡᠭ᠎ᠢᠶᠡᠷ ᠡᠯᠡᠰᠦ᠎ᠶᠢ ᠵᠠᠰᠠᠬᠤ ᠪᠦᠰᠡ᠂ ᠡᠯᠡᠰᠦᠨ ᠴᠥᠯᠢ᠋ ᠡᠮᠵᠢᠶᠡᠷᠢᠯᠡᠭᠰᠡᠨ ᠣᠶ ᠰᠢᠭᠤᠢ ᠡᠪᠡᠰᠦ ᠪᠡᠯᠴᠢᠭᠡᠷ᠎ᠦᠨ ᠪᠦᠰᠡ ᠵᠡᠷᠭᠡ 《ᠳᠥᠷᠪᠡᠨ ᠰᠡᠷᠭᠡᠢᠯᠡᠯᠲᠡ᠎ᠶᠢᠨ ᠱᠤᠭᠤᠮ》᠎ᠢ ᠴᠢᠨᠠᠷ ᠰᠠᠢᠲᠠᠢ ᠪᠦᠲᠦᠭᠡᠨ ᠪᠠᠢᠭᠤᠯᠵᠤ᠂ ᠮᠤᠤᠠᠤᠰᠤ᠎ᠶᠢᠨ ᠡᠯᠡᠰᠦᠷᠬᠡᠭ ᠭᠠᠵᠠᠷ᠎ᠤᠨ ᠰᠥᠨᠥᠭᠡᠯᠳᠡ᠎ᠶᠢᠨ ᠲᠠᠢᠯᠠᠯᠳᠤᠭᠠᠨ᠎ᠢ ᠠᠬᠢᠭᠤᠯᠤᠨ᠎ᠠ᠃ ᠬᠣᠷᠴᠢᠨ᠂ ᠬᠤᠯᠠᠨ ᠰᠢᠷᠭ᠎ᠠ ᠲᠠᠭ᠎ᠠ᠎ᠶᠢᠨ ᠬᠣᠶᠠᠷ ᠶᠡᠬᠡ ᠡᠯᠡᠰᠦᠷᠬᠡᠭ ᠭᠠᠵᠠᠷ᠎ᠤᠨ ᠰᠥᠨᠥᠭᠡᠯᠳᠡ᠎ᠶᠢᠨ ᠲᠠᠢᠯᠠᠯᠳᠤᠭᠠᠨ᠎ᠢ ᠰᠠᠢᠲᠤᠷ ᠬᠢᠵᠦ᠂ ᠣᠶ ᠰᠢᠭᠤᠢ ᠡᠪᠡᠰᠦ ᠪᠡᠯᠴᠢᠭᠡᠷ᠎ᠦᠨ ᠤᠷᠭᠤᠮᠠᠯ᠎ᠤᠨ ᠪᠦᠷᠬᠦᠴᠡ᠎ᠶᠢ ᠲᠦᠷᠭᠡᠨ ᠰᠡᠷᠭᠦᠭᠡᠵᠦ᠂ ᠪᠡᠭᠡᠵᠢᠩ ᠲᠢᠶᠠᠨᠵᠢᠨ᠎ᠤ ᠠᠮᠢ ᠠᠬᠤᠢ᠎ᠶᠢᠨ ᠠᠮᠤᠷ ᠲᠦᠪᠰᠢᠨ᠎ᠢ ᠪᠠᠲᠤᠯᠠᠨ᠎ᠠ ᠃ ᠾᠸᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠦᠨ ᠬᠥᠪᠡᠭᠡ ᠵᠠᠬ᠎ᠠ᠎ᠶᠢᠨ ᠬᠤᠷᠢᠬᠯᠠᠯᠳᠠ᠎ᠶᠢᠨ ᠲᠠᠢᠯᠠᠯᠳᠤᠭᠠᠨ᠎ᠤ ᠥᠪᠥᠷ ᠮᠣᠩᠭᠣᠯ ᠣᠷᠣᠨ᠎ᠤ᠋ ᠡᠭᠦᠷᠭᠡ᠎ᠶᠢ ᠪᠥᠬᠥ ᠬᠦᠴᠦᠨ᠎ᠢᠶᠡᠷ᠎ᠢᠶᠡᠨ ᠪᠡᠶᠡᠯᠡᠭᠦᠯᠵᠦ᠂ ᠪᠠᠳᠠᠢ᠎ᠶᠢᠨ ᠵᠢᠷᠠᠨ᠂ ᠲᠡᠭᠷᠢ ᠡᠯᠡᠰᠦᠨ ᠴᠥᠯ᠎ᠢ ᠡᠮᠵᠢᠶᠡᠷᠢᠯᠡᠭᠰᠡᠨ ᠣᠶ ᠰᠢᠭᠤᠢ ᠡᠪᠡᠰᠦ ᠪᠡᠯᠴᠢᠭᠡᠷ᠎ᠦᠨ ᠪᠦᠰᠡ᠎ᠶᠢ ᠥᠷᠭᠡᠳᠬᠡᠨ᠎ᠡ ᠃ ᠬᠡᠷᠡᠯᠴᠢ ᠴᠡᠨᠡᠭ᠎ᠢᠶᠡᠷ ᠡᠯᠡᠰᠦ᠎ᠶᠢ ᠵᠠᠰᠠᠬᠤ ᠢᠨᠵᠧᠨᠧᠷᠢᠩ᠎ᠢ ᠦᠷᠭᠦᠯᠵᠢᠯᠡᠨ ᠬᠡᠷᠡᠭᠵᠢᠭᠦᠯᠦᠨ᠎ᠡ ᠃ ᠣᠷᠣᠨ ᠪᠦᠰᠡ ᠠᠯᠤᠰᠯᠠᠭᠰᠠᠨ ᠪᠠ ᠬᠢᠯᠢ ᠠᠯᠤᠰᠯᠠᠭᠰᠠᠨ ᠴᠦᠯᠯᠡᠷᠬᠡᠭᠵᠢᠯ᠎ᠢ ᠰᠡᠷᠭᠡᠢᠯᠡᠨ ᠵᠠᠰᠠᠬᠤ ᠬᠠᠮᠲᠤᠷᠠᠯᠴᠠᠭ᠎ᠠ᠎ᠶᠢ ᠴᠢᠩᠭᠠᠳᠬᠠᠨ᠎ᠠ᠃ ᠬᠥᠪᠴᠢ᠎ᠶᠢᠨ ᠤᠯᠠᠨ ᠤᠯᠤᠰ᠎ᠤᠨ ᠡᠯᠡᠰᠦᠨ ᠴᠦᠯ᠎ᠦᠨ ᠶᠠᠷᠢᠶᠠᠨ᠎ᠤ ᠲᠠᠪᠴᠠᠩ᠎ᠢ ᠰᠠᠢᠲᠤᠷ ᠡᠷᠬᠢᠯᠡᠨ᠎ᠠ᠃
(9)ᠴᠢᠬᠤᠯᠠ ᠠᠮᠢ ᠠᠬᠤᠢ᠎ᠶᠢᠨ ᠰᠢᠰᠲᠧᠮ᠎ᠦᠨ ᠬᠠᠮᠠᠭᠠᠯᠠᠯᠲᠠ ᠪᠠ ᠰᠡᠷᠭᠦᠭᠡᠯᠲᠡ᠎ᠶᠢ ᠴᠢᠩᠭᠠᠳᠬᠠᠨ᠎ᠠ᠃ ᠦᠨᠳᠦᠰᠦᠨ ᠨᠤᠲᠤᠭ ᠪᠡᠯᠴᠢᠭᠡᠷ᠎ᠢ ᠬᠠᠮᠠᠭᠠᠯᠠᠬᠤ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠪᠠ ᠪᠡᠯᠴᠢᠭᠡᠷᠯᠡᠭᠦᠯᠬᠦ᠎ᠶᠢ ᠴᠠᠭᠠᠵᠠᠯᠠᠨ ᠰᠡᠯᠬᠦᠨ ᠮᠠᠯᠵᠢᠬᠤ ᠵᠡᠷᠭᠡ ᠳᠦᠷᠢᠮ᠎ᠢ ᠴᠢᠩᠭ᠎ᠠ ᠬᠡᠷᠡᠭᠵᠢᠭᠦᠯᠦᠨ᠎ᠡ᠃ ᠬᠠᠤᠯᠢ ᠲᠣᠭᠲᠠᠭᠠᠯ ᠠ᠋ᠴᠠ ᠵᠥᠷᠢᠴᠡᠨ ᠣᠶ ᠰᠢᠭᠤᠢ᠎ᠶᠢ ᠡᠪᠳᠡᠬᠦ ᠨᠤᠳᠤᠭ ᠪᠡᠯᠴᠢᠭᠡᠷ᠎ᠢ ᠡᠪᠳᠡᠬᠦ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠨᠤᠲᠤᠭ ᠪᠡᠯᠴᠢᠭᠡᠷ᠎ᠦᠨ ᠲᠠᠭᠠᠭᠠᠴᠠ᠎ᠡᠴᠡ ᠨᠢ ᠬᠡᠳᠦᠷᠡᠳᠡᠯ᠎ᠡ ᠮᠠᠯᠵᠢᠬᠤ᠎ᠶᠢ ᠴᠡᠭᠴᠡᠯᠡᠨ ᠵᠠᠰᠠᠭᠰᠠᠨ ᠦᠷ᠎ᠡ ᠪᠦᠲᠦᠭᠡᠯ᠎ᠢ ᠪᠡᠬᠢᠵᠢᠭᠦᠯᠦᠨ᠎ᠡ᠃ ᠨᠤᠲᠤᠭ ᠪᠡᠯᠴᠢᠭᠡᠷ᠎ᠦᠨ ᠳᠠᠭᠠᠳᠬᠠᠯ᠎ᠤᠨ ᠬᠠᠮᠤᠷᠬᠤ ᠬᠡᠪᠴᠢᠶ᠎ᠡ ᠪᠠ ᠪᠠᠲᠤᠯᠠᠬᠤ ᠲᠦᠪᠰᠢᠨ᠎ᠢ ᠳᠡᠭᠡᠭᠰᠢᠯᠡᠭᠦᠯᠦᠨ᠎ᠡ᠃ ᠨᠤᠲᠤᠭ ᠪᠡᠯᠴᠢᠭᠡᠷ᠎ᠦᠨ ᠬᠠᠮᠠᠭᠠᠯᠠᠯᠲᠠ᠎ᠶᠢᠨ ᠠᠮᠢ ᠠᠬᠤᠢ᠎ᠶᠢᠨ ᠤᠬᠠᠭᠠᠨ᠎ᠤ ᠪᠥᠬᠥ ᠤᠯᠤᠰ᠎ᠤᠨ ᠭᠤᠤᠯᠳᠠᠯᠭ᠎ᠠ ᠳᠠᠢ ᠳᠤᠷᠰᠢᠯᠳᠠ᠎ᠶᠢᠨ ᠳᠠᠰᠤᠭ᠎ᠢ ᠪᠤᠢ ᠪᠤᠯᠭᠠᠨ᠎ᠠ᠃ ᠤᠢ ᠰᠢᠭᠤᠢ᠎ᠶᠢᠨ ᠳᠠᠷᠤᠭ᠎ᠠ᠎ᠶᠢᠨ ᠳᠦᠷᠢᠮ᠂ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠎ᠢ ᠴᠢᠩᠭᠠᠳᠬᠠᠨ᠎ᠠ᠃ ᠣᠢ ᠰᠢᠭᠤᠢ᠎ᠶᠢ ᠬᠠᠮᠠᠭᠠᠯᠠᠬᠤ᠂ ᠪᠣᠢᠵᠢᠭᠤᠯᠬᠤ ᠪᠠ ᠡᠵᠡᠩᠨᠡᠬᠦ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠮᠲᠤ᠎ᠶᠢᠨ ᠣᠢ ᠮᠣᠳᠣᠨ᠎ᠤ ᠡᠷᠬᠡ᠎ᠶᠢᠨ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠎ᠡ᠃ ᠬᠠᠲᠤᠨ ᠭᠣᠣᠯ ᠡᠵᠢ ᠭᠣᠣᠯ᠎ᠢ ᠰᠠᠢᠲᠤᠷ ᠬᠠᠮᠠᠭᠠᠯᠠᠵᠤ᠂ 《ᠬᠦᠯᠦᠨ ᠨᠠᠭᠤᠷ ᠤᠯᠠᠭᠠᠨᠰᠤᠬᠠᠢ ᠳᠠᠭ᠎ᠠ᠎ᠶᠢᠨ ᠨᠠᠭᠤᠷ》 ᠵᠢᠴᠢ ᠴᠠᠭᠠᠨᠨᠠᠭᠤᠷ ᠵᠡᠷᠭᠡ ᠭᠣᠣᠯᠳᠠᠯᠭ᠎ᠠ᠎ᠲᠠᠢ ᠭᠣᠣᠯ ᠮᠥᠷᠡᠨ ᠨᠠᠭᠤᠷ ᠨᠤᠭᠤ ᠭᠠᠵᠠᠷ᠎ᠢ ᠬᠠᠮᠠᠭᠠᠯᠠᠨ ᠵᠠᠰᠠᠬᠤ᠎ᠶᠢ ᠭᠦᠨᠵᠡᠭᠡᠢᠷᠡᠭᠦᠯᠦᠨ᠂ 《ᠠᠷᠪᠠᠨ ᠶᠡᠬᠡ ᠬᠦᠨᠳᠡᠢ》ᠵᠡᠷᠭᠡ ᠬᠥᠷᠥᠰᠥ ᠰᠢᠷᠣᠢ᠎ᠶᠢᠨ ᠢᠳᠡᠭᠳᠡᠯ᠎ᠢ ᠶᠡᠷᠦᠩᠬᠡᠢᠯᠡᠨ ᠵᠠᠰᠠᠬᠤ ᠢᠨᠵᠧᠨᠧᠷᠢᠩ᠎ᠢ ᠠᠬᠢᠭᠤᠯᠵᠤ᠂ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠰᠡᠷᠭᠦᠯᠲᠡ᠎ᠶᠢ ᠦᠷᠭᠦᠯᠵᠢᠯᠡᠨ ᠠᠬᠢᠭᠤᠯᠤᠨ᠎ᠠ᠃ ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ᠎ᠤᠨ ᠰᠢᠰᠲᠧᠮ᠎ᠦᠨ ᠪᠠᠢᠭᠤᠯᠤᠯᠲᠠ᠎ᠶᠢ ᠠᠬᠢᠭᠤᠯᠤᠨ᠎ᠠ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭᠠᠯᠠᠯᠲᠠ᠎ᠶᠢ ᠴᠢᠩᠭᠠᠳᠬᠠᠨ᠎ᠠ᠃ ᠬᠠᠲᠤᠨ ᠭᠣᠣᠯ᠎ᠤᠨ ᠰᠠᠪᠠ ᠭᠠᠵᠠᠷ ᠵᠡᠷᠭᠡ ᠣᠷᠣᠨ ᠪᠦᠰᠡ᠎ᠶᠢᠨ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢ᠎ᠳᠤ ᠡᠪᠡᠰᠦ ᠪᠡᠯᠴᠢᠬᠡᠷ ᠡᠯᠡᠰᠦᠮᠠᠩᠬᠠᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠲᠥᠷᠥᠯ ᠵᠦᠢᠯ᠎ᠢ ᠤᠯᠤᠰ᠎ᠤᠨ ᠳᠡᠮᠵᠢᠬᠦ ᠬᠡᠪᠴᠢᠶᠡᠨ᠎ᠳᠦ ᠣᠷᠣᠭᠤᠯᠬᠤ᠎ᠪᠠᠷ ᠴᠢᠷᠮᠠᠢᠨ᠎ᠠ᠃ ᠪᠣᠬᠢᠷᠲᠤᠯ ᠦᠭᠡᠢ ᠠᠭᠤᠷᠬᠠᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠲᠡᠦᠬᠡᠨ᠎ᠡᠴᠡ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ᠎ᠶᠢᠨ ᠠᠮᠢ ᠠᠬᠤᠢ᠎ᠶᠢ ᠰᠡᠷᠭᠦᠭᠡᠨ ᠵᠠᠰᠠᠬᠤ᠎ᠶᠢ ᠠᠬᠢᠭᠤᠯᠤᠨ᠎ᠠ᠃
(10)ᠪᠣᠬᠢᠷᠲᠤᠯ᠎ᠢ ᠰᠡᠷᠭᠡᠢᠯᠡᠨ ᠵᠠᠰᠠᠬᠤ ᠪᠡᠬᠢᠯᠡᠯᠳᠡ ᠰᠢᠪᠳᠤᠯᠬᠤ ᠲᠠᠢᠯᠠᠯᠳᠤᠭᠠᠨ᠎ᠢ ᠪᠦᠬᠥ ᠬᠦᠴᠦᠨ᠎ᠢᠶᠡᠷ᠎ᠢᠶᠡᠨ ᠰᠠᠢᠲᠤᠷ ᠬᠢᠨ᠎ᠡ᠃ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠵᠠᠰᠠᠬᠤ ᠠᠵᠢᠯ᠎ᠢ ᠭᠦᠨᠵᠡᠭᠡᠢ ᠠᠬᠢᠭᠤᠯᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠦᠨᠳᠦᠰᠦᠨ᠎ᠳᠡᠭᠡᠨ ᠠᠷᠢᠯᠭᠠᠨ᠎ᠠ᠃ ᠬᠠᠳᠤᠨ ᠭᠣᠣᠯ ᠤᠷᠤᠭᠤ ᠪᠣᠬᠢᠷ ᠪᠤᠳᠠᠰ ᠭᠠᠳᠠᠭᠰᠢᠯᠠᠭᠤᠯᠬᠤ ᠠᠮᠠ᠎ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲᠧᠮ᠎ᠢ ᠲᠡᠭᠦᠯᠳᠡᠷᠵᠢᠭᠦᠯᠦᠨ᠎ᠡ᠃ ᠲᠠᠷᠢᠶᠠᠯᠠᠩ᠎ᠤᠨ ᠤᠯᠠᠨ ᠡᠬᠢᠲᠦ ᠪᠣᠬᠢᠷᠲᠤᠯ᠎ᠢ ᠵᠠᠰᠠᠬᠤ ᠠᠵᠢᠯ᠎ᠢ ᠭᠦᠨᠵᠡᠭᠡᠢᠷᠡᠭᠦᠯᠦᠨ᠎ᠡ᠃ ᠬᠤᠳᠠ ᠬᠥᠳᠡᠭᠡ᠎ᠶᠢᠨ ᠬᠣᠭ ᠨᠣᠪᠰᠢ ᠪᠣᠬᠢᠷ ᠤᠰᠤ᠎ᠶᠢ ᠴᠤᠭᠯᠠᠭᠤᠯᠬᠤ᠂ ᠳᠠᠮᠵᠢᠭᠤᠯᠤᠨ ᠵᠥᠭᠡᠭᠡᠪᠦᠷᠢᠯᠡᠬᠦ᠂ ᠰᠢᠢᠳᠪᠦᠷᠢᠯᠡᠬᠦ ᠲᠥᠬᠦᠭᠡᠷᠦᠮᠵᠢ᠎ᠶᠢ ᠲᠡᠭᠦᠯᠳᠡᠷᠵᠢᠭᠦᠯᠦᠨ᠎ᠡ᠃ ᠭᠠᠵᠠᠷ ᠳᠣᠣᠷᠠᠬᠢ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ᠎ᠶᠢ ᠣᠷᠣᠨ ᠬᠤᠪᠢᠶᠠᠨ ᠬᠠᠮᠢᠶᠠᠷᠴᠤ ᠱᠠᠲᠤ ᠬᠤᠪᠢᠶᠠᠨ ᠰᠡᠷᠭᠡᠢᠯᠡᠨ ᠡᠵᠡᠮᠳᠡᠬᠦ᠎ᠶᠢ ᠠᠬᠢᠭᠤᠯᠵᠤ᠂ ᠭᠠᠵᠠᠷ ᠳᠣᠣᠷᠠᠬᠢ ᠤᠰᠤ᠎ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠡᠲᠦᠷᠡᠲᠡᠯ᠎ᠡ ᠮᠠᠯᠳᠠᠬᠤ᠎ᠶᠢ ᠶᠡᠷᠦᠩᠬᠡᠢᠯᠡᠨ ᠵᠠᠰᠠᠬᠤ᠎ᠶᠢ ᠴᠢᠩᠭᠠᠳᠬᠠᠨ᠎ᠠ᠃ ᠲᠠᠷᠢᠶᠠᠯᠠᠩ᠎ᠳᠤ ᠬᠡᠷᠡᠭᠯᠡᠬᠦ ᠭᠠᠵᠠᠷ᠂ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ᠎ᠶᠢᠨ ᠪᠣᠬᠢᠷᠲᠤᠯ᠎ᠤᠨ ᠲᠦᠭᠰᠢᠭᠦᠷᠢ᠎ᠶᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ᠎ᠶᠢ ᠴᠢᠩᠭᠠᠳᠬᠠᠨ᠎ᠠ᠃ 《ᠬᠠᠶᠠᠭᠳᠠᠮᠠᠯ ᠪᠣᠳᠠᠰ ᠦᠭᠡᠢ ᠬᠤᠳᠠ》᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ᠃ ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠳᠤᠭᠤᠷᠢᠨ᠎ᠤ ᠵᠠᠰᠠᠯᠳᠠ ᠪᠠ ᠡᠮᠴᠢᠯᠡᠭᠡᠨ᠎ᠦ ᠬᠠᠶᠠᠭᠳᠠᠮᠠᠯ ᠪᠣᠳᠠᠰ᠎ᠢ ᠲᠥᠪᠯᠡᠷᠡᠭᠦᠯᠦᠨ ᠬᠣᠣᠷ ᠦᠭᠡᠢ᠍ᠢᠵᠢᠬᠦᠯᠦᠨ ᠰᠢᠢᠳᠪᠦᠷᠢᠯᠡᠬᠦ ᠠᠵᠢᠯ᠎ᠢ ᠴᠢᠩᠭᠠᠳᠬᠠᠨ᠎ᠠ᠃ ᠰᠢᠨ᠎ᠡ ᠪᠣᠬᠢᠷᠲᠤᠯ ᠪᠣᠳᠠᠰ᠎ᠢ ᠬᠠᠮᠵᠢᠯᠴᠠᠨ ᠵᠠᠰᠠᠬᠤ ᠪᠠ ᠣᠷᠴᠢᠨ ᠲᠤᠭᠤᠷᠢᠨ᠎ᠤ ᠠᠶᠤᠯ ᠲᠦᠭᠰᠢᠭᠦᠷᠢ᠎ᠶᠢ ᠬᠠᠮᠢᠶᠠᠷᠤᠨ ᠡᠵᠡᠮᠳᠡᠬᠦ ᠰᠢᠰᠲᠧᠮ᠎ᠦᠨ ᠪᠠᠢᠭᠤᠯᠤᠯᠲᠠ᠎ᠶᠢ ᠴᠢᠩᠭᠠᠳᠬᠠᠨ᠎ᠠ᠃
(11) ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠦ ᠡᠷᠭᠢᠯᠲᠡᠲᠦ ᠬᠥᠭᠵᠢᠯᠲᠡ᠎ᠶᠢ ᠠᠬᠢᠭᠤᠯᠤᠨ᠎ᠠ᠃ ᠠᠵᠤ ᠦᠢᠯᠡᠰ᠎ᠦᠨ ᠠᠮᠢ ᠠᠬᠤᠶ᠋ᠢᠵᠢᠯᠲᠠ ᠪᠠ ᠠᠮᠢ ᠠᠬᠤᠢ᠎ᠶᠢᠨ ᠠᠵᠤ ᠦᠢᠯᠡᠰᠵᠢᠯᠲᠡ᠎ᠶᠢ ᠠᠬᠢᠭᠤᠯᠵᠤ᠂ ᠠᠵᠤ ᠦᠢᠯᠡᠳᠪᠦᠷᠢ᠂ ᠬᠤᠳᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠵᠠᠮ ᠲᠡᠭᠡᠭᠡᠪᠦᠷᠢ᠂ ᠡᠨᠧᠷᠭᠢ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠦ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠵᠦ᠂ ᠠᠮᠢ ᠠᠬᠤᠢ᠎ᠶᠢᠨ ᠦᠢᠯᠡᠳᠬᠦᠨ᠎ᠦ ᠦᠷᠳᠡᠭ᠎ᠢ ᠪᠡᠶᠡᠯᠡᠭᠦᠯᠬᠦ ᠲᠣᠭᠲᠠᠴᠠ᠎ᠶᠢᠨ ᠲᠠᠯ᠎ᠠ᠎ᠵᠢᠨ ᠰᠢᠨ᠎ᠡ᠎ᠶᠢ ᠡᠭᠦᠳᠦᠨ᠎ᠡ᠃ ᠪᠣᠬᠢᠷᠲᠤᠯ ᠦᠭᠡᠢ ᠬᠡᠷᠡᠭᠯᠡᠭᠡ᠎ᠶᠢᠨ ᠤᠷᠮᠠᠰᠢᠭᠤᠯᠬᠤ ᠲᠣᠭᠲᠠᠴᠠ᠎ᠶᠢ ᠪᠦᠷᠢᠨᠰᠢᠭᠦᠯᠵᠦ᠂ ᠦᠵᠦᠭᠦᠷ ᠬᠡᠰᠡᠭ᠎ᠤᠨ ᠡᠨᠧᠷᠭᠢ᠎ᠶᠢᠨ ᠬᠡᠷᠡᠭᠯᠡᠭᠡᠨ᠎ᠤ ᠴᠠᠬᠢᠯᠭᠠᠨᠴᠢᠯᠠᠬᠤ ᠲᠦᠪᠰᠢᠨ᠎ᠢ ᠳᠡᠭᠡᠭᠰᠢᠯᠡᠭᠦᠯᠵᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠦ ᠠᠮᠢᠳᠤᠷᠠᠯ᠎ᠤᠨ ᠠᠷᠭ᠎ᠠ ᠮᠠᠶᠢᠭ᠋᠎ᠢ ᠳᠡᠯᠭᠡᠷᠡᠭᠦᠯᠦᠨ᠎ᠡ᠃ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠶᠡᠷᠦᠩᠬᠡᠢ ᠬᠡᠮᠵᠢᠶ᠎ᠡ ᠪᠠ ᠬᠦᠴᠦᠯᠡᠴᠡ᠎ᠶ᠋ᠢᠨ ᠬᠣᠣᠰ ᠡᠵᠡᠮᠳᠡᠯ᠎ᠤᠨ ᠳᠦᠷᠢᠮ᠎ᠢ ᠬᠡᠷᠡᠭ᠌ᠵᠢᠭᠦᠯᠦᠨ᠎ᠡ᠃ ᠤᠯᠤᠰ᠎ᠤᠨ ᠨᠡᠭᠦᠷᠡᠰᠦᠲᠥ᠋ᠷᠥᠭ᠌ᠴᠢ᠎ᠶ᠋ᠢᠨ ᠬᠡᠮᠵᠢᠯᠲᠡ᠎ᠶ᠋ᠢᠨ ᠲᠥᠪ᠎ᠦᠨ ᠪᠠᠢᠭᠤᠯᠤᠯᠲᠠ᠎ᠶ᠋ᠢ ᠯᠠᠪᠳᠠᠭᠤᠨ᠎ᠢᠶᠠᠷ ᠠᠬᠢᠭᠤᠯᠵᠤ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠦᠷᠢᠳᠭᠡᠵᠦ᠍ ᠲᠣᠭᠠᠴᠠᠭ᠎ᠠ ᠬᠢᠬᠦ᠌ ᠱᠢᠰᠲ᠋ᠧᠮ᠎ᠢ ᠲᠡᠭᠦᠯᠳᠡᠷᠵᠢᠭᠦᠯᠦᠨ᠂ ᠣᠷᠣᠨ ᠨᠤᠲᠤᠭ᠎ᠤᠨ ᠨᠡᠭᠦᠷᠡᠰᠦᠲᠥ᠋ᠷᠥᠭ᠌ᠴᠢ᠎ᠶ᠋ᠢ ᠬᠢᠨᠠᠨ ᠱᠢᠯᠭᠠᠬᠤ᠂ ᠠᠵᠢᠯ ᠲᠦᠷᠦᠯ᠎ᠦᠨ ᠨᠡᠭᠦᠷᠡᠰᠦᠲᠥ᠋ᠷᠥᠭ᠌ᠴᠢ᠎ᠶ᠋ᠢ ᠬᠠᠮᠢᠶᠠᠷᠤᠨ ᠡᠵᠡᠮᠳᠡᠬᠦ᠌᠂ ᠠᠵᠤ ᠠᠬᠤᠢᠯᠠᠯ᠎ᠤᠨ ᠨᠡᠭᠦᠷᠡᠰᠦᠲᠥ᠋ᠷᠥᠭ᠌ᠴᠢ᠎ᠶ᠋ᠢᠨ ᠬᠠᠮᠢᠶᠠᠷᠤᠯᠲᠠ᠂ ᠲᠦᠷᠦᠯ ᠵᠦᠢᠯ᠎ᠦᠨ ᠨᠡᠭᠦᠷᠡᠰᠦᠲᠥ᠋ᠷᠥᠭ᠌ᠴᠢ᠎ᠶ᠋ᠢᠨ ᠦᠨᠡᠯᠡᠯᠲᠡ᠂ ᠦᠢᠯᠡᠳᠬᠦᠨ᠎ᠦ ᠨᠡᠭᠦᠷᠡᠰᠦᠲᠥ᠋ᠷᠥᠭ᠌ᠴᠢ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠲᠦᠷᠢᠮ᠎ᠢ ᠯᠠᠪᠳᠠᠭᠤᠨ᠎ᠢᠶᠠᠷ ᠬᠡᠷᠡᠭ᠌ᠵᠢᠭᠦᠯᠦᠨ᠎ᠡ᠃ ᠣᠶ ᠱᠢᠭᠤᠶ ᠡᠪᠡᠰᠦ ᠪᠡᠯᠴᠢᠭᠡᠷᠶ᠋ᠢᠡᠷ ᠨᠡᠭᠦᠷᠡᠰᠦᠲᠥ᠋ᠷᠥᠭ᠌ᠴᠢ᠎ᠶ᠋ᠢ ᠲᠣᠭ᠍ᠲᠠᠪᠤᠷᠢᠵᠢᠭᠤᠯᠤᠨ ᠱᠢᠩᠭᠡᠭᠡᠨ ᠠᠪᠬᠤ᠎ᠶ᠋ᠢ ᠨᠡᠮᠡᠭ᠌ᠳᠡᠭᠦᠯᠬᠦ᠌ ᠠᠵᠢᠯᠯᠠᠭ᠎ᠠ᠂ ᠨᠡᠭᠦᠷᠡᠰᠦᠲᠥ᠋ᠷᠥᠭ᠌ᠴᠢ᠎ᠬᠤᠷᠠᠮᠳᠤᠭᠤᠯᠬᠤ᠎ᠶ᠋ᠢ ᠪᠡᠶᠡᠯᠡᠭᠦᠯᠬᠦ᠌ ᠠᠵᠢᠯᠯᠠᠭ᠎ᠠ᠂ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡᠨ᠎ᠦ ᠨᠡᠭᠦᠷᠡᠰᠦᠲᠥ᠋ᠷᠥᠭ᠌ᠴᠢ᠎ᠶᠢᠨ ᠣᠷᠭᠢᠯ ᠬᠡᠮᠵᠢᠭᠳᠡᠯ᠎ᠳᠤ ᠬᠦᠷᠬᠦ ᠪᠠ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠤᠨ᠎ᠠ᠃ 《ᠬᠤᠤᠰ ᠨᠡᠭᠦᠷᠡᠰᠦᠲᠥ᠋ᠷᠥᠭ᠌ᠴᠢ》᠎ᠶᠢᠨ ᠰᠠᠭᠤᠷᠢ ᠴᠢᠳᠠᠪᠤᠷᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠨᠡᠭᠦᠷᠡᠰᠦᠲᠥ᠋ᠷᠥᠭ᠌ᠴᠢ ᠥᠬᠡᠶ ᠬᠦᠷᠢᠶᠡᠯᠡᠩ ᠲᠣᠭᠣᠷᠢᠭ ᠪᠠ ᠦᠶ᠋ᠯᠡᠳᠪᠦᠷᠢ᠎ᠶ᠋ᠢ ᠴᠢᠨᠠᠷ ᠰᠠᠢᠲᠠᠶ ᠪᠥᠲᠥᠭᠡᠨ ᠪᠠᠢᠭᠤᠯᠤᠨ᠎ᠠ᠃ 《ᠲᠦᠷᠪᠡᠨ ᠤᠰᠤ᠎ᠪᠠᠷ ᠳᠥᠷᠪᠡ᠎ᠶ᠋ᠢ ᠲᠣᠭ᠍ᠲᠠᠭᠠᠬᠤ》 ᠵᠠᠷᠴᠢᠮ᠎ᠢ ᠪᠦᠬᠦ᠌ ᠲᠠᠯ᠎ᠠ᠎ᠪᠠᠷ ᠳᠤᠭᠤᠰᠢᠯᠠᠭᠤᠯᠵᠦ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠢ ᠴᠢᠩᠭᠠᠳᠬᠠᠨ᠂ ᠲᠠᠷᠢᠶᠠᠯᠠᠩ᠎ᠤᠨ ᠤᠰᠤ ᠠᠷᠪᠢᠯᠠᠬᠤ ᠳᠠᠯᠳᠠ ᠬᠦᠴᠦᠨ᠎ᠢ ᠭᠦᠨᠵᠡᠭᠡᠶ ᠠᠭᠤᠳᠠᠯᠵᠤ᠂ ᠬᠦᠢᠭᠡᠨ ᠪᠤᠯᠠᠵᠤ ᠲᠤᠰᠤᠯᠭᠠᠨ ᠤᠰᠤᠯᠠᠬᠤ ᠵᠡᠷᠭᠡ ᠮᠡᠷᠭᠡᠵᠢᠯ᠎ᠢ ᠲᠡᠯᠭᠡᠷᠡᠬᠦᠯᠵᠦ᠂ ᠳᠠᠬᠢᠨ ᠠᠰᠢᠭᠯᠠᠵᠤ ᠪᠤᠯᠬᠤ ᠤᠰᠤ᠂ ᠠᠭᠤᠷᠬᠠᠶ᠎ᠶ᠋ᠢᠨ ᠬᠤᠳᠳᠤᠭ᠎ᠤᠨ ᠤᠰᠤ ᠵᠡᠷᠭᠡ᠎ᠶ᠋ᠢ ᠶᠡᠷᠦᠩᠬᠡᠢᠯᠡᠨ ᠠᠱᠢᠭ᠍ᠯᠠᠬᠤ ᠪᠠ ᠪᠣᠷᠣᠭᠠᠨ ᠦᠶᠡᠷ᠎ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ᠎ᠶ᠋ᠢ ᠴᠢᠩᠭᠠᠳᠭᠠᠵᠤ᠂ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠶᠤᠯᠬᠦᠢ ᠠᠱᠢᠭ᠍ᠯᠠᠬᠤ ᠲᠦᠪᠰᠢᠨ᠎ᠢ ᠳᠡᠭᠡᠭ᠌ᠰᠢᠯᠡᠭᠦᠯᠦᠨ᠎ᠡ᠃ ᠡᠬᠢ ᠪᠠᠶᠠᠯᠢᠭ᠎ᠤᠨ ᠶᠡᠷᠦᠩᠬᠡᠢ ᠬᠡᠮᠵᠢᠢ᠎ᠡ᠎ᠶᠢᠨ ᠬᠠᠮᠢᠶᠠᠷᠤᠯᠳᠠ ᠪᠠ ᠪᠦᠬᠦ᠌ ᠲᠠᠯ᠎ᠠ᠎ᠪᠠᠷ ᠠᠷᠪᠢᠯᠠᠬᠤ ᠲᠦᠷᠢᠮ᠎ᠢ ᠲᠡᠭᠦᠯᠳᠡᠷᠵᠢᠭᠦᠯᠵᠦ᠍᠂ ᠤᠯᠠᠮᠵᠢᠯᠠᠯᠲᠤ ᠶᠡᠬᠡ ᠬᠡᠮᠵᠢᠶᠡᠨ᠎ᠦ ᠠᠵᠤ ᠦᠢᠯᠡᠳᠪᠦᠷᠢ᠎ᠶ᠋ᠢᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠪᠠ ᠱᠢᠨ᠎ᠡ᠎ᠪᠡᠷ ᠬᠥᠭ᠌ᠵᠢᠭ᠌ᠰᠡᠨ ᠠᠵᠤ ᠦᠢᠯᠡᠰ᠎ᠦᠨ ᠬᠠᠶᠠᠭ᠍ᠳᠠᠮᠠᠯ ᠪᠣᠳᠠᠰ᠎ᠢ ᠡᠷᠬᠢᠯᠳᠦᠬᠦᠯᠦᠨ ᠠᠱᠢᠭ᠍ᠯᠠᠬᠤ᠎ᠶ᠋ᠢ ᠴᠢᠩᠭᠠᠳᠭᠠᠵᠤ᠂ ᠬᠣᠭ ᠨᠣᠪᠰᠢ᠎ᠶ᠋ᠢ ᠲᠦᠷᠦᠯ ᠬᠤᠪᠢᠶᠠᠬᠤ ᠪᠠ ᠡᠬᠢ ᠪᠠᠶᠠᠯᠢᠭ᠍ᠵᠢᠭᠤᠯᠤᠨ ᠠᠱᠢᠭ᠍ᠯᠠᠬᠤ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃
(12)ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯ᠎ᠦᠨ ᠱᠢᠰᠲ᠋ᠧᠮ᠎ᠢ ᠪᠦᠷᠢᠨᠱᠢᠭᠦᠯᠦᠨ᠎ᠡ᠃ ᠠᠮᠢ ᠠᠬᠤᠶ ᠣᠷᠴᠢᠨ ᠲᠣᠭᠣᠷᠢᠨ᠎ᠤ ᠵᠠᠰᠠᠯᠲᠠ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ᠂ ᠬᠠᠷᠢᠭᠤᠴᠠᠯᠭ᠎ᠠ᠎ᠶ᠋ᠢᠨ ᠱᠢᠰᠲ᠋ᠧᠮ᠂ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠂ ᠵᠠᠬ᠎ᠠ ᠳᠡᠯᠭᠡᠭᠦᠷ᠎ᠦᠨ ᠱᠢᠰᠲ᠋ᠧᠮ᠂ ᠬᠠᠤᠯᠢ ᠲᠣᠭ᠍ᠲᠠᠭᠠᠯ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮᠤᠨᠪᠠᠢᠭᠤᠯᠤᠯᠲᠠᠶ᠋ᠢ ᠠᠬᠢᠭᠤᠯᠤᠨ᠎ᠠ᠃ ᠠᠮᠢ ᠠᠬᠤᠶ᠎ᠶ᠋ᠢᠨ ᠦᠶ᠋ᠯᠡᠳᠬᠦᠨ᠎ᠦ ᠶᠡᠷᠦᠩᠬᠡᠶ ᠥᠷᠲᠡᠭ (GEP)᠎ᠤᠨ ᠲᠣᠭᠠᠴᠠᠭ᠎ᠠ ᠬᠢᠬᠦ᠌ ᠬᠢᠭᠡᠳ ᠬᠡᠷᠡᠭ᠌ᠯᠡᠭᠡᠨ᠎ᠦ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠦᠨ᠎ᠡ᠃ ᠣᠳᠣᠬᠢᠴᠢᠯᠠᠭ᠍ᠰᠠᠨ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ᠌ ᠱᠢᠰᠲ᠋ᠧᠮᠢᠲᠦᠷᠭᠡᠳᠭᠡᠨ ᠪᠠᠢᠭᠤᠯᠵᠤ᠂ 《ᠭᠤᠷᠪᠠᠨ ᠤᠮᠠᠷᠠᠲᠤ》 ᠵᠡᠷᠭᠡ ᠭᠣᠣᠯᠳᠠᠯᠭ᠎ᠠ᠎ᠲᠠᠶ ᠠᠮᠢ ᠠᠬᠤᠢ᠎ᠶ᠋ᠢᠨ ᠢᠨᠵᠧᠨᠧᠷᠢᠩ᠎ᠤᠨ ᠠᠮᠢ ᠠᠬᠤᠢ ᠣᠷᠴᠢᠨ ᠲᠣᠭᠣᠷᠢᠨ᠎ᠤ ᠦᠷ᠎ᠡ ᠪᠦᠲᠦᠮᠵᠢ᠎ᠶ᠋ᠢ ᠦᠨᠡᠯᠡᠨ ᠵᠢᠱ᠌ᠢᠬᠦ᠌᠎ᠶ᠋ᠢ ᠰᠠᠢᠲᠤᠷ ᠬᠢᠨ᠎ᠡ᠃ ᠣᠯᠠᠨ ᠡᠱᠢᠵᠢᠭ᠌ᠰᠡᠨ ᠠᠮᠢ ᠠᠬᠤᠶ᠎ᠶ᠋ᠢ ᠬᠠᠮᠠᠭᠠᠯᠠᠵᠤ ᠰᠡᠷᠭᠦᠭᠡᠬᠦ᠌ ᠣᠷᠣᠭᠤᠯᠤᠯᠲᠠ᠎ᠶ᠋ᠢᠨ ᠲᠣᠭ᠍ᠲᠠᠴᠠ ᠪᠠ ᠠᠮᠢ ᠠᠬᠤᠶ᠎ᠶ᠋ᠢᠨ ᠨᠥᠬᠥᠪᠥᠷᠢ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠠᠮᠢᠶᠠᠷᠤᠯᠲᠠ᠎ᠶ᠋ᠢᠨ ᠬᠠᠤᠯᠢ ᠬᠡᠷᠡᠭ᠌ᠵᠢᠭᠦᠯᠬᠦ᠌ ᠪᠠᠢᠭᠤᠯᠤᠮᠵᠢ ᠲᠣᠭ᠍ᠲᠠᠴᠠ᠎ᠶ᠋ᠢ ᠱᠢᠯᠤᠭᠤᠳᠭᠠᠵᠤ᠂ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠎ᠤᠨ ᠲᠥᠯᠥᠪᠦᠷᠢ᠎ᠶ᠋ᠢ ᠨᠢᠭᠡᠳᠦᠯᠲᠡᠢᠲᠥᠯᠥᠪᠵᠢᠭᠦᠯᠦᠨ ᠠᠬᠢᠭᠤᠯᠤᠨ᠎ᠠ᠃ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠤᠷᠢᠳ᠎ᠢᠶᠡᠷ ᠬᠡᠷᠡᠭᠵᠢᠬᠦᠯᠬᠦ ᠤᠷᠤᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠲᠤᠷᠱᠢᠯᠲᠠ᠎ᠶ᠋ᠢᠨ ᠣᠷᠣᠨ᠎ᠢ ᠭᠤᠶᠤᠴᠢᠯᠠᠨ ᠪᠠᠢᠭᠤᠯᠤᠨ᠎ᠠ᠃
ᠳᠥᠷᠪᠡ᠂ ᠤᠯᠤᠰ᠎ᠤᠨ ᠠᠮᠤᠷ ᠲᠦᠪᠱᠢᠨ᠎ᠦ ᠱᠢᠰᠲ᠋ᠧᠮ ᠪᠠ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠡᠬᠢᠵᠢᠭᠦᠯᠦᠨ᠎ᠡ
ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠦᠵᠡᠯᠲᠡ᠎ᠶ᠋ᠢ ᠭᠦᠨᠵᠡᠭᠡᠶ ᠲᠤᠭᠤᠱᠢᠯᠠᠭᠤᠯᠵᠤ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠪᠠᠢᠭᠤᠯᠤᠮᠵᠢ ᠲᠣᠭ᠍ᠲᠠᠴᠠ᠎ᠶ᠋ᠢ ᠪᠦᠷᠢᠨᠱᠢᠬᠦᠯᠵᠦ᠍᠂ ᠡᠯ᠎ᠡ ᠲᠥᠷᠥᠯ᠎ᠦᠨ ᠠᠶᠤᠯ ᠲᠦᠭ᠌ᠰᠢᠭᠦᠷᠢ ᠬᠡᠮ ᠰᠣᠭᠣᠭ᠎ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠥᠪᠥᠷ ᠮᠣᠩᠭᠣᠯ᠎ᠤᠨ ᠲᠤᠭᠳᠠᠭᠤᠨ᠎ᠢᠶᠡᠷ ᠬᠢᠯᠢ ᠬᠢᠵᠠᠭᠠᠷ᠎ᠤᠨ ᠠᠮᠤᠷ ᠲᠦᠪᠱᠢᠨ᠎ᠢ ᠰᠠᠬᠢᠨ ᠬᠠᠮᠠᠭᠠᠯᠠᠵᠤ᠂ ᠨᠡᠢᠰᠯᠡᠯ᠎ᠦᠨ ᠠᠮᠤᠷ ᠲᠦᠪᠱᠢᠨ᠎ᠢ ᠰᠠᠢᠳᠤᠷ ᠬᠠᠮᠠᠭᠠᠯᠠᠨ᠎ᠠ᠃
(13)ᠤᠯᠤᠰ᠎ᠤᠨ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠨ᠎ᠠ᠃ ᠬᠢᠯᠢ᠎ᠶ᠋ᠢᠨ ᠳᠣᠲᠣᠨ᠎ᠠ ᠭᠠᠳᠠᠨᠠᠬᠢ ᠳᠠᠢᠰᠤᠩᠨᠠᠭ᠍ᠴᠢ ᠬᠦᠴᠦᠨ᠎ᠦ ᠨᠡᠪᠴᠢᠯᠲᠡ ᠡᠪᠳᠡᠯᠡᠭᠡ ᠨᠤᠷᠠᠭᠠᠯᠲᠠ ᠬᠢᠬᠦ᠌ ᠠᠵᠢᠯᠯᠠᠭ᠎ᠠ᠎ᠶ᠋ᠢ ᠴᠢᠩᠭ᠎ᠠ ᠰᠡᠷᠭᠡᠢᠯᠡᠨ ᠴᠢᠩᠭ᠎ᠠ ᠴᠣᠬᠢᠯᠲᠠ ᠥᠭ᠌ᠴᠦ᠂ ᠰᠦᠷᠳᠡᠭᠦᠯᠦᠯ᠎ᠢ ᠡᠰᠡᠷᠭᠦᠴᠡᠬᠦ᠌ ᠭᠠᠵᠢᠭᠤ ᠨᠣᠮᠯᠠᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢ ᠥᠷᠨᠢᠭᠦᠯᠦᠨ᠎ᠡ᠃ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠶᠠᠷᠢᠶ᠎ᠠ ᠬᠡᠯᠡᠯᠴᠡᠭᠡᠨ᠎ᠦ ᠤᠳᠤᠷᠢᠳᠤᠮᠵᠢ ᠪᠠ ᠶᠠᠷᠢᠶ᠎ᠠ ᠬᠡᠯᠡᠯᠴᠡᠭᠡᠨ᠎ᠦ ᠪᠠᠢᠳᠠᠯ᠎ᠢ ᠠᠷᠭᠠᠴᠠᠭᠠᠬᠤ ᠬᠠᠮᠵᠢᠯᠴᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠰᠦᠯᠵᠢᠶ᠎ᠡ᠂ ᠲᠣᠭ᠎ᠠ ᠪᠠᠷᠢᠮᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠤᠯᠤᠰ᠎ᠤᠨ ᠠᠮᠤᠷ ᠲᠦᠪᠱᠢᠨ᠎ᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠢ ᠴᠢᠩᠭᠠᠳᠭᠠᠵᠤ᠂ ᠪᠦᠬᠦ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠢ ᠭᠦᠨᠵᠡᠭᠡᠢᠷᠡᠭᠦᠯᠦᠨ᠎ᠡ᠃
(14) ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠨ᠎ᠠ᠃ ᠨᠢᠭᠤᠴᠠᠭᠠᠢ ᠥᠷᠢ ᠥᠭ᠌ᠴᠡᠭᠡ᠎ᠶ᠋ᠢ ᠠᠷᠢᠯᠭᠠᠬᠤ᠂ ᠠᠵᠤ ᠠᠬᠤᠢᠯᠠᠯ᠎ᠳᠤ ᠥᠷᠢᠲᠦᠵᠦ᠍ ᠪᠠᠢᠭ᠎ᠠ ᠲᠠᠩᠰᠠᠨ᠎ᠳᠠᠬᠢ ᠵᠣᠭᠣᠰ᠎ᠢ ᠳᠥᠯᠥᠵᠦ᠍ ᠳᠠᠭᠤᠰᠭᠠᠬᠤ ᠡᠭᠦᠷᠭᠡ᠎ᠶ᠋ᠢ ᠬᠤᠭᠤᠴᠠᠭ᠎ᠠ ᠶᠣᠰᠣᠭᠠᠷ ᠪᠡᠶᠡᠯᠡᠭᠦᠯᠵᠦ᠍᠂ ᠡᠳ᠋᠎ᠦᠨ ᠵᠠᠰᠠᠭ᠎ᠤᠨ ᠲᠦᠷ ᠥᠭ᠌ᠬᠦ ᠵᠣᠭᠣᠰ᠂ ᠵᠠᠰᠠᠭ᠎ᠤᠨ ᠣᠷᠳᠣᠨ ᠪᠠ ᠨᠡᠢᠭᠡᠮ᠎ᠦᠨ ᠬᠥᠷᠥᠩᠭᠡ᠎ᠶ᠋ᠢᠨ ᠬᠠᠮᠲᠤᠷᠠᠯᠴᠠᠭ᠎ᠠ (PPP)᠎ᠶ᠋ᠢᠨ ᠦᠯᠡᠳᠡᠭᠡᠯ ᠲᠥᠷᠥᠯ ᠵᠦᠶ᠋ᠯ᠎ᠦᠨ ᠲᠦᠭ᠌ᠰᠢᠭᠦᠷᠢ᠎ᠶ᠋ᠢ ᠢᠳᠡᠪᠬᠢᠲᠡᠶ ᠠᠷᠢᠯᠭᠠᠨ᠎ᠠ᠃ ᠣᠷᠣᠨ ᠨᠤᠲᠤᠭ᠎ᠤᠨ ᠬᠠᠤᠯᠢ᠎ᠶ᠋ᠢᠨ ᠡᠷᠬᠡᠲᠡᠨ᠎ᠦ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ ᠲᠦᠭ᠌ᠰᠢᠭᠦᠷᠢ᠎ᠶ᠋ᠢ ᠱᠢᠶ᠋ᠳᠪᠦᠷᠢᠯᠡᠬᠦ᠌᠎ᠶ᠋ᠢ ᠢᠳᠡᠪᠬᠢᠲᠡᠶ ᠪᠥᠭᠡᠳ ᠯᠠᠪᠳᠠᠭᠤᠨ᠎ᠢᠶᠠᠷ ᠠᠬᠢᠭᠤᠯᠵᠤ᠂ ᠲᠦᠭ᠌ᠰᠢᠭᠦᠷᠢ ᠶᠡᠬᠡᠲᠡᠶ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢ ᠬᠥᠳᠡᠯᠦᠩᠭᠦᠶ᠎ᠪᠡᠷ ᠬᠦᠴᠦᠨ ᠦᠭᠡᠢ ᠪᠤᠯᠭᠠᠬᠤ᠎ᠶᠢ ᠪᠡᠶᠡᠯᠡᠭᠦᠯᠦᠨ᠎ᠡ᠃ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠤᠭᠤᠷᠴᠤᠭ ᠭᠠᠵᠠᠷ ᠪᠠ ᠵᠠᠩᠭᠢᠯᠠᠭ᠎ᠠ᠎ᠶ᠋ᠢᠨ ᠠᠵᠤ ᠦᠢᠯᠡᠰ᠎ᠦᠨ ᠪᠡᠯᠡᠳᠭᠡᠯ ᠪᠦᠳᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠨ᠎ᠠ᠃ ᠣᠯᠠᠨ ᠨᠡᠢᠲᠡ᠎ᠶ᠋ᠢᠨ ᠠᠮᠤᠷ ᠲᠦᠪᠱᠢᠨ᠎ᠦ ᠱᠢᠰᠲ᠋ᠧᠮ᠎ᠢ ᠲᠡᠭᠦᠯᠳᠡᠷᠵᠢᠭᠦᠯᠵᠦ᠍᠂ ᠣᠯᠠᠨ ᠨᠡᠢᠲᠡ᠎ᠶ᠋ᠢᠨ ᠠᠮᠤᠷ ᠲᠦᠪᠱᠢᠨ᠎ᠦ ᠵᠠᠰᠠᠯᠲᠠ᠎ᠶ᠋ᠢᠨ ᠵᠠᠭ᠍ᠪᠤᠷ᠎ᠢ ᠤᠷᠢᠳᠴᠢᠯᠠᠨ ᠰᠡᠷᠭᠡᠢᠯᠡᠬᠦ᠌ ᠲᠡᠢᠰᠢ ᠬᠤᠪᠢᠷᠠᠭᠤᠯᠬᠤ᠎ᠶ᠋ᠢ ᠠᠬᠢᠭᠤᠯᠤᠨ᠎ᠠ᠃ ᠪᠠᠢᠭᠠᠯᠢ᠎ᠶ᠋ᠢᠨ ᠭᠠᠮᠱᠢᠭ᠎ᠢ ᠤᠷᠢᠳᠴᠢᠯᠠᠨ ᠰᠡᠷᠡᠮᠵᠢᠯᠡᠭᠦᠯᠵᠦ᠍ ᠬᠢᠨᠠᠨ ᠬᠡᠮᠵᠢᠬᠦ᠌᠂ ᠰᠡᠷᠭᠡᠢᠯᠡᠨ ᠱᠢᠢᠳᠪᠦᠷᠢᠯᠡᠬᠦ᠌ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠦᠷᠦᠯ ᠵᠦᠢᠯ ᠪᠠ ᠪᠦᠬᠦ᠌ ᠠᠷᠠᠳ᠎ᠤᠨ ᠠᠮᠤᠷ ᠲᠦᠪᠱᠢᠨ᠎ᠦ ᠬᠡᠪ ᠴᠢᠨᠠᠷ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠬᠤᠯᠪᠤᠭᠠᠯᠠᠨ ᠬᠥᠳᠡᠯᠦᠯᠴᠡᠬᠦ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠣᠷᠣᠨ ᠪᠦᠰᠡ᠎ᠶᠢᠨ ᠶᠡᠷᠦᠩᠬᠡᠢᠯᠡᠭᠰᠡᠨ ᠴᠢᠨᠠᠷᠲᠠᠢ ᠪᠠᠴᠢᠮ ᠪᠠᠢᠳᠠᠯ᠎ᠢ ᠠᠷᠭᠠᠴᠠᠭᠠᠨ ᠠᠪᠤᠷᠠᠨ ᠲᠤᠰᠠᠯᠠᠬᠤ ᠰᠠᠭᠤᠷᠢᠨ᠂ ᠠᠭᠠᠷ᠎ᠤᠨ ᠠᠶᠠᠯᠠᠯ᠎ᠤᠨ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠰᠢᠰᠲᠧᠮ᠂ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠬᠥᠮᠥᠷᠭᠡ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠂ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠨ ᠬᠠᠮᠢᠶᠠᠷᠬᠤ ᠬᠠᠮᠢᠶᠠᠷᠤᠯᠳᠠ᠎ᠶᠢᠨ ᠴᠢᠳᠠᠪᠤᠷᠢ᠎ᠶᠢ ᠲᠡᠭᠡᠭᠰᠢᠯᠡᠬᠦᠯᠦᠨ᠎ᠡ᠃ ᠣᠶ ᠰᠢᠭᠤᠢ ᠨᠤᠲᠤᠭ ᠪᠡᠯᠴᠢᠭᠡᠷ᠎ᠦᠨ ᠭᠠᠯ ᠰᠡᠷᠭᠡᠢᠯᠡᠵᠦ ᠭᠠᠯ ᠤᠨᠲᠠᠷᠠᠭᠠᠬᠤ᠂ ᠦᠶᠡᠷ᠎ᠢ ᠰᠡᠷᠭᠡᠢᠯᠡᠨ ᠭᠠᠩ᠎ᠲᠠᠢ ᠲᠡᠮᠡᠴᠡᠵᠦ ᠭᠠᠮᠰᠢᠭ᠋᠎ᠢ ᠪᠠᠭᠠᠰᠬᠠᠬᠤ᠂ ᠲᠤᠢᠯ᠎ᠤᠨ ᠮᠠᠭᠤ ᠴᠠᠭ ᠠᠭᠤᠷ᠎ᠢ ᠠᠷᠭᠠᠴᠠᠭᠠᠬᠤ ᠵᠡᠷᠭᠡ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠨ᠎ᠠ᠃ ᠠᠶᠤᠯᠭᠦᠢ ᠦᠢᠯᠡᠳᠪᠦᠷᠢᠯᠡᠯ᠎ᠦᠨ ᠦᠨᠳᠦᠰᠦ᠎ᠡᠴᠡ ᠨᠢ ᠵᠠᠰᠠᠬᠤ ᠪᠡᠷᠬᠡ ᠰᠡᠳᠦᠪ᠎ᠢ ᠰᠢᠢᠳᠪᠦᠷᠢᠯᠡᠬᠦ ᠠᠵᠢᠯᠯᠠᠭ᠎ᠠ᠎ᠶᠢ ᠭᠦᠨᠵᠡᠭᠡᠢᠷᠡᠭᠦᠯᠦᠨ᠎ᠡ᠃ ᠢᠳᠡᠭᠡᠨ᠎ᠦ ᠠᠮᠤᠷ ᠲᠦᠪᠰᠢᠨ᠎ᠦ ᠪᠥᠬᠥ ᠬᠡᠯᠬᠢᠶ᠎ᠡ᠎ᠶᠢᠨ ᠬᠢᠨᠠᠯᠲᠠ ᠬᠠᠮᠢᠶᠠᠷᠤᠯᠲᠠ᠎ᠶᠢᠨ ᠲᠣᠭᠲᠠᠴᠠ᠎ᠶᠢ ᠲᠡᠭᠦᠯᠳᠡᠷᠵᠢᠭᠦᠯᠵᠦ᠂ ᠢᠳᠡᠭᠡᠨ ᠪᠠ ᠡᠮ᠎ᠦᠨ ᠵᠦᠢᠯ᠎ᠦᠨ ᠠᠮᠤᠷ ᠲᠦᠪᠰᠢᠨ᠎ᠦ ᠣᠳᠣᠬᠢᠴᠢᠯᠠᠭᠰᠠᠨ ᠵᠠᠰᠠᠯᠲᠠ᠎ᠶᠢᠨ ᠬᠢᠷᠢ ᠲᠦᠪᠰᠢᠨ᠎ᠢ ᠲᠡᠭᠡᠭᠰᠢᠯᠡᠬᠦᠯᠦᠨ᠎ᠡ᠃ ᠴᠢᠬᠤᠯᠠ ᠲᠥᠬᠦᠭᠡᠷᠦᠮᠵᠢ᠎ᠶᠢᠨ ᠠᠶᠤᠯᠭᠦᠢ᠎ᠶᠢᠨ ᠬᠠᠮᠠᠭᠠᠯᠠᠯᠲᠠ᠎ᠶᠢᠨ ᠲᠦᠪᠰᠢᠨ᠎ᠢ ᠳᠡᠭᠡᠭᠰᠢᠯᠡᠭᠦᠯᠦᠨ᠎ᠡ᠃
(15)ᠨᠡᠢᠭᠡᠮ᠎ᠦᠨ ᠵᠠᠰᠠᠯᠲᠠ᠎ᠶᠢᠨ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠪᠠ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶᠢᠨ ᠪᠠᠢᠭᠤᠯᠤᠯᠲᠠ᠎ᠶᠢ ᠬᠥᠲᠥᠯᠥᠨ ᠳᠠᠭᠠᠭᠤᠯᠬᠤ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠵᠦ᠂ ᠰᠤᠮᠤ ᠰᠢᠶᠠᠩ ᠪᠠᠯᠭᠠᠰᠤ(ᠵᠡᠭᠡᠯᠢ ᠭᠤᠳᠤᠮᠵᠢ)ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠵᠦᠢᠯᠡᠰ᠎ᠦᠨ ᠨᠠᠷᠢᠨ ᠬᠠᠭᠤᠳᠠᠰᠤ᠎ᠶᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠭᠠᠴᠠᠭ᠎ᠠ ᠲᠣᠰᠬᠣᠨ (ᠨᠡᠢᠭᠡᠮ ᠲᠣᠭᠣᠷᠢᠭ᠋)᠎ᠤ᠋ ᠠᠵᠢᠯ᠎ᠤᠨ ᠵᠦᠢᠯᠡᠰ᠎ᠦᠨ ᠨᠠᠷᠢᠨ ᠬᠠᠭᠤᠳᠠᠰᠤ᠎ᠶᠢ ᠦᠷᠬᠦᠯᠵᠢᠯᠡᠨ ᠰᠢᠯᠢᠳᠡᠭᠵᠢᠭᠦᠯᠦᠨ᠎ᠡ᠃ ᠰᠢᠨ᠎ᠡ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠂ ᠰᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ᠂ ᠰᠢᠨ᠎ᠡ ᠠᠵᠢᠯ ᠣᠯᠭᠣᠯᠲᠠ᠎ᠶᠢᠨ ᠬᠠᠮᠲᠤᠯᠢᠭ᠋᠎ᠤᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠨ᠎ᠠ᠃ ᠨᠡᠢᠭᠡᠮ᠎ᠦᠨ ᠠᠵᠢᠯᠲᠠᠳ᠎ᠤᠨ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠨ᠎ᠠ᠃ ᠰᠢᠨ᠎ᠡ ᠴᠠᠭ ᠦᠶ᠎ᠡ᠎ᠶᠢᠨ 《ᠹᠧᠩ ᠴᠢᠶᠣᠤ᠎ᠶᠢᠨ ᠲᠤᠷᠰᠢᠯᠭ᠎ᠠ》᠎ᠶᠢ ᠪᠠᠷᠢᠮᠲᠠᠯᠠᠨ ᠬᠥᠭᠵᠢᠭᠦᠯᠵᠦ᠂ ᠬᠤᠳᠠ ᠬᠥᠳᠡᠭᠡ ᠨᠡᠢᠭᠡᠮ ᠲᠣᠭᠣᠷᠢᠭ᠋᠎ᠤᠨ ᠪᠢᠴᠢᠯ ᠵᠠᠰᠠᠯᠲᠠ᠎ᠶᠢᠨ ᠰᠢᠰᠲᠧᠮ᠎ᠢ ᠲᠡᠭᠦᠯᠳᠡᠷᠵᠢᠭᠦᠯᠦᠨ᠎ᠡ᠃ ᠤᠯᠠᠨ ᠲᠦᠮᠡᠨ᠎ᠳᠦ ᠦᠢᠯᠡᠴᠢᠯᠡᠬᠦ ᠠᠵᠢᠯ᠎ᠤᠨ ᠲᠣᠭᠲᠠᠴᠠ᠎ᠶᠢ ᠲᠡᠭᠦᠯᠳᠡᠷᠵᠢᠭᠦᠯᠦᠨ ᠨᠢᠭᠳᠠᠷᠠᠭᠤᠯᠵᠤ᠂ ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠡᠴᠡ ᠨᠢ ᠠᠷᠢᠯᠭᠠᠬᠤ᠂ ᠤᠯᠠᠨ ᠡᠰᠢᠵᠢᠭᠦᠯᠦᠨ ᠰᠢᠢᠳᠪᠦᠷᠢᠯᠡᠬᠦ᠂ ᠡᠮᠬᠢ ᠵᠢᠷᠤᠮ᠎ᠲᠠᠢ ᠰᠢᠢᠳᠪᠦᠷᠢᠯᠡᠬᠦ᠎ᠶᠢ ᠠᠬᠢᠭᠤᠯᠤᠨ᠎ᠠ᠃ ᠵᠠᠬᠢᠳᠠᠯ ᠰᠣᠷᠪᠤᠯᠵᠢᠯᠠᠯᠢ ᠣᠷᠣᠯᠠᠨ ᠰᠢᠢᠳᠪᠦᠷᠢᠯᠡᠬᠦ ᠳᠦᠷᠢᠮ᠎ᠢ ᠬᠡᠷᠡᠭᠵᠢᠭᠦᠯᠵᠦ᠂ ᠵᠠᠬᠢᠳᠠᠯ ᠰᠣᠷᠪᠤᠯᠵᠢᠯᠠᠯ᠎ᠤᠨ ᠠᠵᠢᠯ᠎ᠤᠨ ᠬᠠᠤᠯᠢ᠎ᠪᠠᠷ ᠵᠠᠰᠠᠬᠤ᠎ᠶᠢ ᠠᠬᠢᠭᠤᠯᠤᠨ᠎ᠠ᠃ ᠰᠦᠯᠵᠢᠶᠡᠨ ᠲᠡᠭᠡᠷᠡᠬᠢ ᠪᠠ ᠪᠤᠳᠠᠳᠤ ᠴᠤᠭᠴᠠ᠎ᠶᠢ ᠬᠠᠮᠵᠢᠯᠴᠠᠨ ᠵᠠᠰᠠᠬᠤ᠎ᠶᠢ ᠴᠢᠩᠭᠠᠳᠬᠠᠨ᠎ᠠ᠃ ᠬᠤᠳᠠ᠎ᠶᠢᠨ ᠠᠷᠠᠳ᠎ᠤᠨ ᠨᠡᠶ᠋ᠢᠲᠡ᠎ᠶᠢᠨ ᠭᠡᠷ᠎ᠡ᠂ ᠲᠣᠰᠬᠣᠨ᠎ᠤ ᠳᠦᠷᠢᠮ ᠠᠷᠠᠳ᠎ᠤᠨ ᠭᠡᠷ᠎ᠡ ᠵᠡᠷᠭᠡ᠎ᠶᠢᠨ ᠦᠢᠯᠡᠳᠦᠯ᠎ᠢ ᠪᠠᠳᠠᠷᠠᠭᠤᠯᠵᠤ᠂ ᠭᠡᠷ ᠪᠦᠯᠢ ᠭᠡᠷ᠎ᠦᠨ ᠰᠤᠷᠭᠠᠯ ᠭᠡᠷ᠎ᠦᠨ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠵᠤ᠂ ᠵᠠᠩ ᠳᠠᠳᠬᠠᠯ᠎ᠢ ᠥᠭᠡᠷᠡᠴᠢᠯᠡᠬᠦ᠎ᠶᠢ ᠠᠬᠢᠭᠤᠯᠤᠨ᠎ᠠ᠃ ᠨᠡᠢᠭᠡᠮ᠎ᠦᠨ ᠰᠠᠮᠠᠭᠤᠨ ᠦᠵᠡᠭᠳᠡᠯ᠎ᠢ ᠶᠡᠬᠡ᠎ᠪᠠᠷ ᠴᠡᠭᠴᠡᠯᠡᠨ ᠵᠠᠰᠠᠨ᠎ᠠ᠃ ᠨᠡᠢᠭᠡᠮ᠎ᠦᠨ ᠠᠮᠤᠷ ᠲᠦᠪᠰᠢᠨ᠎ᠦ ᠪᠦᠬᠦᠯᠢ ᠴᠣᠭᠴᠠ᠎ᠪᠠᠷ ᠰᠡᠷᠭᠡᠢᠯᠡᠨ ᠡᠵᠡᠮᠳᠡᠬᠦ ᠰᠢᠰᠲᠧᠮ ᠪᠠ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠨᠡᠢᠭᠡᠮ᠎ᠦᠨ ᠠᠮᠤᠷ ᠲᠦᠪᠰᠢᠨ ᠲᠣᠭᠲᠠᠭᠤᠨ᠎ᠤ ᠠᠶᠤᠯ ᠲᠦᠭᠰᠢᠭᠦᠷᠢ᠎ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲᠧᠮ᠎ᠢ ᠲᠡᠭᠦᠯᠳᠡᠷᠵᠢᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭᠠᠬᠤ᠎ᠶᠢ ᠪᠠᠢᠩᠭᠤᠵᠢᠭᠤᠯᠤᠨ ᠠᠬᠢᠭᠤᠯᠤᠨ᠎ᠠ᠃ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠦᠳᠦᠭᠡᠨ ᠪᠠᠢᠭᠤᠯᠤᠯᠲᠠ ᠪᠣᠳᠠᠲᠤ ᠪᠠᠢ᠍ᠢᠯᠳᠤᠭᠠᠨᠴᠢᠯᠠᠭᠰᠠᠨ ᠠᠵᠢᠯᠯᠠᠭ᠎ᠠ᠎ᠨᠢ ᠠᠬᠢᠭᠤᠯᠤᠨ᠎ᠠ ᠃ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠂ ᠬᠣᠣᠷᠲᠤ ᠡᠳ᠋᠎ᠦᠨ ᠶᠠᠯᠠᠲᠤ ᠠᠵᠢᠯᠯᠠᠭ᠎ᠠ ᠵᠡᠷᠭᠡ᠎ᠶᠢ ᠤᠷᠢᠳᠴᠢᠯᠠᠨ ᠰᠡᠷᠭᠡᠢᠯᠡᠬᠦ ᠪᠠ ᠴᠣᠬᠢᠯᠲᠠ ᠥᠭᠬᠦ ᠡᠷᠴᠢᠮ᠎ᠢ ᠴᠢᠩᠭᠠᠷᠠᠭᠤᠯᠤᠨ᠎ᠠ᠃ ᠨᠠᠰᠤᠨ᠎ᠳᠤ ᠦᠯᠤ ᠬᠥᠷᠦᠭᠰᠡᠳ᠎ᠦᠨ ᠬᠠᠤᠯᠢ᠎ᠶᠢ ᠵᠥᠷᠢᠴᠡᠵᠦ ᠶᠠᠯ᠎ᠠ ᠬᠢᠬᠦ᠎ᠶᠢ ᠤᠷᠢᠳᠴᠢᠯᠠᠨ ᠰᠡᠷᠭᠡᠢᠯᠡᠬᠦ ᠪᠠ ᠵᠠᠰᠠᠬᠤ᠎ᠶᠢ ᠴᠢᠩᠭᠠᠳᠬᠠᠨ᠎ᠠ᠃ ᠠᠭᠤᠴᠢᠯᠠᠨ ᠰᠢᠢᠳᠭᠡᠬᠦ ᠪᠠ ᠴᠢᠩᠭ᠎ᠠ ᠰᠢᠢᠳᠭᠡᠬᠦ᠎ᠶᠢ ᠤᠶᠠᠯᠳᠤᠭᠤᠯᠬᠤ ᠡᠷᠡᠭᠦᠦ᠎ᠶᠢᠨ ᠬᠡᠷᠡᠭ᠎ᠦᠨ ᠲᠦᠷᠦ᠎ᠶᠢᠨ ᠪᠣᠳᠣᠯᠭ᠎ᠠ᠎ᠶᠢ ᠪᠦᠬᠦ ᠲᠠᠯ᠎ᠠ᠎ᠪᠠᠷ ᠣᠨᠣᠪᠴᠢᠲᠠᠶ ᠲᠤᠭᠤᠰᠢᠯᠠᠭᠤᠯᠵᠤ᠂ ᠬᠠᠤᠯᠢ᠎ᠶᠢ ᠵᠥᠷᠢᠴᠡᠭᠰᠡᠨ ᠶᠠᠯᠠᠲᠤ ᠠᠵᠢᠯᠯᠠᠭ᠎ᠠ᠎ᠶᠢ ᠬᠠᠤᠯᠢ ᠶᠣᠰᠣᠭᠠᠷ ᠵᠠᠯᠬᠠᠭᠠᠨ ᠰᠢᠢᠳᠭᠡᠵᠦ᠂ ᠡᠷᠡᠭᠦᠦ ᠰᠢᠢᠳᠬᠡᠯᠢ ᠬᠦᠢᠴᠡᠳᠭᠡᠬᠦ ᠴᠢᠨᠠᠷ ᠴᠢᠨᠰᠠᠭ᠎ᠠ ᠦᠷ᠎ᠠ ᠪᠦᠳᠦᠮᠵᠢ᠎ᠶᠢ ᠳᠡᠬᠡᠭᠰᠢᠯᠡᠬᠦᠯᠦᠨ᠎ᠡ᠃
(16) ᠬᠢᠯᠢ ᠬᠢᠵᠠᠭᠠᠷ᠎ᠢ ᠬᠥᠭᠵᠢᠭᠦᠯᠵᠦ ᠬᠢᠯᠢ ᠬᠢᠵᠠᠭᠠᠷ᠎ᠢ ᠲᠣᠭᠲᠠᠪᠤᠷᠢᠵᠢᠭᠤᠯᠵᠤ ᠬᠢᠯᠢ ᠬᠢᠵᠠᠭᠠᠷ᠎ᠢ ᠪᠡᠬᠢᠵᠢᠭᠦᠯᠬᠦ᠎ᠶᠢ ᠭᠦᠨᠵᠡᠭᠡᠢᠷᠡᠭᠦᠯᠦᠨ᠎ᠡ᠃ ᠤᠮᠠᠷᠠᠲᠤ ᠬᠢᠯᠢ᠎ᠶᠢᠨ ᠬᠠᠯᠬᠠᠪᠴᠢ ᠤᠯᠤᠰ᠎ᠤᠨ ᠠᠮᠤᠷ ᠲᠦᠪᠰᠢᠨ᠎ᠦ ᠪᠠᠲᠤᠯᠠᠭ᠎ᠠ᠎ᠶᠢᠨ ᠴᠢᠳᠠᠪᠤᠷᠢ᠎ᠶᠢ ᠨᠢᠭᠡ ᠴᠣᠭᠴᠠᠵᠢᠭᠤᠯᠤᠨ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ᠃ ᠬᠢᠯᠢ᠎ᠶᠢᠨ ᠬᠠᠮᠠᠭᠠᠯᠠᠯᠲᠠ᠎ᠶᠢᠨ ᠵᠠᠰᠠᠮᠠᠯ ᠵᠠᠮ᠎ᠤᠨ ᠰᠢᠰᠲᠸᠮ᠎ᠢ ᠪᠠᠢᠭᠤᠯᠤᠨ᠎ᠠ᠃ ᠣᠶᠤᠨᠲᠤ ᠬᠢᠯᠢ᠎ᠶᠢᠨ ᠬᠠᠮᠠᠭᠠᠯᠠᠯᠲᠠ᠎ᠶᠢᠨ ᠪᠠᠢᠭᠤᠯᠤᠯᠲᠠ᠎ᠶᠢ ᠬᠦᠨᠵᠡᠬᠡᠢᠷᠡᠬᠦᠯᠦᠨᠡ᠃ ᠲᠤᠰᠬᠠᠢ ᠮᠡᠷᠭᠡᠵᠢᠯ᠎ᠤᠨ ᠪᠠ ᠲᠤᠰᠠᠯᠠᠬᠤ ᠬᠦᠴᠦᠨ᠂ ᠤᠯᠠᠨ᠎ᠢᠶᠠᠷ᠎ᠢᠶᠠᠨ ᠰᠡᠷᠭᠡᠢᠯᠡᠵᠦ ᠤᠯᠠᠨ᠎ᠢᠶᠠᠷ᠎ᠢᠶᠠᠨ ᠵᠠᠰᠠᠬᠤ ᠬᠦᠴᠦᠨ᠎ᠢ ᠴᠢᠩᠭᠠᠳᠬᠠᠨ᠎ᠠ᠃ ᠰᠢᠨ᠎ᠡ ᠴᠠᠭ ᠦᠶ᠎ᠡ᠎ᠶᠢᠨ ᠬᠢᠯᠢ ᠬᠢᠵᠠᠭᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢ ᠭᠦᠨᠵᠡᠭᠡᠢ ᠠᠬᠢᠭᠤᠯᠤᠨ᠎ᠠ᠃ ᠬᠢᠯᠢ᠎ᠶᠢᠨ ᠠᠷᠠᠳ᠎ᠲᠤ ᠨᠥᠬᠥᠪᠦᠷᠢ ᠥᠭᠬᠦ ᠲᠣᠭᠲᠠᠴᠠ᠎ᠶᠢ ᠲᠡᠭᠦᠯᠳᠡᠷᠵᠢᠭᠦᠯᠵᠦ᠂ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠣᠷᠣᠨ᠎ᠤ ᠠᠵᠢᠯᠲᠠᠨ᠎ᠳᠤ ᠬᠠᠷᠠᠭᠠᠯᠵᠠᠯ ᠦᠵᠡᠭᠦᠯᠬᠦ ᠲᠦᠷᠦ᠎ᠶᠢᠨ ᠪᠣᠳᠣᠯᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠦᠨ᠎ᠡ᠃ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠳᠠᠢᠴᠢᠯᠠᠯᠲᠠ ᠪᠠ ᠪᠡᠯᠡᠳᠬᠡᠯ ᠬᠦᠴᠦᠨ᠎ᠦ ᠪᠠᠢᠭᠤᠯᠤᠯᠲᠠ᠎ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ ᠪᠠ ᠴᠡᠷᠢᠭ᠎ᠦᠨ ᠶᠠᠪᠤᠳᠠᠯ᠎ᠤᠨ ᠰᠠᠭᠤᠷᠢᠨ᠎ᠤ ᠪᠦᠳᠦᠭᠡᠨ ᠪᠠᠢᠭᠤᠯᠤᠯᠲᠠ᠎ᠳᠤ ᠦᠢᠯᠡᠴᠢᠯᠡᠬᠦ ᠪᠠ ᠪᠠᠲᠤᠯᠠᠵᠤ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠪᠡᠬᠢᠵᠢᠭᠦᠯᠦᠨ᠎ᠡ ᠃
ᠲᠠᠪᠤ᠂ ᠤᠳᠤ ᠦᠶ᠎ᠡ᠎ᠶᠢᠨ ᠡᠨᠧᠷᠭᠢ᠎ᠶᠢᠨ ᠠᠵᠤ ᠠᠬᠤᠢ᠎ᠶᠢ ᠶᠡᠬᠡ᠎ᠪᠠᠷ ᠬᠥᠭᠵᠢᠭᠦᠯᠵᠦ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ᠎ᠢ ᠪᠦᠲᠦᠭᠡᠨ ᠪᠠᠢᠭᠤᠯᠤᠨ᠎ᠠ
ᠡᠨᠧᠷᠭᠢ ᠶᠢᠨ ᠬᠤᠪᠢᠰᠬᠠᠯ᠎ᠢ ᠭᠦᠨᠵᠡᠭᠡᠢ ᠠᠬᠢᠭᠤᠯᠵᠤ᠂ ᠡᠨᠧᠷᠭᠢ᠎ᠶᠢᠨ ᠤᠯᠤᠰ᠎ᠤᠨ ᠳᠣᠲᠣᠭᠠᠳᠤ᠎ᠶᠢᠨ ᠪᠠ ᠤᠯᠠᠨ ᠤᠯᠤᠰ᠎ᠤᠨ ᠬᠠᠮᠲᠤᠷᠠᠯᠴᠠᠭ᠎ᠠ᠎ᠶᠢ ᠴᠢᠩᠭᠠᠳᠬᠠᠨ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠢ ᠬᠠᠢᠨ ᠰᠢᠨᠵᠢᠯᠡᠵᠦ ᠨᠡᠭᠡᠭᠡᠨ ᠠᠰᠢᠭ᠍ᠯᠠᠬᠤ ᠪᠠ ᠨᠥᠭᠡᠴᠡᠯᠡᠬᠦ᠎ᠶᠢ ᠴᠢᠩᠭᠠᠳᠬᠠᠵᠤ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠳᠦ ᠠᠶᠤᠯᠭᠦᠢ ᠪᠥᠭᠡᠳ ᠥᠨᠳᠥᠷ ᠪᠦᠲᠦᠮᠵᠢᠲᠡᠶ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲᠧᠮ᠎ᠢ ᠪᠠᠢᠭᠤᠯᠵᠤ᠂ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠠᠵᠤ ᠦᠢᠯᠡᠰ᠎ᠢ ᠬᠥᠭᠵᠢᠭᠦᠯᠵᠦ᠂ ᠤᠯᠤᠰ᠎ᠤᠨ ᠡᠨᠧᠷᠭᠢ᠎ᠶᠢᠨ ᠡᠬᠢ ᠪᠠᠶᠠᠯᠢᠭ᠋᠎ᠤᠨ ᠠᠮᠤᠷ ᠲᠦᠪᠰᠢᠨ᠎ᠢ ᠨᠡᠩ ᠰᠠᠢᠳᠤᠷ ᠪᠠᠳᠤᠯᠠᠨ᠎ᠠ᠃
(17) ᠤᠯᠠᠮᠵᠢᠯᠠᠯᠲᠤ ᠡᠨᠧᠷᠭᠢ᠎ᠶᠢᠨ ᠦᠨᠳᠦᠰᠦᠨ ᠵᠦᠢᠯ᠎ᠢ ᠪᠠᠲᠤᠯᠠᠬᠤ ᠴᠢᠳᠠᠪᠤᠷᠢ᠎ᠶᠢ ᠴᠢᠩᠭᠠᠳᠬᠠᠨ᠎ᠠ᠃ ᠨᠡᠭᠦᠷᠡᠰᠦ᠎ᠶᠢ ᠨᠡᠭᠡᠭᠡᠨ ᠬᠥᠭᠵᠢᠭᠦᠯᠬᠦ ᠪᠠᠢᠷᠢᠰᠢᠭᠤᠯᠤᠯᠳᠠ ᠪᠠ ᠦᠢᠯᠡᠳᠪᠦᠷᠢᠯᠡᠬᠦ ᠴᠢᠳᠠᠪᠤᠷᠢ᠎ᠶᠢ ᠲᠣᠭᠲᠠᠭᠤᠨ᠎ᠢᠶᠠᠷ ᠦᠷᠭᠦᠯᠵᠢᠯᠡᠭᠦᠯᠬᠦ᠎ᠶᠢ ᠰᠢᠨᠵᠢᠯᠡᠬᠦ ᠤᠬᠠᠭᠠᠨᠴᠢ᠎ᠪᠠᠷ ᠲᠥᠯᠥᠪᠯᠡᠵᠦ᠂ ᠲᠡᠷᠢᠭᠦᠨ᠎ᠦ ᠦᠢᠯᠡᠳᠪᠦᠷᠢᠯᠡᠯ᠎ᠤᠨ ᠴᠢᠳᠠᠪᠤᠷᠢ᠎ᠶᠢᠨ ᠬᠠᠷᠢᠴᠠᠯ᠎ᠢ ᠥᠷᠭᠡᠳᠬᠡᠵᠦ᠂ ᠤᠯᠤᠰ᠎ᠤᠨ ᠨᠡᠭᠦᠷᠡᠰᠦᠨ᠎ᠦ ᠬᠠᠩᠭᠠᠯᠭ᠎ᠠ᠎ᠶᠢ ᠪᠠᠲᠤᠯᠠᠬᠤ ᠰᠠᠭᠤᠷᠢᠨ᠎ᠢ ᠪᠠᠢᠭᠤᠯᠤᠨ ᠬᠦᠴᠦᠷᠬᠡᠭᠵᠢᠭᠦᠯᠦᠨ᠎ᠡ᠃ ᠨᠡᠭᠦᠷᠡᠰᠦ᠂ ᠲᠣᠰᠣ᠌ ᠬᠡᠢ ᠵᠡᠷᠭᠡ ᠡᠬᠢ ᠪᠠᠶᠠᠯᠢᠭ᠋᠎ᠢ ᠭᠠᠳᠠᠭᠠᠳᠤ᠎ᠡᠴᠡ ᠣᠷᠣᠭᠤᠯᠬᠤ᠎ᠶᠢ ᠰᠠᠭᠠᠳ ᠦᠭᠡᠢ ᠨᠡᠪᠲᠡᠷᠡᠭᠦᠯᠦᠨ᠎ᠡ᠃ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ᠎ᠶ᠋ᠢ ᠴᠢᠩᠭᠠᠳᠭᠠᠵᠤ᠂ ᠣᠷᠳᠣᠰ᠎ᠤᠨ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶᠢᠨ ᠠᠵᠤ ᠦᠶ᠋ᠯᠡᠰ᠎ᠦᠨ ᠵᠢᠱ᠌ᠢᠶ᠎ᠡ ᠦᠵᠡᠭᠦᠯᠬᠦ᠌ ᠣᠷᠣᠨ ᠪᠠ ᠨᠡᠭᠦᠷᠡᠰᠦ᠎ᠪᠡᠷ ᠲᠣᠰᠣ ᠬᠡᠶ ᠦᠶ᠋ᠯᠡᠳᠬᠦ᠌ ᠪᠠᠢᠯᠳᠤᠬᠤ ᠪᠣᠳᠣᠯᠭ᠎ᠠ᠎ᠶ᠋ᠢᠨ ᠰᠠᠭᠤᠷᠢᠨ᠎ᠢ ᠴᠢᠨᠠᠷ ᠰᠠᠢᠲᠠᠶ ᠪᠥᠲᠥᠭᠡᠨ ᠪᠠᠢᠭᠤᠯᠤᠨ᠎ᠠ᠃ ᠨᠡᠭᠦᠷᠡᠰᠦ ᠴᠠᠬᠢᠯᠭᠠᠨ᠎ᠤ ᠡᠨᠧᠷᠭᠢ᠎ᠶ᠋ᠢᠨ ᠰᠤᠷᠪᠤᠯᠵᠢ᠎ᠶ᠋ᠢᠨ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠦᠢᠯᠡᠳᠦᠯ᠎ᠢ ᠴᠢᠬᠤᠯᠠᠴᠢᠯᠠᠨ ᠪᠠᠳᠠᠷᠠᠭᠤᠯᠵᠤ᠂ ᠤᠯᠤᠰ᠎ᠤᠨ ᠲᠥᠯᠥᠪᠵᠢᠭᠦᠯᠭᠡ ᠳ᠋ᠡᠬᠢ ᠨᠡᠭᠦᠷᠡᠰᠦ ᠴᠠᠬᠢᠯᠭᠠᠨ᠎ᠤ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠱᠢᠨ᠎ᠡ ᠨᠢᠭᠡ ᠦᠶ᠎ᠡ᠎ᠶ᠋ᠢᠨ ᠨᠡᠭᠦᠷᠡᠰᠦ ᠴᠠᠬᠢᠯᠭᠠᠨ᠎ᠢ ᠳᠡᠰ ᠳᠡᠪᠱᠢᠭᠦᠯᠬᠦ᠌ ᠲᠤᠰᠭᠠᠢ ᠠᠵᠢᠯᠯᠠᠭ᠎ᠠ᠎ᠶ᠋ᠢ ᠥᠷᠨᠢᠭᠦᠯᠵᠦ᠍᠂ ᠨᠡᠭᠦᠷᠡᠰᠦ ᠴᠠᠬᠢᠯᠭᠠᠨ᠎ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ ᠪᠠᠭᠠᠰᠭᠠᠬᠤ ᠥᠭᠡᠷᠡᠴᠢᠯᠡᠯᠲᠡ᠎ᠶ᠋ᠢ ᠭᠦᠨᠵᠡᠭᠡᠢ ᠬᠡᠷᠡᠭ᠌ᠵᠢᠭᠦᠯᠦᠨ᠎ᠡ᠃ ᠨᠡᠭᠦᠷᠡᠰᠦᠲᠥ᠋ᠷᠥᠭ᠌ᠴᠢ᠎ᠶ᠋ᠢ ᠬᠤᠷᠠᠮᠳᠤᠭᠤᠯᠬᠤ ᠪᠢᠲᠡᠭᠦᠮᠵᠢᠯᠡᠬᠦ ᠬᠠᠳᠠᠭᠠᠯᠠᠬᠤ ᠮᠡᠷᠭᠡᠵᠢᠯ᠎ᠦᠨ ᠪᠡᠷᠬᠡ ᠰᠡᠳᠦᠪ᠎ᠢ ᠱᠢᠢᠳᠪᠦᠷᠢᠯᠡᠬᠦ᠌ ᠪᠠ ᠳᠡᠯᠭᠡᠷᠡᠭᠦᠯᠦᠨ ᠬᠡᠷᠡᠭ᠌ᠯᠡᠬᠦ᠌᠎ᠶ᠋ᠢ ᠥᠷᠨᠢᠭᠦᠯᠦᠨ᠎ᠡ᠃ ᠲᠤᠰᠤ ᠭᠡᠢ ᠵᠡᠷᠭᠡ ᠡᠬᠢ ᠪᠠᠶᠠᠯᠢᠭ᠎ᠢ ᠬᠠᠢᠨ ᠱᠢᠨᠵᠢᠯᠡᠵᠦ᠍ ᠨᠡᠭᠡᠭᠡᠨ ᠠᠱᠢᠭ᠍ᠯᠠᠬᠤ ᠪᠠ ᠨᠥᠭᠡᠴᠡ᠎ᠶ᠋ᠢ ᠨᠡᠮᠡᠭ᠌ᠳᠡᠭᠦᠯᠵᠦ᠍ ᠭᠠᠷᠤᠯᠲᠠ᠎ᠳᠤ ᠣᠷᠣᠭᠤᠯᠬᠤ ᠡᠷᠴᠢᠮ᠎ᠢ ᠴᠢᠩᠭᠠᠷᠠᠭᠤᠯᠵᠤ᠂ ᠲᠤᠰᠤ ᠭᠡᠢ᠎ᠶ᠋ᠢᠨ ᠬᠣᠭᠣᠯᠠᠢ ᠲᠣᠣᠷ᠎ᠤᠨ ᠬᠣᠯᠪᠣᠯᠳᠤᠨ ᠨᠡᠪᠲᠡᠷᠡᠯᠴᠡᠬᠦ᠌᠎ᠶ᠋ᠢ ᠠᠬᠢᠭᠤᠯᠤᠨ᠎ᠠ᠃
(18)ᠱᠢᠨ᠎ᠡ ᠡᠨᠧᠷᠭᠢ᠎ᠶ᠋ᠢᠨ ᠰᠤᠷᠪᠤᠯᠵᠢ᠎ᠶ᠋ᠢ ᠨᠡᠭᠡᠭᠡᠨ ᠠᠱᠢᠭ᠍ᠯᠠᠬᠤ ᠬᠢᠷᠢ ᠬᠡᠮᠵᠢᠢ᠎ᠡ᠎ᠶ᠋ᠢ ᠳᠡᠭᠡᠭ᠌ᠰᠢᠯᠡᠭᠦᠯᠦᠨ᠎ᠡ᠃ ᠰᠠᠯᠬᠢ ᠭᠡᠷᠡᠯ ᠤᠰᠤ ᠴᠥᠮ᠎ᠡ ᠵᠡᠷᠭᠡ ᠣᠯᠠᠨ ᠴᠢᠳᠠᠮᠵᠢ᠎ᠶ᠋ᠢ ᠵᠡᠷᠭᠡ᠎ᠪᠡᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠱᠢᠨ᠎ᠡ ᠡᠨᠧᠷᠭᠢ᠎ᠶ᠋ᠢᠨ ᠬᠠᠩᠭᠠᠯᠭ᠎ᠠ᠎ᠶ᠋ᠢᠨ ᠬᠤᠪᠢ᠎ᠶ᠋ᠢᠨ ᠵᠢᠩ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠱᠢᠨ᠎ᠡ᠎ᠪᠡᠷ ᠨᠡᠮᠡᠭ᠌ᠳᠡᠭ᠌ᠰᠡᠨ ᠴᠠᠬᠢᠯᠭᠠᠨ ᠬᠡᠷᠡᠭ᠌ᠯᠡᠬᠦ᠌ ᠬᠡᠮᠵᠢᠶ᠎ᠡ᠎ᠶ᠋ᠢ ᠭᠣᠣᠯᠳᠠᠭᠤ ᠱᠢᠨ᠎ᠡ᠎ᠪᠡᠷ ᠨᠡᠮᠡᠭ᠌ᠳᠡᠭ᠌ᠰᠡᠨ ᠱᠢᠨ᠎ᠡ ᠡᠨᠧᠷᠭᠢ᠎ᠶᠢᠨ ᠴᠠᠬᠢᠯᠭᠠᠨ᠎ᠢᠶᠡᠷ ᠪᠠᠲᠤᠯᠠᠬᠤ᠎ᠶᠢ ᠠᠬᠢᠭᠤᠯᠤᠨ᠎ᠠ᠃ ᠲᠤᠬᠠᠶ᠎ᠶ᠋ᠢᠨ ᠭᠠᠵᠠᠷ᠎ᠲᠤᠨᠢ ᠱᠢᠩᠭᠡᠭᠡᠨ ᠠᠪᠬᠤ ᠪᠠ ᠭᠠᠳᠠᠭ᠍ᠰᠢ ᠬᠦᠷᠭᠡᠬᠦ᠌᠎ᠶ᠋ᠢ ᠨᠢᠭᠡᠳᠦᠯᠲᠡᠶ ᠲᠥᠯᠥᠪᠵᠢᠭᠦᠯᠵᠦ᠂ ᠭᠤᠪᠢ ᠡᠯᠡᠰᠦᠨ ᠴᠦᠯ᠎ᠤᠨ ᠲᠣᠮᠣ ᠬᠡᠯᠪᠡᠷᠢ᠎ᠶ᠋ᠢᠨ ᠰᠠᠯᠬᠢᠨ ᠬᠦᠴᠦᠨ᠎ᠦ ᠴᠠᠬᠢᠯᠭᠠᠨ ᠭᠡᠷᠡᠯᠴᠢ ᠴᠡᠨᠡᠭ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠂ ᠣᠨ᠎ᠤ ᠠᠱᠢᠭ᠍ᠯᠠᠬᠤ ᠨᠣᠷᠮ᠎ᠠ᠎ᠶ᠋ᠢᠨ ᠬᠠᠷᠠᠯᠲᠠ ᠪᠠ ᠨᠡᠭᠡᠭᠡᠨ ᠠᠱᠢᠭ᠍ᠯᠠᠬᠤ ᠬᠡᠪᠴᠢᠶ᠎ᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠱᠢᠨ᠎ᠡ᠎ᠪᠡᠷ ᠨᠡᠮᠡᠭ᠌ᠳᠡᠬᠦ᠌ ᠮᠠᠱᠢᠨ ᠴᠣᠭ᠍ᠴᠠᠯᠠᠪᠤᠷᠢ᠎ᠶ᠋ᠢᠨ ᠵᠦᠶ ᠵᠣᠬᠢᠰᠲᠠᠶ ᠬᠡᠪᠴᠢᠶ᠎ᠡ᠎ᠶ᠋ᠢ ᠪᠠᠲᠤᠯᠠᠨ᠎ᠠ᠃ ᠪᠣᠬᠢᠷᠲᠤᠯ ᠥᠬᠡᠶ ᠴᠠᠬᠢᠯᠭᠠᠨ᠎ᠢ ᠱᠢᠭᠤᠳ ᠬᠣᠯᠪᠣᠬᠤ᠂ ᠴᠠᠬᠢᠯᠭᠠᠨ ᠲᠦᠭᠡᠭᠡᠬᠦ᠌ ᠲᠤᠤᠷ᠎ᠢ ᠨᠡᠮᠡᠭᠳᠡᠭᠦᠯᠬᠦ ᠵᠡᠷᠭᠡ ᠱᠢᠩᠭᠡᠭᠡᠨ ᠠᠪᠬᠤ ᠱᠢᠨ᠎ᠡ ᠵᠠᠭ᠍ᠪᠤᠷ᠎ᠢ ᠳᠡᠯᠭᠡᠷᠡᠭᠦᠯᠵᠦ᠍᠂ ᠪᠣᠬᠢᠷᠲᠤᠯ ᠥᠬᠡᠶ ᠡᠨᠧᠷᠭᠢ᠎ᠶ᠋ᠢᠨ ᠠᠵᠤ ᠦᠶ᠋ᠯᠡᠰ᠎ᠦᠨ ᠱᠢᠯᠵᠢᠯᠲᠡ᠎ᠶ᠋ᠢ ᠢᠳᠡᠪᠬᠢᠲᠡᠶ᠎ᠪᠡᠷ ᠵᠠᠯᠭᠠᠨ ᠠᠪᠴᠤ᠌᠂ ᠱᠢᠨ᠎ᠡ ᠡᠨᠧᠷᠭᠢ᠎ᠶ᠋ᠢᠨ ᠴᠠᠬᠢᠯᠭᠠᠨ ᠪᠤᠰᠤ ᠠᠱᠢᠭ᠍ᠯᠠᠯᠲᠠ᠎ᠶ᠋ᠢ ᠥᠷᠭᠡᠳᠭᠡᠨ᠂ ᠡᠨᠧᠷᠭᠢ ᠬᠡᠷᠡᠭ᠌ᠯᠡᠬᠦ᠌ ᠭᠤᠤᠯᠳᠠᠯᠭ᠎ᠠ᠎ᠲᠠᠶ ᠠᠵᠢᠯ ᠲᠥᠷᠥᠯ᠎ᠦᠨ ᠠᠵᠤ ᠠᠬᠤᠢᠯᠠᠯ᠎ᠤᠨ ᠪᠣᠬᠢᠷᠲᠤᠯ ᠥᠬᠡᠶ ᠴᠠᠬᠢᠯᠭᠠᠨ ᠬᠡᠷᠡᠭ᠌ᠯᠡᠬᠦ᠌᠎ᠶ᠋ᠢ ᠵᠣᠷᠢᠭ᠍ᠵᠢᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠦᠨ᠎ᠡ᠃ ᠰᠠᠯᠬᠢ ᠭᠡᠷᠡᠯ᠎ᠢᠶᠡᠷ ᠤᠰᠤᠲᠥ᠋ᠷᠥᠭ᠌ᠴᠢ ᠦᠢᠯᠡᠳᠬᠦ᠌᠂ ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠶᠡᠬᠡ ᠬᠡᠪᠴᠢᠶ᠎ᠡ᠎ᠪᠡᠷ ᠥᠷᠨᠢᠭᠦᠯᠵᠦ᠍᠂ ᠡᠨᠧᠷᠭᠢ ᠬᠠᠳᠠᠭᠠᠯᠠᠬᠤ ᠬᠡᠪᠴᠢᠶ᠎ᠡ᠎ᠶ᠋ᠢ ᠥᠷᠭᠡᠳᠭᠡᠨ᠎ᠡ᠃ ᠮᠤᠵᠢ ᠣᠷᠣᠨ ᠠᠯᠤᠰᠯᠠᠭ᠍ᠰᠠᠨ ᠭᠣᠣᠯᠯᠠᠬᠤ ᠴᠠᠬᠢᠯᠭᠠᠨ ᠬᠦᠷᠭᠡᠬᠦ᠌ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠂ ᠣᠷᠣᠨ᠎ᠤ ᠳᠣᠲᠣᠷᠠᠬᠢ ᠴᠠᠬᠢᠯᠭᠠᠨ ᠲᠣᠣᠷ᠎ᠤᠨ ᠭᠣᠣᠯ ᠲᠣᠣᠷ᠎ᠤᠨ ᠪᠦᠷᠢᠯᠳᠦᠴᠡ᠎ᠶ᠋ᠢᠨ ᠪᠦᠲᠦᠴᠡ᠎ᠶ᠋ᠢ ᠴᠢᠩᠭᠠᠳᠬᠠᠵᠤ᠂ ᠴᠠᠬᠢᠯᠭᠠᠨ ᠲᠦᠭᠡᠭᠡᠬᠦ᠌ ᠲᠣᠣᠷ᠎ᠤᠨ ᠪᠦᠲᠦᠭᠡᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠬᠠᠮᠵᠢᠯᠴᠠᠨ ᠠᠬᠢᠭᠤᠯᠵᠤ᠂ ᠴᠠᠬᠢᠯᠭᠠᠨ ᠲᠣᠣᠷ᠎ᠤᠨ ᠠᠷᠢᠭᠤᠨ ᠴᠡᠪᠡᠷ ᠡᠨᠧᠷᠭᠢ᠎ᠶ᠋ᠢ ᠬᠦᠯᠢᠶᠡᠨ ᠠᠪᠬᠤ᠂ ᠲᠣᠬᠢᠷᠠᠭᠤᠯᠬᠤ᠂ ᠲᠣᠬᠢᠷᠠᠭᠤᠯᠤᠨ ᠡᠵᠡᠮᠳᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠢ ᠪᠠᠢᠭᠤᠯᠵᠤ᠂ ᠰᠤᠷᠪᠤᠯᠵᠢ᠂ ᠲᠣᠣᠷ᠂ ᠳᠠᠭᠠᠭᠠᠴᠠ᠂ ᠬᠠᠳᠠᠭᠠᠯᠠᠮᠵᠢ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠵᠤ᠂ ᠴᠠᠬᠢᠯᠭᠠᠨ ᠬᠦᠴᠦᠨ᠎ᠦ ᠱᠢᠰᠲ᠋ᠧᠮ᠎ᠦᠨ ᠬᠠᠷᠢᠯᠴᠠᠨ ᠨᠥᠬᠥᠪᠥᠷᠢᠯᠡᠵᠦ᠍ ᠬᠠᠷᠢᠯᠴᠠᠨ ᠲᠤᠰᠠᠯᠠᠬᠤ ᠪᠠ ᠠᠶᠤᠯᠭᠦᠢ᠎ᠶ᠋ᠢᠨ ᠤᠶᠠᠨ ᠬᠠᠳᠠᠨ ᠴᠢᠨᠠᠷ᠎ᠤᠨ ᠲᠦᠪᠱᠢᠨ᠎ᠢ ᠳᠡᠭᠡᠭ᠌ᠰᠢᠯᠡᠭᠦᠯᠦᠨ᠎ᠡ᠃ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠱᠢᠨ᠎ᠡ ᠡᠨᠧᠷᠭᠢ᠎ᠶ᠋ᠢᠨ ᠵᠠᠬ᠎ᠠ ᠳᠡᠯᠭᠡᠭᠦᠷᠴᠢᠯᠡᠭ᠌ᠰᠡᠨ ᠠᠷᠠᠯᠵᠢᠶᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠪᠤᠬᠢᠷᠳᠤᠯ ᠦᠭᠡᠢ ᠴᠠᠬᠢᠯᠭᠠᠨ ᠭᠠᠷᠭᠠᠯᠲᠠ᠎ᠶ᠋ᠢ ᠦᠷᠭᠦᠯᠵᠢᠯᠡᠨ ᠠᠬᠢᠭᠤᠯᠤᠨ᠎ᠠ᠃
(19) ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠎ᠶ᠋ᠢ ᠴᠢᠩᠭᠠᠳᠬᠠᠨ᠎ᠠ᠃ ᠬᠠᠮᠠᠭᠠᠯᠠᠯᠲᠠ᠎ᠶ᠋ᠢᠨ ᠴᠢᠨᠠᠷᠲᠠᠶᠨᠡᠭᠡᠭᠡᠨ ᠬᠥᠭ᠌ᠵᠢᠭᠦᠯᠬᠦ᠌᠂ ᠴᠢᠨᠠᠷ ᠰᠠᠢᠲᠠᠶ ᠠᠱᠢᠭ᠍ᠯᠠᠬᠤ᠂ ᠵᠢᠷᠤᠮᠵᠢᠭᠤᠯᠤᠨ ᠬᠠᠮᠢᠶᠠᠷᠬᠤ᠎ᠶ᠋ᠢ ᠪᠠᠷᠢᠮᠲᠠᠯᠠᠵᠤ᠂ ᠬᠣᠪᠣᠷ ᠱᠢᠷᠣᠶ᠎ᠶ᠋ᠢᠨ ᠱᠢᠨ᠎ᠡ ᠮᠡᠷᠭᠡᠵᠢᠯ᠂ ᠱᠢᠨ᠎ᠡ ᠤᠷᠠᠯᠠᠯ᠂ ᠱᠢᠨ᠎ᠡ ᠦᠶ᠋ᠯᠡᠳᠬᠦᠨ᠂ ᠱᠢᠨ᠎ᠡ ᠮᠠᠲ᠋ᠧᠷᠢᠶᠠᠯ ᠪᠠ ᠱᠢᠨ᠎ᠡ ᠲᠣᠨᠣᠭ ᠲᠥᠬᠥᠭᠡᠷᠦᠮᠵᠢ᠎ᠶ᠋ᠢ ᠰᠤᠳᠤᠯᠤᠨ ᠨᠡᠭᠡᠭᠡᠵᠦ᠍ ᠬᠡᠷᠡᠭ᠌ᠯᠡᠬᠦ᠌᠎ᠶ᠋ᠢ ᠴᠢᠩᠭᠠᠳᠭᠠᠨ᠂ ᠬᠥᠩᠭᠡᠨ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠴᠢᠩᠭᠠᠳᠭᠠᠬᠤ᠎ᠶ᠋ᠢ ᠲᠦᠷᠭᠡᠳᠭᠡᠵᠦ᠍᠂ ᠳᠤᠮᠳᠠ ᠴᠢᠬᠤᠯᠠ ᠬᠣᠪᠣᠷ ᠱᠢᠷᠣᠶ᠎ᠶ᠋ᠢ ᠨᠡᠭᠡᠭᠡᠨ ᠠᠱᠢᠭ᠍ᠯᠠᠬᠤ ᠡᠷᠴᠢᠮ᠎ᠢ ᠴᠢᠩᠭᠠᠷᠠᠭᠤᠯᠤᠨ᠂ ᠪᠥᠬᠥ᠌ ᠤᠯᠤᠰ᠎ᠲᠤ ᠬᠠᠨᠳᠤᠭᠤᠯᠤᠭ᠍ᠰᠠᠨ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠠ ᠬᠣᠪᠣᠷ ᠱᠢᠷᠣᠶ᠎ᠶ᠋ᠢᠨ ᠦᠶ᠋ᠯᠡᠳᠬᠦᠨ᠎ᠦ ᠠᠷᠠᠯᠵᠢᠶᠠᠨ᠎ᠤ ᠲᠥᠪ᠎ᠢ ᠪᠠᠢᠭᠤᠯᠵᠤ᠂ ᠪᠥᠬᠥ᠌ ᠤᠯᠤᠰ᠎ᠤᠨ ᠬᠠᠮᠤᠭ᠎ᠤᠨ ᠲᠣᠮᠣ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠰᠠᠭᠤᠷᠢᠨ ᠪᠠ ᠪᠥᠬᠥ᠌ ᠳᠡᠯᠡᠬᠡᠶ᠎ᠳᠦ ᠲᠡᠷᠢᠭᠦᠯᠡᠭ᠌ᠰᠡᠨ ᠬᠣᠪᠣᠷ ᠱᠢᠷᠣᠶ᠎ᠶ᠋ᠢᠨ ᠬᠡᠷᠡᠭ᠌ᠯᠡᠭᠡᠨ᠎ᠦ ᠰᠠᠭᠤᠷᠢᠨ᠎ᠢ ᠪᠠᠢᠭᠤᠯᠤᠨ᠎ᠠ᠃ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠴᠠᠬᠢᠯᠭᠠᠨ ᠮᠠᠱᠢᠨ᠎ᠤ ᠠᠵᠤ ᠦᠶ᠋ᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠴᠠᠬᠢᠯᠭᠠᠨ ᠮᠠᠱᠢᠨ᠎ᠢ ᠣᠷᠣᠯᠠᠭᠤᠯᠬᠤ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠱᠢᠨ᠎ᠡ ᠨᠢᠭᠡᠨ ᠡᠭᠡᠯᠵᠢ᠎ᠶ᠋ᠢᠨ ᠠᠭᠤᠷᠬᠠᠶ ᠬᠠᠢᠬᠤ ᠱᠢᠪᠲᠤᠯᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠢᠨ ᠱᠢᠨᠵᠢᠬᠦ᠌ ᠪᠠᠢᠭᠤᠯᠤᠮᠵᠢ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠭᠤᠤᠯᠳᠠᠯᠭ᠎ᠠ᠎ᠲᠠᠶ ᠭᠠᠵᠠᠷ ᠣᠷᠣᠨ᠎ᠤ ᠴᠢᠬᠤᠯᠠ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠮᠡᠭᠳᠡᠬᠦᠯᠬᠦ ᠬᠠᠳᠠᠭᠠᠯᠠᠬᠤ ᠬᠠᠢᠬᠤ ᠪᠠᠢᠴᠠᠭᠠᠬᠤ᠎ᠶ᠋ᠢ ᠴᠢᠩᠭᠠᠳᠭᠠᠨ᠂ ᠦᠶ᠋ᠯᠡᠳᠪᠦᠷᠢᠯᠡᠬᠦ᠌ ᠬᠠᠩᠭᠠᠬᠤ ᠬᠠᠳᠠᠭᠠᠯᠠᠬᠤ ᠪᠣᠷᠣᠯᠠᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠬᠦ ᠪᠠ ᠵᠣᠯᠭᠠᠭᠤᠯᠬᠤ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠲᠣᠮᠣ ᠳᠤᠮᠳᠠ ᠬᠡᠯᠪᠡᠷᠢ᠎ᠶ᠋ᠢᠨ ᠠᠭᠤᠷᠬᠠᠶ᠎ᠶ᠋ᠢᠨ ᠬᠠᠷᠢᠴᠠᠯ᠎ᠢ ᠳᠡᠭᠡᠭ᠌ᠰᠢᠯᠡᠭᠦᠯᠵᠦ᠍᠂ ᠮᠠᠯᠲᠠᠬᠤ ᠱᠢᠯᠢᠬᠦ᠌ ᠬᠠᠢᠯᠤᠭᠤᠯᠬᠤ ᠡᠳ᠋ᠱᠢᠭᠦᠯᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠠᠭᠤᠷᠬᠠᠶ᠎ᠶ᠋ᠢᠨ ᠦᠢᠯᠡᠰ᠎ᠦᠨ ᠪᠦᠯᠦᠭ᠌ᠯᠡᠯ ᠪᠣᠯᠤᠨ ᠠᠵᠤ ᠦᠢᠯᠡᠰ᠎ᠦᠨ ᠰᠦᠷᠦᠭᠵᠢᠯ᠎ᠢ ᠪᠣᠢᠵᠢᠭᠤᠯᠤᠨ᠎ᠠ᠃
ᠵᠢᠷᠭᠤᠭ᠎ᠠ᠂ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠵᠦ᠍᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ᠎ᠲᠠᠷᠢᠶᠠᠯᠠᠩ ᠤ᠋ᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠤᠨ᠎ᠠ
ᠦᠢᠯᠡᠳᠪᠦᠷᠢᠯᠡᠯ᠎ᠤᠨ ᠬᠡᠮᠵᠢᠶ᠎ᠡ ᠦᠶ᠋ᠯᠡᠳᠪᠦᠷᠢᠯᠡᠯ᠎ᠦᠨ ᠴᠢᠳᠠᠪᠤᠷᠢ᠂ ᠦᠶ᠋ᠯᠡᠳᠪᠦᠷᠢᠯᠡᠯ᠎ᠦᠨ ᠠᠮᠢ ᠠᠬᠤᠶ᠂ ᠭᠠᠷᠤᠯᠲᠠ ᠪᠠ ᠣᠷᠣᠯᠭ᠎ᠠ᠎ᠶ᠋ᠢᠨ ᠨᠡᠮᠡᠭ᠌ᠳᠡᠯ᠎ᠢ ᠬᠠᠮᠲᠤᠳᠤᠨᠢ ᠠᠳᠭᠤᠬᠤ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠠᠷᠢᠶᠠᠯᠠᠩ ᠮᠠᠯ ᠠᠵᠤ ᠠᠬᠤᠶ᠂ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ᠂ ᠶᠠᠰᠤ ᠴᠢᠨᠠᠷ᠎ᠤᠨ ᠲᠠᠷᠢᠶᠠᠯᠠᠩ ᠮᠠᠯ ᠠᠵᠤ ᠠᠬᠤᠶ᠂ ᠲᠦᠷᠦᠯ ᠲᠡᠮᠳᠡᠭ᠌ᠲᠦ ᠲᠠᠷᠢᠶᠠᠯᠠᠩ ᠮᠠᠯ ᠠᠵᠤ ᠠᠬᠤᠶ᠎ᠶ᠋ᠢ ᠨᠢᠭᠡᠳᠦᠯᠲᠡᠶ ᠲᠥᠯᠥᠪᠵᠢᠭᠦᠯᠦᠨ ᠬᠥᠭ᠌ᠵᠢᠭᠦᠯᠵᠦ᠍᠂ ᠬᠥᠳᠡᠭᠡ ᠲᠣᠰᠭᠣᠨ᠎ᠤ ᠴᠢᠨᠠᠷ ᠰᠠᠢᠲᠠᠶ ᠠᠮᠢᠳᠤᠷᠠᠯ᠎ᠤᠨ ᠣᠷᠣᠨ ᠵᠠᠶ᠎ᠶ᠋ᠢ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠶ᠎ᠶ᠋ᠢᠨ ᠬᠦᠴᠦᠷᠬᠡᠭ ᠣᠷᠣᠨ ᠪᠠ ᠣᠷᠣᠱᠢᠨ ᠰᠠᠭᠤᠵᠤ ᠦᠶ᠋ᠯᠡᠰ ᠪᠦᠲᠦᠭᠡᠬᠦ᠌᠎ᠳᠦ ᠲᠣᠬᠢᠷᠠᠮᠵᠢᠲᠠᠶ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠥᠲᠥᠭᠡᠨ ᠪᠠᠢᠭᠤᠯᠤᠨ᠎ᠠ᠃
(20) ᠮᠠᠯ ᠠᠵᠤ ᠠᠬᠤᠢ᠎ᠲᠠᠷᠢᠶᠠᠯᠠᠩ᠎ᠤᠨ ᠶᠡᠷᠦᠩᠬᠡᠢᠯᠡᠭ᠌ᠰᠡᠨ ᠦᠶ᠋ᠯᠡᠳᠪᠦᠷᠢᠯᠡᠯ᠎ᠦᠨ ᠴᠢᠳᠠᠪᠤᠷᠢ ᠪᠠ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ᠃ ᠠᠮᠤ ᠲᠤᠰᠤᠨ᠎ᠤ ᠲᠠᠷᠢᠮᠠᠯ᠎ᠤᠨ ᠶᠡᠬᠡ ᠬᠡᠪᠴᠢᠶᠡᠨ᠎ᠤ ᠮᠣ᠌ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌᠎ᠪᠡᠷ ᠭᠣᠣᠯᠳᠠᠯᠭ᠎ᠠ ᠪᠣᠯᠭᠠᠵᠤ᠂ ᠱᠢᠨ᠎ᠡ ᠨᠢᠭᠡ ᠡᠭᠡᠯᠵᠢ᠎ᠶ᠋ᠢᠨ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠨᠥᠬᠥᠴᠡᠯ ᠪᠦᠷᠢᠯᠳᠦᠭᠦᠯᠦᠭᠰᠡᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠠᠯᠬᠤᠮ ᠠᠯᠬᠤᠮ᠎ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠠᠢᠭᠤᠯᠬᠤ᠎ᠶ᠋ᠢ ᠠᠬᠢᠭᠤᠯᠵᠤ᠂ ᠬᠤᠵᠢᠷᠯᠢᠭ ᠭᠠᠵᠠᠷ᠎ᠢ ᠶᠡᠷᠦᠩᠬᠡᠢᠯᠡᠨ ᠵᠠᠰᠠᠬᠤ ᠪᠠ ᠬᠠᠷ᠎ᠠ ᠬᠥᠷᠥᠰᠥ᠎ᠶ᠋ᠢ ᠬᠠᠮᠠᠭᠠᠯᠠᠨ ᠠᠱᠢᠭ᠍ᠯᠠᠬᠤ᠎ᠶ᠋ᠢ ᠴᠢᠩᠭᠠᠳᠭᠠᠨ᠎ᠠ᠃ ᠦᠷ᠎ᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠤᠯᠤᠰ᠎ᠤᠨ ᠡᠪᠡᠰᠦ ᠦᠷ᠎ᠡ᠎ᠶ᠋ᠢᠨ ᠦᠶ᠋ᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠣᠯᠤᠨ ᠮᠠᠯ᠎ᠤᠨ ᠰᠠᠢᠨ ᠡᠭᠦᠯᠳᠡᠷ᠎ᠦᠨ ᠰᠠᠭᠤᠷᠢᠨ᠎ᠢ ᠪᠥᠲᠥᠭᠡᠨ ᠪᠠᠢᠭᠤᠯᠤᠨ᠎ᠠ᠃ ᠮᠢᠬᠠᠨ᠎ᠤ ᠦᠬᠡᠷ ᠮᠢᠬᠠᠨ᠎ᠤ ᠬᠣᠨᠢ ᠵᠡᠷᠭᠡ᠎ᠶ᠋ᠢᠨ ᠭᠠᠷᠤᠯᠲᠠ᠎ᠶ᠋ᠢ ᠨᠡᠮᠡᠭ᠌ᠳᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠂ ᠲᠠᠭᠠᠭᠤᠯᠤᠭᠴᠢ ᠠᠵᠤ ᠠᠬᠤᠢᠯᠠᠯ᠂ ᠲᠤᠰᠭᠠᠶ ᠬᠣᠷᠱᠢᠶ᠎ᠠ ᠵᠡᠷᠭᠡ᠎ᠶ᠋ᠢ ᠵᠣᠷᠢᠭ᠍ᠵᠢᠭᠤᠯᠵᠤ ᠣᠯᠠᠨ ᠵᠦᠶ᠋ᠯ᠎ᠦᠨ ᠠᠷᠭ᠎ᠠ ᠮᠠᠶᠢᠭ᠎ᠢᠶᠠᠷ ᠬᠡᠪᠴᠢᠶᠡᠵᠢᠭᠦᠯᠦᠨ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠌᠎ᠶ᠋ᠢ ᠥᠷᠨᠢᠭᠦᠯᠵᠦ᠍᠂ ᠪᠥᠬᠥ᠌ ᠤᠯᠤᠰ᠎ᠤᠨ ᠦᠬᠡᠷ ᠬᠣᠨᠢᠨ᠎ᠤ ᠠᠷᠠᠯᠵᠢᠶᠠᠨ᠎ᠤ ᠲᠥᠪ᠎ᠢ ᠪᠠᠢᠭᠤᠯᠤᠨ᠂ ᠲᠦᠩᠯᠢᠶᠣᠤ᠎ᠶ᠋ᠢᠨ ᠪᠥᠬᠥ᠌ ᠤᠯᠤᠰ᠎ᠤᠨ ᠮᠢᠬᠠᠨ᠎ᠤ ᠦᠬᠡᠷ᠎ᠦᠨ ᠠᠵᠤ ᠦᠶ᠋ᠯᠡᠰ᠎ᠦᠨ ᠨᠢᠭᠡᠳᠦᠭᠡᠷ ᠴᠢᠬᠤᠯᠠ ᠪᠠᠯᠭᠠᠰᠤ᠎ᠶᠢ ᠪᠠᠢᠭᠤᠯᠬᠤ᠎ᠶ᠋ᠢ ᠳᠡᠮᠵᠢᠨ᠎ᠡ᠃ ᠰᠦ᠎ᠶᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠭᠦᠨᠵᠡᠭᠡᠢᠷᠡᠭᠦᠯᠵᠦ᠍᠂ ᠪᠥᠬᠥ᠌ ᠤᠯᠤᠰ᠎ᠲᠤ ᠬᠠᠨᠳᠤᠭᠤᠯᠤᠭ᠍ᠰᠠᠨ ᠰᠦ᠎ᠶᠢᠨ ᠦᠶ᠋ᠯᠡᠰ᠎ᠦᠨ ᠠᠷᠠᠯᠵᠢᠶᠠᠨ᠎ᠤ ᠲᠥᠪ ᠪᠣᠯᠤᠨ ᠰᠦᠨ ᠲᠠᠯᠬ᠎ᠠ ᠨᠥᠭᠡᠴᠡᠯᠡᠬᠦ᠌ ᠰᠠᠭᠤᠷᠢᠨ᠎ᠢ ᠪᠥᠲᠥᠭᠡᠨ ᠪᠠᠢᠭᠤᠯᠵᠤ᠂ 《ᠰᠤᠷᠤᠭ᠍ᠴᠢᠳ᠎ᠤᠨ ᠤᠤᠭᠤᠬᠤ ᠰᠦ᠎ᠶᠢᠨ ᠲᠥᠯᠥᠪᠯᠡᠭᠡ》᠎ᠶ᠋ᠢᠨ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠎ᠡ᠃ ᠬᠥᠬᠡᠬᠣᠲᠠ᠎ᠶ᠋ᠢᠨ 《ᠳᠡᠯᠡᠬᠡᠶ᠎ᠶ᠋ᠢᠨ ᠰᠦ᠎ᠶᠢᠨ ᠬᠣᠲᠠ》᠎ᠶ᠋ᠢ ᠪᠥᠲᠥᠭᠡᠨ ᠪᠠᠢᠭᠤᠯᠬᠤ᠎ᠶ᠋ᠢ ᠳᠡᠮᠵᠢᠨ᠎ᠡ᠃ ᠢᠮᠠᠭᠠᠨ ᠨᠣᠤᠯᠤᠭᠤᠷ᠎ᠤᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃ ᠲᠦᠭᠦᠭᠡᠷᠦᠮᠵᠢᠲᠤ ᠮᠠᠯ ᠠᠵᠤ ᠠᠬᠤᠶ ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠥᠷᠨᠢᠭᠦᠯᠦᠨ᠎ᠡ᠃ ᠮᠠᠯ ᠠᠵᠤ ᠠᠬᠤᠶ ᠲᠠᠷᠢᠶᠠᠯᠠᠩ᠎ᠤᠨ ᠵᠣᠬᠢᠬᠤ ᠬᠡᠪᠴᠢᠶᠡᠲᠦ ᠡᠵᠡᠩᠨᠡᠯᠲᠡ᠎ᠶ᠋ᠢ ᠬᠥᠭ᠌ᠵᠢᠭᠦᠯᠦᠨ᠎ᠡ᠃ ᠳᠥᠭᠥᠮ ᠳᠥᠲᠡ ᠥᠨᠳᠥᠷ ᠪᠦᠲᠦᠮᠵᠢᠲᠡᠶ ᠮᠠᠯ ᠠᠵᠤ ᠠᠬᠤᠶ ᠲᠠᠷᠢᠶᠠᠯᠠᠩ᠎ᠤᠨ ᠨᠡᠢᠭᠡᠮᠴᠢᠯᠡᠭ᠌ᠰᠡᠨ ᠦᠶ᠋ᠯᠡᠴᠢᠯᠡᠭᠡᠨ᠎ᠦ ᠱᠢᠰᠲ᠋ᠧᠮ᠎ᠢ ᠪᠦᠷᠢᠨᠱᠢᠭᠦᠯᠦᠨ᠎ᠡ᠃ ᠳᠡᠭᠡᠳᠦ ᠲᠠᠰ᠎ᠤᠨ ᠣᠶᠤᠨᠴᠢ᠂ ᠳᠣᠪᠣᠷᠬᠠᠭ ᠠᠭᠤᠯᠠᠷᠬᠠᠭ ᠣᠷᠣᠨ᠎ᠳᠤ ᠬᠡᠷᠡᠭ᠌ᠯᠡᠬᠦ᠎ᠳᠤ ᠲᠤᠬᠢᠷᠠᠮᠵᠢᠲᠠᠢ ᠮᠠᠯ ᠠᠵᠤ ᠠᠬᠤᠶ ᠲᠠᠷᠢᠶᠠᠯᠠᠩ᠎ᠤᠨ ᠮᠠᠱᠢᠨ ᠲᠣᠨᠣᠭ᠍ᠯᠠᠯ᠎ᠢ ᠰᠤᠳᠤᠯᠤᠨ ᠨᠡᠭᠡᠭᠡᠵᠦ᠍ ᠬᠡᠷᠡᠭ᠌ᠯᠡᠬᠦ᠌᠎ᠶ᠋ᠢ ᠴᠢᠩᠭᠠᠳᠭᠠᠵᠤ᠂ ᠰᠠᠢᠨ ᠲᠠᠷᠢᠶ᠎ᠠ ᠰᠠᠢᠨ ᠦᠷ᠎ᠡ ᠰᠠᠢᠨ ᠮᠠᠰᠢᠨ ᠰᠠᠢᠨ ᠠᠷᠭ᠎ᠠ᠎ᠶᠢ ᠬᠤᠷᠠᠮᠳᠤᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃
(21) ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠭᠦᠨᠵᠡᠭᠡᠢ ᠡᠳ᠋ᠱᠢᠭᠦᠯᠬᠦ᠌ ᠪᠠ ᠪᠣᠬᠢᠷᠲᠤᠯ ᠥᠬᠡᠶ ᠣᠷᠭᠠᠨᠢᠭ ᠲᠥᠷᠥᠯ ᠲᠡᠮᠳᠡᠭ᠌᠎ᠢ ᠱᠢᠯᠢᠳᠡᠭ᠌ᠵᠢᠭᠦᠯᠦᠨ᠎ᠡ᠃ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠡᠳ᠋ᠱᠢᠭᠦᠯᠬᠦ᠌ ᠭᠦᠢᠯᠭᠡᠭᠡᠬᠦ ᠶᠠᠰᠤ ᠴᠢᠨᠠᠷ᠎ᠢ ᠳᠡᠭᠡᠭ᠌ᠰᠢᠯᠡᠭᠦᠯᠦᠨ ᠳᠡᠰ ᠳᠡᠪᠱᠢᠭᠦᠯᠬᠦ᠌᠎ᠶ᠋ᠢ ᠠᠬᠢᠭᠤᠯᠵᠤ᠂ ᠰᠦ᠎ᠶ᠋ᠢᠨ ᠦᠢᠯᠡᠰ᠂ ᠡᠷᠳᠡᠨᠢ ᠱᠢᠰᠢ᠂ ᠮᠢᠬᠠᠨ᠎ᠤ ᠬᠣᠨᠢ᠂ ᠮᠢᠬᠠᠨ᠎ᠤ ᠦᠬᠡᠷ᠂ ᠲᠥᠮᠥᠰᠥ᠍᠂ ᠱᠢᠷ᠎ᠠ ᠪᠤᠷᠴᠠᠭ ᠵᠡᠷᠭᠡ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠬᠦ᠌᠎ᠶ᠋ᠢ ᠲᠦᠷᠭᠡᠳᠭᠡᠨ᠂ ᠡᠰᠢ ᠰᠦᠷᠡᠯ ᠵᠡᠷᠭᠡ ᠠᠮᠢᠳᠤ ᠪᠣᠳᠠᠰ᠎ᠤᠨ ᠮᠠᠰ᠎ᠤᠨ ᠮᠠᠲᠧᠷᠢᠶᠠᠯ ᠪᠣᠯᠤᠨ ᠠᠷᠠᠰᠤ ᠨᠣᠣᠰᠣ ᠶᠠᠰᠤ ᠴᠢᠰᠤ ᠵᠡᠷᠭᠡ ᠲᠠᠷᠢᠶᠠᠯᠠᠩ ᠲᠤᠰᠠᠯᠠᠬᠤ ᠦᠢᠯᠡᠳᠪᠦᠷᠢᠯᠡᠯ᠎ᠦᠨ ᠪᠦᠲᠦᠭᠡᠭ᠌ᠳᠡᠬᠦᠨ᠎ᠢ ᠥᠨᠳᠥᠷ ᠥᠷᠲᠡᠭ᠎ᠢᠶᠡᠷ ᠶᠡᠷᠦᠩᠬᠡᠢᠯᠡᠨ ᠠᠱᠢᠭ᠍ᠯᠠᠬᠤ᠎ᠶ᠋ᠢ ᠴᠢᠩᠭᠠᠳᠭᠠᠵᠤ᠂ ᠢᠳᠡᠭᠡᠨ ᠦᠢᠯᠡᠳᠬᠦ᠌ ᠦᠢᠯᠡᠰ᠎ᠢ ᠶᠡᠬᠡ᠎ᠪᠠᠷ ᠬᠥᠭ᠌ᠵᠢᠭᠦᠯᠦᠨ᠂ ᠨᠠᠷᠢᠯᠢᠭ ᠭᠦᠨᠵᠡᠭᠡᠶ ᠡᠳ᠋ᠱᠢᠭᠦᠯᠬᠦ᠌᠎ᠪᠡᠷ ᠭᠣᠣᠯ ᠪᠣᠯᠭᠠᠭ᠍ᠰᠠᠨ ᠨᠢᠭᠡ ᠪᠦᠯᠦᠭ ᠣᠳᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠢ ᠪᠠᠢᠭᠤᠯᠤᠨ᠎ᠠ᠃ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠲᠥᠷᠥᠯ ᠲᠡᠮᠳᠡᠭ᠌᠎ᠢ ᠪᠣᠢᠵᠢᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠠᠰᠤ ᠴᠢᠨᠠᠷ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠂ 《ᠥᠪᠥᠷ ᠮᠣᠩᠭᠣᠯ》 ᠲᠡᠮᠳᠡᠭ᠎ᠲᠤ᠎ᠶᠢᠨ ᠭᠡᠷᠡᠴᠢᠯᠡᠯ᠎ᠢ ᠥᠷᠭᠡᠳᠭᠡᠵᠦ᠍᠂ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠦᠨ᠎ᠡ᠃ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠭᠠᠷᠤᠯᠲᠠ᠎ᠶ᠋ᠢᠨ ᠣᠷᠣᠨ᠎ᠤ ᠠᠩᠬ᠎ᠠ ᠡᠳ᠋ᠱᠢᠭᠦᠯᠬᠦ᠌ ᠲᠦᠭᠦᠭᠡᠷᠦᠮᠵᠢ᠂ ᠲᠦᠷᠭᠡᠨ ᠬᠦᠷᠭᠡᠯᠲᠡ ᠪᠠᠷᠠᠭᠠᠨ᠎ᠤ ᠭᠦᠶ᠋ᠯᠭᠡᠭᠡ᠎ᠶ᠋ᠢᠨ ᠪᠠᠷᠠᠭ᠎ᠠ ᠬᠦᠷᠭᠡᠬᠦ ᠲᠥᠪᠯᠡᠷᠡᠭ᠌ᠰᠡᠨ ᠬᠥᠮᠥᠷᠭᠡ ᠪᠠ ᠡᠮᠦᠨᠡᠬᠢ ᠬᠥᠮᠥᠷᠭᠡ᠎ᠶ᠋ᠢ ᠲᠦᠷᠭᠡᠳᠭᠡᠨ ᠪᠠᠢᠭᠤᠯᠵᠤ᠂ 《ᠢᠨᠲ᠋ᠧᠷ ᠰᠦᠯᠵᠢᠶ᠎ᠡ +》 ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠲᠣᠰᠭᠣᠨ᠎ᠡᠴᠡ ᠭᠠᠷᠴᠤ ᠬᠣᠲᠠ᠎ᠳᠤ ᠣᠷᠣᠭᠤᠯᠬᠤ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠠᠵᠤ ᠠᠬᠤᠢᠯᠠᠯ ᠪᠠ ᠮᠠᠯᠴᠢᠨ ᠲᠠᠷᠢᠶᠠᠴᠢᠨ᠎ᠤ ᠠᠱᠢᠭ ᠲᠤᠰᠠ᠎ᠶ᠋ᠢ ᠬᠣᠯᠪᠣᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃
(22) ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠲᠦᠷᠦᠯ ᠬᠤᠪᠢᠶᠠᠨ ᠡᠮᠬᠢ ᠵᠢᠷᠤᠮ᠎ᠲᠠᠶ ᠠᠬᠢᠭᠤᠯᠤᠨ᠎ᠠ᠃ 《ᠮᠢᠩᠭ᠎ᠠ ᠲᠦᠮᠡ᠎ᠶ᠋ᠢᠨ ᠢᠨᠵᠧᠨᠧᠷᠢᠩ》᠎ᠤᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠵᠦ᠍᠂ ᠬᠡᠰᠡᠭ ᠲᠣᠭᠣᠷᠢᠭ᠎ᠢᠶᠠᠷ ᠨᠢᠭᠡᠴᠢ ᠪᠣᠯᠭᠠᠨ ᠭᠠᠵᠠᠷ ᠣᠷᠣᠨ᠎ᠤ ᠪᠠᠢᠳᠠᠯ᠎ᠳᠠᠭᠠᠨ ᠳᠣᠭᠢᠷᠠᠭᠤᠯᠤᠨ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢᠨ ᠬᠡᠷᠡᠭ᠌ᠵᠢᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠲᠦᠭᠦᠭᠡᠷᠦᠮᠵᠢ᠎ᠶ᠋ᠢᠨ ᠪᠦᠷᠢᠨ ᠲᠡᠭᠦᠯᠳᠡᠷ᠎ᠦᠨ ᠬᠡᠮᠵᠢᠶ᠎ᠡ᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠥᠬᠥᠮ ᠪᠠᠢᠬᠤ ᠬᠡᠮᠵᠢᠶ᠎ᠡ᠂ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠤ ᠲᠠᠭᠠᠯᠠᠮᠵᠢᠲᠠᠶᠪᠠᠢᠬᠤ ᠬᠡᠮᠵᠢᠶ᠎ᠡ᠎ᠶ᠋ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠤ ᠣᠲᠣ ᠦᠶ᠎ᠡ᠎ᠶ᠋ᠢᠨ ᠠᠮᠢᠳᠤᠷᠠᠯ᠎ᠤᠨ ᠨᠥᠬᠥᠴᠡᠯ᠎ᠢ ᠦᠨᠳᠦᠰᠦᠨ᠎ᠳᠡᠭᠡᠨ ᠪᠦᠷᠢᠯᠳᠦᠭᠦᠯᠬᠦ᠌᠎ᠶ᠋ᠢ ᠠᠬᠢᠭᠤᠯᠤᠨ᠎ᠠ᠃ ᠰᠤᠮᠤ ᠱᠢᠶᠠᠩ ᠪᠠᠯᠭᠠᠰᠤ ᠭᠠᠴᠠᠭ᠎ᠠ ᠲᠣᠰᠭᠣᠨ᠎ᠤ ᠪᠠᠢᠷᠢᠱᠢᠭᠤᠯᠤᠯᠲᠠ᠂ ᠠᠵᠤ ᠦᠶ᠋ᠯᠡᠰ᠎ᠦᠨ ᠪᠦᠲᠦᠴᠡ᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ 《ᠡᠵᠡᠬᠦᠢᠷᠡᠭᠰᠡᠨ ᠲᠣᠰᠭᠣᠨ》᠎ᠤ᠋ ᠵᠠᠰᠠᠯᠲᠠ᠎ᠶ᠋ᠢ ᠰᠦᠪᠡᠭ᠌ᠴᠢᠯᠡᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠢ ᠦᠷᠭᠦᠯᠵᠢᠯᠡᠨ ᠴᠡᠭ᠌ᠴᠡᠯᠡᠨ ᠵᠠᠰᠠᠵᠤ ᠳᠡᠭᠡᠭ᠌ᠰᠢᠯᠡᠭᠦᠯᠦᠨ᠂ ᠵᠣᠷᠯᠣᠩ᠎ᠢ ᠥᠭᠡᠷᠡᠴᠢᠯᠡᠬᠦ᠌᠂ ᠲᠣᠰᠭᠣᠨ ᠬᠣᠭ ᠨᠣᠪᠰᠢ᠎ᠪᠠᠷ ᠬᠦᠷᠢᠶᠡᠯᠡᠭᠳᠡᠬᠦ ᠵᠡᠷᠭᠡ ᠠᠰᠠᠭᠤᠳᠠᠯ᠎ᠢ ᠰᠠᠢᠲᠤᠷ ᠱᠢᠶ᠋ᠳᠪᠦᠷᠢᠯᠡᠵᠦ᠍᠂ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢ ᠪᠥᠬᠥ᠌ ᠱᠢᠶᠠᠨ᠎ᠢᠶᠠᠷ᠎ᠨᠢ ᠠᠬᠢᠭᠤᠯᠤᠨ᠎ᠠ᠃ ᠥᠪᠡᠷᠮᠢᠴᠡ ᠣᠨᠴᠠᠯᠢᠭ ᠪᠦᠬᠦᠢ ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢ ᠬᠥᠭ᠌ᠵᠢᠭᠦᠯᠦᠨ᠎ᠡ᠃ ᠬᠥᠳᠡᠭᠡ ᠲᠣᠰᠭᠣᠨ᠎ᠤ ᠣᠨᠴᠠᠯᠢᠭ᠍ᠲᠤ ᠠᠵᠤ ᠦᠶ᠋ᠯᠡᠰ ᠪᠠ ᠤᠢᠲᠤᠲᠤᠷᠠᠬᠢ ᠠᠵᠤ ᠠᠬᠤᠶ᠎ᠶ᠋ᠢ ᠪᠤᠵᠠᠭᠠᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠢ᠂ ᠪᠡᠯᠴᠢᠭᠡᠷ᠎ᠤᠨ ᠳᠠᠭᠠᠭᠠᠴᠢᠯᠠᠯᠲᠠ᠎ᠶ᠋ᠢᠨ ᠬᠤᠭᠤᠴᠠᠭ᠎ᠠ ᠲᠤᠯᠤᠭ᠍ᠰᠠᠨ᠎ᠤ ᠲᠠᠷᠠᠭ᠎ᠠ ᠲᠠᠭᠢᠭᠠᠳ ᠭᠤᠴᠢᠨ ᠵᠢᠯ ᠤᠷᠲᠤᠳᠭᠠᠬᠤ ᠲᠤᠷᠱᠢᠯᠲᠠ᠎ᠶ᠋ᠢᠨ ᠠᠵᠢᠯ᠎ᠢ ᠪᠡᠶᠡᠯᠡᠭᠦᠯᠦᠨ᠎ᠡ᠃ ᠤᠯᠤᠰ᠎ᠤᠨ ᠥᠮᠴᠢᠯᠡᠯᠲᠦ ᠲᠠᠷᠢᠶᠠᠯᠠᠩ ᠮᠠᠯᠵᠢᠯ᠎ᠤᠨ ᠲᠠᠯᠠᠪᠠᠶ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃
(23) ᠬᠦᠳᠡᠭᠡ ᠠᠵᠤ ᠠᠬᠤᠢ᠎ᠶᠢ ᠬᠦᠴᠦᠷᠬᠡᠭ᠌ᠵᠢᠭᠦᠯᠦᠨ ᠲᠠᠷᠢᠶᠠᠴᠢᠳ᠎ᠲᠤ ᠠᠱᠢᠭ ᠬᠦᠷᠲᠡᠭᠡᠵᠦ᠍ ᠲᠠᠷᠢᠶᠠᠴᠢᠳ᠎ᠢ ᠪᠠᠶᠠᠵᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠣᠯᠠᠨ ᠡᠱᠢᠲᠦ ᠣᠷᠣᠭᠤᠯᠤᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ ᠪᠠ ᠠᠷᠠᠳ᠎ᠤᠨ ᠬᠥᠷᠥᠩᠭᠡ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠡᠬᠢ ᠪᠠᠯᠠ ᠮᠦᠩᠬᠦ᠎ᠶᠢᠨ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠬᠦᠷᠢᠶᠡᠨ᠎ᠳᠡᠬᠢ ᠣᠷᠣᠭᠤᠯᠤᠯᠲᠠ᠎ᠶ᠋ᠢᠨ ᠡᠷᠴᠢᠮ᠎ᠤᠨ ᠲᠠᠰᠤᠷᠠᠯᠲᠠ ᠥᠬᠡᠶ ᠴᠢᠩᠭᠠᠷᠠᠬᠤ᠎ᠶ᠋ᠢ ᠪᠠᠲᠤᠯᠠᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠬᠠᠮᠲᠤ᠎ᠶ᠋ᠢᠨ ᠥᠮᠴᠢᠯᠡᠯ᠎ᠦᠨ ᠡᠷᠬᠡ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠤ ᠬᠠᠮᠲᠤ᠎ᠶ᠋ᠢᠨ ᠪᠠᠯᠠ ᠮᠥᠩᠭᠥ᠌ ᠡᠳ᠋ ᠬᠥᠷᠥᠩᠭᠡ ᠡᠬᠢ ᠪᠠᠶᠠᠯᠢᠭ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠱᠢᠷᠣᠶ᠎ᠶ᠋ᠢ ᠥᠨᠳᠥᠷ ᠪᠦᠲᠦᠮᠵᠢᠲᠡᠶ ᠠᠱᠢᠭ᠍ᠯᠠᠵᠤ᠂ ᠰᠤᠯᠠ ᠲᠠᠯᠪᠢᠭᠳᠠᠵᠤ ᠪᠠᠢᠭ᠎ᠠ ᠭᠠᠵᠠᠷ ᠱᠢᠷᠣᠶ᠎ᠶ᠋ᠢ ᠬᠠᠤᠯᠢ ᠶᠣᠰᠣᠭᠠᠷ ᠠᠮᠢᠳᠤᠯᠢᠭ᠍ᠵᠢᠭᠤᠯᠤᠨ ᠰᠠᠢᠲᠤᠷ ᠬᠡᠷᠡᠭ᠌ᠯᠡᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠱᠢᠨ᠎ᠡ ᠮᠠᠶᠢᠭ᠎ᠤᠨ ᠬᠠᠮᠲᠤ᠎ᠶ᠋ᠢᠨ ᠠᠵᠤ ᠠᠬᠤᠶ᠎ᠶ᠋ᠢ ᠬᠥᠭ᠌ᠵᠢᠭᠦᠯᠬᠦ᠌᠎ᠶ᠋ᠢ ᠳᠡᠮᠵᠢᠨ᠎ᠡ᠃ ᠶᠠᠳᠠᠭᠤ᠎ᠡᠴᠡ ᠠᠩᠭᠢᠵᠢᠷᠠᠭᠤᠯᠬᠤ ᠪᠤᠭᠤᠮᠲᠠ ᠱᠢᠪᠲᠤᠯᠤᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠳᠠᠬᠢᠨ ᠶᠠᠳᠠᠭᠤᠷᠠᠬᠤ ᠪᠠ ᠶᠠᠳᠠᠭᠤᠷᠠᠬᠤ᠎ᠶ᠋ᠢ ᠰᠡᠷᠭᠡᠢᠯᠡᠬᠦ᠌ ᠪᠠᠢᠩᠭᠤᠵᠢᠭ᠍ᠰᠠᠨ ᠲᠣᠭ᠍ᠲᠠᠴᠠ᠎ᠶ᠋ᠢ ᠨᠢᠭᠡᠳᠦᠯᠲᠡᠶ ᠲᠥᠯᠥᠪᠵᠢᠬᠦᠯᠦᠨ ᠪᠠᠢᠭᠤᠯᠵᠤ᠂ ᠨᠠᠷᠢᠯᠢᠭ ᠣᠨᠣᠪᠴᠢᠲᠠᠶ ᠬᠠᠪᠰᠤᠷᠤᠨ ᠲᠡᠳᠬᠦᠬᠦ᠌᠎ᠶ᠋ᠢ ᠪᠠᠷᠢᠮᠲᠠᠯᠠᠨ᠂ ᠦᠨᠳᠦᠰᠦᠨ ᠵᠦᠶ᠋ᠯ᠎ᠢ ᠪᠠᠲᠤᠯᠠᠬᠤ ᠮᠠᠶᠢᠭ᠎ᠤᠨ ᠪᠠᠲᠤᠯᠠᠭ᠎ᠠ᠎ᠶ᠋ᠢ ᠲᠡᠭᠦᠯᠳᠡᠷᠵᠢᠭᠦᠯᠵᠦ᠍᠂ ᠨᠡᠭᠡᠭᠡᠨ ᠬᠥᠭ᠌ᠵᠢᠭᠦᠯᠬᠦ᠌ ᠮᠠᠶᠢᠭ᠎ᠤᠨ ᠬᠠᠪᠰᠤᠷᠤᠨ ᠲᠡᠳᠬᠦᠬᠦ᠌᠎ᠶ᠋ᠢ ᠴᠢᠩᠭᠠᠳᠬᠠᠨ᠂ ᠶᠠᠳᠠᠭᠤ᠎ᠡᠴᠡ ᠠᠩᠭᠢᠵᠢᠷᠠᠭᠰᠠᠨ ᠭᠠᠵᠠᠷ ᠣᠷᠣᠨ ᠪᠠ ᠶᠠᠳᠠᠭᠤ᠎ᠡᠴᠡ ᠠᠩᠭᠢᠵᠢᠷᠠᠭᠰᠠᠨ ᠣᠯᠠᠨ ᠲᠦᠮᠡᠨ᠎ᠦ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠴᠢᠩᠭᠠᠷᠠᠭᠤᠯᠵᠤ᠂ ᠬᠡᠪᠴᠢᠶᠡᠵᠢᠯ᠎ᠤᠨ ᠴᠢᠨᠠᠷᠲᠠᠢ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠠᠢᠳᠠᠯ ᠡᠭᠦᠰᠬᠦ ᠥᠬᠡᠶ ᠪᠠᠢᠬᠤ᠎ᠶ᠋ᠢ ᠦᠨᠡᠨ ᠬᠦ᠌ ᠪᠠᠲᠤᠯᠠᠨ᠎ᠠ᠃
ᠳᠣᠯᠣᠭ᠎ᠠ᠂ ᠳᠣᠲᠣᠭᠠᠳᠤ ᠭᠠᠳᠠᠭᠠᠳᠤ ᠨᠡᠭᠡᠭᠡᠯᠲᠡ᠎ᠶ᠋ᠢ ᠪᠥᠬᠥ᠌ ᠲᠠᠯ᠎ᠠ᠎ᠪᠠᠷ ᠥᠷᠭᠡᠳᠭᠡᠵᠦ᠍᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶᠢ ᠴᠤᠭᠴᠠᠯᠠᠨ᠎ᠠ
ᠳᠣᠲᠣᠭᠠᠳᠤ ᠭᠠᠳᠠᠭᠠᠳᠤ ᠨᠡᠭᠡᠭᠡᠯᠲᠡ᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠵᠤ᠂ 《ᠬᠠᠲᠠᠭᠤ ᠬᠣᠯᠪᠣᠯᠳᠤᠨ ᠨᠡᠪᠲᠡᠷᠡᠯᠴᠡᠬᠦ》᠂ 《ᠵᠥᠭᠡᠯᠡᠨ ᠬᠣᠯᠪᠣᠯᠳᠤᠨ ᠨᠡᠪᠲᠡᠷᠡᠯᠴᠡᠭᠦ》᠂ 《ᠰᠡᠳᠭᠢᠯ᠎ᠦᠨ ᠬᠣᠯᠪᠣᠯᠳᠤᠨ ᠨᠡᠪᠲᠡᠷᠡᠯᠴᠡᠭᠦ》᠎ᠶᠢ ᠭᠦᠨᠵᠡᠭᠡᠢᠷᠡᠭᠦᠯᠵᠦ᠍᠂ ᠳᠣᠲᠣᠭᠠᠳᠤ ᠭᠠᠳᠠᠭᠠᠳᠤ᠎ᠶ᠋ᠢ ᠬᠣᠯᠪᠣᠭ᠍ᠰᠠᠨ᠂ ᠡᠷᠬᠢᠨ ᠲᠣᠭᠣᠷᠢᠨ᠎ᠢ ᠨᠥᠯᠥᠭᠡᠯᠡᠭ᠌ᠰᠡᠨ᠂ ᠡᠬᠢ ᠪᠠᠶᠠᠯᠢᠭ᠎ᠢ ᠲᠥᠪᠯᠡᠷᠡᠭᠦᠯᠵᠦ᠍ ᠲᠠᠷᠬᠠᠭᠠᠭ᠍ᠰᠠᠨ᠂ ᠬᠦᠴᠦᠨ ᠵᠦᠶ᠋ᠯ᠎ᠢ ᠠᠭᠤᠰᠤᠯᠴᠠᠭᠤᠯᠤᠨ ᠨᠡᠪᠲᠡᠷᠡᠯᠴᠡᠭᠦᠯᠦᠭ᠌ᠰᠡᠨ ᠪᠥᠬᠥ᠌ ᠣᠷᠣᠨ ᠪᠦᠰᠡ᠎ᠶ᠋ᠢᠨ ᠨᠡᠭᠡᠭᠡᠯᠲᠡ᠎ᠶ᠋ᠢᠨ ᠲᠠᠪᠴᠠᠩ᠎ᠢ ᠪᠠᠢᠭᠤᠯᠤᠨ᠎ᠠ᠃
(24) ᠳᠣᠲᠣᠭᠠᠳᠤ ᠨᠡᠭᠡᠭᠡᠯᠳᠡ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ᠃ ᠬᠥᠭ᠌ᠵᠢᠭ᠌ᠰᠡᠨ ᠭᠠᠵᠠᠷ ᠣᠷᠣᠨ᠂ ᠬᠥᠷᠰᠢ ᠵᠡᠷᠭᠡᠯᠡᠳᠡᠭᠡ ᠮᠤᠵᠢ ᠣᠷᠣᠨ᠎ᠯᠤᠭ᠎ᠠ᠎ᠶ᠋ᠢᠨ ᠬᠠᠮᠵᠢᠯᠴᠠᠨ ᠬᠤᠷᠰᠢᠯᠴᠠᠬᠤ ᠪᠠ ᠵᠠᠮ ᠬᠠᠷᠢᠯᠴᠠᠭᠠᠨ᠎ᠤ ᠰᠠᠭᠤᠷᠢ ᠲᠦᠭᠦᠭᠡᠷᠦᠮᠵᠢ᠎ᠶ᠋ᠢᠨ ᠬᠤᠯᠪᠤᠯᠳᠤᠨ ᠨᠡᠪᠲᠡᠷᠡᠯᠴᠡᠬᠦ᠌᠎ᠶ᠋ᠢ ᠴᠢᠩᠭᠠᠳᠭᠠᠵᠤ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠲᠡᠬᠦ᠌᠎ᠶ᠋ᠢ ᠠᠬᠢᠭᠤᠯᠤᠨ᠎ᠠ᠃ ᠪᠡᠭᠡᠵᠢᠩ ᠥᠪᠥᠷ ᠮᠣᠩᠭᠣᠯ᠎ᠤᠨ ᠵᠡᠭᠦᠨ ᠪᠠᠷᠠᠭᠤᠨ ᠤᠷᠤᠨ᠎ᠤ ᠬᠠᠮᠵᠢᠯᠴᠠᠭ᠎ᠠ᠎ᠪᠠᠷ ᠭᠠᠷᠳᠠᠴᠠ ᠪᠣᠯᠭᠠᠨ᠂ ᠪᠡᠭᠡᠵᠢᠩ ᠲᠢᠶᠠᠨᠵᠢᠨ ᠾᠧᠪᠧᠶ᠎ᠶ᠋ᠢᠨ ᠬᠠᠮᠵᠢᠯᠴᠠᠨ ᠬᠥᠭ᠌ᠵᠢᠬᠦ᠌᠎ᠳᠦ ᠭᠦᠨᠵᠡᠭᠡᠶ ᠠᠭᠤᠰᠤᠯᠴᠠᠨ᠎ᠠ᠃ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠂ ᠵᠡᠭᠦᠨ ᠬᠣᠢᠲᠤ᠎ᠶ᠋ᠢᠨ ᠭᠤᠷᠪᠠᠨ ᠮᠤᠵᠢ ᠵᠡᠷᠭᠡ ᠣᠷᠣᠨ ᠪᠦᠰᠡ ᠯᠤᠭᠡ᠎ᠶ᠋ᠢᠨ ᠬᠠᠷᠢᠯᠴᠠᠨ ᠠᠱᠢᠭ ᠬᠦᠷᠲᠡᠭᠡᠬᠦ᠌ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠥᠪᠥᠷ ᠮᠣᠩᠭᠣᠯ ᠭᠤᠸᠠᠩᠳᠦ᠋ᠩ᠂ ᠥᠪᠥᠷ ᠮᠣᠩᠭᠣᠯ ᠱᠠᠩᠬᠠᠶ᠂ ᠥᠪᠥᠷ ᠮᠣᠩᠭᠣᠯ ᠵᠢᠶᠠᠩᠰᠦ᠎ᠶ᠋ᠢᠨ ᠬᠠᠮᠲᠤᠷᠠᠯᠴᠠᠭ᠎ᠠ᠎ᠵᠢ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠨᠢᠭᠡ ᠪᠦᠯᠦᠭ《ᠭᠠᠵᠠᠷ ᠤᠷᠤᠨ ᠰᠤᠨᠳᠠᠯᠠᠭᠰᠠᠨ》 ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ᠂ ᠮᠤᠵᠢ ᠠᠯᠤᠰᠯᠠᠭ᠍ᠰᠠᠨ ᠬᠠᠮᠲᠤᠷᠠᠯᠴᠠᠭᠠᠨ᠎ᠤ ᠬᠦᠷᠢᠶᠡᠯᠡᠩ ᠲᠣᠭᠣᠷᠢᠭ᠎ᠢ ᠪᠥᠲᠥᠭᠡᠨ ᠪᠠᠢᠭᠤᠯᠤᠨ᠎ᠠ᠃ ᠲᠢᠶᠠᠨᠵᠢᠨ᠂ ᠾᠸᠪᠸᠢ᠂ ᠯᠢᠶᠣᠤᠨᠢᠩ᠂ ᠭᠤᠸᠠᠩᠳᠦ᠋ᠩ ᠵᠡᠷᠭᠡ ᠭᠠᠵᠠᠷ᠎ᠯᠤᠭ᠎ᠠ᠎ᠶ᠋ᠢᠨ ᠭᠠᠷᠠᠮ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌ ᠪᠠ ᠳᠣᠲᠣᠭᠠᠳᠤ ᠬᠠᠭᠤᠷᠠᠶ᠎ᠶ᠋ᠢᠨ ᠭᠠᠷᠠᠮ᠎ᠤᠨ ᠬᠠᠮᠲᠤᠷᠠᠯᠴᠠᠭ᠎ᠠ᠎ᠶ᠋ᠢ ᠴᠢᠩᠭᠠᠳᠭᠠᠨ᠎ᠠ᠃ ᠬᠠᠳᠤᠨ ᠭᠣᠣᠯ ᠳᠠᠭᠠᠤ᠎ᠶ᠋ᠢᠨ ᠮᠤᠵᠢ ᠣᠷᠣᠨ᠎ᠯᠤᠭ᠎ᠠ᠎ᠶ᠋ᠢᠨ ᠬᠠᠮᠵᠢᠯᠴᠠᠭ᠎ᠠ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠎ᠡ᠃
(25) ᠭᠠᠳᠠᠭᠠᠲᠤ ᠨᠡᠭᠡᠭᠡᠯᠲᠡ᠎ᠶᠢᠨ ᠲᠠᠪᠴᠠᠩ ᠪᠠ ᠨᠡᠪᠲᠡᠷᠡᠬᠦ᠌ ᠵᠠᠮ᠎ᠤᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠮᠠᠨᠵᠤᠤᠷ᠂ ᠡᠷᠢᠶᠡᠨ ᠬᠣᠲᠠ᠂ ᠭᠠᠭ᠍ᠴᠠᠮᠣᠳᠣ᠂ ᠴᠡᠭᠡ᠂ ᠮᠠᠨᠳᠤᠯ ᠵᠡᠷᠭᠡ ᠭᠣᠣᠯᠳᠠᠯᠭ᠎ᠠ᠎ᠲᠠᠶ ᠪᠣᠭᠣᠮᠲᠠ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠣᠶᠤᠨᠴᠢ ᠬᠢᠯᠢ᠎ᠶᠢᠨ ᠪᠣᠭᠣᠮᠲᠠ ᠪᠠ ᠬᠦᠷᠢᠶᠡᠯᠡᠩ ᠲᠣᠭᠣᠷᠢᠭ᠎ᠢ ᠪᠦᠲᠦᠭᠡᠨ ᠪᠠᠢᠭᠤᠯᠵᠤ᠂ ᠬᠥᠮᠦᠨ ᠬᠠᠷ᠎ᠠ᠎ᠶ᠋ᠢᠨ ᠨᠠᠭᠠᠰᠢ ᠴᠠᠭᠠᠰᠢ ᠶᠠᠪᠤᠬᠤ᠂ ᠡᠳ᠋ ᠪᠠᠷᠠᠭ᠎ᠠ᠎ᠶ᠋ᠢᠨ ᠬᠢᠯᠢ᠎ᠶᠢᠨ ᠪᠣᠭᠣᠮᠲᠠ᠎ᠪᠠᠷ ᠥᠩᠭᠡᠷᠡᠬᠦ᠌᠂ ᠪᠠᠷᠠᠭ᠎ᠠ᠎ᠶ᠋ᠢᠨ ᠭᠦᠢᠯᠭᠡᠭᠡᠨ᠎ᠦ ᠠᠷᠠᠯᠵᠢᠶ᠎ᠠ ᠪᠠ ᠦᠢᠯᠡᠳᠪᠦᠷᠢᠯᠡᠵᠦ᠍ ᠡᠳ᠋ᠱᠢᠭᠦᠯᠬᠦ᠌ ᠴᠢᠳᠠᠮᠵᠢ᠎ᠶ᠋ᠢ ᠲᠡᠭᠦᠯᠳᠡᠷᠵᠢᠭᠦᠯᠦᠨ᠎ᠡ᠃ ᠪᠣᠭᠣᠮᠲᠠ᠎ᠶ᠋ᠢᠨ ᠵᠦᠷᠢᠶᠡᠴᠢᠯᠡᠭ᠌ᠰᠡᠨ ᠬᠥᠭ᠌ᠵᠢᠯᠲᠡ᠎ᠶ᠋ᠢ ᠠᠬᠢᠭᠤᠯᠤᠨ᠎ᠠ᠃ ᠶᠡᠷᠦᠩᠬᠡᠢᠯᠡᠭ᠌ᠰᠡᠨ ᠭᠠᠢᠯᠢ᠎ᠶᠢᠨ ᠪᠠᠲᠤᠯᠠᠭᠠᠲᠤ ᠣᠷᠣᠨ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠣᠷᠣᠨ ᠵᠡᠷᠭᠡ ᠲᠠᠪᠴᠠᠩ᠎ᠤᠨ ᠴᠢᠳᠠᠪᠤᠷᠢ ᠲᠠᠰ᠎ᠢ ᠳᠡᠭᠡᠭ᠌ᠰᠢᠯᠡᠭᠦᠯᠵᠦ᠍᠂ ᠣᠯᠠᠨ ᠤᠯᠤᠰ᠎ᠤᠨ ᠡᠬᠡ ᠬᠠᠭᠤᠷᠠᠶ᠎ᠶ᠋ᠢᠨ ᠭᠠᠷᠠᠮ ᠪᠠ ᠤᠯᠤᠰ᠎ᠤᠨ ᠭᠠᠳᠠᠭᠠᠳᠤᠤᠷᠤᠭᠤᠯᠤᠯᠲᠠᠶᠢᠨ ᠠᠷᠠᠯᠵᠢᠶ᠎ᠠ᠎ᠶ᠋ᠢ ᠠᠬᠢᠭᠤᠯᠬᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ᠎ᠢ ᠪᠠᠢᠭᠤᠯᠤᠨ ᠬᠦᠴᠦᠷᠬᠡᠭ᠌ᠵᠢᠭᠦᠯᠦᠨ᠎ᠡ᠃ ᠳᠤᠮᠳᠠᠳᠤ ᠮᠣᠩᠭᠣᠯ᠎ᠤᠨ ᠡᠷᠢᠶᠡᠨ ᠬᠣᠲᠠ — ᠵᠠᠮ᠎ᠤᠨ ᠡᠭᠦᠳᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠤᠨ᠎ᠠ᠃ ᠳᠤᠮᠳᠠᠳᠤ ᠤᠯᠤᠰ(ᠥᠪᠥᠷ ᠮᠣᠩᠭᠣᠯ)᠎ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠴᠢᠨᠠᠷ ᠰᠠᠢᠲᠠᠶ ᠪᠥᠲᠥᠭᠡᠨ ᠪᠠᠢᠭᠤᠯᠵᠤ᠂ ᠤᠤᠭᠠᠯ ᠡᠭᠦᠳᠦᠯᠲᠡ᠎ᠶᠢᠨ ᠴᠢᠨᠠᠷᠲᠠᠶ᠂ ᠬᠤᠷᠠᠮᠠᠯ ᠮᠠᠶᠢᠭ᠎ᠤᠨ ᠰᠥᠪᠡᠭ᠌ᠴᠢᠯᠡᠯᠲᠡ᠎ᠶ᠋ᠢ ᠥᠷᠨᠢᠭᠦᠯᠦᠨ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡᠯᠦᠭᠡ ᠬᠠᠷᠢᠯᠴᠠᠨ ᠵᠣᠬᠢᠴᠠᠯᠳᠤᠭ᠍ᠰᠠᠨ ᠲᠥᠷᠥ᠎ᠶ᠋ᠢᠨ ᠪᠣᠳᠣᠯᠭ᠎ᠠ ᠲᠦᠷᠢᠮ᠎ᠦᠨ ᠱᠢᠰᠲ᠋ᠧᠮ᠎ᠢ ᠪᠠᠢᠭᠤᠯᠤᠨ᠎ᠠ᠃ ᠬᠢᠯᠢ᠎ᠶᠢᠨ ᠪᠣᠭᠣᠮᠲᠠ ᠬᠢᠭᠡᠳ ᠡᠯ᠎ᠡ ᠲᠥᠷᠥᠯ᠎ᠦᠨ ᠨᠡᠭᠡᠭᠡᠯᠲᠡ᠎ᠶ᠋ᠢᠨ ᠲᠠᠪᠴᠠᠩ᠎ᠤᠨ ᠠᠭᠤᠰᠤᠯᠴᠠᠨ ᠬᠥᠭ᠌ᠵᠢᠬᠦ᠌᠎ᠶ᠋ᠢ ᠲᠦᠷᠭᠡᠳᠭᠡᠨ᠎ᠡ᠃ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠠᠵᠤ ᠠᠬᠤᠶ ᠠᠷᠠᠯᠵᠢᠶᠠᠨ᠎ᠤ ᠵᠥᠪᠳᠡᠯᠴᠡᠬᠡᠷ᠎ᠦᠨ ᠬᠤᠷᠠᠯ᠂ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠮᠥᠰᠥ᠍ ᠴᠠᠰᠤᠨ᠎ᠤ ᠨᠠᠢᠷ ᠵᠡᠷᠭᠡ ᠠᠵᠢᠯᠯᠠᠭ᠎ᠠ᠎ᠶ᠋ᠢ ᠰᠠᠢᠲᠤᠷ ᠡᠷᠬᠢᠯᠡᠨ᠎ᠡ᠃ ᠭᠠᠳᠠᠭᠠᠳᠤ᠎ᠯᠤᠭ᠎ᠠ᠎ᠶ᠋ᠢᠨ ᠰᠣᠶᠣᠯᠢᠷᠭᠡᠨᠰᠢᠯᠤᠨ ᠰᠣᠯᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠤᠯᠠᠨ ᠤᠯᠤᠰ᠎ᠤᠨ ᠨᠥᠬᠥᠷᠰᠡᠭ ᠬᠤᠳᠠ᠎ᠶ᠋ᠢ ᠪᠡᠬᠢᠵᠢᠭᠦᠯᠦᠨ ᠥᠷᠭᠡᠳᠭᠡᠨ᠎ᠡ᠃ ᠤᠯᠤᠰ᠎ᠤᠨ ᠤᠮᠠᠷᠠᠰᠢ ᠨᠡᠭᠡᠭᠡᠯᠲᠡ ᠬᠢᠬᠦ᠌᠎ᠳᠤ ᠦᠢᠯᠡᠴᠢᠯᠡᠬᠦ ᠵᠡᠭᠦᠨ᠂ ᠳᠤᠮᠳᠠ ᠶᠡᠬᠡ ᠨᠡᠪᠲᠡᠷᠡᠬᠦ ᠵᠠᠮ᠎ᠤᠨ ᠴᠢᠳᠠᠮᠵᠢ᠎ᠶ᠋ᠢ ᠳᠡᠭᠡᠭ᠌ᠰᠢᠯᠡᠭᠦᠯᠦᠨ᠎ᠡ᠃ ᠤᠯᠤᠰ᠎ᠤᠨ ᠪᠠᠷᠠᠭᠤᠨ ᠤᠷᠤᠨ᠎ᠤ ᠡᠬᠡ ᠬᠠᠭᠤᠷᠠᠢ ᠳᠠᠯᠠᠢ ᠲᠠᠩᠭᠢᠰ᠎ᠤᠨ ᠱᠢᠨ᠎ᠡ ᠨᠡᠪᠲᠡᠷᠡᠬᠦ᠌ ᠵᠠᠮ᠎ᠤᠨ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠠᠭᠤᠰᠤᠯᠴᠠᠵᠤ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶ᠋ᠢᠨ ᠬᠣᠩᠭᠢᠯ᠎ᠤᠨ ᠱᠢᠨ᠎ᠡ ᠨᠡᠪᠲᠡᠷᠡᠬᠦ᠌ ᠵᠠᠮ᠎ᠢ ᠴᠤᠭᠴᠠᠯᠠᠵᠤ᠂ ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢᠨ ᠨᠡᠪᠲᠡᠷᠡᠬᠦ᠌ ᠵᠠᠮ᠂ ᠴᠢᠯᠠᠭᠤᠨ ᠲᠣᠰᠣ ᠪᠠᠢᠭᠠᠯᠢ᠎ᠶᠢᠨ ᠰᠢᠲᠠᠮᠠᠬᠠᠢ ᠬᠡᠢ᠎ᠶ᠋ᠢᠨ ᠬᠣᠭᠣᠯᠠᠢ᠂ ᠴᠠᠬᠢᠯᠭᠠᠨ ᠬᠦᠷᠭᠡᠬᠦ᠌ ᠱᠤᠭᠤᠮ ᠵᠡᠷᠭᠡ ᠭᠣᠣᠯᠳᠠᠯᠭ᠎ᠠ᠎ᠲᠠᠶ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃
(26) ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠢ᠎ᠶ᠋ᠢ ᠶᠡᠬᠡ᠎ᠪᠠᠷ ᠬᠥᠭ᠌ᠵᠢᠭᠦᠯᠦᠨ᠎ᠡ᠃ ᠬᠢᠯᠢ᠎ᠶ᠋ᠢᠨ ᠪᠣᠭᠣᠮᠲᠠ ᠪᠠ ᠳᠣᠲᠣᠷ ᠭᠠᠵᠠᠷ᠎ᠤᠨ ᠬᠣᠯᠪᠣᠭᠠᠯᠠᠨ ᠬᠥᠭ᠌ᠵᠢᠬᠦ᠌᠎ᠶ᠋ᠢ ᠠᠬᠢᠭᠤᠯᠵᠤ᠂ ᠭᠠᠳᠠᠭᠠᠳᠤ ᠣᠷᠣᠭᠤᠯᠤᠯᠲᠠ᠎ᠶᠢᠨ ᠡᠬᠢ ᠪᠠᠶᠠᠯᠢᠭ᠎ᠢ ᠪᠣᠳᠠᠲᠠᠢᠵᠢᠭᠤᠯᠤᠨ ᠡᠳ᠋ᠱᠢᠭᠦᠯᠬᠦ᠌ ᠲᠦᠪᠱᠢᠨ ᠪᠠ ᠭᠠᠳᠠᠭᠠᠳᠤ ᠭᠠᠷᠭᠠᠯᠲᠠ᠎ᠶᠢᠨ ᠲᠠᠸᠠᠷ᠎ᠤᠨ ᠦᠢᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠳᠤᠮᠳᠠᠳᠤ ᠧᠦ᠋ᠷᠣᠫᠠ (ᠠᠽᠢᠶ᠎ᠠ)᠎ᠶᠢᠨ ᠵᠢᠱᠢᠶᠠᠨ᠎ᠤ ᠭᠠᠯᠲᠤ ᠲᠡᠷᠭᠡ᠎ᠶ᠋ᠢᠨ 《ᠭᠠᠷ ᠲᠠᠮᠵᠢᠪᠠᠴᠤ ᠠᠰᠢᠭ ᠰᠢᠩᠭᠡᠬᠦ ᠦᠭᠡᠢ》 ᠠᠰᠠᠭᠤᠳᠠᠯ᠎ᠢ ᠲᠦᠷᠭᠡᠨ ᠱᠢᠢᠳᠪᠦᠷᠢᠯᠡᠨ᠎ᠡ᠃ ᠬᠢᠯᠢ᠎ᠶ᠋ᠢᠨ ᠠᠷᠠᠳ᠎ᠤᠨ ᠵᠠᠬ᠎ᠠ᠎ᠶ᠋ᠢᠨ ᠠᠷᠠᠯᠵᠢᠶ᠎ᠠ᠎ᠶ᠋ᠢ ᠶᠡᠬᠡ᠎ᠪᠠᠷ ᠬᠥᠭ᠌ᠵᠢᠭᠦᠯᠦᠨ᠎ᠡ᠃ ᠳᠣᠲᠣᠭᠠᠳᠤ ᠭᠠᠳᠠᠭᠠᠳᠤ ᠠᠷᠠᠯᠵᠢᠶ᠎ᠠ᠎ᠶ᠋ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠪᠣᠬᠢᠷᠲᠤᠯ ᠦᠭᠡᠢ ᠬᠥᠭ᠌ᠵᠢᠯᠲᠡ᠂ ᠵᠣᠬᠢᠶᠠᠮᠠᠯ ᠤᠶᠤᠨ ᠴᠢᠳᠠᠪᠤᠷᠢ᠂ ᠲᠣᠭᠠᠴᠢᠯᠠᠭ᠍ᠰᠠᠨ ᠠᠵᠤ ᠠᠬᠤᠢ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠢᠭᠤᠯᠴᠢᠯᠠᠯ᠂ ᠮᠠᠯ ᠠᠵᠤ ᠠᠬᠤᠢ ᠲᠠᠷᠢᠶᠠᠯᠠᠩ ᠵᠡᠷᠭᠡ ᠬᠦᠷᠢᠶᠡᠨ᠎ᠦ ᠬᠠᠮᠲᠤᠷᠠᠯᠴᠠᠭᠠᠨ᠎ᠤ ᠱᠢᠨ᠎ᠡ ᠣᠷᠣᠨ ᠵᠠᠢ᠎ᠶ᠋ᠢ ᠥᠷᠭᠡᠳᠭᠡᠨ᠎ᠡ᠃ ᠠᠵᠤ ᠠᠬᠤᠢᠯᠠᠯ᠎ᠤᠨ ᠭᠠᠳᠠᠭ᠍ᠰᠢ ᠨᠡᠭᠡᠭᠡᠯᠲᠠ ᠬᠢᠬᠦ ᠲᠦᠪᠰᠢᠨ᠎ᠢ ᠳᠡᠭᠡᠭ᠌ᠰᠢᠯᠡᠭᠦᠯᠵᠦ᠍᠂ ᠠᠵᠤ ᠠᠬᠤᠢᠯᠠᠯ᠎ᠤᠨ ᠬᠢᠯᠢ᠎ᠶ᠋ᠢᠨ ᠭᠠᠳᠠᠨ᠎ᠠ ᠦᠵᠡᠭᠦᠯᠭᠡ᠎ᠶ᠋ᠢᠨ ᠲᠥᠪ ᠪᠠᠢᠭᠤᠯᠬᠤ᠎ᠶ᠋ᠢ ᠳᠡᠮᠵᠢᠨ᠎ᠡ᠃ ᠱᠢᠨ᠎ᠡ ᠬᠡᠯᠪᠡᠷᠢ᠎ᠶ᠋ᠢᠨ ᠪᠠᠷᠠᠭ᠎ᠠ ᠰᠣᠯᠢᠯᠴᠠᠬᠤ ᠠᠷᠠᠯᠵᠢᠶᠠᠨ᠎ᠤ ᠵᠠᠭ᠍ᠪᠤᠷ᠎ᠢ ᠰᠦᠪᠡᠭ᠌ᠴᠢᠯᠡᠵᠦ᠍᠂ ᠭᠠᠳᠠᠭᠠᠳᠤ᠎ᠳᠠᠬᠢ ᠬᠥᠮᠥᠷᠭᠡ᠂ ᠬᠢᠯᠢ᠎ᠶ᠋ᠢᠨ ᠬᠥᠮᠥᠷᠭᠡ᠂ ᠬᠢᠨᠠᠯᠲᠠ ᠬᠠᠮᠢᠶᠠᠷᠤᠯᠲᠠ᠎ᠶ᠋ᠢᠨ ᠬᠥᠮᠥᠷᠭᠡ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ᠎ᠶᠢ ᠠᠭᠤᠰᠤᠯᠴᠠᠭᠤᠯᠤᠭᠰᠠᠨ᠂ ᠬᠢᠯᠢ᠎ᠶ᠋ᠢᠨ ᠳᠣᠲᠣᠨ᠎ᠠ ᠭᠠᠳᠠᠨ᠎ᠠ ᠬᠣᠯᠪᠣᠭᠠᠯᠠᠨ ᠬᠥᠳᠡᠯᠦᠯᠴᠡᠭ᠌ᠰᠡᠨ ᠡᠵᠡᠩᠨᠡᠨ ᠪᠣᠷᠣᠯᠠᠭᠤᠯᠬᠤ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠤᠨ᠎ᠠ᠃ ᠭᠠᠳᠠᠭᠠᠳᠤ ᠪᠡᠯᠡ᠎ᠶ᠋ᠢ ᠲᠠᠲᠠᠬᠤ ᠪᠠ ᠠᠱᠢᠭ᠍ᠯᠠᠬᠤ ᠡᠷᠴᠢᠮ᠎ᠢ ᠴᠢᠩᠭᠠᠷᠠᠭᠤᠯᠤᠨ᠎ᠠ᠃ ᠭᠠᠳᠠᠭᠠᠳᠤ᠎ᠳᠤ ᠬᠣᠯᠪᠣᠭ᠍ᠳᠠᠬᠤ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠴᠢᠩᠭᠠᠳᠭᠠᠨ᠎ᠠ᠃ ᠠᠵᠤ ᠠᠬᠤᠢᠯᠠᠯ᠂ ᠠᠵᠢᠯᠲᠠᠨ᠂ ᠲᠥᠷᠥᠯ ᠵᠦᠢᠯ᠎ᠦᠨ ᠭᠠᠳᠠᠭᠠᠳᠤ᠎ᠳᠠᠬᠢ ᠠᠱᠢᠭ ᠲᠤᠰᠠ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠨ᠎ᠠ᠃
ᠨᠠᠶ᠋ᠮᠠ᠂ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠬᠠᠷᠠᠭᠤᠯᠤᠭ᠍ᠰᠠᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠦᠨᠳᠦᠰᠦ ᠰᠠᠭᠤᠷᠢ᠎ᠶᠢ ᠪᠡᠬᠢᠵᠢᠭᠦᠯᠦᠨ ᠪᠤᠵᠠᠭᠠᠢᠷᠠᠭᠤᠯᠤᠨ᠎ᠠ
ᠪᠣᠳᠠᠲᠤ ᠴᠣᠭ᠍ᠴᠠ᠎ᠶ᠋ᠢᠨ ᠠᠵᠤ ᠠᠬᠤᠢ᠎ᠪᠠᠷ ᠬᠦᠴᠦᠯᠡᠬᠦ᠌ ᠴᠡᠭ ᠪᠣᠯᠭᠠᠵᠤ᠂ ᠤᠶᠤᠨᠴᠢᠯᠠᠬᠤ᠂ ᠪᠣᠬᠢᠷᠲᠤᠯ ᠦᠭᠡᠢᠵᠢᠬᠦᠯᠬᠦ᠂ ᠠᠭᠤᠰᠤᠯᠴᠠᠬᠤ ᠴᠢᠭ᠌ᠯᠡᠯ᠎ᠢ ᠪᠠᠷᠢᠮᠲᠠᠯᠠᠵᠤ᠂ ᠤᠯᠠᠮᠵᠢᠯᠠᠯᠲᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠵᠦ᠍᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠢᠳᠡᠪᠬᠢᠲᠡᠢ ᠬᠥᠭ᠌ᠵᠢᠭᠦᠯᠵᠦ᠍᠂ ᠢᠷᠡᠭᠡᠳᠦᠢ᠎ᠶ᠋ᠢᠨ ᠠᠵᠤ ᠦᠢᠯᠡᠰ᠎ᠢ ᠤᠷᠢᠳᠴᠢᠯᠠᠨ ᠪᠠᠢᠷᠢᠱᠢᠭᠤᠯᠵᠤ᠂ ᠠᠵᠤ ᠦᠢᠯᠡᠰ᠎ᠦᠨ ᠭᠦᠨᠵᠡᠭᠡᠢ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌᠎ᠶ᠋ᠢ ᠠᠬᠢᠭᠤᠯᠵᠤ᠂ ᠬᠥᠭ᠌ᠵᠢᠯᠲᠡ᠎ᠶ᠋ᠢᠨ ᠲᠣᠭ᠍ᠲᠠᠭᠤᠨ ᠴᠢᠨᠠᠷ ᠪᠠ ᠦᠷᠭᠦᠯᠵᠢᠯᠡᠬᠦ᠌ ᠬᠦᠴᠦᠨ᠎ᠢ ᠴᠢᠩᠭᠠᠳᠬᠠᠨ᠎ᠠ᠃
(27) ᠤᠯᠠᠮᠵᠢᠯᠠᠯᠲᠤ ᠠᠵᠤ ᠦᠢᠯᠡᠰ᠎ᠦᠨ ᠰᠢᠨ᠎ᠡ ᠬᠥᠭᠵᠢᠯᠲᠡ᠎ᠲᠠᠢ ᠪᠣᠯᠬᠤ᠎ᠶᠢ ᠠᠬᠢᠭᠤᠯᠤᠨ᠎ᠠ᠃ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢ ᠬᠢᠮᠢ᠎ᠶᠢᠨ ᠠᠵᠤ ᠦᠢᠯᠡᠳᠪᠦᠷᠢ᠎ᠶᠢᠨ ᠰᠢᠨ᠎ᠡ ᠮᠠᠲᠧᠷᠢᠶᠠᠯ᠂ ᠣᠨᠴᠠ ᠲᠥᠷᠥᠯ᠎ᠦᠨ ᠲᠦᠯᠡᠰᠢ᠂ ᠳᠡᠭᠡᠳᠦ ᠲᠠᠰ᠎ᠤᠨ ᠬᠢᠮᠢ᠎ᠶᠢᠨ ᠪᠣᠳᠠᠰ ᠳᠠᠢᠰᠢ ᠤᠷᠲᠤᠳᠬᠠᠬᠤ᠎ᠶᠢ ᠠᠬᠢᠭᠤᠯᠵᠤ᠂ 《ᠨᠢᠭᠡ ᠠᠯᠬᠤᠮ᠎ᠤᠨ ᠠᠷᠭ᠎ᠠ》᠎ᠶ᠋ᠢᠨ ᠮᠡᠷᠭᠡᠵᠢᠯ᠎ᠦᠨ ᠠᠵᠤ ᠦᠢᠯᠡᠰᠵᠢᠯᠲᠡ᠎ᠶᠢ ᠲᠦᠷᠭᠡᠳᠬᠡᠵᠤ᠂ ᠪᠣᠬᠢᠷᠲᠤᠯ ᠦᠭᠡᠢ᠂ ᠨᠠᠷᠢᠯᠢᠭ᠍ᠵᠢᠭᠤᠯᠤᠭᠰᠠᠨ᠂ ᠡᠷᠭᠢᠯᠲᠡᠲᠦ ᠣᠲᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠰᠦᠷᠦᠭᠵᠢᠯ᠎ᠢ ᠪᠣᠶ ᠪᠣᠯᠭᠠᠨ᠎ᠠ᠃ ᠨᠡᠭᠦᠷᠡᠰᠦ ᠬᠡᠦᠷᠡᠰᠦ᠎ᠶᠢᠨ ᠬᠢᠮᠢ᠎ᠶᠢᠨ ᠠᠵᠤ ᠦᠢᠯᠡᠳᠪᠦᠷᠢ᠂ ᠾᠯᠣᠷ ᠱᠦᠯᠲᠦ᠎ᠶᠢᠨ ᠬᠢᠮᠢ᠎ᠶᠢᠨ ᠠᠵᠤ ᠦᠢᠯᠡᠳᠪᠦᠷᠢ᠂ ᠹᠯᠣᠷ ᠴᠠᠬᠢᠭᠤᠷ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠬᠤᠯᠪᠤᠯᠳᠤᠨ ᠤᠷᠲᠦᠳᠬᠠᠬᠤᠶᠢ ᠠᠬᠢᠭᠤᠯᠤᠨ᠎ᠠ᠃ ᠪᠣᠯᠣᠳ ᠲᠡᠮᠦᠷ᠂ ᠥᠩᠭᠡᠲᠦ ᠲᠡᠮᠦᠷᠯᠢᠭ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠡᠬᠢ ᠡᠨᠧᠷᠭᠢ ᠠᠷᠪᠢᠯᠠᠵᠤ ᠪᠣᠬᠢᠷᠲᠤᠯ᠎ᠢ ᠪᠠᠭᠠᠰᠬᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ᠎ᠶᠢ ᠪᠠᠭᠤᠷᠠᠭᠤᠯᠬᠤ ᠮᠡᠷᠭᠡᠵᠢᠯ᠎ᠦᠨ ᠥᠭᠡᠷᠡᠴᠢᠯᠡᠯᠲᠡ ᠪᠠ ᠳᠤᠭᠠᠴᠢᠯᠠᠭᠰᠠᠨ ᠲᠤᠭᠠᠴᠢᠯᠠᠯᠲᠠ ᠤᠶᠤᠨᠴᠢᠯᠠᠯᠲᠠ᠎ᠶᠢ ᠤᠶᠠᠯᠳᠤᠭᠤᠯᠤᠭᠰᠠᠨ ᠬᠡᠯᠪᠡᠷᠢ᠎ᠶᠢᠨ ᠬᠤᠪᠢᠷᠠᠭᠤᠯᠤᠯᠲᠠ᠎ᠶᠢ ᠲᠦᠷᠭᠡᠳᠬᠡᠵᠦ᠂ ᠬᠣᠪᠣᠷ ᠰᠢᠷᠣᠢ᠎ᠶᠢᠨ ᠪᠣᠯᠣᠳ᠂ ᠬᠠᠢᠯᠤᠰᠢ ᠮᠠᠲᠧᠷᠢᠶᠠᠯ ᠵᠡᠷᠭᠡ ᠳᠡᠭᠡᠳᠦ ᠲᠡᠰ᠎ᠤᠨ ᠦᠢᠯᠡᠳᠬᠦᠨ᠎ᠦ ᠦᠢᠯᠡᠳᠪᠦᠷᠢᠯᠡᠯ᠎ᠢ ᠥᠷᠭᠡᠳᠬᠡᠨ᠎ᠡ᠃ ᠤᠶᠤᠨᠲᠦ ᠦᠢᠯᠡᠳᠭᠡᠯ᠂ ᠪᠣᠬᠢᠷᠲᠤᠯ ᠦᠭᠡᠢ ᠦᠢᠯᠡᠳᠭᠡᠯ᠂ ᠦᠢᠯᠡᠴᠢᠯᠡᠭᠡᠨ᠎ᠦ ᠬᠡᠯᠪᠡᠷᠢ᠎ᠶᠢᠨ ᠦᠢᠯᠡᠳᠭᠡᠯ᠎ᠢ ᠶᠡᠬᠡ᠎ᠪᠠᠷ ᠬᠥᠭᠵᠢᠭᠦᠯᠵᠦ᠂ ᠪᠠᠷᠢᠯᠭ᠎ᠠ᠎ᠶᠢᠨ ᠮᠧᠬᠠᠨᠢᠭ᠋᠂ ᠬᠦᠨᠳᠦ ᠠᠴᠢᠶᠠᠨ᠎ᠤ ᠮᠠᠰᠢᠨ ᠲᠡᠷᠭᠡ᠂ ᠣᠨᠴᠠ ᠲᠦᠷᠦᠯ᠎ᠦᠨ ᠲᠣᠨᠣᠭᠯᠠᠯ᠂ ᠵᠢᠮᠳᠦ ᠵᠠᠮ ᠬᠠᠷᠢᠯᠴᠠᠭᠠᠨ᠎ᠤ ᠲᠣᠨᠣᠭᠯᠠᠯ ᠵᠡᠷᠭᠡ ᠠᠵᠢᠯ ᠲᠦᠷᠦᠯ᠎ᠦᠨ ᠰᠢᠨ᠎ᠡ ᠦᠢᠯᠡᠳᠬᠦᠨ᠎ᠢ ᠨᠡᠭᠡᠭᠡᠨ ᠬᠥᠭᠵᠢᠭᠦᠯᠬᠦ᠎ᠶᠢ ᠠᠬᠢᠭᠤᠯᠵᠤ᠂ ᠵᠠᠬ᠎ᠠ ᠳᠡᠯᠭᠡᠭᠦᠷ᠎ᠢ ᠡᠵᠡᠯᠡᠬᠦ ᠨᠤᠷᠮ᠎ᠠ᠎ᠶᠢ ᠳᠡᠭᠡᠭᠰᠢᠯᠡᠭᠦᠯᠵᠦ᠂ ᠤᠳᠤ ᠦᠶ᠎ᠡ᠎ᠶᠢᠨ ᠲᠣᠨᠣᠭᠯᠠᠯ ᠦᠢᠯᠡᠳᠬᠦ ᠦᠢᠯᠡᠰ᠎ᠦᠨ ᠰᠦᠷᠦᠭᠵᠢᠯ᠎ᠢ ᠪᠣᠢᠵᠢᠭᠤᠯᠤᠨ᠎ᠠ᠃ ᠶᠠᠰᠤ ᠴᠢᠨᠠᠷ᠎ᠤᠨ ᠮᠡᠷᠭᠡᠵᠢᠯ᠎ᠦᠨ ᠰᠠᠭᠤᠷᠢ ᠴᠢᠳᠠᠪᠤᠷᠢ᠎ᠶᠢ ᠴᠢᠩᠭᠠᠳᠬᠠᠵᠤ᠂ ᠨᠢᠭᠡ ᠪᠦᠯᠦᠭ ᠤᠯᠤᠰ᠎ᠤᠨ ᠶᠠᠰᠤ ᠴᠢᠨᠠᠷ᠎ᠤᠨ ᠪᠠᠢᠴᠠᠭᠠᠯᠲᠠ᠎ᠶᠢᠨ ᠲᠥᠪ᠂ ᠠᠵᠤ ᠦᠢᠯᠡᠰ᠎ᠦᠨ ᠬᠡᠮᠵᠢᠯᠲᠡ᠎ᠶᠢᠨ ᠪᠠᠢᠴᠠᠭᠠᠨ ᠬᠡᠮᠵᠢᠬᠦ ᠲᠥᠪ᠎ᠢ ᠪᠣᠢᠵᠢᠭᠤᠯᠵᠤ᠂ ᠪᠠᠷᠢᠮᠵᠢᠶ᠎ᠠ᠎ᠪᠠᠷ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ ᠲᠥᠷᠥᠯ ᠲᠡᠮᠳᠡᠭ᠎ᠤᠨ ᠪᠠᠢᠭᠤᠯᠤᠯᠲᠠ᠎ᠶᠢ ᠴᠢᠩᠭᠠᠳᠬᠠᠨ᠎ᠠ᠃
(28) ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠤᠵᠠᠭᠠᠢᠷᠠᠭᠤᠯᠬᠤ ᠪᠠ ᠢᠷᠡᠭᠡᠳᠦᠢ᠎ᠶᠢᠨ ᠠᠵᠤ ᠦᠢᠯᠡᠰ᠎ᠢ ᠪᠣᠢᠵᠢᠭᠤᠯᠤᠨ᠎ᠠ᠃ ᠰᠠᠯᠬᠢ ᠭᠡᠷᠡᠯ᠎ᠤᠨ ᠡᠨ᠋ᠸᠷᠬᠢ᠎ᠶᠢ ᠤᠰᠤᠲᠥ᠋ᠷᠥᠭᠴᠢᠭᠦᠯᠤᠨ ᠬᠠᠳᠠᠭᠠᠯᠠᠵᠤ ᠬᠡᠷᠡᠭᠯᠡᠬᠦ ᠠᠵᠤ ᠦᠢᠯᠡᠰ᠎ᠢ ᠪᠤᠵᠠᠭᠠᠢᠷᠠᠭᠤᠯᠵᠤ᠂ ᠪᠤᠬᠢᠷᠳᠤᠯ ᠦᠭᠡᠢ ᠤᠰᠤᠲᠥ᠋ᠷᠥᠭᠴᠢ ᠪᠤᠬᠢᠷᠳᠤᠯ ᠦᠭᠡᠢ ᠰᠢᠪᠲᠦᠷ ᠪᠤᠬᠢᠷᠳᠤᠯ ᠦᠭᠡᠢ ᠠᠯᠺᠣᠣᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠰᠦᠷᠦᠭᠵᠢᠯ᠎ᠢ ᠪᠣᠶ ᠪᠣᠯᠭᠠᠨ᠎ᠠ᠃ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠵᠠᠩᠭᠢᠯᠠᠭ᠎ᠠ᠎ᠶᠢᠨ ᠮᠠᠲᠧᠷᠢᠶᠠᠯ᠂ ᠲᠣᠨᠣᠭᠯᠠᠯ ᠵᠢᠴᠢ ᠰᠡᠯᠪᠢᠭ ᠲᠤᠨᠤᠭ ᠵᠡᠷᠭᠡ ᠪᠦᠬᠦ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠶᠢ ᠠᠬᠢᠭᠤᠯᠵᠤ᠂ ᠤᠯᠤᠰ᠎ᠤᠨ ᠲᠡᠰ᠎ᠤᠨ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠰᠠᠭᠤᠷᠢᠨ᠎ᠢ ᠪᠦᠲᠦᠭᠡᠨ ᠪᠠᠢᠭᠤᠯᠤᠨ᠎ᠠ᠃ ᠰᠢᠨ᠎ᠡ ᠡᠨᠧᠷᠭᠢ᠎ᠶᠢᠨ ᠬᠦᠨᠳᠦ ᠠᠴᠢᠶᠠᠨ᠎ᠤ ᠮᠠᠰᠢᠨ ᠪᠠ ᠵᠢᠯᠣᠭᠣᠴᠢ ᠦᠭᠡᠢ ᠴᠠᠬᠢᠯᠭᠠᠨ ᠬᠥᠳᠡᠯᠭᠡᠭᠦᠷᠲᠦ ᠠᠭᠤᠷᠬᠠᠢ᠎ᠶᠢᠨ ᠮᠠᠰᠢᠨ᠎ᠢ ᠬᠡᠪᠴᠢᠶᠡᠵᠢᠭᠦᠯᠦᠨ ᠬᠡᠷᠡᠭᠯᠡᠬᠦ᠎ᠶᠢ ᠲᠦᠷᠭᠡᠳᠬᠡᠨ᠎ᠡ᠃ ᠡᠯᠧᠺᠲᠷᠣᠨ᠎ᠤ ᠲᠠᠰ᠎ᠤᠨ ᠲᠠᠯᠠᠰᠲᠤ ᠴᠠᠬᠢᠭᠤᠷ᠂ ᠣᠨᠴᠠ ᠲᠥᠷᠥᠯ᠎ᠦᠨ ᠬᠠᠢᠯᠤᠰᠢ ᠵᠡᠷᠭᠡ ᠰᠢᠨ᠎ᠡ ᠮᠠᠲᠧᠷᠢᠶᠠᠯ᠎ᠢ ᠶᠡᠬᠡ᠎ᠪᠠᠷ ᠬᠥᠭᠵᠢᠭᠦᠯᠵᠦ᠂ ᠯᠢᠲ᠋ᠢ ᠳ᠋ᠢᠶᠠᠨ ᡂᠢ᠂ ᠪᠠᠯ ᠴᠢᠯᠠᠭᠤᠨ ᠨᠡᠭᠦᠷᠡᠰᠦᠳᠦᠢ᠍ᠷᠦᠭᠴᠢ᠎ᠲᠦ ᠠᠯᠺᠸᠨ᠂ ᠥᠨᠳᠥᠷ ᠴᠢᠳᠠᠪᠬᠢᠲᠤ ᠨᠡᠭᠦᠷᠡᠰᠦᠲᠥ᠋ᠷᠥᠭᠴᠢᠲᠦ ᠰᠢᠷᠬᠡᠭᠯᠢᠭ᠂ ᠬᠠᠲᠠᠭᠤ ᠲᠥᠯᠥᠪᠲᠦ ᠳ᠋ᠢᠶᠠᠨ ᡂᠢ᠎ᠶᠢᠨ ᠮᠠᠲᠧᠷᠢᠶᠠᠯ ᠵᠡᠷᠭᠡ ᠨᠡᠭᠦᠷᠡᠰᠦᠲᠥ᠋ᠷᠥᠭᠴᠢᠲᠦ ᠴᠢᠳᠠᠮᠵᠢᠲᠤ ᠮᠠᠲᠧᠷᠢᠶᠠᠯ ᠵᠢᠴᠢ ᠬᠡᠷᠡᠭᠯᠡᠭᠡᠨ᠎ᠦ ᠠᠵᠤ ᠦᠢᠯᠡᠰ᠎ᠦᠨ ᠬᠡᠪᠴᠢᠶ᠎ᠡ᠎ᠶᠢ ᠶᠡᠬᠡᠪᠡᠷ ᠬᠥᠭᠵᠢᠭᠦᠯᠦᠨ᠎ᠡ᠃ ᠠᠮᠢᠳᠤ ᠪᠣᠳᠠᠰ᠎ᠤᠨ ᠸᠠᠺᠼᠢᠨ᠎ᠢ ᠰᠤᠳᠤᠯᠤᠨ ᠦᠢᠯᠡᠳᠬᠦ ᠰᠠᠭᠤᠷᠢᠨ ᠪᠠ ᠠᠮᠢᠳᠤ ᠪᠣᠳᠠᠰ᠎ᠤᠨ ᠢᠰᠬᠡᠯᠲᠡ ᠬᠢᠭᠡᠳ ᠡᠮ ᠦᠢᠯᠡᠳᠬᠦ᠎ᠶᠢᠨ ᠬᠡᠯᠪᠡᠷᠢ᠎ᠶᠢ ᠬᠤᠪᠢᠷᠠᠭᠤᠯᠤᠨ ᠲᠠᠰ ᠳᠡᠪᠰᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ᠎ᠤ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠤᠨ᠎ᠠ᠃ ᠠᠭᠠᠷ ᠮᠠᠨᠳᠠᠯ᠎ᠢ ᠵᠠᠰᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠪᠣᠬᠢᠷᠲᠤᠯ᠎ᠤᠨ ᠡᠬᠢ᠎ᠶᠢ ᠵᠠᠰᠠᠬᠤ᠂ ᠭᠠᠷ ᠤᠷᠠᠯᠠᠯ᠎ᠤᠨ ᠶᠠᠪᠤᠴᠠ᠎ᠶᠢ ᠰᠢᠯᠢᠳᠡᠭᠵᠢᠭᠦᠯᠬᠦ᠂ ᠦᠯᠡᠳᠡᠪᠦᠷᠢ ᠡᠨᠧᠷᠭᠢ᠎ᠶᠢ ᠡᠭᠡᠭᠦᠯᠦᠨ ᠬᠤᠷᠢᠶᠠᠵᠤ ᠠᠰᠢᠭ᠍ᠯᠠᠬᠤ ᠵᠡᠷᠭᠡ ᠮᠡᠷᠭᠡᠵᠢᠯ ᠲᠣᠨᠣᠭᠯᠠᠯ᠎ᠢ ᠰᠤᠳᠤᠯᠤᠨ ᠨᠡᠭᠡᠭᠡᠵᠦ ᠬᠡᠷᠡᠭᠯᠡᠬᠦ᠎ᠶᠢ ᠠᠬᠢᠭᠤᠯᠵᠤ᠂ ᠡᠨᠧᠷᠭᠢ ᠠᠷᠪᠢᠯᠠᠵᠤ ᠣᠷᠴᠢᠨ ᠲᠤᠭᠤᠷᠢᠨ᠎ᠢ ᠬᠠᠮᠠᠭᠠᠯᠠᠬᠤ ᠠᠵᠤ ᠦᠢᠯᠡᠰ᠎ᠢ ᠬᠥᠭᠵᠢᠭᠦᠯᠦᠨ᠎ᠡ᠃ ᠤᠢᠷ᠎ᠠ ᠣᠭᠲᠠᠷᠭᠤᠢ᠎ᠶᠢᠨ ᠠᠵᠤ ᠠᠬᠤᠢ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠂ ᠠᠮᠢᠳᠤ ᠪᠣᠳᠠᠰ᠎ᠤᠨ ᠦᠢᠯᠡᠳᠬᠦ᠂ ᠡᠭᠦᠰᠦᠮᠡᠯ ᠮᠠᠶᠢᠭ᠋᠎ᠤᠨ ᠵᠣᠬᠢᠶᠠᠮᠠᠯ ᠤᠶᠤᠨ ᠴᠢᠳᠠᠪᠤᠷᠢ᠂ ᠮᠠᠰᠢᠨ ᠬᠥᠮᠥᠨ ᠵᠡᠷᠭᠡ ᠠᠵᠤ ᠦᠢᠯᠡᠰ᠎ᠢ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠬᠥᠭᠵᠢᠭᠦᠯᠦᠨ᠎ᠡ᠃ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠠᠬᠤᠢ ᠪᠠᠢᠳᠠᠯ᠎ᠤᠨ ᠶᠡᠬᠡ ᠬᠡᠪᠴᠢᠶᠡᠨ᠎ᠦ ᠵᠢᠱ᠌ᠢᠶ᠎ᠡ ᠦᠵᠡᠭᠦᠯᠬᠦ ᠠᠵᠢᠯᠯᠠᠭ᠎ᠠ᠎ᠶᠢ ᠬᠡᠷᠡᠭᠵᠢᠭᠦᠯᠵᠦ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠰᠦᠷᠦᠭᠵᠢᠯ᠎ᠦᠨ ᠮᠠᠶᠢᠭ᠋᠎ᠤᠨ ᠬᠡᠪᠴᠢᠶᠡᠵᠢᠭᠰᠡᠨ ᠬᠥᠭᠵᠢᠯᠲᠡ᠎ᠶᠢ ᠲᠦᠷᠭᠡᠳᠬᠡᠨ᠎ᠡ᠃ ᠢᠷᠡᠭᠡᠳᠦᠢ᠎ᠶᠢᠨ ᠠᠵᠤ ᠦᠢᠯᠡᠰ᠎ᠦᠨ ᠣᠷᠣᠭᠤᠯᠤᠯᠲᠠ᠎ᠶᠢᠨ ᠨᠡᠮᠡᠭᠳᠡᠯ ᠪᠠ ᠲᠦᠭᠰᠢᠭᠦᠷᠢ᠎ᠶᠢ ᠬᠤᠪᠢᠶᠠᠨ ᠡᠭᠦᠷᠭᠡᠯᠡᠬᠦ ᠲᠣᠭᠲᠡᠴᠡ᠎ᠶᠢ ᠰᠦᠪᠡᠭᠴᠢᠯᠡᠨ ᠪᠠᠢᠭᠤᠯᠵᠤ᠂ ᠡᠯ᠎ᠡ ᠲᠥᠷᠥᠯ᠎ᠦᠨ ᠡᠵᠡᠩᠨᠡᠯᠲᠡ᠎ᠶᠢᠨ ᠭᠣᠣᠯ ᠴᠣᠭᠴᠠ ᠪᠠ ᠨᠡᠢᠭᠡᠮ᠎ᠦᠨ ᠬᠥᠷᠥᠩᠭᠡ᠎ᠶᠢᠨ ᠢᠷᠡᠭᠡᠳᠦᠢ᠎ᠶᠢᠨ ᠠᠵᠤ ᠦᠢᠯᠡᠰ᠎ᠲᠦ ᠪᠡᠯᠡ ᠤᠷᠤᠭᠤᠯᠬᠤ᠎ᠶᠢ ᠵᠤᠷᠢᠭᠵᠢᠭᠤᠯᠤᠨ᠎ᠠ᠃
(29) ᠲᠣᠭᠠᠴᠢᠯᠠᠭᠰᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ᠃ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠪᠣᠳᠣᠯᠲᠠ᠎ᠶᠢᠨ ᠬᠦᠴᠦᠨ᠎ᠦ ᠰᠦᠯᠵᠢᠶᠡᠨ᠎ᠦ ᠬᠦᠢᠰᠦ ᠴᠡᠭ᠎ᠦᠨ ᠪᠦᠲᠦᠭᠡᠨ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ ᠪᠣᠳᠣᠯᠲᠠ᠎ᠶᠢᠨ ᠬᠦᠴᠦᠨ᠎ᠦ ᠰᠠᠭᠤᠷᠢ ᠲᠥᠬᠦᠭᠡᠷᠦᠮᠵᠢ᠎ᠶᠢ ᠲᠡᠭᠦᠯᠳᠡᠷᠵᠢᠭᠦᠯᠵᠦ᠂ ᠪᠣᠳᠣᠯᠲᠠ᠎ᠶᠢᠨ ᠬᠦᠴᠦᠨ᠎ᠦ ᠬᠡᠪᠴᠢᠶ᠎ᠡ᠎ᠶᠢᠨ ᠦᠷᠭᠦᠯᠵᠢᠯᠡᠨ ᠨᠡᠮᠡᠭᠳᠡᠬᠦ᠂ ᠪᠣᠳᠣᠯᠲᠠ᠎ᠶᠢᠨ ᠬᠦᠴᠦᠨ᠎ᠦ ᠠᠵᠤ ᠠᠬᠤᠢ᠎ᠶᠢᠨ ᠬᠥᠭᠵᠢᠨ ᠪᠤᠵᠠᠭᠠᠢᠷᠠᠬᠤ᠎ᠶᠢ ᠠᠬᠢᠭᠤᠯᠵᠤ᠂ ᠪᠦᠬᠦ ᠤᠯᠤᠰ᠎ᠤᠨ ᠪᠣᠬᠢᠷᠲᠤᠯ ᠦᠭᠡᠢ ᠪᠣᠳᠣᠯᠳᠠ᠎ᠶᠢᠨ ᠬᠦᠴᠦᠨ᠎ᠦ ᠥᠨᠳᠥᠷᠯᠢᠭ᠂ᠳ᠋ᠠᠢᠲ᠋ᠠ᠎ᠶᠢᠨ ᠠᠵᠤ ᠦᠢᠯᠡᠰ᠎ᠦᠨ ᠲᠥᠪᠯᠡᠷᠡᠯ᠎ᠦᠨ ᠣᠷᠣᠨ ᠪᠠ 《ᠪᠣᠬᠢᠷᠲᠤᠯ ᠦᠭᠡᠢ ᠪᠣᠳᠣᠯᠲᠠ᠎ᠶᠢᠨ ᠬᠦᠴᠦᠨ + ᠵᠣᠬᠢᠶᠠᠮᠠᠯ ᠤᠶᠤᠨ ᠴᠢᠳᠠᠪᠤᠷᠢ》ᠵᠢᠨ ᠬᠡᠷᠡᠭᠯᠡᠭᠡᠨ᠎ᠦ ᠰᠠᠭᠤᠷᠢᠨ᠎ᠢ ᠪᠠᠢᠭᠤᠯᠤᠨ᠎ᠠ᠃ ᠣᠶᠤᠨᠲᠤ ᠴᠠᠬᠢᠯᠭᠠᠨ ᠲᠣᠣᠷ ᠪᠠ ᠪᠢᠴᠢᠯ ᠴᠠᠬᠢᠯᠭᠠᠨ ᠲᠣᠣᠷ᠎ᠤᠨ ᠪᠦᠲᠦᠭᠡᠨ ᠪᠠᠢᠭᠤᠯᠤᠯᠲᠠ ᠪᠠ ᠬᠡᠷᠡᠭᠯᠡᠯᠲᠡ᠎ᠶᠢ ᠲᠦᠷᠭᠡᠳᠬᠡᠨ ᠠᠬᠢᠭᠤᠯᠵᠤ᠂ ᠶᠡᠷᠦᠩᠬᠡᠢᠯᠡᠭᠰᠡᠨ ᠡᠨᠧᠷᠭᠢ᠎ᠶᠢᠨ ᠦᠢᠯᠡᠴᠢᠯᠡᠭᠡᠪᠤᠯᠤᠨ ᠰᠢᠨ᠎ᠡ᠎ᠪᠡᠷ ᠮᠠᠨᠳᠤᠭᠰᠠᠨ ᠡᠨᠧᠷᠭᠢ ᠬᠡᠷᠡᠭᠯᠡᠬᠦ ᠲᠠᠯᠠᠪᠤᠷᠯᠤᠭᠠ ᠭᠦᠨᠵᠡᠭᠡᠢ ᠨᠡᠢᠴᠡᠯᠳᠦᠬᠦᠶᠢ ᠠᠬᠢᠭᠤᠯᠵᠤ᠂ ᠴᠠᠬᠢᠯᠭᠠᠨ᠎ᠤ ᠦᠢᠯᠡᠳᠪᠦᠷᠢ᠂ ᠲᠣᠰᠣ᠌ ᠬᠡᠢ᠎ᠶᠢᠨ ᠠᠢ ᠰᠠᠪᠠ᠂ ᠨᠡᠭᠦᠷᠡᠰᠦᠨ ᠠᠭᠤᠷᠬᠠᠢ ᠵᠡᠷᠭᠡ ᠨᠡᠢᠲᠡᠯᠢᠭ ᠠᠵᠤ ᠦᠢᠯᠡᠳᠪᠦᠷᠢ᠎ᠶᠢᠨ ᠲᠠᠯᠠᠪᠤᠷ᠎ᠤᠨ ᠣᠶᠤᠨᠴᠢᠯᠠᠭᠰᠠᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ᠃ ᠰᠦᠯᠵᠢᠶᠡᠨ᠎ᠦ ᠡᠯᠧᠺᠲᠷᠣᠨ ᠬᠤᠳᠠᠯᠳᠤᠭ᠎ᠠ ᠪᠠ ᠲᠣᠭᠠᠴᠢᠯᠠᠭᠰᠠᠨ ᠬᠡᠷᠡᠭᠯᠡᠭᠡ᠎ᠶᠢ ᠢᠳᠡᠪᠬᠢᠲᠡᠢ ᠬᠥᠭᠵᠢᠭᠦᠯᠦᠨ᠎ᠡ᠃ 《ᠵᠣᠬᠢᠶᠠᠮᠠᠯ ᠤᠶᠤᠨ ᠴᠢᠳᠠᠪᠤᠷᠢ +》ᠠᠵᠢᠯᠯᠠᠭ᠎ᠠ᠎ᠶᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠵᠣᠬᠢᠶᠠᠮᠠᠯ ᠤᠶᠤᠨ ᠴᠢᠳᠠᠪᠤᠷᠢ᠎ᠶᠢ ᠠᠵᠤ ᠦᠢᠯᠡᠰ᠎ᠦᠨ ᠬᠥᠭᠵᠢᠯᠲᠡ᠂ ᠰᠣᠶᠣᠯ᠎ᠤᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠨᠡᠢᠭᠡᠮ᠎ᠦᠨ ᠵᠠᠰᠠᠯᠲᠠ᠎ᠲᠠᠢ ᠤᠶᠠᠯᠳᠤᠭᠤᠯᠬᠤ᠎ᠶᠢ ᠴᠢᠩᠭᠠᠳᠬᠠᠵᠤ᠂ ᠰᠢᠨ᠎ᠡ ᠨᠢᠭᠡ ᠦᠶ᠎ᠡ᠎ᠶᠢᠨ ᠣᠶᠤᠨᠲᠤ ᠦᠵᠦᠭᠦᠷᠯᠢᠭ᠂ ᠣᠶᠤᠨᠲᠤ ᠴᠣᠭᠴᠠ ᠵᠡᠷᠭᠡ᠎ᠶᠢᠨ ᠬᠡᠷᠡᠭᠯᠡᠭᠡ᠎ᠶᠢ ᠥᠷᠭᠡᠨ᠎ᠢᠶᠡᠷ ᠠᠬᠢᠭᠤᠯᠤᠨ᠎ᠠ᠃ ᠠᠦ᠋ᠲ᠋ᠣ᠋ ᠵᠢᠯᠣᠭᠣᠳᠤᠯᠭ᠎ᠠ᠎ᠶᠢᠨ ᠬᠤᠳᠠᠯᠳᠤᠭᠠᠴᠢᠯᠠᠭᠰᠠᠨ ᠡᠵᠡᠩᠨᠡᠯᠲᠡ᠎ᠶᠢ ᠠᠬᠢᠭᠤᠯᠤᠨ᠎ᠠ᠃ ᠲᠣᠭᠠᠴᠢᠯᠠᠭᠰᠠᠨ ᠠᠵᠤ ᠦᠢᠯᠡᠰᠵᠢᠯᠲᠡ ᠪᠠ ᠠᠵᠤ ᠦᠢᠯᠡᠰ᠎ᠦᠨ ᠲᠣᠭᠠᠴᠢᠯᠠᠯᠲᠠ᠎ᠶᠢ ᠲᠦᠷᠭᠡᠳᠬᠡᠵᠦ᠂ ᠠᠵᠤ ᠦᠢᠯᠡᠳᠪᠦᠷᠢ᠎ᠶᠢᠨ ᠢᠨᠲ᠋ᠸᠷ ᠰᠦᠯᠵᠢᠶᠡᠨ᠎ᠦ ᠰᠢᠨ᠎ᠡ᠎ᠶᠢ ᠡᠭᠦᠳᠬᠦ ᠬᠥᠭᠵᠢᠯᠲᠡ᠎ᠶᠢ ᠠᠬᠢᠭᠤᠯᠵᠤ᠂ ᠪᠣᠳᠠᠲᠤ ᠴᠣᠭᠴᠠ᠎ᠶᠢᠨ ᠠᠵᠤ ᠠᠬᠤᠢ ᠪᠠ ᠲᠣᠭᠠᠴᠢᠯᠠᠭᠰᠠᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃
(30) ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠥᠨᠳᠥᠷ ᠪᠦᠲᠦᠮᠵᠢᠲᠡᠶ ᠬᠥᠭᠵᠢᠯᠲᠡ᠎ᠶᠢ ᠠᠬᠢᠭᠤᠯᠤᠨ᠎ᠠ᠃ ᠦᠢᠯᠡᠴᠢᠯᠡᠭᠡᠨ᠎ᠦ ᠦᠢᠯᠡᠰ᠎ᠦᠨ ᠴᠢᠳᠠᠪᠤᠷᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ᠎ᠶᠢ ᠬᠡᠷᠡᠭᠵᠢᠭᠦᠯᠵᠦ᠂ ᠳᠡᠮᠵᠢᠬᠦ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠤ᠂ ᠡᠯᠧᠮᠧᠨ᠋ᠲ᠎ᠦᠨ ᠪᠠᠲᠤᠯᠠᠭ᠎ᠠ᠎ᠶᠢ ᠴᠢᠩᠭᠠᠳᠬᠠᠵᠤ᠂ ᠴᠢᠨᠠᠷ ᠰᠠᠢᠲᠠᠢ ᠡᠵᠡᠩᠨᠡᠯᠲᠡ᠎ᠶᠢᠨ ᠭᠤᠤᠯ ᠴᠣᠭᠴᠠ᠎ᠶᠢ ᠥᠷᠭᠡᠳᠬᠡᠨ᠎ᠡ᠃ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠢ ᠰᠦᠷᠦᠭᠵᠢᠬᠦ᠂ ᠲᠤᠰᠬᠠᠢᠵᠢᠬᠤ ᠪᠠ ᠦᠷᠳᠡᠭ᠎ᠦᠨ ᠬᠡᠯᠬᠢᠶ᠎ᠡ᠎ᠶᠢᠨ ᠳᠡᠭᠡᠳᠦ ᠳᠡᠰ ᠲᠡᠢᠰᠢ ᠤᠷᠲᠤᠳᠬᠠᠬᠤ᠎ᠶᠢ ᠠᠬᠢᠭᠤᠯᠵᠤ᠂ ᠤᠳᠤ ᠦᠶ᠎ᠡ᠎ᠶᠢᠨ ᠮᠥᠩᠭᠥᠨ ᠭᠦᠢᠯᠭᠡᠭᠡ᠂ ᠤᠳᠤ ᠦᠶ᠎ᠡ᠎ᠶᠢᠨ ᠪᠠᠷᠠᠭᠠᠨ᠎ᠤ ᠭᠦᠢᠯᠭᠡᠭᠡ᠂ ᠬᠤᠳᠠᠯᠳᠤᠭᠠᠨ᠎ᠤ ᠶᠠᠪᠤᠳᠠᠯ᠎ᠤᠨ ᠦᠢᠯᠡᠴᠢᠯᠡᠭᠡ᠂ ᠰᠢᠨ᠎ᠡ ᠡᠨᠧᠷᠭᠢ᠎ᠶᠢᠨ ᠡᠵᠡᠩᠨᠡᠯᠲᠠ ᠠᠷᠠᠴᠢᠯᠠᠯᠲᠠ ᠪᠠ ᠮᠡᠳᠡᠭᠡ ᠵᠠᠩᠭᠢ᠎ᠶᠢᠨ ᠳᠠᠮᠵᠢᠭᠤᠯᠭ᠎ᠠ᠂ ᠠᠵᠤ ᠦᠢᠯᠡᠳᠪᠦᠷᠢ᠎ᠶᠢᠨ ᠵᠥᠭᠡᠯᠡᠨ ᠲᠤᠨᠤᠭ ᠪᠠ ᠮᠡᠳᠡᠭᠡ ᠵᠠᠩᠭᠢ᠎ᠶᠢᠨ ᠮᠡᠷᠭᠡᠵᠢᠯ ᠵᠡᠷᠭᠡ ᠦᠢᠯᠡᠴᠢᠯᠡᠭᠡᠨ᠎ᠦ ᠦᠢᠯᠡᠰ᠎ᠢ ᠶᠡᠬᠡ᠎ᠪᠠᠷ ᠬᠥᠭᠵᠢᠭᠦᠯᠦᠨ᠎ᠡ᠃ ᠠᠮᠢᠳᠤᠷᠠᠯ᠎ᠤᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ᠂ ᠤᠯᠠᠨ ᠶᠠᠩᠵᠤᠴᠢᠯᠠᠭᠰᠠᠨ᠂ ᠳᠥᠭᠥᠮ ᠳᠥᠲᠡ ᠬᠥᠭᠵᠢᠯᠲᠡ᠎ᠶᠢ ᠠᠬᠢᠭᠤᠯᠵᠤ᠂ ᠠᠮᠢᠳᠤᠷᠠᠯ᠎ᠤᠨ ᠦᠢᠯᠡᠴᠢᠯᠡᠭᠡᠨ᠎ᠦ ᠰᠠᠭᠤᠷᠢ ᠲᠥᠬᠦᠭᠡᠷᠦᠮᠵᠢ᠎ᠶᠢᠨ ᠪᠠᠢᠷᠢᠰᠢᠭᠤᠯᠤᠯᠲᠠ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ᠂ ᠵᠡᠮᠳᠡᠭᠴᠦᠳ᠎ᠢ ᠬᠠᠪᠰᠤᠷᠬᠤ᠂ ᠬᠡᠦᠬᠡᠳ ᠰᠠᠭᠠᠲᠠᠭᠤᠯᠬᠤ ᠪᠠ ᠭᠡᠷ᠎ᠦᠨ ᠶᠠᠪᠤᠳᠠᠯ ᠵᠡᠷᠭᠡ ᠤᠯᠠᠨ ᠡᠰᠢᠴᠢᠯᠡᠭᠰᠡᠨ ᠦᠢᠯᠡᠴᠢᠯᠡᠭᠡᠨ᠎ᠦ ᠬᠠᠩᠭᠠᠯᠭ᠎ᠠ᠎ᠶᠢ ᠥᠷᠭᠡᠳᠬᠡᠨ᠎ᠡ᠃ ᠵᠢᠭᠤᠯᠴᠢᠯᠠᠯ᠎ᠤᠨ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ ᠪᠠ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠬᠦ᠎ᠶᠢ ᠲᠦᠷᠭᠡᠳᠬᠡᠵᠦ᠂ ᠮᠠᠯ ᠠᠵᠤ ᠠᠬᠤᠢ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠬᠤᠳᠠᠯᠳᠤᠭ᠎ᠠ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠠᠬᠢᠭᠤᠯᠵᠤ᠂ ᠵᠢᠭᠤᠯᠴᠢᠯᠠᠯ᠎ᠤᠨ ᠲᠦᠬᠦᠭᠡᠷᠦᠮᠵᠢ᠎ᠶᠢ ᠲᠡᠭᠦᠯᠳᠡᠷᠵᠢᠭᠦᠯᠵᠦ᠂ ᠴᠢᠨᠠᠷ ᠰᠠᠢᠲᠠᠢ ᠵᠢᠭᠤᠯᠴᠢᠯᠠᠯ᠎ᠤᠨ ᠦᠢᠯᠡᠳᠬᠦᠨ᠎ᠦ ᠬᠠᠩᠭᠠᠯᠭ᠎ᠠ᠎ᠶᠢ ᠪᠠᠶᠠᠯᠢᠭ᠍ᠵᠢᠭᠤᠯᠵᠤ᠂ ᠵᠢᠭᠤᠯᠴᠢᠯᠠᠯ᠎ᠤᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠵᠦ᠂ ᠤᠷᠤᠯᠳᠤᠭᠠᠨ᠎ᠤ ᠶᠠᠪᠤᠳᠠᠯ᠎ᠤᠨ ᠤᠷᠤᠰᠴᠠ᠎ᠶᠢ ᠳᠠᠳᠠᠬᠤ ᠦᠢᠯᠡᠳᠦᠯ᠎ᠢ ᠪᠠᠳᠠᠷᠠᠭᠤᠯᠵᠤ᠂ ᠤᠬᠠᠭᠤᠯᠤᠨ ᠲᠠᠨᠢᠯᠴᠠᠭᠤᠯᠬᠤ᠎ᠶᠢ ᠴᠢᠩᠭᠠᠳᠬᠠᠵᠤ᠂ ᠳᠡᠯᠡᠬᠡᠢ᠎ᠳᠦ ᠠᠯᠳᠠᠷᠲᠠᠢ ᠪᠥᠬᠥ ᠤᠷᠤᠨ ᠪᠦᠰᠡ ᠪᠥᠬᠥ ᠤᠯᠠᠷᠢᠯ᠎ᠤᠨ ᠵᠢᠭᠤᠯᠴᠢᠯᠠᠯ᠎ᠤᠨ ᠵᠣᠷᠢᠯᠲᠠ᠎ᠲᠦ ᠭᠠᠵᠠᠷ᠎ᠢ ᠴᠤᠬᠴᠠᠯᠠᠨ᠎ᠠ᠃ ᠮᠥᠰᠥ ᠴᠠᠰᠤᠨ᠎ᠤ ᠠᠵᠤ ᠦᠢᠯᠡᠰ᠎ᠢ ᠬᠥᠭᠵᠢᠭᠦᠯᠵᠦ᠂ ᠮᠥᠰᠥ ᠴᠠᠰᠤᠨ᠎ᠤ ᠠᠵᠤ ᠠᠬᠤᠢ᠎ᠶᠢ ᠪᠤᠵᠠᠭᠠᠢᠷᠠᠭᠤᠯᠤᠨ᠎ᠠ᠃ ᠣᠲᠣ᠌ ᠦᠶ᠎ᠡ᠎ᠶᠢᠨ ᠦᠢᠯᠡᠴᠢᠯᠡᠭᠡᠨ᠎ᠦ ᠦᠢᠯᠡᠰ ᠬᠢᠭᠡᠳ ᠲᠡᠷᠢᠭᠦᠨ᠎ᠦ ᠦᠢᠯᠡᠳᠬᠦ ᠦᠢᠯᠡᠰ᠂ ᠣᠲᠣ᠌ ᠦᠶ᠎ᠡ᠎ᠶᠢᠨ ᠮᠠᠯ ᠠᠵᠤ ᠠᠬᠤᠢ ᠲᠠᠷᠢᠶᠠᠯᠠᠩ᠎ᠤᠨ ᠠᠭᠤᠰᠤᠯᠴᠠᠨ ᠬᠥᠭᠵᠢᠬᠦ ᠲᠦᠪᠰᠢᠨ᠎ᠢ ᠳᠡᠭᠡᠭᠰᠢᠯᠡᠭᠦᠯᠵᠦ᠂ ᠦᠢᠯᠡᠴᠢᠯᠡᠭᠡᠨ᠎ᠦ ᠦᠢᠯᠡᠰ᠎ᠦᠨ ᠲᠤᠭᠠᠴᠢᠯᠠᠯᠲᠠ ᠤᠶᠤᠨᠴᠢᠯᠠᠯᠲᠠ᠎ᠶᠢᠨ ᠬᠦᠭᠵᠢᠯᠲᠡ᠎ᠶᠢ ᠠᠬᠢᠭᠤᠯᠤᠨ᠎ᠠ᠃ ᠦᠢᠯᠡᠴᠢᠯᠡᠭᠡᠨ᠎ᠦ ᠪᠠᠷᠢᠮᠵᠢᠶ᠎ᠠ ᠪᠠ ᠶᠠᠰᠤ ᠴᠢᠨᠠᠷ᠎ᠤᠨ ᠲᠥᠷᠥᠯ ᠲᠡᠮᠳᠡᠭᠲᠦ᠎ᠶᠢᠨ ᠪᠠᠢᠭᠤᠯᠤᠯᠲᠠ᠎ᠶᠢ ᠴᠢᠩᠭᠠᠳᠬᠠᠨ᠎ᠠ᠃
(31)ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ᠎ᠶᠢᠨ ᠰᠢᠰᠲᠧᠮ᠎ᠦᠨ ᠲᠤᠯᠭᠠᠭᠤᠷᠢᠯᠠᠯ᠎ᠢ ᠴᠢᠩᠭᠠᠳᠬᠠᠨ᠎ᠠ᠃ ᠰᠠᠭᠤᠷᠢ ᠲᠥᠬᠦᠭᠡᠷᠦᠮᠵᠢ᠎ᠶᠢᠨ ᠨᠢᠭᠡᠳᠦᠯᠲᠡᠢ ᠲᠥᠯᠦᠪᠵᠢᠭᠦᠯᠭᠡ᠎ᠶᠢ ᠴᠢᠩᠭᠠᠳᠬᠠᠵᠤ᠂ ᠪᠠᠢᠷᠢᠰᠢᠭᠤᠯᠤᠯᠲᠠ ᠪᠦᠲᠦᠴᠡ᠎ᠶᠢ ᠰᠢᠯᠢᠳᠡᠭᠵᠢᠭᠦᠯᠵᠤ᠂ ᠨᠡᠢᠯᠡᠵᠤ ᠠᠭᠤᠰᠤᠯᠴᠠᠬᠤ᠎ᠶᠢ ᠠᠬᠢᠭᠤᠯᠵᠤ᠂ ᠠᠮᠤᠷ ᠲᠦᠪᠰᠢᠨ᠎ᠦ ᠤᠶᠠᠨ ᠬᠠᠳᠠᠨ ᠴᠢᠨᠠᠷ ᠪᠠ ᠡᠵᠡᠩᠨᠡᠯᠲᠡ᠎ᠶᠢᠨ ᠦᠷᠭᠦᠯᠵᠢᠯᠡᠬᠦ ᠴᠢᠨᠠᠷ᠎ᠢ ᠳᠡᠭᠡᠭᠰᠢᠯᠡᠭᠦᠯᠦᠨ᠎ᠡ᠃ ᠦᠶᠡᠷ᠎ᠢ ᠰᠡᠷᠭᠡᠢᠯᠡᠨ ᠭᠠᠩᠬᠠᠬᠰᠠᠷᠠᠭᠠᠨ ᠲᠠᠢ ᠲᠡᠮᠡᠴᠡᠵᠦ ᠭᠠᠮᠰᠢᠭ᠋᠎ᠢ ᠪᠠᠭᠠᠰᠬᠠᠬᠤ᠂ ᠤᠰᠤᠨ᠎ᠤ ᠡᠬᠢ ᠪᠠᠶᠠᠯᠢᠭ᠋᠎ᠢ ᠡᠷᠴᠢᠮᠵᠢᠭᠦᠯᠦᠨ ᠲᠣᠬᠢᠷᠠᠭᠤᠯᠬᠤ᠂ ᠠᠮᠢᠳᠤᠷᠠᠯ ᠦᠢᠯᠡᠳᠪᠦᠷᠢᠯᠡᠯ ᠠᠮᠢ ᠠᠬᠤᠢ᠎ᠳᠤ ᠬᠡᠷᠡᠭᠯᠡᠬᠦ ᠤᠰᠤ ᠵᠡᠷᠭᠡ ᠴᠢᠳᠠᠮᠵᠢ᠎ᠶᠢ ᠨᠢᠭᠡᠳᠦᠯᠲᠡᠢ ᠲᠥᠯᠥᠪᠵᠢᠭᠦᠯᠵᠤ᠂ 《ᠨᠢᠭᠡ ᠭᠣᠣᠯᠳᠠᠯᠭ᠎ᠠ ᠬᠣᠶᠠᠷ ᠲᠤᠰᠠᠯᠠᠬᠤ᠂ ᠭᠤᠷᠪᠠᠨ ᠭᠤᠯᠳᠤ ᠲᠦᠷᠪᠡᠨ ᠬᠥᠨᠳᠡᠯᠡᠨ᠂ ᠪᠠᠷᠠᠭᠤᠨᠳᠠᠬᠢ᠎ᠶᠢ ᠳᠠᠳᠠᠵᠦ ᠵᠡᠭᠦᠨᠳᠡᠬᠢ᠎ᠶᠢ ᠲᠤᠬᠢᠷᠠᠭᠤᠯᠬᠤ᠂ ᠭᠠᠳᠠᠨ᠎ᠠ ᠪᠡᠨ ᠬᠣᠯᠪᠣᠭᠠᠯᠠᠵᠤ ᠳᠣᠲᠣᠭᠠᠳᠤ᠎ᠳᠠᠭᠠᠨ ᠨᠡᠪᠲᠡᠷᠡᠬᠦ》 ᠤᠰᠤᠨ᠎ᠤ ᠲᠣᠣᠷ᠎ᠤᠨ ᠣᠷᠣᠨ ᠵᠠᠢ᠎ᠶᠢᠨ ᠪᠠᠢᠷᠢᠰᠢᠯ᠎ᠢ ᠪᠠᠢᠭᠤᠯᠵᠤ᠂ ᠣᠳᠣᠬᠢᠴᠢᠯᠠᠭᠰᠠᠨ ᠤᠰᠤᠨ᠎ᠤ ᠲᠣᠣᠷ᠎ᠢ ᠲᠦᠷᠭᠡᠳᠬᠡᠨ ᠪᠠᠢᠭᠤᠯᠤᠨ᠎ᠠ᠃ ᠤᠯᠤᠰ᠎ᠤᠨ ᠪᠣᠬᠢᠷᠲᠤᠯ ᠦᠭᠡᠢ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ᠂ ᠭᠠᠵᠠᠷ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠲᠤᠯᠭᠠᠭᠤᠷᠢᠯᠠᠬᠤ ᠴᠠᠬᠢᠯᠭᠠᠨ ᠬᠦᠴᠦᠨ ᠳᠠᠮᠵᠢᠭᠤᠯᠬᠤ ᠭᠤᠤᠯ ᠨᠡᠪᠲᠡᠷᠡᠬᠦ ᠵᠠᠮ᠎ᠢ ᠪᠠᠢᠭᠤᠯᠤᠨ᠎ᠠ᠃ ᠲᠡᠮᠦᠷ ᠵᠠᠮ᠎ᠤᠨ 《ᠨᠢᠭᠡ ᠲᠣᠭᠣᠷᠢᠭ᠋᠂ ᠨᠢᠭᠡ ᠬᠣᠩᠭᠢᠯ᠂ ᠨᠢᠭᠡ ᠨᠡᠪᠲᠡᠷᠡᠬᠦ ᠵᠠᠮ》᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠬᠥᠬᠡᠬᠣᠲᠠ ᠪᠤᠭᠤᠲᠤ᠂ ᠪᠤᠭᠤᠲᠤ ᠣᠷᠳᠣᠰ ᠲᠡᠮᠡᠭᠡᠲᠦ᠂ ᠬᠥᠬᠡᠬᠣᠲᠠᠱᠦᠸᠸᠵᠸᠤ ᠲᠠᠢᠶᠤᠸᠠᠨ᠂ ᠴᠢᠴᠢᠬᠠᠷ ᠬᠠᠢᠯᠠᠷ ᠮᠠᠨᠵᠤᠤᠷ ᠵᠡᠷᠭᠡ ᠲᠦᠷᠭᠡᠨ᠎ᠤ ᠲᠡᠮᠦᠷ ᠵᠠᠮ ᠪᠣᠯᠣᠨ ᠬᠣᠥᠯᠢᠨ ᠭᠣᠣᠯ᠎ᠡᠴᠡ ᠷᠠᠰᠢᠶᠠᠨ ᠬᠦᠷᠬᠦ ᠲᠡᠮᠦᠷ ᠵᠠᠮ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠪᠣᠶ ᠪᠦᠬᠦᠢ ᠠᠢᠮᠠᠭ ᠬᠣᠲᠠ᠎ᠶᠢᠨ ᠳᠡᠭᠡᠳᠦ(ᠲᠦᠷᠭᠡᠨ)ᠬᠤᠷᠳᠤᠴᠠᠳᠦ ᠲᠡᠮᠦᠷ ᠵᠠᠮ᠎ᠢ ᠬᠣᠯᠪᠣᠬᠤ᠎ᠶᠢ ᠪᠡᠶᠡᠯᠡᠭᠦᠯᠵᠦ᠂ ᠵᠡᠭᠦᠨ ᠬᠣᠢᠲᠤ ᠣᠷᠣᠨ ᠪᠠᠷᠠᠭᠤᠨ ᠬᠣᠢᠲᠤ ᠣᠷᠣᠨ᠎ᠢ ᠰᠢᠭᠤᠳ ᠬᠣᠯᠪᠣᠭᠰᠠᠨ᠂ ᠭᠠᠷᠠᠮ ᠬᠢᠯᠢ ᠬᠢᠵᠠᠭᠠᠷᠲᠤ ᠰᠢᠭᠤᠳ ᠨᠡᠪᠲᠡᠷᠡᠬᠦ ᠲᠡᠮᠦᠷ ᠵᠠᠮ᠎ᠤᠨ ᠲᠣᠣᠷ᠎ᠢ ᠪᠦᠲᠦᠭᠡᠨ ᠪᠠᠢᠭᠤᠯᠤᠨ᠎ᠠ᠃ ᠵᠠᠰᠠᠮᠠᠯ ᠵᠠᠮ᠎ᠤᠨ ᠭᠤᠤᠯ ᠱᠤᠭᠤᠮ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠨᠡᠪᠲᠡᠷᠡᠭᠦᠯᠬᠦ ᠢᠨᠵᠧᠨᠧᠷᠢᠩ᠎ᠢ ᠠᠬᠢᠭᠤᠯᠵᠤ᠂ ᠴᠢᠬᠤᠯᠠ ᠵᠠᠰᠠᠮᠠᠯ ᠵᠠᠮ᠎ᠤᠨ ᠨᠡᠪᠲᠡᠷᠡᠬᠦ ᠵᠠᠮ᠎ᠢ ᠳᠡᠭᠡᠭᠰᠢᠯᠡᠭᠦᠯᠬᠦ᠂ ᠰᠢᠨ᠎ᠡ ᠨᠢᠭᠡ ᠡᠭᠡᠯᠵᠢ᠎ᠶᠢᠨ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠢ ᠳᠡᠭᠡᠭᠰᠢᠯᠡᠭᠦᠯᠬᠦ᠂ ᠲᠡᠭᠡᠭᠡᠪᠦᠷᠢ᠎ᠶᠢᠨ ᠦᠢᠯᠡᠴᠢᠯᠡᠭᠡᠨ᠎ᠦ ᠶᠠᠰᠤ ᠴᠢᠨᠠᠷ ᠦᠷ᠎ᠡ ᠠᠰᠢᠭ᠋ ᠪᠠ ᠬᠡᠯᠪᠡᠷᠢ᠎ᠪᠡᠨ ᠬᠤᠪᠢᠷᠠᠭᠤᠯᠤᠨ ᠠᠭᠤᠰᠤᠯᠴᠠᠨ ᠬᠥᠭᠵᠢᠬᠦ᠎ᠶᠢ ᠳᠡᠭᠡᠭᠰᠢᠯᠡᠭᠦᠯᠬᠦ ᠠᠵᠢᠯᠯᠠᠭ᠎ᠠ᠎ᠶᠢ ᠬᠡᠷᠡᠭᠵᠢᠭᠦᠯᠵᠦ᠂ ᠪᠣᠬᠢᠷᠲᠤᠯ ᠦᠭᠡᠢ ᠣᠶᠤᠨᠴᠢᠯᠠᠭᠰᠠᠨ᠂ ᠦᠷ᠎ᠠ ᠠᠰᠢᠬ ᠲᠠᠢ ᠳᠥᠭᠥᠮ ᠳᠥᠲᠡ ᠵᠠᠰᠠᠮᠠᠯ ᠵᠠᠮ᠎ᠤᠨ ᠲᠣᠣᠷ᠎ᠢ ᠪᠦᠲᠦᠭᠡᠨ ᠪᠠᠢᠭᠤᠯᠤᠨ᠎ᠠ᠃ 《ᠭᠤᠤᠯ ᠳᠡᠳ᠋ ᠱᠤᠭᠤᠮ᠎ᠢ ᠨᠡᠪᠲᠡᠷᠡᠭᠦᠯᠬᠦ》 ᠴᠢᠳᠠᠮᠵᠢ ᠬᠠᠷᠢᠯᠴᠠᠨ ᠨᠥᠬᠥᠪᠦᠷᠢᠯᠡᠭᠰᠡᠨ ᠨᠢᠰᠬᠡᠯ᠎ᠦᠨ ᠪᠠᠭᠤᠳᠠᠯ᠎ᠤᠨ ᠰᠢᠰᠲᠧᠮ᠂ ᠥᠪᠡᠷᠲᠡᠭᠡᠨ ᠵᠠᠰᠠᠬᠤ ᠣᠷᠣᠨ᠎ᠤ ᠵᠡᠭᠦᠨ ᠪᠠᠷᠠᠭᠤᠨ ᠡᠮᠦᠨ᠎ᠡ ᠤᠮᠠᠷᠠᠳᠤ ᠨᠡᠪᠲᠡᠷᠡᠬᠦ ᠠᠶᠠᠯᠠᠯ᠎ᠤᠨ ᠱᠤᠭᠤᠮ᠎ᠤᠨ ᠪᠠᠢᠷᠢᠰᠢᠭᠤᠯᠤᠯᠲᠠ᠎ᠶᠢ ᠪᠠᠢᠭᠤᠯᠵᠤ᠂ ᠠᠭᠠᠷ᠎ᠤᠨ ᠠᠶᠠᠯᠠᠯ᠎ᠤᠨ ᠦᠢᠯᠡᠴᠢᠯᠡᠭᠡᠨ᠎ᠦ ᠲᠦᠪᠰᠢᠨ᠎ᠢ ᠳᠡᠭᠡᠭᠰᠢᠯᠡᠭᠦᠯᠦᠨ᠎ᠡ᠃ ᠱᠧᠩ ᠯᠧ ᠤᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠠᠭᠠᠷ᠎ᠤᠨ ᠠᠶᠠᠯᠠᠯ᠎ᠤᠨ ᠬᠢᠯᠢ᠎ᠶᠢᠨ ᠪᠣᠭᠣᠮᠲᠠ᠎ᠶᠢᠨ ᠣᠷᠣᠨ ᠪᠦᠰᠡ᠎ᠶᠢᠨ ᠴᠢᠨᠠᠷᠲᠠᠢ ᠠᠭᠠᠷ᠎ᠤᠨ ᠠᠶᠠᠯᠠᠯ᠎ᠤᠨ ᠬᠦᠢᠰᠦ᠎ᠶᠢ ᠪᠦᠲᠦᠭᠡᠨ ᠪᠠᠢᠭᠤᠯᠬᠤ᠎ᠶᠢ ᠠᠬᠢᠭᠤᠯᠤᠨ᠎ᠠ᠃ ᠪᠠᠢᠭᠠᠯᠢ᠎ᠶᠢᠨ ᠰᠢᠲᠠᠮᠠᠬᠠᠢ ᠬᠡᠢ᠎ᠶᠢᠨ ᠬᠣᠭᠣᠯᠠᠢ᠎ᠶᠢᠨ ᠲᠣᠣᠷ᠎ᠤᠨ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠮᠤᠵᠢ ᠠᠯᠤᠰᠯᠠᠭᠰᠠᠨ ᠤᠰᠤᠲᠥ᠋ᠷᠥᠭᠴᠢ ᠰᠢᠪᠲᠦᠷ ᠠᠯᠺᠣᠣᠯ᠎ᠢ ᠣᠷᠳᠣ᠌ ᠬᠤᠭᠤᠴᠠᠭ᠎ᠠ᠎ᠪᠠᠷ ᠳᠠᠮᠵᠢᠭᠤᠯᠬᠤ ᠬᠣᠭᠣᠯᠠᠢ᠎ᠶᠢᠨ ᠲᠥᠷᠥᠯ ᠵᠦᠢᠯ᠎ᠢ ᠠᠬᠢᠭᠤᠯᠵᠤ᠂ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠲᠤᠰᠤ ᠰᠢᠲᠠᠮᠠᠬᠠᠢ ᠬᠡᠢ ᠪᠠ ᠪᠣᠬᠢᠷᠲᠤᠯ ᠦᠭᠡᠢ ᠲᠦᠯᠡᠰᠢ ᠵᠢᠨ ᠬᠣᠭᠣᠯᠠᠢ᠎ᠶᠢᠨ ᠲᠣᠣᠷ᠎ᠤᠨ ᠭᠤᠤᠯ ᠨᠡᠪᠲᠡᠷᠡᠬᠦ ᠵᠠᠮ᠎ᠢ ᠴᠤᠬᠴᠠᠯᠠᠨ᠎ᠠ᠃ ᠪᠣᠳᠣᠯᠲᠠ ᠰᠦᠯᠵᠢᠶ᠎ᠡ᠎ᠶᠢᠨ ᠬᠠᠮᠵᠢᠯᠴᠠᠨ ᠬᠥᠭᠵᠢᠬᠦ᠎ᠶᠢ ᠠᠬᠢᠭᠤᠯᠵᠤ᠂ ᠳᠠᠭᠠᠭᠤᠯᠢ ᠤᠳᠤᠨ᠎ᠤ ᠢᠨᠲᠧᠷ ᠰᠦᠯᠵᠢᠶ᠎ᠡ᠂ ᠰᠢᠯᠵᠢᠮᠡᠯ ᠡᠳ᠋ ᠪᠠᠷᠠᠭᠠᠨ᠎ᠤ ᠮᠡᠳᠡᠭᠡ ᠵᠠᠩᠭᠢ᠎ᠶᠢᠨ ᠰᠦᠯᠵᠢᠶ᠎ᠡ᠂ ᠴᠦᠷᠬᠡᠯᠡᠭᠡ ᠳ᠋ᠠᠢᠲ᠋ᠠ ᠵᠡᠷᠭᠡ ᠰᠢᠨ᠎ᠡ ᠬᠡᠯᠪᠡᠷᠢ᠎ᠶᠢᠨ ᠰᠠᠭᠤᠷᠢ ᠲᠥᠬᠦᠭᠡᠷᠦᠮᠵᠢ᠎ᠶᠢ ᠵᠣᠬᠢᠰᠲᠠᠢ᠎ᠪᠠᠷ ᠤᠷᠢᠳᠴᠢᠯᠠᠨ ᠪᠠᠢᠷᠢᠯᠠᠭᠤᠯᠵᠤ᠂ ᠪᠣᠬᠢᠷᠲᠤᠯ ᠦᠭᠡᠢ ᠪᠣᠳᠣᠯᠲᠠ᠎ᠶᠢᠨ ᠬᠦᠴᠦᠨ ᠪᠠ ᠮᠡᠳᠡᠭᠡ ᠵᠠᠩᠭᠢ ᠳᠠᠮᠵᠢᠭᠤᠯᠬᠤ ᠭᠣᠣᠯ ᠨᠡᠪᠲᠡᠷᠡᠬᠦ ᠵᠠᠮ᠎ᠢ ᠪᠠᠢᠭᠤᠯᠤᠨ ᠬᠦᠴᠦᠷᠬᠡᠭᠵᠢᠭᠦᠯᠦᠨ᠎ᠡ᠃ ᠭᠠᠵᠠᠷ ᠳᠣᠣᠷᠠᠬᠢ ᠬᠣᠭᠣᠯᠠᠢ᠎ᠶᠢᠨ ᠲᠣᠣᠷ᠎ᠢ ᠥᠭᠡᠷᠡᠴᠢᠯᠡᠬᠦ᠂ ᠵᠠᠮ ᠬᠠᠷᠢᠯᠴᠠᠭ᠎ᠠ ᠡᠳ᠋ ᠪᠠᠷᠠᠭᠠᠨ᠎ᠤ ᠭᠦᠢᠯᠭᠡᠭᠡᠨ᠎ᠦ ᠴᠢᠨᠠᠷ ᠪᠠ ᠦᠷ᠎ᠡ ᠠᠰᠢᠭ᠋᠎ᠢ ᠳᠡᠭᠡᠭᠰᠢᠯᠡᠭᠦᠯᠬᠦ᠂ ᠴᠢᠮᠡᠭᠡ ᠬᠣᠯᠪᠣᠭᠠᠨ᠎ᠤ ᠲᠣᠣᠷ ᠰᠦᠯᠵᠢᠶᠡᠨ᠎ᠦ ᠪᠦᠷᠬᠦᠴᠡ᠎ᠶᠢᠨ ᠬᠡᠪᠴᠢᠶ᠎ᠡ ᠪᠠ ᠶᠠᠰᠤ ᠴᠢᠨᠠᠷ᠎ᠢ ᠳᠡᠭᠡᠭᠰᠢᠯᠡᠭᠦᠯᠬᠦ ᠵᠡᠷᠭᠡ᠎ᠪᠡᠷ ᠭᠣᠣᠯᠳᠠᠯᠭ᠎ᠠ ᠪᠣᠯᠭᠠᠵᠤ᠂ ᠣᠳᠣᠬᠢᠴᠢᠯᠠᠭᠰᠠᠨ ᠬᠤᠳᠠ ᠬᠥᠳᠡᠭᠡ᠎ᠶᠢᠨ ᠰᠠᠭᠤᠷᠢ ᠲᠥᠬᠦᠭᠡᠷᠦᠮᠵᠢ᠎ᠶᠢᠨ ᠲᠣᠣᠷ ᠰᠦᠯᠵᠢᠶ᠎ᠡ᠎ᠶᠢ ᠲᠡᠭᠦᠯᠳᠡᠷᠵᠢᠭᠦᠯᠦᠨ᠎ᠡ᠃
ᠶᠢᠰᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠳᠬᠡᠵᠦ᠂ ᠲᠤᠬᠠᠢ᠎ᠶᠢᠨ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠤᠨ᠎ᠡ
《ᠬᠡᠳᠦᠢ ᠭᠦᠭᠵᠢᠭᠡᠳᠦᠢ ᠭᠠᠵᠠᠷ ᠣᠷᠣᠨ᠎ᠳᠤ ᠰᠢᠨ᠎ᠡ᠎ᠶᠢ ᠡᠭᠦᠳᠬᠦ᠎ᠪᠡᠷ ᠬᠥᠭᠵᠢᠯᠲᠡ᠎ᠶᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ ᠬᠡᠷᠡᠭᠵᠢᠭᠦᠯᠬᠦ᠎ᠶᠢ ᠲᠡᠳᠦᠢ ᠱᠠᠭᠠᠷᠳᠠᠨ᠎ᠠ》 ᠭᠡᠬᠦ ᠲᠠᠨᠢᠯᠲᠠ᠎ᠶᠢ ᠴᠢᠩᠭᠠᠳᠬᠠᠵᠤ᠂ ᠬᠢᠬᠦ ᠶᠤᠰᠤᠳᠠᠢ ᠠᠵᠢᠯ᠎ᠢ ᠬᠢᠵᠦ᠂ ᠬᠢᠵᠤ ᠪᠤᠯᠬᠤ ᠦᠭᠡᠢ ᠵᠦᠢᠯ᠎ᠢ ᠬᠢᠬᠦ ᠦᠭᠡᠢ ᠪᠠᠢᠬᠤ᠎ᠶᠢ ᠪᠠᠷᠢᠮᠲᠠᠯᠠᠵᠤ᠂ ᠣᠨᠴᠠᠯᠢᠭ᠍ᠲᠤ ᠠᠵᠤ ᠦᠢᠯᠡᠰ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠳᠠᠪᠠᠭᠤᠯᠢᠭ᠋ ᠲᠣᠪᠣᠢᠮ᠎ᠠ ᠬᠦᠷᠢᠶ᠎ᠡ᠎ᠳᠦ ᠠᠩᠬᠠᠷᠤᠯ᠎ᠢᠶᠠᠨ ᠬᠠᠨᠳᠤᠭᠤᠯᠵᠤ᠂ ᠬᠥᠭᠵᠢᠯᠲᠡ᠎ᠳᠦ ᠪᠠᠴᠢᠮ ᠰᠢᠪᠲᠤᠯᠤᠯᠲᠠ ᠭᠠᠷᠭᠠᠬᠤ ᠴᠢᠬᠤᠯᠠᠲᠠᠢ ᠴᠢᠬᠤᠯᠠ ᠶᠡᠬᠡ ᠪᠣᠭᠣᠮᠢ᠎ᠶᠢ ᠤᠨᠤᠪᠴᠢᠲᠠᠢ ᠡᠵᠡᠮᠳᠡᠵᠤ᠂ ᠰᠠᠭᠤᠷᠢ ᠰᠤᠳᠤᠯᠤᠨ ᠨᠡᠭᠡᠭᠡᠯᠲᠡ ᠪᠠ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠴᠢᠩᠭᠠᠳᠬᠠᠵᠤ᠂ ᠬᠥᠭᠵᠢᠯᠲᠡ᠎ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ᠋᠎ᠢ ᠴᠤᠭᠴᠠᠯᠠᠨ᠎ᠠ᠃
(32) ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠤᠭᠤᠮᠳᠠ ᠰᠢᠪᠳᠤᠯᠬᠤ ᠠᠵᠢᠯ᠎ᠢ ᠴᠢᠩᠭᠠᠳᠬᠠᠨ᠎ᠠ᠃ ᠰᠢᠨ᠎ᠡ ᠡᠨᠧᠷᠭᠢ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠂ ᠨᠡᠭᠦᠷᠡᠰᠦᠲᠥ᠋ᠷᠥᠭᠴᠢᠲᠦ ᠰᠢᠨ᠎ᠡ ᠮᠠᠲᠧᠷᠢᠶᠠᠯ᠂ ᠬᠠᠭᠠᠰ ᠳᠠᠮᠵᠢᠭᠤᠯᠤᠭ᠍ᠴᠢ᠎ᠶᠢᠨ ᠰᠢᠨ᠎ᠡ ᠮᠠᠲᠧᠷᠢᠶᠠᠯ᠂ ᠥᠩᠭᠡᠲᠦ ᠲᠡᠮᠦᠷᠯᠢᠭ᠎ᠦᠨ ᠰᠢᠨ᠎ᠡ ᠮᠠᠲᠧᠷᠢᠶᠠᠯ᠂ ᠪᠣᠬᠢᠷᠲᠤᠯ ᠦᠭᠡᠢ ᠤᠰᠤᠲᠥ᠋ᠷᠥᠭ᠌ᠴᠢ ᠰᠢᠪᠲᠦᠷ ᠠᠯᠺᠣᠣᠯ᠂ ᠠᠮᠢᠳᠤ ᠪᠣᠳᠠᠰ᠎ᠤᠨ ᠡᠮ ᠦᠢᠯᠡᠳᠬᠦ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ᠂ ᠡᠪᠡᠰᠦᠨ᠎ᠦ ᠦᠢᠯᠡᠰ ᠰᠦ᠎ᠶᠢᠨ ᠦᠢᠯᠡᠰ ᠵᠡᠷᠭᠡ ᠳᠠᠪᠠᠭᠤᠯᠢᠭ᠋ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠨᠢᠭᠡ ᠪᠦᠯᠦᠭ ᠴᠢᠬᠤᠯᠠ ᠶᠡᠬᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠭᠦᠷᠭᠡ᠎ᠶᠢ ᠬᠡᠷᠡᠭᠵᠢᠭᠦᠯᠵᠦ᠂ ᠨᠡᠩ ᠤᠯᠠᠨ ᠪᠡᠯᠭᠡ ᠲᠡᠮᠳᠡᠭ᠎ᠦᠨ ᠴᠢᠨᠠᠷᠲᠠᠢ ᠤᠤᠭᠠᠯ ᠡᠭᠦᠳᠦᠯᠲᠡ᠎ᠶᠢᠨ ᠦᠷ᠎ᠡ ᠪᠦᠲᠦᠭᠡᠯ᠎ᠢ ᠭᠠᠷᠭᠠᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠠᠭᠤᠷᠢ ᠨᠥᠬᠥᠴᠡᠯ᠎ᠦᠨ ᠪᠠᠲᠤᠯᠠᠭ᠎ᠠ᠎ᠶᠢᠨ ᠴᠢᠳᠠᠪᠤᠷᠢ᠎ᠶᠢ ᠳᠡᠭᠡᠭᠰᠢᠯᠡᠭᠦᠯᠵᠦ᠂ ᠣᠨᠴᠠ ᠲᠥᠷᠥᠯ᠎ᠦᠨ ᠲᠡᠷᠭᠡ ᠬᠥᠰᠬᠡ᠎ᠶᠢ ᠵᠢᠷᠤᠭᠯᠠᠨ ᠲᠥᠯᠥᠪᠯᠡᠵᠦ ᠦᠢᠯᠡᠳᠬᠦ ᠬᠤᠷᠠᠮᠠᠯ ᠮᠡᠷᠭᠡᠵᠢᠯ ᠪᠠ ᠪᠠᠶᠠᠨ᠌ᠣ᠋ᠪᠣᠭ᠎ᠠ᠎ᠶᠢᠨ ᠬᠣᠪᠣᠷ ᠰᠢᠷᠣᠢ᠎ᠶᠢᠨ ᠡᠬᠢ ᠪᠠᠶᠠᠯᠢᠭ᠋᠎ᠢ ᠰᠤᠳᠤᠯᠬᠤ ᠬᠢᠭᠡᠳ ᠶᠡᠷᠦᠩᠬᠡᠢᠯᠡᠨ ᠠᠰᠢᠭ᠍ᠯᠠᠬᠤ ᠬᠣᠶᠠᠷ ᠪᠥᠬᠥ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ᠎ᠶᠢᠨ ᠲᠠᠰᠤᠭ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠲᠣᠭᠣᠷᠢᠭ᠋ ᠪᠠ ᠳᠠᠯᠠᠨ ᠬᠠᠷ᠎ᠠ ᠠᠭᠤᠯᠠ᠎ᠶᠢᠨ ᠲᠤᠷᠰᠢᠯᠲᠠ᠎ᠶᠢᠨ ᠲᠠᠰᠤᠭ᠂ ᠣᠷᠳᠣᠰ᠎ᠤᠨ ᠲᠤᠷᠰᠢᠯᠲᠠ᠎ᠶᠢᠨ ᠲᠠᠰᠤᠭ ᠵᠡᠷᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠠᠪᠴᠠᠩ᠎ᠤᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠤᠯᠤᠰ᠎ᠤᠨ ᠲᠠᠰ᠎ᠢᠶᠠᠷ ᠬᠥᠲᠥᠯᠥᠨ ᠳᠠᠭᠠᠭᠤᠯᠤᠭᠰᠠᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠢᠶᠠᠷ ᠭᠣᠣᠯᠯᠠᠭ᠍ᠴᠢ ᠪᠣᠯᠭᠠᠭᠰᠠᠨ ᠣᠯᠠᠨ ᠲᠠᠰ ᠳᠠᠪᠬᠤᠷᠭ᠎ᠠ᠎ᠶᠢᠨ ᠰᠢᠨ᠎ᠡ᠎ᠶᠢ ᠡᠭᠦᠳᠬᠦ ᠲᠠᠪᠴᠠᠩ᠎ᠤᠨ ᠰᠢᠰᠲᠧᠮ᠎ᠢ ᠪᠠᠢᠭᠤᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ ᠣᠷᠣᠭᠤᠯᠤᠯᠲᠠ᠎ᠶᠢ ᠨᠡᠮᠡᠭᠳᠡᠭᠦᠯᠵᠦ᠂ ᠰᠠᠭᠤᠷᠢ ᠰᠤᠳᠤᠯᠤᠨ ᠨᠡᠭᠡᠭᠡᠬᠦ ᠣᠷᠣᠭᠤᠯᠤᠯᠲᠠ᠎ᠶᠢᠨ ᠬᠤᠪᠢ᠎ᠶᠢᠨ ᠵᠢᠩ᠎ᠢ ᠳᠡᠭᠡᠭᠰᠢᠯᠡᠭᠦᠯᠦᠨ᠎ᠡ᠃ ᠠᠰᠢᠭ᠋ ᠲᠤᠰᠠ᠎ᠶᠢ ᠬᠠᠮᠲᠤ᠎ᠪᠠᠷ ᠡᠳ᠋ᠯᠡᠬᠦ᠎ᠪᠡᠷ ᠬᠥᠲᠥᠯᠥᠮᠵᠢ ᠪᠣᠯᠭᠠᠵᠤ ᠬᠠᠮᠵᠢᠯᠴᠠᠨ ᠪᠣᠭᠣᠮᠲᠠ ᠰᠢᠪᠲᠤᠯᠬᠤ᠎ᠶᠢ ᠠᠬᠢᠭᠤᠯᠤᠨ᠎ᠠ᠃
(33) ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃ 《ᠰᠠᠭᠤᠷᠢ ᠰᠤᠳᠤᠯᠭᠠᠨ + ᠮᠡᠷᠭᠡᠵᠢᠯ᠎ᠦᠨ ᠪᠣᠭᠣᠮᠲᠠ ᠰᠢᠪᠲᠤᠯᠤᠯᠲᠠ + ᠦᠷ᠎ᠡ ᠪᠦᠲᠦᠭᠡᠯ᠎ᠢ ᠣᠨᠳᠣᠣᠰᠢᠭᠤᠯᠬᠤ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠮᠥᠩᠭᠥᠨ ᠭᠦᠢᠯᠭᠡᠭᠡᠨ + ᠴᠢᠳᠠᠪᠤᠷᠢᠲᠠᠨ᠎ᠤ ᠲᠤᠯᠭᠠᠭᠤᠷᠢᠯᠠᠯ》᠎ᠤ᠋ᠨ ᠪᠦᠬᠦ ᠶᠠᠪᠤᠴᠠ᠎ᠶᠢᠨ ᠰᠢᠨ᠎ᠡ᠎ᠶᠢ ᠡᠭᠦᠳᠬᠦ ᠬᠡᠯᠬᠢᠶ᠎ᠡ᠎ᠶᠢ ᠲᠦᠷᠭᠡᠳᠬᠡᠨ ᠪᠠᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠨ᠎ᠡ᠃ 《ᠮᠧᠩ ᠺᠧ ᠵᠢᠦᠢ》 ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠲᠠᠪᠴᠠᠩ᠎ᠳᠤ ᠲᠦᠰᠢᠭᠯᠡᠨ᠂ ᠴᠢᠬᠤᠯᠠ ᠶᠡᠬᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠥᠨᠳᠥᠷ ᠪᠦᠲᠦᠮᠵᠢᠲᠡᠶ᠎ᠪᠡᠷ ᠣᠨᠳᠣᠣᠰᠢᠭᠤᠯᠤᠨ ᠬᠡᠷᠡᠭᠯᠡᠬᠦ᠎ᠶᠢ ᠲᠦᠷᠭᠡᠳᠬᠡᠵᠦ᠂ ᠤᠬᠠᠭᠳᠠᠬᠤᠨ᠎ᠢ ᠰᠢᠯᠭᠠᠨ ᠪᠠᠲᠤᠯᠠᠬᠤ᠂ ᠦᠢᠯᠡᠳᠪᠦᠷᠢᠯᠡᠯ᠎ᠡᠴᠡ ᠡᠮᠦᠨᠡᠬᠢ ᠲᠤᠷᠰᠢᠯᠲᠠ ᠬᠢᠵᠦ ᠭᠡᠷᠡᠴᠢᠯᠡᠬᠦ ᠲᠠᠪᠴᠠᠩ᠎ᠢ ᠪᠠᠢᠷᠢᠯᠠᠭᠤᠯᠤᠨ ᠪᠠᠢᠭᠤᠯᠵᠤ᠂ ᠬᠡᠷᠡᠭᠯᠡᠭᠡᠨ᠎ᠦ ᠦᠵᠡᠭᠳᠡᠯ ᠪᠠᠢᠳᠠᠯ᠎ᠤᠨ ᠪᠠᠢᠭᠤᠯᠤᠯᠲᠠ᠎ᠶᠢ ᠴᠢᠩᠭᠠᠳᠬᠠᠨ᠎ᠠ᠃ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠴᠢᠩᠭᠠᠳᠬᠠᠵᠤ᠂ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠎ᠶᠢ ᠠᠬᠢᠭᠤᠯᠵᠤ᠂ ᠠᠵᠤ ᠠᠬᠤᠢᠯᠠᠯ ᠲᠦᠷᠦᠭᠦᠯᠡᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢ ᠵᠣᠬᠢᠶᠠᠨ ᠪᠠᠶ᠋ᠢᠭᠤᠯᠬᠤ᠎ᠶᠢ ᠳᠡᠮᠵᠢᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠣᠭᠣᠮᠲᠠ ᠰᠢᠪᠲᠤᠯᠬᠤ ᠡᠭᠦᠷᠭᠡ᠎ᠶᠢ ᠨᠡᠩ ᠤᠯᠠᠨ ᠡᠭᠦᠷᠭᠡᠯᠡᠵᠦ᠂ ᠰᠢᠨ᠎ᠡ᠎ᠶᠢ ᠡᠭᠦᠳᠬᠦ ᠬᠡᠯᠬᠢᠶ᠎ᠡ ᠠᠵᠤ ᠦᠢᠯᠡᠰ᠎ᠦᠨ ᠬᠡᠯᠬᠢᠶ᠎ᠡ ᠪᠡᠯᠡ ᠮᠥᠩᠭᠥᠨ᠎ᠦ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃ ᠠᠵᠤ ᠠᠬᠤᠢᠯᠠᠯ᠎ᠤᠨ ᠰᠤᠳᠤᠯᠤᠨ ᠨᠡᠭᠡᠭᠡᠬᠦ ᠪᠡᠯᠡᠳᠬᠡᠯ ᠮᠥᠩᠭᠥ᠎ᠶᠢᠨ ᠳᠦᠷᠢᠮ᠎ᠢ ᠪᠠᠢᠭᠤᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ᠎ᠢ ᠪᠣᠢᠵᠢᠭᠤᠯᠤᠨ ᠪᠤᠵᠠᠭᠠᠢᠷᠠᠭᠤᠯᠵᠤ᠂ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠢᠯᠠᠯ ᠪᠠ ᠲᠤᠰᠬᠠᠢᠵᠢᠭᠰᠠᠨ ᠨᠠᠷᠢᠯᠢᠭᠵᠢᠭᠰᠠᠨ ᠤᠨᠴᠠᠯᠢᠬᠳᠤ ᠰᠢᠨ᠎ᠡ 《ᠵᠢᠵᠢᠭ ᠠᠪᠤᠷᠭᠤ》 ᠠᠵᠤ ᠠᠬᠤᠢᠯᠠᠯ᠎ᠤᠨ ᠬᠥᠭᠵᠢᠯᠲᠡ᠎ᠶᠢ ᠲᠡᠮᠵᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠨᠡᠭᠡᠭᠡᠯᠲᠡᠲᠤ ᠬᠠᠮᠲᠤᠷᠠᠯᠴᠠᠭ᠎ᠠ᠎ᠶᠢ ᠴᠢᠩᠭᠠᠳᠬᠠᠵᠤ᠂ ᠪᠠᠢᠯᠳᠤᠬᠤ ᠪᠣᠳᠣᠯᠭ᠎ᠠ᠎ᠶᠢᠨ ᠰᠢᠨᠵᠢᠯᠡᠬᠦ ᠤᠬᠠᠭᠠᠨᠲᠠᠨ᠂ ᠥᠨᠳᠥᠷ ᠲᠦᠪᠰᠢᠨ ᠪᠦᠬᠦᠢ ᠰᠢᠨ᠎ᠡ᠎ᠶᠢ ᠡᠭᠦᠳᠬᠦ ᠪᠦᠯᠬᠦᠮ ᠴᠤᠬᠴᠠ᠎ᠲᠠᠢ ᠬᠠᠮᠲᠤᠷᠠᠨ ᠪᠡᠷᠭᠡ ᠠᠰᠠᠭᠤᠳᠠᠯ᠎ᠢ ᠰᠢᠢᠳᠪᠦᠷᠢᠯᠡᠵᠦ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ ᠪᠠ ᠠᠵᠤ ᠦᠢᠯᠡᠰ᠎ᠦᠨ ᠬᠡᠷᠡᠭᠯᠡᠭᠡᠨ᠎ᠦ 《ᠬᠣᠣᠰ ᠴᠢᠭᠯᠡᠯᠲᠦ ᠤᠭᠤᠷᠴᠤᠭ ᠭᠠᠵᠠᠷ᠎ᠤᠨ ᠠᠵᠤ ᠠᠬᠤᠢ》ᠵᠢ ᠪᠤᠢ ᠪᠣᠯᠭᠠᠨ᠎ᠠ᠃ ᠮᠡᠳᠡᠯᠭᠡ᠎ᠶᠢᠨ ᠥᠮᠴᠢᠯᠡᠯ᠎ᠤᠨ ᠡᠷᠬᠡ᠎ᠶᠢᠨ ᠡᠭᠦᠳᠦᠯᠲᠡ᠂ ᠬᠠᠮᠠᠭᠠᠯᠠᠯᠲᠠ ᠪᠠ ᠬᠡᠷᠡᠭᠯᠡᠯᠲᠡ᠎ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠎ᠶᠢ ᠴᠢᠩᠭᠠᠳᠬᠠᠵᠤ᠂ ᠰᠢᠨ᠎ᠡ᠎ᠶᠢ ᠡᠭᠦᠳᠦᠭᠰᠡᠨ ᠰᠣᠶᠣᠯ᠎ᠢ ᠪᠣᠢᠵᠢᠭᠤᠯᠤᠨ᠎ᠠ᠃
(34) ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ᠎ᠤ ᠬᠥᠭᠵᠢᠯᠲᠡ᠎ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠨᠢᠭᠡ ᠴᠣᠭᠴᠠᠵᠢᠭᠤᠯᠤᠨ ᠠᠬᠢᠭᠤᠯᠬᠤ ᠵᠣᠬᠢᠴᠠᠭᠤᠯᠬᠤ ᠲᠣᠭᠲᠡᠴᠡ᠎ᠶᠢ ᠪᠠᠢᠭᠤᠯᠤᠨ ᠪᠦᠷᠢᠨᠰᠢᠭᠦᠯᠵᠦ᠂ ᠲᠥᠯᠦᠪᠵᠢᠭᠦᠯᠭᠡ᠎ᠶᠢ ᠵᠣᠯᠭᠠᠭᠤᠯᠬᠤ᠂ ᠲᠥᠷᠥ᠎ᠶᠢᠨ ᠪᠣᠳᠣᠯᠭ᠎ᠠ᠎ᠶᠢ ᠬᠠᠮᠵᠢᠯᠴᠠᠭᠤᠯᠬᠤ᠂ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠵᠢᠭᠦᠯᠬᠦ᠂ ᠦᠨᠡᠯᠡᠯᠲᠡ ᠬᠢᠬᠦ ᠳ᠋ᠡᠬᠡᠨ ᠬᠤᠯᠪᠤᠭᠠᠯᠠᠨ ᠬᠥᠳᠡᠯᠦᠯᠴᠡᠬᠦ᠎ᠶᠢ ᠴᠢᠩᠭᠠᠳᠬᠠᠨ᠎ᠠ᠃ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠥᠨᠳᠥᠷᠯᠢᠭ᠎ᠤᠨ ᠣᠷᠭᠢᠯ᠎ᠢ ᠴᠣᠭᠴᠠᠯᠠᠬᠤ᠂ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ᠎ᠶᠢ ᠳᠡᠭᠡᠭᠰᠢᠯᠡᠭᠦᠯᠬᠦ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠡᠨ᠋ᠸᠷᠬᠢ ᠣᠯᠭᠣᠬᠤ ᠢᠨᠵᠧᠨᠧᠷᠢᠩ᠎ᠢ ᠬᠡᠷᠡᠭᠵᠢᠭᠦᠯᠵᠦ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ 《ᠬᠣᠣᠰ ᠲᠡᠷᠢᠭᠦᠨ ᠵᠡᠷᠭᠡ》ᠵᠢᠨ ᠪᠦᠲᠦᠭᠡᠨ ᠪᠠᠢᠭᠤᠯᠤᠯᠲᠠ ᠪᠠ ᠮᠤᠵᠢ ᠶᠠᠮᠤᠨ᠎ᠤ ᠬᠠᠮᠲᠤ᠎ᠪᠠᠷ ᠪᠠᠶ᠋ᠢᠭᠤᠯᠬᠤ᠎ᠶᠢ ᠠᠬᠢᠭᠤᠯᠤᠨ᠂ ᠣᠳᠣ᠌ ᠦᠶ᠎ᠡ᠎ᠶᠢᠨ ᠠᠵᠢᠯ ᠮᠡᠷᠭᠡᠵᠢᠯ᠎ᠦᠨ ᠵᠢᠩᠬᠢᠨᠢ ᠠᠩᠭᠢ᠎ᠶᠢᠨ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠶᠡᠬᠡ ᠳᠡᠭᠡᠳᠦ ᠰᠤᠷᠭᠠᠭᠤᠯᠢ᠎ᠶᠢᠨ ᠬᠢᠴᠢᠶᠡᠯ ᠰᠢᠨᠵᠢᠯᠡᠭᠡᠨ᠎ᠦ ᠲᠤᠰᠬᠠᠢ ᠮᠡᠷᠭᠡᠵᠢᠯ᠎ᠦᠨ ᠪᠠᠢᠷᠢᠯᠠᠭᠤᠯᠤᠯᠲᠠ ᠪᠠ ᠴᠢᠳᠠᠪᠤᠷᠢᠲᠠᠨ ᠬᠥᠮᠥᠵᠢᠭᠦᠯᠬᠦ ᠵᠠᠭᠪᠤᠷ᠎ᠢ ᠰᠢᠯᠢᠳᠡᠭᠵᠢᠭᠦᠯᠦᠨ᠂ ᠶᠡᠬᠡ ᠳᠡᠭᠡᠳᠦ ᠰᠤᠷᠭᠠᠭᠤᠯᠢ᠎ᠶᠢᠨ ᠤᠯᠤᠰ᠎ᠤᠨ ᠳᠣᠲᠣᠭᠠᠳᠤ ᠭᠠᠳᠠᠭᠠᠳᠤ᠎ᠶᠢᠨ ᠥᠨᠳᠥᠷ ᠬᠢᠷᠢ ᠲᠦᠪᠰᠢᠨ ᠪᠦᠬᠦᠢ ᠶᠡᠬᠡ ᠰᠤᠷᠭᠠᠭᠤᠯᠢ ᠯᠤᠭ᠎ᠠ ᠬᠠᠮᠲᠤᠷᠠᠯᠴᠠᠨ ᠰᠤᠷᠭᠠᠭᠤᠯᠢ ᠡᠷᠬᠢᠯᠡᠬᠦ᠎ᠶᠢ ᠵᠣᠷᠢᠭ᠍ᠵᠢᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠠᠵᠦ ᠦᠢᠯᠡᠰ ᠰᠤᠷᠭᠠᠨ ᠬᠥᠮᠦᠵᠢᠯᠬᠠᠮᠵᠢᠯᠴᠠᠭᠰᠠᠨ ᠬᠥᠮᠥᠨ ᠬᠥᠮᠥᠵᠢᠭᠦᠯᠬᠦ ᠲᠣᠭᠲᠡᠴᠡ᠎ᠶᠢ ᠪᠦᠷᠢᠨᠰᠢᠭᠦᠯᠦᠨ᠎ᠡ᠃ ᠰᠠᠭᠤᠷᠢ ᠰᠤᠷᠭᠠᠨ ᠬᠥᠮᠦᠵᠢᠯ᠎ᠦᠨ ᠰᠢᠯᠢᠳᠡᠭ᠎ᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠎ᠶᠢ ᠠᠬᠢᠭᠤᠯᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠲᠡᠩᠴᠡᠭᠦᠷᠢᠲᠡᠢ ᠬᠥᠭᠵᠢᠯᠲᠡ᠂ ᠰᠤᠷᠭᠠᠭᠤᠯᠢ᠎ᠶᠢᠨ ᠨᠠᠰᠤᠨ᠎ᠡᠴᠡ ᠡᠮᠦᠨᠡᠬᠢ ᠰᠤᠷᠭᠠᠨ ᠬᠥᠮᠦᠵᠢᠯ᠎ᠦᠨ ᠴᠢᠨᠠᠷ ᠰᠠᠢᠲᠠᠢ ᠲᠦᠭᠡᠮᠡᠯ ᠬᠠᠷᠠᠭᠠᠯᠵᠠᠯᠲᠤ ᠬᠥᠭᠵᠢᠯᠲᠡ᠎ᠶᠢ ᠨᠢᠭᠡᠳᠦᠯᠲᠡᠢ ᠲᠦᠯᠦᠪᠵᠢᠭᠦᠯᠦᠨ᠂ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠭᠠᠭᠤᠯᠢ ᠡᠷᠬᠢᠯᠡᠬᠦ ᠡᠬᠢ ᠪᠠᠶᠠᠯᠢᠭ᠋᠎ᠢ ᠥᠷᠭᠡᠳᠬᠡᠵᠦ᠂ ᠰᠢᠶᠠᠨ᠎ᠤ ᠬᠡᠪᠴᠢᠶᠡᠨ᠎ᠦ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠤᠨ᠎ᠠ᠃ ᠣᠨᠴᠠᠭᠠᠢ ᠰᠤᠷᠭᠠᠨ ᠬᠥᠮᠦᠵᠢᠯ᠂ ᠲᠤᠰᠬᠠᠢ ᠰᠤᠷᠭᠠᠨ ᠬᠥᠮᠦᠵᠢᠯ᠎ᠢ ᠰᠠᠢᠲᠤᠷ ᠡᠷᠬᠢᠯᠡᠨ᠎ᠡ᠃ ᠠᠷᠠᠳ᠎ᠡᠴᠡ ᠡᠷᠭᠢᠯᠡᠭᠰᠡᠨ ᠰᠤᠷᠭᠠᠨ ᠬᠥᠮᠦᠵᠢᠯ᠎ᠦᠨ ᠬᠥᠭᠵᠢᠯᠲᠡ᠎ᠶᠢ ᠬᠥᠲᠥᠯᠥᠨ ᠵᠢᠯᠤᠭᠣᠳᠴᠤ ᠵᠢᠷᠤᠮᠵᠢᠭᠤᠯᠤᠨ᠎ᠠ᠃ ᠰᠤᠷᠭᠠᠨ ᠬᠥᠮᠥᠵᠢᠯᠲᠡᠨ᠎ᠤ ᠵᠣᠷᠢᠭ᠋ ᠰᠠᠨᠠᠭ᠎ᠠ᠎ᠪᠠᠷ ᠰᠦᠭ ᠰᠦᠨᠡᠰᠦ᠎ᠶᠢ ᠱᠤᠭᠤᠵᠤ ᠪᠠᠬᠰᠢ ᠵᠢᠨ ᠡᠩᠨᠡᠬᠡ᠎ᠶᠢ ᠬᠦᠴᠦᠷᠬᠡᠭᠵᠢᠭᠦᠯᠬᠦ ᠠᠵᠢᠯᠯᠠᠭ᠎ᠠ᠎ᠶᠢ ᠬᠡᠷᠡᠭᠵᠢᠭᠦᠯᠦᠨ᠎ᠡ᠃ ᠰᠤᠷᠤᠯᠴᠠᠬᠤ ᠮᠠᠶᠢᠭ᠋᠎ᠤᠨ ᠨᠡᠢᠭᠡᠮ᠎ᠦᠨ ᠪᠠᠢᠭᠤᠯᠤᠯᠲᠠ ᠪᠠ ᠰᠤᠷᠭᠠᠨ ᠬᠥᠮᠦᠵᠢᠯ᠎ᠦᠨ ᠲᠣᠭᠠᠴᠢᠯᠠᠯᠲᠠ᠎ᠶᠢ ᠠᠬᠢᠭᠤᠯᠤᠨ᠎ᠠ᠃ ᠰᠢᠨ᠎ᠡ ᠴᠠᠭ ᠦᠶ᠎ᠡ᠎ᠶᠢᠨ ᠶᠣᠰᠣ᠌ ᠰᠤᠷᠲᠠᠬᠤᠨ᠎ᠢᠶᠠᠷ ᠬᠥᠮᠥᠨ ᠬᠥᠮᠥᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠰᠤᠷᠭᠠᠭᠤᠯᠢ ᠭᠡᠷ ᠪᠦᠯᠢ ᠨᠡᠢᠭᠡᠮ ᠬᠠᠮᠵᠢᠯᠴᠠᠨ ᠬᠥᠮᠥᠨ ᠬᠥᠮᠥᠵᠢᠭᠦᠯᠬᠦ ᠲᠣᠭᠲᠡᠴᠡ᠎ᠶᠢ ᠪᠦᠷᠢᠨᠰᠢᠭᠦᠯᠦᠨ᠎ᠡ᠃
《ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠬᠣᠷᠢᠨᠭᠡᠷ ᠴᠢᠳᠠᠪᠤᠷᠢᠲᠠᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ ᠪᠠ ᠪᠤᠭᠤᠲᠤ᠂ ᠣᠷᠳᠣᠰ᠂ ᠤᠯᠠᠭᠠᠨᠴᠠᠪ(ᠪᠡᠭᠡᠵᠢᠩ ᠥᠪᠥᠷ ᠮᠣᠩᠭᠣᠯ)᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠢᠳᠠᠪᠤᠷᠢᠲᠠᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠦᠷᠢᠶᠡᠯᠡᠩ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠵᠦ᠂ ᠭᠣᠣᠯᠳᠠᠯᠭ᠎ᠠ᠎ᠲᠠᠢ ᠬᠦᠷᠢᠶᠡᠨ᠎ᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠳᠠᠭᠠᠭᠤᠯᠤᠭ᠍ᠴᠢ ᠴᠢᠳᠠᠪᠤᠷᠢᠲᠠᠨ᠂ ᠭᠠᠷᠮᠠᠭᠠᠢ ᠢᠨᠵᠧᠨᠧᠷ᠂ ᠲᠣᠮᠣ᠌ ᠤᠯᠤᠰ᠎ᠤᠨ ᠤᠷᠠᠨ ᠳᠠᠷᠬᠠᠨ᠂ ᠳᠡᠭᠡᠳᠦ ᠲᠡᠰ᠎ᠤᠨ ᠮᠡᠷᠭᠡᠵᠢᠯ᠎ᠦᠨ ᠴᠢᠳᠠᠪᠤᠷᠢᠲᠠᠨ ᠵᠡᠷᠭᠡ ᠡᠯ᠎ᠡ ᠲᠥᠷᠥᠯ᠎ᠦᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠦᠯᠡᠳᠡᠭᠡᠨ ᠬᠡᠷᠡᠭᠯᠡᠬᠦ ᠡᠷᠴᠢᠮ᠎ᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠠᠯᠠᠭᠤ ᠴᠢᠳᠠᠪᠤᠷᠢᠲᠠᠨ᠎ᠤ ᠰᠢᠨ᠎ᠡ᠎ᠶᠢ ᠡᠭᠦᠳᠦᠨ ᠦᠢᠯᠡᠰ ᠪᠤᠰᠬᠠᠬᠤ᠎ᠶᠢ ᠳᠠᠮᠵᠢᠨ᠎ᠠ᠃ ᠰᠢᠨ᠎ᠡ᠎ᠶᠢ ᠡᠭᠦᠳᠬᠦ ᠴᠢᠳᠠᠪᠤᠷᠢ᠂ ᠶᠠᠰᠤ ᠴᠢᠨᠠᠷ᠂ ᠪᠣᠳᠠᠲᠤ ᠦᠷ᠎ᠡ ᠪᠦᠲᠦᠮᠵᠢ᠂ ᠬᠤᠪᠢ ᠨᠡᠮᠡᠷᠢ᠎ᠪᠡᠷ ᠦᠨᠡᠯᠡᠬᠦ ᠤᠳᠤᠷᠢᠳᠤᠮᠵᠢ ᠪᠣᠯᠭᠠᠵᠤ᠂ ᠲᠥᠷᠥᠯ ᠵᠦᠢᠯ᠎ᠢ ᠬᠢᠨᠠᠨ ᠲᠣᠭᠲᠠᠭᠠᠬᠤ᠂ ᠪᠠᠢᠭᠤᠯᠤᠮᠵᠢ᠎ᠶᠢ ᠦᠨᠡᠯᠡᠨ ᠵᠢᠱ᠌ᠢᠬᠦ᠂ ᠴᠢᠳᠠᠪᠤᠷᠢᠲᠠᠨ᠎ᠢ ᠦᠨᠡᠯᠡᠬᠦ᠂ ᠣᠷᠣᠯᠭ᠎ᠠ᠎ᠶᠢᠨ ᠬᠤᠪᠢᠶᠠᠷᠢᠯᠠᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠤ ᠠᠬᠤᠢᠯᠠᠯ᠎ᠤᠨ ᠴᠢᠳᠠᠪᠤᠷᠢᠲᠠᠨ᠎ᠤ ᠰᠣᠯᠢᠯᠴᠠᠭᠠᠨ᠎ᠤ ᠵᠠᠮ᠎ᠢ ᠰᠢᠯᠤᠭᠤᠳᠬᠠᠨ᠎ᠠ᠃
ᠠᠷᠪᠠ᠂ ᠪᠥᠬᠥ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠲᠠᠢ ᠭᠦᠨᠵᠡᠭᠡᠢ ᠵᠣᠯᠭᠠᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠬᠤ᠎ᠳᠤ ᠨᠠᠩ ᠰᠠᠢᠳᠤᠷ ᠠᠭᠤᠰᠤᠯᠴᠠᠵᠤ ᠦᠢᠯᠡᠴᠢᠯᠡᠨ᠎ᠡ
ᠠᠵᠤ ᠦᠢᠯᠡᠰ᠎ᠦᠨ ᠬᠡᠯᠬᠢᠶ᠎ᠡ᠂ ᠰᠢᠨ᠎ᠡ᠎ᠶᠢ ᠡᠭᠦᠳᠬᠦ ᠬᠡᠯᠬᠢᠶ᠎ᠡ᠂ ᠬᠠᠩᠭᠠᠯᠭ᠎ᠠ᠎ᠶᠢᠨ ᠬᠡᠯᠬᠢᠶ᠎ᠡ᠂ ᠪᠠᠷᠠᠭᠠᠨ᠎ᠤ ᠭᠦᠢᠯᠭᠡᠭᠡ᠎ᠶᠢᠨ ᠬᠡᠯᠬᠢᠶ᠎ᠡ᠂ ᠥᠷᠲᠡᠭ᠎ᠦᠨ ᠬᠡᠯᠬᠢᠶ᠎ᠡ᠎ᠶᠢ ᠤᠯᠤᠰ᠎ᠤᠨ ᠳᠣᠲᠣᠭᠠᠳᠤ᠎ᠶᠢᠨ ᠲᠣᠮᠣ᠌ ᠵᠠᠬ᠎ᠠ ᠳᠡᠯᠭᠡᠭᠦᠷ᠎ᠲᠠᠢ ᠪᠥᠬᠥ ᠲᠠᠯ᠎ᠠ᠎ᠪᠠᠷ ᠵᠣᠯᠭᠠᠭᠤᠯᠬᠤ ᠪᠠ ᠭᠦᠨᠵᠡᠭᠡᠢ ᠠᠭᠤᠰᠤᠯᠴᠠᠭᠤᠯᠬᠤ᠎ᠶᠢ ᠠᠬᠢᠭᠤᠯᠵᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠪᠠ ᠬᠡᠷᠡᠭᠯᠡᠭᠡ᠎ᠶᠢ ᠠᠬᠢᠭᠤᠯᠬᠤ᠂ ᠡᠳ᠋ ᠪᠣᠳᠠᠰ᠎ᠲᠤ ᠪᠡᠯᠡ ᠤᠷᠤᠭᠤᠯᠬᠤ ᠪᠠ ᠬᠦᠮᠦᠨ᠎ᠳᠤ ᠪᠡᠯᠡ ᠣᠷᠣᠭᠤᠯᠬᠤ᠎ᠶᠢ ᠨᠢᠭ᠍ᠲᠠ ᠤᠶᠠᠯᠳᠤᠭᠤᠯᠬᠤ᠎ᠶᠢ ᠪᠠᠷᠢᠮᠲᠠᠯᠠᠵᠤ᠂ ᠬᠡᠷᠡᠭᠯᠡᠭᠡ ᠪᠠ ᠪᠡᠯᠡ ᠣᠷᠣᠭᠤᠯᠤᠯᠲᠠ᠂ ᠬᠠᠩᠭᠠᠯᠭ᠎ᠠ ᠪᠠ ᠬᠡᠷᠡᠭᠴᠡᠭᠡ᠎ᠶᠢᠨ ᠰᠠᠢᠨ ᠰᠠᠢᠬᠠᠨ ᠨᠥᠬᠥᠴᠡᠯᠳᠦᠯ᠎ᠢ ᠠᠬᠢᠭᠤᠯᠵᠤ᠂ ᠠᠵᠤ ᠠᠬᠤᠢ᠎ᠶᠢᠨ ᠲᠣᠭᠲᠠᠭᠤᠨ ᠡᠷᠭᠢᠯᠲᠡ ᠪᠠ ᠰᠠᠢᠨ ᠰᠠᠢᠬᠠᠨ ᠣᠷᠴᠢᠯ᠎ᠢ ᠪᠡᠶᠡᠯᠡᠭᠦᠯᠦᠨ᠎ᠡ᠃
(35) ᠬᠡᠷᠡᠭᠯᠡᠭᠡ᠎ᠶᠢ ᠶᠡᠬᠡ᠎ᠪᠠᠷ ᠬᠥᠭᠵᠢᠭᠡᠨ᠎ᠡ᠃ ᠠᠵᠢᠯ ᠣᠯᠭᠣᠯᠲᠠ᠎ᠶᠢ ᠠᠬᠢᠭᠤᠯᠬᠤ᠂ ᠣᠷᠣᠯᠭ᠎ᠠ᠎ᠶᠢ ᠨᠡᠮᠡᠭᠳᠡᠭᠦᠯᠬᠦ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠎ᠶᠢ ᠨᠢᠭᠡᠳᠦᠯᠲᠡᠢ ᠲᠥᠯᠥᠪᠵᠢᠭᠦᠯᠵᠦ᠂ ᠰᠠᠭᠤᠭᠠᠯᠢ ᠠᠷᠠᠳ᠎ᠤᠨ ᠬᠡᠷᠡᠭᠯᠡᠭᠡ᠎ᠶᠢᠨ ᠴᠢᠳᠠᠪᠤᠷᠢ ᠪᠠ ᠬᠦᠰᠡᠯ ᠡᠷᠡᠮᠡᠯᠵᠡᠯ᠎ᠢ ᠨᠡᠮᠡᠭᠳᠡᠭᠦᠯᠦᠨ᠎ᠡ᠃ ᠴᠢᠨᠠᠷ ᠰᠠᠢᠲᠠᠢ ᠬᠡᠷᠡᠭᠯᠡᠭᠡ᠎ᠶᠢᠨ ᠵᠦᠢᠯ ᠪᠠ ᠦᠢᠯᠡᠴᠢᠯᠡᠭᠡᠨ᠎ᠦ ᠬᠠᠩᠭᠠᠯᠭ᠎ᠠ᠎ᠶᠢ ᠥᠷᠭᠡᠳᠬᠡᠵᠦ᠂ ᠲᠠᠸᠠᠷ᠎ᠤᠨ ᠬᠡᠷᠡᠭᠯᠡᠭᠡᠨ᠎ᠦ ᠪᠠᠭᠲᠠᠭᠠᠮᠵᠢ᠎ᠶᠢ ᠥᠷᠭᠡᠳᠬᠡᠨ ᠲᠡᠰ ᠳᠡᠪᠰᠢᠭᠦᠯᠬᠦ᠎ᠶᠢ ᠠᠬᠢᠭᠤᠯᠵᠤ᠂ ᠤᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠦᠢᠯᠡᠴᠢᠯᠡᠭᠡᠨ᠎ᠦ ᠬᠡᠷᠡᠭᠯᠡᠭᠡ᠎ᠶᠢ ᠨᠡᠮᠡᠭᠳᠡᠭᠦᠯᠵᠦ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠬᠡᠷᠡᠭᠯᠡᠭᠡ᠎ᠶᠢᠨ ᠰᠢᠨ᠎ᠡ ᠦᠵᠡᠭᠳᠡᠯ ᠪᠠᠢᠳᠠᠯ᠎ᠢ ᠪᠤᠢ ᠪᠣᠯᠭᠠᠨ᠎ᠠ᠃ ᠣᠯᠠᠨ ᠨᠡᠶ᠋ᠢᠲᠡ᠎ᠶᠢᠨ ᠬᠡᠷᠡᠭᠯᠡᠭᠡ᠎ᠶᠢ ᠵᠣᠬᠢᠰᠲᠠᠢ ᠳᠡᠭᠡᠭᠰᠢᠯᠡᠭᠦᠯᠦᠨ᠎ᠡ᠃ ᠪᠠᠶᠠᠷ ᠳᠤᠷᠠᠰᠬᠠᠯ᠎ᠤᠨ ᠡᠳᠦᠷ᠎ᠦᠨ ᠬᠡᠷᠡᠭᠯᠡᠭᠡ᠎ᠶᠢ ᠥᠷᠭᠡᠳᠬᠡᠨ᠎ᠡ᠃ ᠬᠢᠯᠢ᠎ᠳᠦ ᠣᠷᠣᠵᠤ ᠬᠡᠷᠡᠭᠯᠡᠭᠡ ᠬᠢᠬᠦ᠎ᠶᠢ ᠥᠷᠭᠡᠳᠬᠡᠨ᠎ᠡ᠃ ᠬᠡᠷᠡᠭᠯᠡᠭᠡ᠎ᠶᠢ ᠬᠥᠭᠵᠢᠭᠡᠬᠦ ᠪᠠ ᠥᠷᠭᠡᠳᠬᠡᠬᠦ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠡᠴᠡ᠎ᠶᠢ ᠲᠡᠭᠦᠯᠳᠡᠷᠵᠢᠭᠦᠯᠵᠦ᠂ ᠬᠡᠷᠡᠭᠯᠡᠭᠴᠢᠳ᠎ᠲᠦ ᠰᠢᠭᠤᠳ ᠬᠦᠷᠭᠡᠬᠦ ᠲᠦᠭᠡᠮᠡᠯ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢᠨ ᠡᠷᠴᠢᠮ᠎ᠢ ᠴᠢᠩᠭᠠᠷᠠᠭᠤᠯᠤᠨ᠂ ᠬᠡᠷᠡᠭᠯᠡᠭᠡ᠎ᠶᠢᠨ ᠪᠠᠷᠠᠭᠠᠨ᠎ᠤ ᠭᠦᠢᠯᠭᠡᠭᠡ᠎ᠶᠢᠨ ᠰᠠᠭᠤᠷᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠠᠵᠤ ᠦᠢᠯᠡᠳᠪᠦᠷᠢ᠎ᠶᠢᠨ ᠦᠢᠯᠡᠳᠬᠦᠨ᠎ᠢ ᠬᠥᠳᠡᠭᠡ ᠪᠠᠭᠤᠯᠭᠠᠬᠤ᠂ ᠲᠠᠷᠢᠶᠠᠯᠠᠩ᠎ᠤᠨ ᠪᠦᠳᠦᠬᠡᠭᠳᠡᠬᠦᠨ ᠮᠠᠯ᠎ᠤᠨ ᠠᠰᠢᠭ᠋ ᠰᠢᠮ᠎ᠡ᠎ᠶᠢ ᠬᠣᠲᠠ ᠣᠷᠣᠭᠤᠯᠬᠤ ᠬᠣᠣᠰ ᠴᠢᠭᠯᠡᠯᠲᠦ ᠭᠦᠢᠯᠭᠡᠭᠡᠨ᠎ᠦ ᠠᠷᠭ᠎ᠠ ᠵᠠᠮ᠎ᠢ ᠰᠢᠯᠤᠭᠤᠳᠬᠠᠵᠤ᠂ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ᠎ᠵᠢᠨ ᠬᠡᠷᠡᠭᠯᠡᠭᠡ᠎ᠶᠢ ᠠᠭᠤᠰᠤᠯᠴᠠᠭᠤᠯᠤᠨ ᠬᠥᠭᠵᠢᠭᠦᠯᠬᠦ᠎ᠶᠢ ᠠᠬᠢᠭᠤᠯᠤᠨ᠎ᠠ᠃ ᠬᠡᠷᠡᠭᠯᠡᠭᠡ᠎ᠶᠢᠨ ᠵᠠᠬ᠎ᠠ ᠳᠡᠯᠭᠡᠭᠦᠷ᠎ᠦᠨ ᠬᠢᠨᠠᠠ ᠬᠠᠮᠢᠶᠠᠷᠤᠯᠲᠠ᠎ᠶᠢ ᠴᠢᠩᠭᠠᠳᠬᠠᠨ᠂ ᠬᠡᠷᠡᠭᠯᠡᠭᠡ᠎ᠶᠢᠨ ᠰᠢᠨ᠎ᠡ ᠡᠵᠡᠩᠨᠡᠯᠲᠡ᠎ᠶᠢᠨ ᠪᠠᠢᠳᠠᠯ ᠰᠢᠨ᠎ᠡ ᠵᠠᠭᠪᠤᠷ᠎ᠲᠤ ᠵᠣᠬᠢᠴᠠᠭᠰᠠᠨ ᠬᠠᠮᠢᠶᠠᠷᠤᠯᠲᠠ᠎ᠶᠢᠨ ᠠᠷᠭ᠎ᠠ᠎ᠶᠢ ᠪᠦᠷᠢᠨᠰᠢᠭᠦᠯᠵᠦ᠂ ᠵᠦᠢ ᠵᠣᠬᠢᠰ ᠦᠭᠡᠢ ᠬᠢᠵᠠᠭᠠᠷᠯᠠᠯ᠎ᠤᠨ ᠴᠢᠨᠠᠷᠲᠠᠢ ᠠᠷᠭ᠎ᠠ ᠬᠡᠮᠵᠢᠶ᠎ᠡ᠎ᠶᠢ ᠠᠷᠢᠯᠭᠠᠨ᠂ ᠠᠮᠤᠷ ᠲᠦᠪᠰᠢᠨ ᠦᠨᠡᠨᠴᠢ ᠢᠲᠡᠭᠡᠮᠵᠢᠲᠡᠢ ᠬᠡᠷᠡᠭᠯᠡᠭᠡ᠎ᠶᠢᠨ ᠣᠷᠴᠢᠨ ᠨᠥᠬᠥᠴᠡᠯ᠎ᠢ ᠪᠣᠶ ᠪᠣᠯᠭᠠᠨ᠎ᠠ᠃ ᠬᠡᠷᠡᠭᠯᠡᠭᠴᠢᠳ᠎ᠦᠨ ᠡᠷᠬᠡ ᠠᠰᠢᠭ᠋᠎ᠤᠨ ᠬᠠᠮᠠᠭᠠᠯᠠᠯᠲᠠ᠎ᠶᠢ ᠴᠢᠩᠭᠠᠳᠬᠠᠨ᠎ᠠ᠃
(36) ᠪᠦᠲᠦᠮᠵᠢᠲᠡᠢ ᠪᠡᠯᠡ ᠣᠷᠣᠭᠤᠯᠤᠯᠲᠠ᠎ᠶᠢ ᠥᠷᠭᠡᠳᠬᠡᠨ᠎ᠡ᠃ ᠲᠥᠷᠥᠯ ᠵᠦᠢᠯ᠎ᠢᠶᠡᠷ ᠪᠡᠯᠡ ᠣᠷᠣᠭᠤᠯᠤᠯᠲᠠ᠎ᠶᠢ ᠲᠣᠭᠲᠠᠪᠤᠷᠢᠵᠢᠭᠤᠯᠬᠤ᠂ ᠣᠷᠳᠣ᠌ ᠳᠤᠮᠳᠠ ᠣᠬᠣᠷ ᠬᠤᠭᠤᠴᠠᠭᠠᠨ᠎ᠤ ᠲᠥᠷᠥᠯ ᠵᠦᠢᠯ᠎ᠢ ᠨᠢᠭᠡᠳᠦᠯᠲᠡᠢ ᠲᠥᠯᠥᠪᠵᠢᠭᠦᠯᠬᠦ᠂ ᠲᠣᠮᠣ᠌ ᠳᠤᠮᠳᠠ ᠪᠠᠭ᠎ᠠ ᠲᠥᠷᠥᠯ ᠵᠦᠢᠯ᠎ᠢ ᠢᠵᠢ ᠪᠦᠷᠢᠳᠦᠭᠦᠯᠬᠦ᠂ ᠵᠠᠰᠠᠭ᠎ᠤᠨ ᠣᠷᠳᠣᠨ ᠠᠷᠠᠳ ᠤᠯᠠᠨ ᠨᠡᠢᠬᠡᠮ᠎ᠤᠨ ᠬᠦᠴᠦᠨ᠎ᠤ ᠬᠠᠮᠳᠤ᠎ᠪᠠᠷ ᠤᠷᠤᠯᠴᠠᠬᠰᠠᠨᠲᠥᠷᠥᠯ ᠵᠦᠢᠯ᠎ᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠤᠭᠰᠠᠨ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠪᠠᠷ ᠬᠥᠰᠢᠬᠦᠷᠬᠡ ᠪᠤᠯᠭᠠᠬᠰᠠᠨ᠂ ᠠᠷᠠᠳ᠎ᠤᠨ ᠪᠡᠯᠡ ᠣᠷᠣᠭᠤᠯᠤᠯᠲᠠ ᠬᠥᠭᠵᠢᠶᠡᠨ ᠲᠡᠢ ᠪᠠᠢᠬᠤ ᠪᠡᠯᠡ ᠣᠷᠣᠭᠤᠯᠤᠯᠲᠠ᠎ᠶᠢᠨ ᠪᠠᠢᠷᠢᠰᠢᠯ᠎ᠢ ᠪᠦᠷᠢᠯᠳᠦᠭᠦᠯᠦᠨ᠎ᠡ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠪᠦᠲᠦᠴᠡ᠎ᠶᠢ ᠰᠢᠯᠢᠳᠡᠭᠵᠢᠭᠦᠯᠵᠦ᠂ 《ᠬᠣᠶᠠᠷ ᠴᠢᠬᠤᠯᠠ》 ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠴᠢᠨᠠᠷ ᠰᠠᠢᠲᠠᠢ ᠠᠬᠢᠭᠤᠯᠤᠨ᠎ᠠ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠪᠦᠬᠦ ᠶᠠᠪᠤᠴᠠ᠎ᠶᠢᠨ ᠬᠠᠮᠢᠶᠠᠷᠤᠯᠲᠠ᠎ᠶᠢ ᠴᠢᠩᠭᠠᠳᠬᠠᠨ᠎ᠠ᠃ ᠠᠷᠠᠳ᠎ᠤᠨ ᠡᠵᠡᠩᠨᠡᠯᠲᠡ᠎ᠵᠢᠨ ᠠᠵᠤ ᠠᠬᠤᠢᠯᠠᠯ᠎ᠤᠨ ᠴᠢᠬᠤᠯᠠ ᠶᠡᠬᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭᠲᠡᠴᠡ᠎ᠶᠢ ᠲᠡᠭᠦᠯᠳᠡᠷᠵᠢᠭᠦᠯᠵᠦ᠂ ᠠᠷᠠᠳ᠎ᠤᠨ ᠪᠡᠯᠡ ᠣᠷᠣᠭᠤᠯᠤᠯᠲᠠ᠎ᠶᠢᠨ ᠬᠤᠪᠢ᠎ᠶᠢᠨ ᠵᠢᠩ᠎ᠢ ᠳᠡᠭᠡᠭᠰᠢᠯᠡᠭᠦᠯᠦᠨ᠎ᠡ᠃ ᠪᠡᠯᠡ ᠣᠷᠣᠭᠤᠯᠤᠯᠲᠠ᠎ᠶᠢᠨ ᠬᠢᠨᠠᠨ ᠵᠥᠪᠰᠢᠶᠡᠷᠡᠬᠦ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠴᠢᠬᠤᠯᠠ ᠶᠡᠬᠡ ᠲᠦᠷᠦᠯ ᠵᠦᠢᠯ᠎ᠢ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ᠎ᠶᠢ ᠠᠬᠢᠭᠤᠯᠤᠨ᠎ᠠ᠃ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠬᠦ ᠪᠠ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ᠎ᠶᠢᠨ ᠪᠡᠯᠡ ᠣᠷᠣᠭᠤᠯᠤᠯᠲᠠ᠎ᠶᠢ ᠴᠢᠩᠭᠠᠳᠬᠠᠨ᠎ᠠ᠃ ᠵᠠᠬ᠎ᠠ ᠳᠡᠯᠭᠡᠭᠦᠷ᠎ᠢᠶᠡᠷ ᠤᠳᠤᠷᠢᠳᠤᠮᠵᠢ ᠪᠣᠯᠭᠠᠭᠰᠠᠨ ᠪᠡᠯᠡ ᠣᠷᠣᠭᠤᠯᠤᠯᠲᠠ᠎ᠶᠢᠨ ᠨᠡᠮᠡᠭᠳᠡᠯ᠎ᠦᠨ ᠲᠣᠭᠲᠡᠴᠡ᠎ᠶᠢ ᠪᠦᠷᠢᠨᠰᠢᠭᠦᠯᠵᠦ᠂ ᠨᠢᠭᠡᠴᠢ ᠭᠠᠷᠭᠠᠯᠲᠠ᠎ᠪᠠᠷ ᠤᠳᠤᠷᠢᠳᠤᠮᠵᠢ ᠪᠣᠯᠭᠠᠨ ᠡᠬᠢ ᠪᠠᠶᠠᠯᠢᠭ᠋᠎ᠤᠨ ᠬᠦᠴᠦᠨ ᠵᠦᠢᠯ᠎ᠢ ᠲᠣᠬᠢᠷᠠᠭᠤᠯᠵᠤ᠂ ᠪᠡᠯᠡ ᠣᠷᠣᠭᠤᠯᠤᠯᠲᠠ᠎ᠶᠢᠨ ᠦᠷ᠎ᠡ ᠠᠰᠢᠭ᠋᠎ᠢ ᠳᠡᠭᠡᠭᠰᠢᠯᠡᠭᠦᠯᠦᠨ᠎ᠡ᠃ ᠠᠯᠤᠰ ᠬᠡᠳᠦ᠎ᠶᠢᠨ ᠬᠥᠭᠵᠢᠯᠲᠡ᠎ᠶᠢ ᠪᠣᠳᠣᠯᠬᠢᠯᠠᠨ ᠨᠢᠭᠡ ᠪᠦᠯᠦᠭ ᠴᠢᠬᠤᠯᠠ ᠶᠡᠬᠡ ᠪᠡᠯᠭᠡ ᠲᠡᠮᠳᠡᠭ᠎ᠦᠨ ᠴᠢᠨᠠᠷᠲᠠᠢ ᠢᠨᠵᠧᠨᠧᠷᠢᠩ᠎ᠦᠨ ᠲᠦᠷᠦᠯ ᠵᠦᠢᠯ᠎ᠢ ᠲᠥᠰᠥᠪᠯᠡᠨ ᠬᠡᠷᠡᠭᠵᠢᠭᠦᠯᠦᠨ᠎ᠡ᠃ ᠠᠷᠠᠯᠵᠢᠶᠠᠴᠢᠨ ᠤᠷᠢᠵᠤ ᠪᠡᠯᠡ ᠮᠦᠨᠭᠭᠦ ᠣᠷᠣᠭᠤᠯᠤᠨ ᠠᠪᠴᠢᠷᠠᠬᠤ ᠶᠠᠰᠤ ᠴᠢᠨᠠᠷ᠎ᠢ ᠳᠡᠭᠡᠭᠰᠢᠯᠡᠭᠦᠯᠵᠦ᠂ ᠡᠯᠧᠮᠧᠨ᠋ᠲ᠎ᠦᠨ ᠬᠠᠩᠭᠠᠯᠭ᠎ᠠ ᠪᠠ ᠠᠷᠠᠯᠵᠢᠶᠠᠴᠢᠨ ᠤᠷᠢᠬᠤ ᠡᠲᠡᠭᠡᠳ᠎ᠦᠨ ᠬᠡᠷᠡᠭᠴᠡᠭᠡ᠎ᠶᠢ ᠣᠨᠢᠨ ᠲᠡᠬᠡᠷ᠎ᠡ ᠨᠢ ᠵᠣᠬᠢᠴᠠᠭᠤᠯᠬᠤ᠎ᠶᠢ ᠠᠬᠢᠭᠤᠯᠤᠨ᠎ᠠ᠃
(37) ᠠᠵᠤ ᠠᠬᠤᠢ᠎ᠶᠢᠨ ᠣᠷᠴᠢᠯ᠎ᠢ ᠬᠢᠵᠠᠭᠠᠷᠯᠠᠵᠤ ᠪᠠᠢᠭ᠎ᠠ ᠬᠣᠷᠢᠭ᠎ᠠ ᠴᠡᠭ ᠪᠠ ᠲᠦᠭᠵᠢᠷᠡᠯ᠎ᠢ ᠨᠡᠪᠲᠡᠷᠡᠭᠦᠯᠦᠨ᠎ᠡ᠃ 《ᠲᠠᠪᠤ᠎ᠶᠢ ᠨᠢᠭᠡᠳᠦᠯᠲᠡᠢ ᠪᠠᠢᠯᠭᠠᠬᠤ᠂ ᠨᠢᠭᠡ᠎ᠶᠢ ᠴᠢᠯᠦᠭᠡᠲᠡᠢ ᠲᠠᠯᠪᠢᠬᠤ》 ᠦᠨᠳᠦᠰᠦᠨ ᠱᠠᠭᠠᠷᠳᠠᠯᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠬᠠᠷᠢᠯᠴᠠᠨ ᠬᠠᠮᠵᠢᠯᠴᠠᠬᠤ᠎ᠶᠢ ᠴᠢᠩᠭᠠᠳᠬᠠᠨ᠂ ᠠᠬᠢᠭᠤᠯᠬᠤ ᠬᠠᠮᠲᠤᠷᠠᠯ ᠬᠦᠴᠦᠨ᠎ᠢ ᠪᠦᠷᠢᠯᠳᠦᠭᠦᠯᠦᠨ᠎ᠡ᠃ ᠵᠠᠬ᠎ᠠ ᠳᠡᠯᠭᠡᠭᠦᠷ᠎ᠲᠦ ᠣᠷᠣᠬᠤ᠎ᠶᠢ ᠵᠥᠪᠰᠢᠶᠡᠷᠡᠬᠦ᠂ ᠲᠥᠪ ᠭᠣᠣᠯᠴᠢ᠎ᠪᠠᠷ ᠥᠷᠢᠰᠦᠯᠳᠦᠬᠦ᠂ ᠨᠡᠢᠭᠡᠮ᠎ᠦᠨ ᠢᠲᠡᠭᠡᠮᠵᠢ ᠵᠡᠷᠭᠡ ᠳᠦᠷᠢᠮ᠎ᠢ ᠲᠡᠭᠦᠯᠳᠡᠷᠵᠢᠭᠦᠯᠵᠦ᠂ ᠡᠯᠧᠮᠧᠨ᠋ᠲ ᠣᠯᠬᠤ᠂ ᠬᠢᠷᠢ ᠬᠡᠮ᠎ᠢ ᠬᠢᠨᠠᠨ ᠲᠣᠭᠲᠠᠭᠠᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠᠬᠦᠯᠢᠶᠡᠬᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠡᠷᠭᠡ ᠲᠠᠯ᠎ᠠ᠎ᠶᠢᠨ ᠪᠡᠬᠢᠯᠡᠯᠲᠡ᠎ᠶᠢ ᠠᠷᠢᠯᠭᠠᠨ᠎ᠠ᠃ ᠠᠷᠠᠯᠵᠢᠶᠠᠴᠢᠨ ᠤᠷᠢᠵᠤ ᠪᠡᠯᠡ ᠮᠦᠨᠭᠭᠦ ᠣᠷᠣᠭᠤᠯᠤᠨ ᠠᠪᠴᠢᠷᠠᠬᠤ ᠦᠢᠯᠡ ᠠᠵᠢᠯᠯᠠᠭ᠎ᠠ᠎ᠶᠢ ᠵᠢᠷᠤᠮᠵᠢᠭᠤᠯᠵᠤ᠂ 《ᠳᠣᠲᠣᠭᠠᠳᠤ ᠳ᠋ᠠᠭᠠᠨ ᠰᠢᠷᠦᠭᠦᠨ ᠦᠷᠢᠰᠦᠯᠳᠦᠬᠦ》ᠵᠢ ᠰᠡᠷᠭᠡᠢᠯᠡᠨ ᠴᠡᠭᠴᠡᠯᠡᠨ᠎ᠡ᠃ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠦᠨᠳᠦᠰᠦᠨ ᠱᠠᠲᠤᠨ᠎ᠤ ᠰᠠᠭᠤᠷᠢ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠬᠠᠤᠯᠢ᠎ᠪᠠᠷ ᠵᠠᠰᠠᠬᠤ ᠬᠢᠨᠠᠯᠲᠠ ᠬᠠᠮᠢᠶᠠᠷᠤᠯᠲᠠ᠂ ᠢᠲᠡᠭᠡᠮᠵᠢ᠎ᠶᠢᠨ ᠬᠢᠨᠠᠯᠲᠠ ᠬᠠᠮᠢᠶᠠᠷᠤᠯᠲᠠ᠂ ᠣᠶᠤᠨᠴᠢ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠎ᠠ᠃ ᠣᠳᠣ᠌ ᠦᠶ᠎ᠡ᠎ᠶᠢᠨ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡᠨ᠎ᠦ ᠰᠢᠰᠲᠧᠮ᠎ᠢ ᠲᠦᠷᠭᠡᠳᠬᠡᠨ ᠪᠠᠢᠭᠤᠯᠵᠤ᠂ ᠤᠯᠤᠰ᠎ᠤᠨ ᠪᠠᠷᠠᠭᠠᠨ᠎ᠤ ᠭᠦᠢᠯᠭᠡᠭᠡ᠎ᠶᠢᠨ ᠬᠦᠢᠰᠦ᠂ ᠤᠯᠤᠰ᠎ᠤᠨ ᠭᠣᠣᠯᠯᠠᠬᠤ ᠬᠦᠢᠲᠡᠨ ᠬᠡᠯᠬᠢᠶᠡᠲᠦ ᠪᠠᠷᠠᠭᠠᠨ᠎ᠤ ᠭᠦᠢᠯᠭᠡᠭᠡ᠎ᠶᠢᠨ ᠰᠠᠭᠤᠷᠢᠨ᠂ ᠤᠯᠤᠰ᠎ᠤᠨ ᠠᠮᠤ ᠪᠤᠳᠠᠭᠠᠨ᠎ᠤ ᠪᠠᠷᠠᠭᠠᠨ᠎ᠤ ᠭᠦᠢᠯᠭᠡᠭᠡ᠎ᠶᠢᠨ ᠭᠣᠣᠯ ᠬᠦᠢᠰᠦ᠎ᠶᠢᠨ ᠡᠬᠦᠷᠬᠡ᠎ᠶᠢ ᠡᠬᠦᠷᠬᠡᠯᠡᠬᠦ ᠬᠣᠲᠠ ᠵᠡᠷᠭᠡ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠎ᠠ᠃ ᠠᠵᠤ ᠠᠬᠤᠢᠯᠠᠯ᠎ᠤᠨ ᠶᠡᠷᠦᠩᠬᠡᠢ ᠬᠡᠯᠲᠡᠰ ᠪᠠ ᠰᠠᠯᠪᠤᠷᠢ ᠪᠠᠢᠭᠤᠯᠤᠮᠵᠢ᠎ᠶᠢ ᠰᠢᠯᠢᠳᠡᠭᠵᠢᠭᠦᠯᠬᠦ᠂ ᠦᠢᠯᠡᠳᠪᠦᠷᠢᠯᠡᠯ᠎ᠦᠨ ᠭᠠᠵᠠᠷ ᠪᠠ ᠬᠡᠷᠡᠭᠯᠡᠭᠡᠨ᠎ᠦ ᠭᠠᠵᠠᠷ᠎ᠤᠨ ᠠᠰᠢᠭ᠋ ᠲᠤᠰᠠ᠎ᠶᠢ ᠬᠠᠮᠳᠤ᠎ᠪᠠᠷ ᠡᠳ᠋ᠯᠡᠬᠦ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ ᠪᠣᠳᠠᠲᠠᠢᠵᠢᠭᠤᠯᠬᠤ᠎ᠶᠢ ᠠᠬᠢᠭᠤᠯᠤᠨ᠎ᠠ᠃
ᠠᠷᠪᠠᠨ ᠨᠢᠭᠡ᠂ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠴᠢᠩᠭᠠᠳᠬᠠᠨ᠎ᠠ
ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠥᠭᠡᠷᠡᠴᠢᠯᠡᠯᠲᠡ᠎ᠶᠢᠨ ᠴᠢᠭᠯᠡᠯ᠎ᠢ ᠪᠠᠷᠢᠮᠲᠠᠯᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢᠶᠠᠷ ᠥᠭᠡᠷᠡᠴᠢᠯᠡᠯᠲᠡ᠎ᠶᠢ ᠬᠥᠲᠥᠯᠥᠨ ᠳᠠᠭᠠᠭᠤᠯᠵᠤ᠂ ᠨᠡᠩ ᠲᠥᠪ ᠭᠣᠣᠯᠴᠢ᠂ ᠨᠡᠩ ᠠᠮᠢᠵᠢᠷᠠᠯ᠎ᠤᠨ ᠬᠦᠴᠦᠨ᠎ᠲᠠᠢ ᠵᠠᠬ᠎ᠠ ᠳᠡᠯᠭᠡᠭᠦᠷ᠎ᠦᠨ ᠣᠷᠴᠢᠨ ᠨᠦᠬᠦᠴᠡᠯ᠎ᠢ ᠡᠭᠦᠳᠴᠦ᠂ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢᠨ ᠦᠷ᠎ᠡ ᠪᠦᠲᠦᠮᠵᠢ᠎ᠶᠢ ᠬᠠᠮᠤᠭ᠎ᠤᠨ ᠶᠡᠬᠡ᠎ᠪᠠᠷ ᠰᠢᠯᠢᠳᠡᠭᠵᠢᠭᠦᠯᠬᠦ ᠪᠠ ᠦᠷ᠎ᠡ ᠠᠰᠢᠭ᠋᠎ᠢ ᠬᠠᠮᠤᠭ᠎ᠤᠨ ᠶᠡᠬᠡ ᠪᠣᠯᠭᠠᠬᠤ᠎ᠪᠠᠷ ᠴᠢᠷᠮᠠᠢᠨ᠎ᠠ᠃
(38) ᠡᠵᠡᠩᠨᠡᠯᠲᠡ᠎ᠶᠢᠨ ᠭᠣᠣᠯ ᠴᠣᠭᠴᠠ᠎ᠶᠢᠨ ᠬᠥᠭᠵᠢᠯᠲᠡ᠎ᠶᠢᠨ ᠶᠠᠰᠤ ᠴᠢᠨᠠᠷ ᠦᠷ᠎ᠡ ᠠᠰᠢᠭ᠋᠎ᠢ ᠳᠡᠭᠡᠭᠰᠢᠯᠡᠭᠦᠯᠦᠨ᠎ᠡ᠃ 《ᠬᠣᠶᠠᠷ ᠥᠴᠥᠬᠡᠨ ᠴᠦ᠍ ᠭᠤᠢᠪᠢᠰᠢ ᠦᠭᠡᠢ》ᠵᠢ ᠪᠠᠷᠢᠮᠲᠠᠯᠠᠨ ᠨᠠᠢᠳᠠᠪᠤᠷᠢᠵᠢᠭᠤᠯᠵᠤ᠂ ᠡᠯ᠎ᠡ ᠵᠦᠢᠯ᠎ᠦᠨ ᠥᠮᠴᠢᠯᠡᠯ᠎ᠦᠨ ᠠᠵᠤ ᠠᠬᠤᠢ᠎ᠶᠢᠨ ᠦᠢᠯᠡᠳᠪᠦᠷᠢᠯᠡᠯ᠎ᠦᠨ ᠡᠯᠧᠮᠧᠨ᠋ᠲ᠎ᠢ ᠬᠠᠤᠯᠢ ᠶᠣᠰᠣᠭᠠᠷ ᠡᠷᠬᠡ ᠲᠡᠭᠰᠢ ᠬᠡᠷᠡᠭᠯᠡᠬᠦ᠂ ᠵᠠᠬ᠎ᠠ ᠳᠡᠯᠭᠡᠭᠦᠷ᠎ᠦᠨ ᠥᠷᠢᠰᠦᠯᠳᠦᠭᠡᠨ᠎ᠳᠦ ᠡᠷᠬᠡ ᠲᠡᠭᠰᠢ ᠣᠷᠣᠯᠴᠠᠬᠤ᠂ ᠬᠠᠤᠯᠢ ᠴᠠᠭᠠᠵᠠ᠎ᠶᠢᠨ ᠬᠠᠮᠠᠭᠠᠯᠠᠯᠲᠠ᠎ᠶᠢ ᠠᠳᠠᠯᠢ ᠬᠦᠷᠲᠡᠬᠦ᠎ᠶᠢ ᠪᠠᠲᠤᠯᠠᠨ᠎ᠠ᠃ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠠᠳᠠᠯᠢ ᠪᠤᠰᠤ ᠲᠥᠷᠥᠯ ᠬᠡᠯᠪᠡᠷᠢ᠎ᠶᠢᠨ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠦᠢᠯᠡᠳᠦᠯ ᠴᠢᠳᠠᠮᠵᠢ᠎ᠶᠢᠨ ᠪᠠᠢᠷᠢ ᠲᠣᠭᠲᠠᠭᠠᠯᠲᠠ᠎ᠶᠢ ᠤᠯᠠᠮ ᠲᠣᠳᠣᠷᠬᠠᠢᠯᠠᠨ᠂ ᠭᠣᠣᠯ ᠬᠠᠷᠢᠭᠤᠴᠠᠯᠭ᠎ᠠ ᠭᠣᠣᠯ ᠠᠵᠢᠯ᠎ᠤᠨ ᠬᠠᠮᠢᠶᠠᠷᠤᠯᠲᠠ᠎ᠶᠢ ᠴᠢᠩᠭᠠᠳᠬᠠᠵᠤ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠭᠣᠣᠯᠯᠠᠬᠤ ᠦᠢᠯᠡᠳᠦᠯ ᠴᠢᠳᠠᠮᠵᠢ᠎ᠶᠢ ᠴᠢᠩᠭᠠᠳᠬᠠᠨ᠂ ᠭᠣᠣᠯᠯᠠᠬᠤ ᠥᠷᠢᠰᠦᠯᠳᠦᠬᠦ ᠬᠦᠴᠦᠨ ᠪᠠ ᠪᠠᠢᠯᠳᠤᠬᠤ ᠪᠣᠳᠣᠯᠭ᠎ᠠ᠎ᠶᠢᠨ ᠲᠤᠯᠭᠠᠭᠤᠷᠢᠯᠠᠬᠤ ᠬᠦᠴᠦᠨ᠎ᠢ ᠳᠡᠭᠡᠭᠰᠢᠯᠡᠭᠦᠯᠦᠨ᠎ᠡ᠃ ᠠᠷᠠᠳ᠎ᠤᠨ ᠡᠵᠡᠨᠭᠨᠡᠯᠲᠡ᠎ᠵᠢᠨ ᠠᠵᠤ ᠠᠬᠤᠢ᠎ᠶᠢᠨ ᠬᠥᠭᠵᠢᠯᠲᠡ᠎ᠶᠢ ᠶᠡᠬᠡ᠎ᠪᠠᠷ ᠳᠠᠮᠵᠢᠵᠤ᠂ ᠠᠷᠠᠳ᠎ᠤᠨ ᠡᠵᠡᠩᠨᠡᠯᠲᠡ᠎ᠵᠢᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠳᠦᠷᠢᠮ᠎ᠢ ᠨᠡᠢᠲᠡᠯᠡᠨ᠂ ᠴᠢᠬᠤᠯᠠ ᠶᠡᠬᠡ ᠰᠠᠭᠤᠷᠢ ᠲᠦᠬᠦᠭᠡᠷᠦᠮᠵᠢ᠂ ᠭᠣᠣᠯᠳᠠᠯᠭ᠎ᠠ᠎ᠲᠠᠢ ᠠᠵᠤ ᠦᠢᠯᠡᠰ᠂ ᠨᠡᠢᠭᠡᠮ ᠠᠷᠠᠳ᠎ᠤᠨ ᠠᠮᠢᠳᠤᠷᠠᠯ ᠵᠡᠷᠭᠡ ᠬᠦᠷᠢᠶᠡᠨ᠎ᠳ᠋ᠡᠬᠢ ᠪᠦᠲᠦᠭᠡᠨ ᠪᠠᠢᠭᠤᠯᠤᠯᠲᠠ᠎ᠳᠤ ᠠᠷᠠᠳ᠎ᠤᠨ ᠬᠥᠷᠥᠩᠭᠡ᠎ᠶᠢ ᠬᠥᠲᠥᠯᠥᠨ ᠵᠢᠯᠤᠭᠣᠳᠴᠤ ᠣᠷᠣᠯᠴᠠᠭᠤᠯᠤᠨ᠎ᠠ᠃ ᠳᠤᠮᠳᠠ ᠪᠠᠭ᠎ᠠ ᠠᠵᠤ ᠠᠬᠤᠢᠯᠠᠯ ᠪᠠ ᠦᠢᠯᠡᠳᠪᠦᠷᠢ ᠬᠤᠳᠠᠯᠳᠤᠭᠠᠨ᠎ᠤ ᠬᠤᠪᠢ ᠡᠷᠦᠬᠡ᠎ᠶᠢᠨ ᠬᠥᠭᠵᠢᠯᠲᠡ᠎ᠶᠢ ᠳᠡᠮᠵᠢᠨ᠎ᠡ᠃ ᠲᠣᠮᠣ᠌ ᠳᠤᠮᠳᠠ ᠪᠠᠭ᠎ᠠ ᠠᠵᠤ ᠠᠬᠤᠢᠯᠠᠯ᠎ᠤᠨ ᠠᠭᠤᠰᠤᠯᠴᠠᠨ ᠬᠥᠭᠵᠢᠬᠦ᠎ᠶᠢ ᠠᠬᠢᠭᠤᠯᠤᠨ᠎ᠠ᠃ ᠠᠵᠤ ᠠᠬᠤᠢᠯᠠᠯ᠎ᠤᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠤᠳᠤ ᠦᠶ᠎ᠡ᠎ᠶᠢᠨ ᠠᠵᠤ ᠠᠬᠤᠢᠯᠠᠯ᠎ᠤᠨ ᠳᠦᠷᠢᠮ᠎ᠢ ᠪᠠᠢᠭᠤᠯᠤᠨ ᠪᠦᠷᠢᠨᠰᠢᠭᠦᠯᠬᠦ᠎ᠶᠢ ᠠᠬᠢᠭᠤᠯᠵᠤ᠂ ᠨᠡᠩ ᠤᠯᠠᠨ ᠤᠯᠤᠰ᠎ᠤᠨ ᠳᠣᠲᠣᠭᠠᠳᠤ᠎ᠶᠢᠨ ᠴᠢᠨᠠᠭᠰᠢᠯᠠᠪᠠᠯ ᠳᠡᠯᠡᠬᠡᠢ᠎ᠶᠢᠨ ᠲᠡᠷᠢᠭᠦᠨ ᠵᠡᠷᠭᠡ᠎ᠶᠢᠨ ᠠᠵᠤ ᠠᠬᠤᠢᠯᠠᠯ᠎ᠢ ᠲᠦᠷᠭᠡᠳᠬᠡᠨ ᠪᠠᠢᠭᠤᠯᠤᠨ᠎ᠠ᠃
(39) ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠡᠬᠢ ᠪᠠᠶᠠᠯᠢᠭ᠎ᠢ ᠲᠤᠬᠢᠷᠠᠭᠤᠯᠬᠤ ᠶᠠᠪᠤᠴᠠ᠎ᠳᠠᠬᠢ ᠵᠠᠬ᠎ᠠ ᠳᠡᠯᠭᠡᠭᠦᠷ᠎ᠦᠨ ᠱᠢᠢᠳᠪᠦᠷᠢᠯᠡᠭ᠌ᠴᠢ ᠴᠢᠨᠠᠷᠲᠠᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠢ᠌ᠳᠤᠷ ᠪᠠᠳᠠᠷᠠᠭᠤᠯᠵᠤ᠂ ᠡᠯ᠎ᠡ ᠲᠦᠷᠦᠯ᠎ᠦᠨ ᠡᠯᠧᠮᠧᠨ᠋ᠲ᠎ᠦᠨ ᠡᠬᠢ ᠪᠠᠶᠠᠯᠢᠭ᠎ᠢ ᠥᠨᠳᠥᠷ ᠪᠦᠲᠦᠮᠵᠢᠲᠡᠢ ᠲᠤᠬᠢᠷᠠᠭᠤᠯᠬᠤ᠎ᠶ᠋ᠢ ᠠᠬᠢᠭᠤᠯᠤᠨ᠎ᠠ᠃ ᠬᠥᠳᠡᠯᠮᠦᠷᠢ᠂ ᠬᠥᠷᠥᠩᠭᠡ᠂ ᠭᠠᠵᠠᠷ ᠱᠢᠷᠣᠶ᠂ ᠮᠡᠳᠡᠯᠭᠡ᠂ ᠮᠡᠷᠭᠡᠵᠢᠯ᠂ ᠬᠠᠮᠢᠶᠠᠷᠤᠯᠲᠠ᠂ ᠳ᠋ᠠᠢᠲ᠋ᠠ ᠵᠡᠷᠭᠡ ᠦᠢᠯᠡᠳᠪᠦᠷᠢᠯᠡᠯ᠎ᠦᠨ ᠴᠢᠬᠤᠯᠠ ᠬᠦᠴᠦᠨ ᠵᠦᠢᠯ᠎ᠦᠨ ᠬᠤᠪᠢ ᠨᠡᠮᠡᠷᠢ᠎ᠶ᠋ᠢ ᠵᠠᠬ᠎ᠠ ᠳᠡᠯᠭᠡᠭᠦᠷ᠎ᠢᠶᠡᠷ ᠦᠨᠡᠯᠡᠬᠦ᠌᠂ ᠬᠤᠪᠢ ᠨᠡᠮᠡᠷᠢ᠎ᠪᠡᠷ ᠨᠢ ᠬᠥᠯᠥᠰᠥ᠍ ᠣᠯᠭᠣᠮᠵᠢ᠎ᠶ᠋ᠢ ᠲᠣᠭ᠍ᠲᠠᠭᠠᠬᠤ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠵᠠᠰᠠᠭ᠎ᠤᠨ ᠣᠷᠳᠣᠨ᠎ᠤ ᠠᠵᠤ ᠠᠬᠤᠶ᠎ᠶ᠋ᠢ ᠠᠬᠢᠭᠤᠯᠬᠤ ᠦᠢᠯᠡ ᠠᠵᠢᠯᠯᠠᠭ᠎ᠠ᠎ᠶ᠋ᠢ ᠵᠢᠷᠤᠮᠵᠢᠭᠤᠯᠵᠤ᠂ ᠵᠠᠰᠠᠭ᠎ᠤᠨ ᠣᠷᠳᠣᠨ᠎ᠤ ᠡᠬᠢ ᠪᠠᠶᠠᠯᠢᠭ᠎ᠢ ᠱᠢᠭᠤᠳ ᠲᠣᠬᠢᠷᠠᠭᠤᠯᠬᠤ ᠪᠠ ᠵᠠᠬ᠎ᠠ ᠳᠡᠯᠭᠡᠭᠦᠷ᠎ᠦᠨ ᠠᠵᠢᠯᠯᠠᠭ᠎ᠠ᠎ᠳᠤ ᠱᠢᠭᠤᠳ ᠭᠠᠷ ᠲᠦᠷᠦᠭᠦ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠨ᠎ᠠ᠃ ᠳᠣᠣᠷ᠎ᠠ ᠠᠱᠢᠬ᠍ᠯᠠᠮᠵᠢᠳᠤ ᠭᠠᠵᠠᠷ ᠰᠢᠷᠦᠢ᠂ ᠰᠤᠯᠠ ᠲᠠᠯᠪᠢᠬᠳᠠᠵᠤ ᠪᠠᠢᠭ᠎ᠠ ᠭᠡᠷ ᠬᠦᠷᠦᠨᠭ᠌ᠭᠡ᠂ ᠨᠦᠭᠡᠴᠡ ᠰᠠᠭᠤᠷᠢ ᠲᠥᠬᠥᠭᠡᠷᠦᠮᠵᠢ᠎ᠶ᠋ᠢ ᠠᠮᠢᠳᠤᠯᠢᠭᠵᠢᠭᠤᠯᠤᠨ ᠰᠠᠢᠲᠤᠷ ᠬᠡᠷᠡᠭ᠌ᠯᠡᠵᠦ᠍᠂ ᠵᠠᠰᠠᠭ ᠵᠠᠬᠢᠷᠭ᠎ᠠ ᠠᠵᠢᠯ ᠦᠢᠯᠡᠰ᠎ᠦᠨ ᠨᠢᠭᠡᠴᠢ᠎ᠶ᠋ᠢᠨ ᠨᠦᠭᠡᠴᠡ ᠤᠯᠤᠰ᠎ᠤᠨ ᠥᠮᠴᠢᠯᠡᠯ᠎ᠦᠨ ᠡᠳ᠋ ᠬᠦᠷᠦᠨᠭ᠌ᠭᠡ᠎ᠶ᠋ᠢ ᠠᠮᠢᠳᠤᠯᠢᠭᠵᠢᠭᠤᠯᠤᠨ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠤᠨ᠎ᠠ᠃ ᠤᠰᠤ᠂ ᠡᠨᠧᠷᠭᠢ᠂ ᠵᠠᠮ ᠬᠠᠷᠢᠯᠴᠠᠭ᠎ᠠ ᠵᠡᠷᠭᠡ ᠭᠣᠣᠯᠳᠠᠯᠭ᠎ᠠ᠎ᠲᠠᠶ ᠬᠦᠷᠢᠶᠡᠨ᠎ᠦ ᠦᠨ᠎ᠡ ᠬᠠᠩᠰᠢ᠎ᠶ᠋ᠢᠨ ᠥᠭᠡᠷᠡᠴᠢᠯᠡᠯᠲᠡ᠎ᠶ᠋ᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠡᠭᠡᠭᠡᠯᠲᠡ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠲᠣᠭ᠍ᠲᠠᠭᠠᠨ᠎ᠠ᠃ ᠨᠡᠭᠡᠭᠡᠯᠲᠡ᠎ᠶ᠋ᠢᠨ ᠣᠷᠣᠨ ᠪᠠ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠡᠵᠡᠩᠨᠡᠯᠲᠡ᠎ᠶ᠋ᠢᠨ ᠲᠣᠭ᠍ᠲᠠᠴᠠ᠎ᠶ᠋ᠢ ᠱᠢᠯᠤᠭᠤᠳᠭᠠᠨ᠎ᠠ᠃
(40) ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠤᠢ ᠪᠣᠯᠭᠠᠨ᠎ᠠ᠃ ᠬᠠᠮᠤᠭ᠎ᠤᠨ ᠥᠨᠳᠥᠷ ᠪᠠᠷᠢᠮᠵᠢᠶ᠎ᠠ ᠬᠠᠮᠤᠭ᠎ᠤᠨ ᠥᠨᠳᠥᠷ ᠲᠦᠪᠱᠢᠨ᠎ᠳᠦ ᠴᠢᠭ᠌ᠯᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠠᠢᠵᠢᠷᠠᠭᠤᠯᠤᠨ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠦᠨ᠎ᠡ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠥᠬᠥ᠌ ᠶᠠᠪᠤᠴᠠ᠎ᠶ᠋ᠢ ᠡᠯᠸᠺᠲ᠋ᠷᠤᠨᠴᠢᠯᠠᠬᠤ᠂ ᠲᠣᠭᠠᠴᠢᠯᠠᠬᠤ᠂ ᠤᠶᠤᠨᠴᠢᠯᠠᠬᠤ᠎ᠶᠢ ᠭᠦᠨᠵᠡᠭᠡᠶ ᠠᠬᠢᠭᠤᠯᠵᠤ᠂ ᠵᠣᠷᠢᠭᠤᠳᠠ ᠭᠠᠷ ᠲᠦᠷᠦᠭᠦ᠎ᠶ᠋ᠢ ᠪᠠᠭᠠᠰᠭᠠᠨ᠎ᠠ᠃ ᠨᠢᠭᠡᠳᠦᠯᠲᠡᠶ ᠵᠢᠷᠤᠮᠵᠢᠭ᠍ᠰᠠᠨ᠂ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶ᠎ᠠ᠎ᠶ᠋ᠢᠨ ᠲᠠᠪᠴᠠᠩ᠎ᠤᠨ ᠱᠢᠰᠲ᠋ᠧᠮ᠎ᠢ ᠪᠦᠷᠢᠨᠱᠢᠬᠦᠯᠵᠦ᠍᠂ ᠡᠯ᠎ᠡ ᠲᠥᠷᠥᠯ᠎ᠦᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠡᠷᠬᠡ ᠲᠡᠭ᠌ᠰᠢ᠎ᠪᠡᠷ ᠣᠷᠣᠯᠴᠠᠬᠤ᠎ᠶ᠋ᠢ ᠬᠠᠤᠯᠢ ᠶᠣᠰᠣᠭᠠᠷ ᠪᠠᠲᠤᠯᠠᠨ᠎ᠠ᠃ 《ᠮᠥᠩᠬᠡ ᠰᠤᠪᠠᠭ》 ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶ᠋ᠢ ᠳᠠᠬᠢᠨ ᠳᠡᠰ ᠳᠡᠪᠱᠢᠭᠦᠯᠬᠦ᠌᠎ᠶ᠋ᠢ ᠠᠬᠢᠭᠤᠯᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠣᠨᠴᠠᠯᠢᠭ᠍ᠲᠤ ᠵᠦᠢᠯᠡᠰ᠎ᠦᠨ ᠨᠠᠷᠢᠨ ᠳᠠᠩᠰᠠ᠎ᠶ᠋ᠢ ᠰᠦᠪᠡᠭ᠌ᠴᠢᠯᠡᠨ ᠲᠡᠭᠦᠯᠳᠡᠷᠵᠢᠭᠦᠯᠵᠦ᠍᠂ ᠨᠢᠭᠡ ᠪᠦᠯᠦᠭ 《ᠨᠢᠭᠡ ᠶᠠᠪᠤᠳᠠᠯ᠎ᠢ ᠥᠨᠳᠥᠷ ᠪᠦᠲᠦᠮᠵᠢᠲᠡᠢ ᠭᠦᠢᠴᠡᠳᠭᠡᠬᠦ᠌》 ᠠᠵᠤ ᠠᠬᠤᠢᠯᠠᠯ᠎ᠳᠤ ᠬᠣᠯᠪᠣᠭ᠍ᠳᠠᠬᠤ ᠭᠣᠣᠯᠳᠠᠯᠭ᠎ᠠ᠎ᠲᠠᠶ ᠵᠦᠢᠯᠡᠰ᠎ᠢ ᠨᠡᠢᠳᠡᠯᠡᠨ᠎ᠡ᠃ ᠦᠨᠡᠨᠴᠢ ᠢᠲᠡᠭᠡᠮᠵᠢ ᠲᠡᠶ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠴᠢᠩᠭᠠᠳᠭᠠᠨ᠎ᠠ᠃ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠡᠳ᠋ ᠬᠥᠷᠥᠩᠭᠡ᠎ᠶ᠋ᠢᠨ ᠡᠷᠬᠡ ᠪᠣᠯᠤᠨ ᠪᠤᠰᠤᠳ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠵᠤ᠂ ᠠᠵᠤ ᠠᠬᠤᠢᠯᠠᠯ ᠡᠵᠡᠩᠨᠡᠭ᠌ᠴᠢ᠎ᠶ᠋ᠢᠨ ᠪᠡᠶ᠎ᠡ ᠮᠠᠬᠠᠪᠣᠳ ᠪᠣᠯᠤᠨ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠬᠠᠮᠠᠭᠠᠯᠠᠵᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠬᠦ᠌ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠭᠦᠯᠦᠨ ᠵᠢᠷᠤᠮᠵᠢᠭᠤᠯᠵᠤ᠂ ᠲᠣᠭ᠍ᠲᠠᠭᠠᠯ᠎ᠡᠴᠡ ᠵᠥᠷᠢᠴᠡᠨ ᠣᠨᠳᠣᠣ ᠭᠠᠵᠠᠷ ᠬᠠᠤᠯᠢ ᠬᠡᠷᠡᠭ᠌ᠵᠢᠭᠦᠯᠬᠦ᠌᠂ ᠠᠱᠢᠭ ᠬᠠᠷᠠᠬᠤ ᠴᠢᠨᠠᠷᠲᠠᠶ ᠬᠠᠤᠯᠢ ᠬᠡᠷᠡᠭ᠌ᠵᠢᠭᠦᠯᠬᠦ᠌᠎ᠶ᠋ᠢ ᠰᠡᠷᠭᠡᠢᠯᠡᠬᠦ᠌ ᠪᠠ ᠵᠠᠯᠠᠷᠠᠭᠤᠯᠤᠨ᠎ᠠ᠃ ᠥᠮᠴᠢᠯᠡᠬᠦ᠌ ᠡᠷᠬᠡ᠎ᠶ᠋ᠢᠨ ᠲᠤᠬᠠᠢ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠬᠠᠮᠠᠭᠠᠯᠠᠯᠲᠠ᠎ᠶ᠋ᠢ ᠴᠢᠩᠭᠠᠳᠭᠠᠵᠤ᠂ ᠪᠠᠢᠴᠠᠭᠠᠨ ᠪᠢᠲᠡᠭᠦᠮᠵᠢᠯᠡᠬᠦ᠌᠂ ᠦᠯᠡᠳᠡᠬᠡᠨ ᠠᠪᠴᠤ ᠪᠠᠷᠢᠴᠠᠭᠠᠯᠠᠬᠤ᠂ ᠴᠡᠪᠳᠡᠭ᠌ᠯᠡᠬᠦ᠌ ᠵᠡᠷᠭᠡ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ᠎ᠳᠦ ᠬᠠᠤᠯᠢ ᠪᠠᠷᠢᠬᠤ ᠬᠢᠨᠠᠯᠲᠠ ᠲᠠᠯᠪᠢᠬᠤ᠎ᠶ᠋ᠢ ᠴᠢᠩᠭᠠᠳᠭᠠᠨ᠎ᠠ᠃ ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠪᠠ ᠬᠣᠯᠪᠣᠭ᠍ᠳᠠᠯ ᠪᠦᠬᠦᠢ ᠲᠦᠷᠦ᠍᠎ᠶ᠋ᠢᠨ ᠪᠤᠳᠤᠯᠭ᠎ᠠ᠎ᠶ᠋ᠢ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠲᠦᠷᠢᠮ᠎ᠲᠡᠶ ᠨᠡᠩ ᠰᠠᠢ᠌ᠳᠤᠷ ᠵᠣᠯᠭᠠᠭᠤᠯᠬᠤ᠎ᠶ᠋ᠢ ᠠᠬᠢᠭᠤᠯᠵᠤ᠂ ᠭᠠᠳᠠᠭᠠᠳᠤ᠎ᠶ᠋ᠢᠨ ᠠᠷᠠᠯᠵᠢᠶᠠᠴᠢᠨ᠎ᠤ ᠪᠡᠯᠡ ᠣᠷᠣᠭᠤᠯᠬᠤ᠎ᠶ᠋ᠢ ᠵᠥᠪᠱᠢᠶᠡᠷᠡᠬᠦ᠌ ᠨᠠᠵᠠᠭᠠᠢ ᠲᠠᠯ᠎ᠠ᠎ᠶ᠋ᠢᠨ ᠨᠠᠷᠢᠨ ᠳᠠᠩᠰᠠ᠎ᠶ᠋ᠢ ᠨᠠᠢᠳᠠᠪᠤᠷᠢᠵᠢᠭᠤᠯᠤᠨ᠂ ᠭᠠᠳᠠᠭᠠᠳᠤ ᠪᠡᠯᠡ᠎ᠶ᠋ᠢᠨ ᠠᠵᠤ ᠠᠬᠤᠢᠯᠠᠯ᠎ᠤᠨ ᠤᠯᠤᠰ ᠠᠷᠠᠳ᠎ᠤᠨ ᠬᠠᠷᠠᠭᠠᠯᠵᠠᠯ᠎ᠢ ᠬᠦᠷᠳᠡᠬᠦ᠎ᠶᠢ ᠪᠠᠲᠤᠯᠠᠨ᠎ᠠ᠃
(41)ᠡᠳ᠋᠎ᠦᠨ ᠵᠠᠰᠠᠭ ᠮᠥᠩᠭᠥᠨ ᠭᠦᠢᠯᠭᠡᠭᠡᠨ᠎ᠦ ᠬᠦᠷᠢᠶᠡᠨ᠎ᠳᠡᠬᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠲᠠᠰ᠎ᠡᠴᠡ ᠳᠣᠷᠣᠭ᠍ᠰᠢᠬᠢ ᠡᠳ᠋᠎ᠦᠨ ᠵᠠᠰᠠᠭ᠎ᠤᠨ ᠪᠠᠢᠭᠤᠯᠤᠯ᠎ᠢ ᠥᠭᠡᠷᠡᠴᠢᠯᠡᠨ ᠲᠡᠭᠦᠯᠳᠡᠷᠵᠢᠭᠦᠯᠵᠦ᠍᠂ ᠡᠳ᠋᠎ᠦᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ᠎ᠶ᠋ᠢᠨ ᠬᠠᠷᠢᠭᠤᠴᠠᠯᠭ᠎ᠠ᠎ᠶ᠋ᠢ ᠵᠦᠶ ᠵᠣᠬᠢᠰᠲᠠᠶ ᠬᠤᠪᠢᠶᠠᠷᠢᠯᠠᠨ᠎ᠠ᠃ ᠲᠡᠭ ᠰᠠᠭᠤᠷᠢᠨ ᠲᠥᠰᠦᠪ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠡᠯ᠎ᠡ ᠲᠦᠷᠦᠯ᠎ᠦᠨ ᠡᠳ᠋᠎ᠦᠨ ᠵᠠᠰᠠᠭ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠬᠦᠯᠦᠨ᠂ ᠵᠠᠷᠤᠯᠭ᠎ᠠ᠎ᠶ᠋ᠢᠨ ᠪᠦᠲᠦᠴᠡ᠎ᠶ᠋ᠢ ᠲᠠᠬᠢᠨ ᠪᠠᠢᠭᠤᠯᠵᠤ᠂ ᠨᠡᠩ ᠤᠯᠠᠨ ᠪᠡᠯᠡ ᠮᠥᠩᠭᠥ᠌ ᠣᠷᠣᠭᠤᠯᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ ᠵᠡᠷᠭᠡ ᠭᠣᠣᠯᠳᠠᠯᠭ᠎ᠠ᠎ᠲᠠᠶ ᠠᠵᠢᠯ᠎ᠢ ᠲᠡᠮᠵᠢᠨ᠎ᠡ᠃ ᠡᠳ᠋ ᠮᠥᠩᠭᠥᠨ᠎ᠦ ᠢᠷᠡᠯᠲᠡ᠎ᠶ᠋ᠢ ᠬᠠᠳᠠᠭᠠᠯᠠᠵᠤ᠂ ᠡᠳ᠋᠎ᠦᠨ ᠵᠠᠰᠠᠭ᠎ᠤᠨ ᠰᠠᠭᠤᠷᠢ᠎ᠶ᠋ᠢ ᠪᠤᠵᠠᠭᠠᠢᠷᠠᠭᠤᠯᠤᠨ᠎ᠠ᠃ ᠠᠵᠢᠯ᠎ᠤᠨ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠤᠷᠮᠠᠱᠢᠭᠤᠯᠬᠤ ᠬᠢᠵᠠᠭᠠᠷᠯᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠭᠠᠢᠯᠢ ᠲᠤᠰᠢᠶᠠᠬᠰᠠᠨ ᠬᠤᠪᠢ ᠨᠡᠮᠡᠷᠢ᠎ᠪᠡᠷ ᠶᠡᠬᠡ᠂ ᠣᠷᠣᠯᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ ᠨᠡᠯᠢᠶᠡᠳ ᠲᠦᠷᠭᠡᠨ ᠭᠠᠵᠠᠷ ᠣᠷᠣᠨ ᠪᠠ ᠬᠦᠷᠢᠶᠡᠯᠡᠩ ᠲᠣᠭᠣᠷᠢᠭ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠨ᠎ᠡ᠃ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠪᠡᠯᠡ ᠮᠥᠩᠭᠥ᠎ᠶ᠋ᠢᠨ ᠪᠦᠬᠦ᠌ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠬᠠᠮᠢᠶᠠᠷᠤᠯᠲᠠ᠎ᠶ᠋ᠢᠨ ᠳᠦᠷᠢᠮ᠎ᠢ ᠲᠡᠭᠦᠯᠳᠡᠷᠵᠢᠭᠦᠯᠵᠦ᠍᠂ 《ᠳᠦᠷᠪᠡ᠎ᠶ᠋ᠢ ᠤᠷᠢᠳ᠎ᠢᠶᠠᠷ ᠪᠣᠳᠣᠯᠬᠢᠯᠠᠬᠤ》᠎ᠶᠢ ᠪᠠᠷᠢᠮᠲᠠᠯᠠᠵᠤ᠂ ᠡᠳ᠋᠎ᠦᠨ ᠬᠦᠴᠦᠨ᠎ᠢᠶᠡᠨ ᠲᠥᠪᠯᠡᠷᠡᠭᠦᠯᠦᠨ ᠶᠡᠬᠡ ᠶᠠᠪᠤᠳᠠᠯ᠎ᠢ ᠪᠦᠲᠦᠭᠡᠨ᠎ᠡ᠃ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢᠨ ᠠᠵᠢᠯᠯᠠᠭ᠎ᠠ ᠡᠭᠦᠰᠦᠭ᠌ᠰᠡᠨ ᠭᠠᠵᠠᠷ᠎ᠤᠨ ᠲᠣᠭ᠎ᠠ ᠪᠦᠷᠢᠳᠭᠡᠯ᠎ᠦᠨ ᠥᠭᠡᠷᠡᠴᠢᠯᠡᠯᠲᠡ᠎ᠶ᠋ᠢ ᠠᠬᠢᠭᠤᠯᠤᠨ᠎ᠠ᠃ ᠭᠠᠢᠯᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠮᠥᠩᠭᠥᠨ ᠭᠦᠶ᠋ᠯᠭᠡᠭᠡᠨ᠎ᠦ ᠪᠣᠳᠠᠲᠤ ᠴᠣᠭ᠍ᠴᠠ᠎ᠶ᠋ᠢᠨ ᠠᠵᠤ ᠠᠬᠤᠶ ᠪᠠ ᠨᠡᠢᠭᠡᠮ ᠠᠷᠠᠳ᠎ᠤᠨ ᠠᠮᠢᠳᠤᠷᠠᠯ᠎ᠳᠤ ᠦᠶ᠋ᠯᠡᠴᠢᠯᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠶ᠋ᠯᠭᠡᠭᠡᠨ᠂ ᠪᠤᠬᠢᠷᠳᠤᠯ ᠦᠭᠡᠢ ᠮᠥᠩᠭᠥᠨ ᠭᠦᠶ᠋ᠯᠭᠡᠭᠡᠨ᠂ ᠲᠦᠭᠡᠮᠡᠯ ᠬᠠᠷᠠᠭᠠᠯᠵᠠᠯᠳᠤ ᠮᠥᠩᠭᠥᠨ ᠭᠦᠶ᠋ᠯᠭᠡᠭᠡᠨ᠂ ᠨᠠᠰᠤᠵᠢᠯ᠎ᠤᠨ ᠠᠰᠠᠷᠠᠮᠵᠢ᠎ᠶᠢᠨ ᠮᠥᠩᠭᠥᠨ ᠭᠦᠶ᠋ᠯᠭᠡᠭᠡᠨ᠂ ᠲᠣᠭᠠᠴᠢᠯᠠᠭ᠍ᠰᠠᠨ ᠮᠥᠩᠭᠥᠨ ᠭᠦᠶ᠋ᠯᠭᠡᠭᠡ᠎ᠨᠢ ᠶᠡᠬᠡ᠎ᠪᠠᠷ ᠬᠥᠭ᠌ᠵᠢᠭᠦᠯᠦᠨ᠎ᠡ᠃ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢᠨ ᠱᠢᠰᠲ᠋ᠧᠮ᠎ᠢ ᠱᠢᠯᠢᠳᠡᠭ᠌ᠵᠢᠭᠦᠯᠵᠦ᠍᠂ ᠣᠷᠣᠨ ᠨᠤᠲᠤᠭ᠎ᠤᠨ ᠬᠠᠤᠯᠢ᠎ᠶ᠋ᠢᠨ ᠬᠥᠮᠦᠨ᠎ᠦ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢᠨ ᠯᠠᠪᠳᠠᠭᠤᠨ᠎ᠢᠶᠠᠷ ᠬᠥᠭ᠌ᠵᠢᠬᠦ᠌᠎ᠶ᠋ᠢ ᠳᠡᠮᠵᠢᠨ ᠵᠣᠷᠢᠭ᠍ᠵᠢᠭᠤᠯᠤᠨ᠎ᠠ᠃ ᠰᠲ᠋ᠣᠺ᠎ᠤᠨ ᠡᠷᠬᠡ᠂ ᠵᠢᠭᠡᠯᠡᠯᠭᠡ᠎ᠶ᠋ᠢᠨ ᠲᠡᠮᠳᠡᠭ᠌ᠲᠦ ᠵᠡᠷᠭᠡ ᠱᠢᠭᠤᠳ ᠪᠡᠯᠡ ᠬᠤᠷᠠᠮᠳᠤᠭᠤᠯᠬᠤ᠎ᠶ᠋ᠢ ᠢᠳᠡᠪᠬᠢᠲᠡᠢ ᠬᠥᠭ᠌ᠵᠢᠭᠦᠯᠵᠦ᠍᠂ ᠬᠤᠭᠤᠴᠠᠭᠠᠲᠤ ᠪᠠᠷᠠᠭ᠎ᠠ᠂ ᠡᠭᠦᠰᠦᠮᠡᠯ ᠪᠦᠲᠦᠭᠡᠭ᠌ᠳᠡᠬᠦᠨ ᠪᠠ ᠡᠳ᠋ ᠬᠦᠷᠦᠨᠭ᠌ᠭᠡ᠎ᠶ᠋ᠢ ᠦᠨᠡᠲᠦ ᠲᠡᠮᠳᠡᠭ᠌ᠴᠢᠯᠡᠬᠦ᠌ ᠶᠠᠪᠤᠳᠠᠯ᠎ᠢ ᠯᠠᠪᠳᠠᠭᠤᠨ᠎ᠢᠶᠠᠷ ᠬᠥᠭ᠌ᠵᠢᠭᠦᠯᠦᠨ᠎ᠡ᠃ ᠠᠵᠤ ᠠᠬᠤᠢᠯᠠᠯ᠎ᠤᠨ ᠰᠲ᠋ᠤᠺ᠎ᠢᠶᠡᠨ ᠵᠠᠬ᠎ᠠ ᠳᠡᠯᠭᠡᠭᠦᠷ᠎ᠲᠦ ᠭᠠᠷᠭᠠᠬᠤ 《ᠲᠢᠶᠠᠨ ᠵᠢᠶᠦ᠋ᠨ ᠲᠥᠯᠥᠪᠯᠡᠭᠡ》᠎ᠶᠢ ᠭᠦᠨᠵᠡᠭᠡᠶ ᠬᠡᠷᠡᠭ᠌ᠵᠢᠭᠦᠯᠦᠨ᠎ᠡ᠃
ᠠᠷᠪᠠᠨ ᠬᠣᠶᠠᠷ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠭᠤᠯᠤᠯᠳᠠ᠎ᠵᠢ ᠱᠢᠯᠢᠳᠡᠭ᠌ᠵᠢᠭᠦᠯᠵᠦ᠍᠂ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠤᠨ᠎ᠠ
ᠨᠠᠷᠢᠨ ᠤᠷᠲᠤ ᠬᠡᠯᠪᠡᠷᠢ᠎ᠪᠠᠷ ᠰᠤᠨᠤᠯᠵᠠᠬᠰᠠᠨ ᠪᠦᠬᠡᠳ ᠥᠷᠭᠡᠨ ᠳᠡᠨᠢᠭᠡᠷ᠂ ᠭᠠᠵᠠᠷ ᠠᠭᠤᠳᠠᠮ ᠬᠥᠮᠦᠨ ᠴᠥᠭᠡᠨ᠂ ᠦᠢᠯᠡᠳᠪᠦᠷᠢᠯᠡᠯ᠎ᠦᠨ ᠡᠯᠧᠮᠧᠨ᠋ᠲ ᠲᠠᠷᠠᠬᠠᠢ ᠪᠤᠲᠠᠷᠬᠠᠢ ᠪᠠᠢᠬᠤ ᠪᠣᠳᠠᠲᠤ ᠪᠠᠢᠳᠠᠯ᠎ᠳᠤ ᠰᠠᠭᠤᠷᠢᠯᠠᠨ᠂ ᠤᠯᠤᠰ᠎ᠤᠨ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠂ ᠣᠷᠣᠨ ᠪᠦᠰᠡ᠎ᠶ᠋ᠢᠨ ᠴᠢᠬᠤᠯᠠ ᠶᠡᠬᠡ ᠪᠠᠢᠯᠳᠤᠬᠤ ᠪᠤᠳᠤᠯᠭ᠎ᠠ᠂ ᠭᠤᠤᠯ ᠴᠣᠭ᠍ᠴᠠ᠎ᠶ᠋ᠢᠨ ᠴᠢᠳᠠᠮᠵᠢᠲᠤ ᠣᠷᠣᠨ᠎ᠤ ᠪᠠᠢᠯᠳᠤᠬᠤ ᠪᠤᠳᠤᠯᠭ᠎ᠠ᠂ ᠱᠢᠨ᠎ᠡ ᠮᠠᠶᠢᠭ᠎ᠤᠨ ᠬᠤᠲᠠ ᠪᠠᠯᠭᠠᠰᠤᠵᠢᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢ ᠨᠠᠢᠳᠠᠪᠤᠷᠢᠵᠢᠭᠤᠯᠵᠤ᠂ ᠳᠠᠪᠠᠭᠤᠯᠢᠭ ᠲᠠᠯ᠎ᠠ᠎ᠪᠠᠷ᠎ᠢᠶᠠᠨ ᠬᠠᠷᠢᠯᠴᠠᠨ ᠨᠥᠬᠥᠪᠥᠷᠢᠯᠡᠭ᠌ᠰᠡᠨ᠂ ᠴᠢᠨᠠᠷ ᠰᠠᠢᠲᠠᠢ ᠬᠥᠭ᠌ᠵᠢᠭ᠌ᠰᠡᠨ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠭᠤᠯᠤᠯᠳᠠ ᠪᠠ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠎ᠶ᠋ᠢᠨ ᠱᠢᠰᠲ᠋ᠧᠮ᠎ᠢ ᠪᠠᠢᠭᠤᠯᠵᠤ᠂ ᠬᠥᠭ᠌ᠵᠢᠯᠲᠡ᠎ᠶ᠋ᠢᠨ ᠪᠦᠬᠦᠯᠢ ᠴᠣᠭ᠍ᠴᠠᠲᠤ ᠴᠢᠨᠠᠷ ᠵᠣᠬᠢᠴᠠᠩᠭᠤᠢ ᠴᠢᠨᠠᠷ᠎ᠢ ᠴᠢᠩᠭᠠᠳᠭᠠᠨ᠎ᠠ᠃
(42)ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠎ᠶ᠋ᠢᠨ ᠬᠥᠭ᠌ᠵᠢᠯᠲᠡ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠦᠨ᠎ᠡ᠃ ᠭᠤᠤᠯ ᠴᠣᠭ᠍ᠴᠠ᠎ᠶ᠋ᠢᠨ ᠴᠢᠳᠠᠮᠵᠢᠲᠤ ᠣᠷᠣᠨ᠎ᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠡᠯ᠎ᠡ ᠭᠠᠵᠠᠷ ᠣᠷᠣᠨ᠎ᠤ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ ᠪᠠ ᠭᠤᠤᠯ ᠱᠢᠪᠲᠤᠯᠬᠤ ᠴᠢᠭ᠌ᠯᠡᠯ᠎ᠢ ᠳᠣᠪᠣᠢᠯᠭᠠᠨ᠂ ᠬᠣᠲᠠᠴᠢᠯᠠᠭ᠍ᠰᠠᠨ ᠭᠠᠵᠠᠷ ᠣᠷᠣᠨ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠭᠤᠤᠯ ᠭᠠᠷᠤᠯᠲᠠ᠎ᠶ᠋ᠢᠨ ᠣᠷᠣᠨ᠂ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠴᠢᠳᠠᠮᠵᠢᠲᠤ ᠣᠷᠣᠨ᠎ᠤ ᠪᠠᠢᠷᠢᠱᠢᠯ᠎ᠢ ᠶᠡᠷᠦᠩᠬᠡᠶ᠎ᠳᠡᠭᠡᠨ ᠲᠣᠭ᠍ᠲᠠᠭᠤᠨ ᠪᠠᠢᠯᠭᠠᠬᠤ᠎ᠶ᠋ᠢ ᠪᠠᠲᠤᠯᠠᠵᠤ᠂ ᠤᠨᠴᠠᠭᠠᠢ ᠴᠢᠳᠠᠮᠵᠢᠲᠤ ᠣᠷᠣᠨ᠎ᠢ ᠨᠠᠷᠢᠯᠢᠬ᠍ᠵᠢᠭᠤᠯᠤᠨ ᠲᠣᠳᠣᠷᠬᠠᠢᠯᠠᠵᠤ᠂ ᠵᠦᠷᠢᠶᠡᠴᠢᠯᠡᠭ᠌ᠰᠡᠨ ᠲᠥᠷᠥ᠎ᠶ᠋ᠢᠨ ᠪᠣᠳᠣᠯᠭᠠᠠᠷᠭᠠ ᠬᠡᠮᠵᠢᠶ᠎ᠡ᠎ᠶ᠋ᠢ ᠢᠵᠢ ᠪᠦᠷᠢᠳᠦᠬᠦᠯᠦᠨ ᠬᠡᠷᠡᠭ᠌ᠵᠢᠭᠦᠯᠦᠨ᠎ᠡ᠃ 《ᠣᠯᠠᠨ ᠲᠥᠯᠥᠪᠵᠢᠭᠦᠯᠭᠡ᠎ᠶ᠋ᠢ ᠨᠢᠭᠡᠳᠭᠡᠬᠦ᠌》ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠱᠢᠰᠲ᠋ᠧᠮ᠎ᠢ ᠪᠦᠷᠢᠨᠱᠢᠭᠦᠯᠵᠦ᠍᠂ ᠲᠠᠷᠢᠶᠠᠨ ᠭᠠᠵᠠᠷ ᠪᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠬᠣᠲᠠ ᠪᠠᠯᠭᠠᠰᠤᠨ᠎ᠤ ᠨᠡᠭᠡᠭᠡᠨ ᠬᠥᠭ᠌ᠵᠢᠭᠦᠯᠦᠯᠲᠡ᠎ᠶ᠋ᠢᠨ ᠵᠠᠭᠠᠭ ᠬᠢᠵᠠᠭᠠᠷ ᠵᠡᠷᠭᠡ ᠬᠢᠵᠠᠭᠠᠷᠯᠠᠬᠤ ᠱᠤᠭᠤᠮ᠎ᠢ ᠨᠠᠢᠳᠠᠪᠤᠷᠢᠵᠢᠭᠤᠯᠤᠨ᠎ᠠ᠃ ᠲᠠᠷᠢᠶᠠᠨ ᠭᠠᠵᠠᠷ᠂ ᠣᠢᠲᠤ ᠭᠠᠵᠠᠷ᠂ ᠨᠤᠲᠤᠭ ᠪᠡᠯᠴᠢᠭᠡᠷ᠎ᠦᠨ ᠡᠷᠬᠡ᠎ᠶ᠋ᠢᠨ ᠬᠠᠷᠢᠶᠠᠯᠠᠯ ᠰᠣᠯᠪᠢᠴᠠᠨ ᠳᠠᠪᠬᠤᠴᠠᠭ᠍ᠰᠠᠨ ᠪᠠ 《ᠨᠢᠭᠡ ᠭᠠᠵᠠᠷ ᠣᠯᠠᠨ ᠦᠨᠡᠮᠯᠡᠯ᠎ᠲᠡᠶ ᠪᠠᠢᠬᠤ》 ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠠᠬᠢᠭᠤᠯᠤᠨ᠎ᠠ᠃ ᠣᠷᠣᠨ ᠪᠠ ᠲᠥᠷᠥᠯ ᠬᠤᠪᠢᠶᠠᠵᠤ ᠵᠦᠷᠢᠶᠡᠴᠢᠯᠡᠭ᠌ᠰᠡᠨ᠂ ᠨᠠᠷᠢᠯᠢᠬ᠍ᠵᠢᠭᠤᠯᠤᠭ᠍ᠰᠠᠨ ᠬᠡᠷᠡᠭ᠌ᠴᠡᠭᠡ᠎ᠶ᠋ᠢᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠪᠥᠬᠥ᠌ ᠣᠷᠣᠨ ᠪᠦᠰᠡ ᠪᠥᠬᠥ᠌ ᠲᠥᠷᠥᠯ ᠬᠡᠯᠪᠡᠷᠢ᠎ᠶ᠋ᠢ ᠬᠠᠮᠤᠷᠤᠭ᠍ᠰᠠᠨ᠂ ᠨᠢᠭᠡᠳᠦᠯᠲᠡᠶ ᠵᠣᠯᠭᠠᠯᠴᠠᠭ᠍ᠰᠠᠨ ᠤᠯᠤᠰ᠎ᠤᠨ ᠨᠤᠳᠤᠭ ᠲᠡᠪᠢᠰᠬᠡᠷ᠎ᠤᠨ ᠣᠷᠣᠨ ᠵᠠᠶ᠎ᠶ᠋ᠢᠨ ᠬᠡᠷᠡᠭ᠌ᠴᠡᠭᠡ᠎ᠶ᠋ᠢᠨ ᠬᠠᠮᠢᠶᠠᠷᠤᠯᠲᠠ ᠪᠠ ᠲᠥᠯᠥᠪᠵᠢᠭᠦᠯᠭᠡ᠎ᠶ᠋ᠢᠨ ᠵᠥᠪᠱᠢᠶᠡᠷᠡᠯ᠎ᠦᠨ ᠲᠦᠷᠢᠮ᠎ᠢ ᠲᠡᠭᠦᠯᠳᠡᠷᠵᠢᠭᠦᠯᠦᠨ᠎ᠡ᠃ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠎ᠶ᠋ᠢ ᠨᠡᠭᠡᠭᠡᠨ ᠠᠱᠢᠭ᠍ᠯᠠᠬᠤ ᠲᠣᠬᠢᠷᠠᠮᠵᠢᠲᠠᠢ ᠴᠢᠨᠠᠷ᠎ᠢ ᠦᠨᠡᠯᠡᠬᠦ᠌ ᠵᠢᠴᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠠᠵᠢᠯ᠎ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠥᠷᠨᠢᠭᠦᠯᠵᠦ᠍᠂ ᠭᠤᠤᠯ ᠴᠣᠭ᠍ᠴᠠ᠎ᠶ᠋ᠢᠨ ᠴᠢᠳᠠᠮᠵᠢᠳᠤ ᠣᠷᠣᠨ᠎ᠢ ᠦᠨᠡᠯᠡᠨ ᠵᠢᠱ᠌ᠢᠬᠦ᠌ ᠪᠠ ᠬᠥᠳᠡᠯᠦᠩᠭᠦᠢ᠎ᠪᠡᠷ ᠲᠤᠬᠢᠷᠠᠭᠤᠯᠤᠯᠳᠠ ᠬᠢᠬᠦ ᠲᠣᠭ᠍ᠲᠠᠴᠠ᠎ᠶ᠋ᠢ ᠪᠠᠢᠭᠤᠯᠤᠨ᠎ᠠ᠃
(43) ᠵᠡᠭᠦᠨ ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠤᠨ᠎ᠠ᠃ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠲᠦᠷᠭᠡᠳᠭᠡᠨ ᠠᠬᠢᠭᠤᠯᠵᠤ᠂ ᠠᠮᠢ ᠠᠬᠤᠶ᠎ᠶ᠋ᠢᠨ ᠳᠠᠪᠠᠭᠤᠯᠢᠭ᠎ᠢ ᠤᠯᠠᠮ ᠪᠡᠬᠢᠵᠢᠭᠦᠯᠦᠨ᠂ ᠠᠮᠢ ᠠᠬᠤᠶ᠎ᠶ᠋ᠢᠨ ᠥᠷᠲᠡᠭ᠎ᠢ ᠤᠨᠳᠤᠤᠰᠢᠭᠤᠯᠬᠤ᠎ᠶ᠋ᠢ ᠴᠢᠩᠭᠠᠳᠭᠠᠵᠤ᠂ ᠮᠠᠯ ᠠᠵᠤ ᠠᠬᠤᠶ ᠲᠠᠷᠢᠶᠠᠯᠠᠩ᠎ᠤᠨ ᠲᠣᠮᠣ ᠠᠵᠤ ᠦᠶ᠋ᠯᠡᠰ᠎ᠢ ᠬᠢᠵᠤ ᠪᠦᠳᠦᠬᠡᠬᠦ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢ ᠬᠥᠭ᠌ᠵᠢᠭᠦᠯᠬᠦ᠌᠂ ᠣᠨᠴᠠᠯᠢᠭ᠍ᠲᠤ ᠠᠵᠤ ᠦᠶ᠋ᠯᠡᠳᠪᠦᠷᠢ᠎ᠶ᠋ᠢᠨ ᠱᠢᠰᠲ᠋ᠧᠮ᠎ᠢ ᠪᠣᠢᠵᠢᠭᠤᠯᠬᠤ᠂ ᠥᠷᠭᠡᠨ ᠬᠡᠪᠴᠢᠶᠡᠨ᠎ᠦ ᠪᠣᠭᠣᠮᠲᠠ᠎ᠶ᠋ᠢᠨ ᠠᠵᠤ ᠠᠬᠤᠶ᠎ᠶ᠋ᠢ ᠬᠥᠭ᠌ᠵᠢᠭᠦᠯᠬᠦ᠌ ᠵᠡᠷᠭᠡ᠎ᠶ᠋ᠢᠨ ᠲᠣᠭᠣᠷᠢᠨ᠎ᠳᠤ ᠦᠷᠭᠦᠯᠵᠢᠯᠡᠨ ᠬᠦᠴᠦᠯᠡᠵᠦ᠍᠂ ᠵᠠᠮ ᠬᠠᠷᠢᠯᠴᠠᠭ᠎ᠠ᠂ ᠪᠠᠷᠠᠭᠠᠨ᠎ᠤ ᠭᠦᠶ᠋ᠯᠭᠡᠭᠡ ᠵᠡᠷᠭᠡ ᠰᠠᠭᠤᠷᠢ ᠳᠦᠬᠦᠭᠡᠷᠦᠮᠵᠢ᠎ᠶ᠋ᠢᠨ ᠳᠤᠲᠠᠭᠤᠳᠠᠯ᠎ᠢ ᠲᠦᠷᠭᠡᠳᠭᠡᠨ ᠨᠥᠬᠥᠪᠥᠷᠢᠯᠡᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠲᠠᠯ᠎ᠠ᠎ᠪᠠᠷ ᠱᠢᠨ᠎ᠡ ᠱᠢᠪᠲᠤᠯᠤᠯᠲᠠ᠎ᠲᠠᠶ ᠪᠣᠯᠭᠠᠨ᠎ᠠ᠃ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠰᠠᠭᠤᠷᠢ ᠳᠦᠬᠦᠭᠡᠷᠦᠮᠵᠢ᠎ᠶ᠋ᠢᠨ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠂ ᠣᠯᠠᠨ ᠨᠡᠢᠲᠡ᠎ᠶ᠋ᠢᠨ ᠡᠬᠢ ᠪᠠᠶᠠᠯᠢᠭ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠵᠠᠩᠭᠢᠯᠠᠭ᠎ᠠ᠎ᠶ᠋ᠢᠨ ᠮᠡᠷᠭᠡᠵᠢᠯ᠎ᠢ ᠬᠠᠮᠲᠤᠷᠠᠨ ᠪᠣᠭᠣᠮᠲᠠ ᠱᠢᠪᠲᠤᠯᠬᠤ᠂ ᠠᠮᠢ ᠠᠬᠤᠶ ᠣᠷᠴᠢᠨ ᠲᠣᠭᠣᠷᠢᠨ᠎ᠢ ᠬᠠᠮᠵᠢᠯᠴᠠᠨ ᠬᠠᠮᠠᠭᠠᠯᠠᠬᠤ᠂ ᠭᠣᠣᠯᠳᠠᠯᠭ᠎ᠠ᠎ᠲᠠᠶ ᠠᠵᠤ ᠦᠢᠯᠡᠰ᠎ᠢ ᠬᠦᠭᠵᠢᠬᠦᠯᠬᠦ᠎ᠳᠤ ᠠᠵᠢᠯ ᠬᠤᠪᠢᠶᠠᠷᠢᠯᠠᠨ ᠬᠠᠮᠵᠢᠯᠴᠠᠬᠤ᠎ᠶ᠋ᠢ ᠴᠢᠩᠭᠠᠳᠭᠠᠨ᠂ ᠱᠢᠨ᠎ᠡ ᠡᠨᠧᠷᠭᠢ᠂ ᠬᠣᠪᠣᠷ ᠱᠢᠷᠣᠶ᠂ ᠱᠢᠨ᠎ᠡ ᠬᠡᠯᠪᠡᠷᠢ᠎ᠶ᠋ᠢᠨ ᠬᠢᠮᠢ᠎ᠶ᠋ᠢᠨ ᠠᠵᠤ ᠦᠢᠯᠡᠳᠪᠦᠷᠢ᠂ ᠲᠡᠷᠢᠭᠦᠨ᠎ᠦ ᠪᠣᠬᠢᠷᠲᠤᠯ ᠦᠭᠡᠶ ᠡᠨ᠋ᠸᠷᠬᠢ᠎ᠶᠢᠨ ᠬᠤᠷᠤᠬᠳᠠᠭᠤᠯᠤᠯ ᠨᠢᠬᠳᠠᠷᠠᠬᠰᠠᠨ ᠠᠵᠤ ᠦᠢᠯᠡᠰ᠂ ᠬᠠᠭᠠᠰ ᠳᠠᠮᠵᠢᠭᠤᠯᠤᠭ᠍ᠴᠢ᠎ᠶᠢᠨ ᠴᠠᠬᠢᠭᠤᠷ᠎ᠲᠦ ᠰᠠᠭᠤᠷᠢᠯᠠᠭᠰᠠᠨ ᠮᠠᠲ᠋ᠧᠷᠢᠶᠠᠯ᠂ ᠣᠨᠴᠠᠯᠢᠭ᠍ᠲᠤ ᠮᠠᠯ ᠠᠵᠤ ᠠᠬᠤᠶ ᠲᠠᠷᠢᠶᠠᠯᠠᠩ᠂ ᠠᠮᠢᠳᠤ ᠪᠣᠳᠠᠰ᠎ᠤᠨ ᠡᠮ ᠡᠮᠨᠡᠯᠭᠡ᠂ ᠪᠣᠳᠣᠯᠳᠠ᠎ᠶᠢᠨ ᠬᠦᠴᠦᠨ᠎ᠤ ᠠᠵᠤ ᠠᠬᠤᠶ᠂ ᠤᠢᠷ᠎ᠠ ᠤᠭᠳᠠᠷᠭᠤᠢ᠎ᠶᠢᠨ ᠠᠵᠤ ᠠᠬᠤᠶ ᠵᠡᠷᠭᠡ ᠠᠵᠤ ᠦᠢᠯᠡᠰ᠎ᠢ ᠱᠢᠯᠢᠳᠡᠭ᠌ᠵᠢᠭᠦᠯᠦᠨ ᠬᠦᠴᠦᠷᠬᠡᠭ᠌ᠵᠢᠭᠦᠯᠵᠦ᠍᠂ ᠨᠡᠩ ᠢᠯᠡᠭᠦᠦ ᠥᠷᠢᠰᠥᠯᠳᠦᠬᠦ᠌ ᠬᠦᠴᠦᠨ ᠪᠦᠬᠦᠢ ᠨᠡᠮᠡᠭ᠌ᠳᠡᠯ᠎ᠦᠨ ᠲᠤᠢᠯ᠎ᠢ ᠪᠤᠶ ᠪᠣᠯᠭᠠᠨ᠎ᠠ᠃ ᠪᠠᠷᠠᠭᠤᠨ ᠬᠡᠰᠡᠭ᠎ᠦᠨ ᠠᠢᠮᠠᠭ ᠬᠣᠲᠠ᠎ᠶ᠋ᠢᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠥᠯᠯᠡᠷᠬᠡᠭ᠌ᠵᠢᠯᠢ ᠵᠠᠰᠠᠬᠤ᠎ᠶ᠋ᠢ ᠠᠬᠢᠭᠤᠯᠵᠤ᠂ ᠴᠢᠬᠤᠯᠠ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠨ ᠰᠡᠷᠭᠦᠭᠡᠬᠦ᠌ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠦᠨ᠂ ᠮᠠᠯ ᠠᠵᠤ ᠠᠬᠤᠶ ᠲᠠᠷᠢᠶᠠᠯᠠᠩ᠂ ᠦᠢᠯᠡᠳᠬᠦ᠌ ᠦᠢᠯᠡᠰ᠂ ᠱᠢᠨ᠎ᠡ ᠡᠨᠧᠷᠭᠢ ᠵᠡᠷᠭᠡ ᠳᠠᠪᠠᠭᠤᠯᠢᠭ ᠠᠵᠤ ᠦᠢᠯᠡᠰ᠎ᠦᠨ ᠣᠳᠣᠬᠢᠴᠢᠯᠠᠯᠲᠠ᠎ᠶ᠋ᠢᠨ ᠬᠢᠷᠢ ᠲᠦᠪᠰᠢᠨ᠎ᠢ ᠳᠡᠭᠡᠭ᠌ᠰᠢᠯᠡᠭᠦᠯᠵᠦ᠍᠂ ᠰᠠᠭᠤᠷᠢ ᠳᠦᠬᠦᠭᠡᠷᠦᠮᠵᠢ᠎ᠶ᠋ᠢᠨ ᠲᠤᠯᠭᠠᠭᠤᠷᠢᠯᠠᠯ᠎ᠢ ᠴᠢᠩᠭᠠᠳᠬᠠᠨ᠂ ᠣᠷᠣᠨ ᠪᠦᠰᠡ᠎ᠶ᠋ᠢᠨ ᠪᠦᠬᠦᠯᠢ ᠴᠣᠭ᠍ᠴᠠ᠎ᠶ᠋ᠢᠨ ᠪᠣᠳᠠᠲᠤ ᠬᠦᠴᠦᠨ ᠪᠠ ᠦᠷᠭᠦᠯᠵᠢᠯᠡᠨ ᠬᠥᠭ᠌ᠵᠢᠬᠦ᠌ ᠴᠢᠳᠠᠪᠤᠷᠢ᠎ᠶ᠋ᠢ ᠴᠢᠩᠭᠠᠷᠠᠭᠤᠯᠤᠨ᠎ᠠ᠃ ᠪᠤᠭᠤᠲᠤ᠎ᠶ᠋ᠢᠨ ᠬᠠᠭᠤᠴᠢᠨ ᠠᠵᠤ ᠦᠶ᠋ᠯᠡᠳᠪᠦᠷᠢ᠎ᠶ᠋ᠢᠨ ᠰᠠᠭᠤᠷᠢᠨ᠂ ᠦᠬᠠᠶ᠎ᠶ᠋ᠢᠨ ᠡᠬᠢ ᠪᠠᠶᠠᠯᠢᠭ ᠱᠢᠪᠬᠠᠷᠤᠭ᠍ᠰᠠᠨ ᠬᠡᠯᠪᠡᠷᠢ᠎ᠶ᠋ᠢᠨ ᠬᠣᠲᠠ᠎ᠶ᠋ᠢᠨ ᠪᠣᠬᠢᠷᠲᠤᠯ ᠥᠬᠡᠶ ᠳᠡᠢᠰᠢ ᠬᠡᠯᠪᠡᠷᠢ᠎ᠪᠡᠨ ᠬᠤᠪᠢᠷᠠᠭᠤᠯᠤᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠳᠡᠮᠵᠢᠨ᠎ᠡ᠃ ᠡᠯ᠎ᠡ ᠭᠠᠵᠠᠷᠤᠨᠬᠢᠨᠦ ᠬᠠᠷᠢᠴᠠᠩᠭᠤᠢ ᠳᠠᠪᠠᠭᠤᠯᠢᠭ᠎ᠢᠶᠠᠨ ᠪᠠᠳᠠᠷᠠᠭᠤᠯᠵᠤ᠂ ᠲᠣᠰ ᠲᠣᠰ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠬᠤ᠎ᠶ᠋ᠢ ᠵᠣᠷᠢᠭ᠍ᠵᠢᠭᠤᠯᠤᠨ᠎ᠠ᠃
(44) ᠬᠥᠮᠦᠨ᠎ᠢᠶᠡᠷ ᠦᠨᠳᠦᠰᠦ ᠪᠣᠯᠭᠠᠭ᠍ᠰᠠᠨ ᠱᠢᠨ᠎ᠡ ᠮᠠᠶᠢᠭ᠎ᠤᠨ ᠬᠤᠳᠠ ᠪᠠᠯᠭᠠᠰᠤᠵᠢᠯᠳᠠ᠎ᠶᠢ ᠭᠦᠨᠵᠡᠭᠡᠢ ᠠᠬᠢᠭᠤᠯᠤᠨ᠎ᠠ᠃ ᠬᠦᠳᠡᠭᠡ᠎ᠡᠴᠡ ᠱᠢᠯᠵᠢᠭ᠌ᠰᠡᠨ ᠬᠥᠮᠦᠨ ᠠᠮᠠ᠎ᠶ᠋ᠢ ᠬᠣᠲᠠ᠎ᠶ᠋ᠢᠨ ᠠᠷᠠᠳ ᠪᠣᠯᠭᠠᠬᠤ ᠶᠠᠪᠤᠳᠠᠯ᠎ᠢ ᠱᠢᠨᠵᠢᠯᠡᠬᠦ᠌ ᠤᠬᠠᠭᠠᠨᠴᠢ ᠪᠥᠭᠡᠳ ᠡᠮᠬᠢ ᠵᠢᠷᠤᠮᠲᠠᠶᠠᠬᠢᠭᠤᠯᠵᠤ᠂ ᠪᠠᠢᠩᠭᠤ ᠰᠠᠭᠤᠭ᠎ᠠ ᠭᠠᠵᠠᠷ᠎ᠲᠤᠨᠢ ᠡᠷᠦᠬᠡ ᠠᠮᠠ᠎ᠶᠢ ᠲᠡᠮᠳᠡᠭ᠌ᠯᠡᠨ ᠳᠠᠩᠰᠠᠯᠠᠵᠤ ᠣᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ ᠬᠠᠩᠭᠠᠬᠤ ᠳᠦᠷᠢᠮ᠎ᠢ ᠶᠠᠪᠤᠭᠤᠯᠤᠨ᠎ᠠ᠃ ᠣᠷᠣᠨ ᠪᠦᠰᠡ᠎ᠶ᠋ᠢᠨ ᠴᠢᠨᠠᠷᠲᠠᠶ ᠲᠥᠪ ᠬᠣᠲᠠ ᠪᠣᠯᠤᠨ ᠠᠢᠮᠠᠭ ᠬᠣᠲᠠ᠎ᠶ᠋ᠢᠨ ᠵᠠᠰᠠᠭ᠎ᠤᠨ ᠣᠷᠳᠣᠨ (ᠵᠠᠬᠢᠷᠭ᠎ᠠ) ᠤ᠋ ᠪᠠᠢᠭ᠎ᠠ ᠭᠠᠵᠠᠷ᠎ᠤᠨ ᠳᠠᠭᠠᠭᠠᠬᠤ ᠴᠢᠳᠠᠮᠵᠢ᠎ᠶ᠋ᠢ ᠲᠡᠭᠦᠯᠳᠡᠷᠵᠢᠭᠦᠯᠦᠨ᠂ ᠱᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭᠠᠭ᠍ᠰᠠᠨ ᠬᠣᠲᠠ ᠪᠠᠯᠭᠠᠰᠤᠵᠢᠯᠳᠠ᠎ᠶᠢᠨ ᠪᠦᠲᠦᠭᠡᠨ ᠪᠠᠢᠭᠤᠯᠤᠯᠲᠠ᠎ᠶ᠋ᠢ ᠲᠥᠷᠥᠯ ᠬᠤᠪᠢᠶᠠᠨ ᠠᠬᠢᠭᠤᠯᠤᠨ᠎ᠠ᠃ ᠬᠥᠬᠡᠬᠣᠲᠠ᠎ᠶ᠋ᠢᠨ ᠬᠣᠲᠠ᠎ᠶ᠋ᠢᠨ ᠲᠣᠭᠣᠷᠢᠭ᠎ᠢ ᠪᠥᠲᠥᠭᠡᠨ ᠪᠠᠢᠭᠤᠯᠤᠨ᠎ᠠ᠃ ᠬᠢᠯᠢ᠎ᠶ᠋ᠢᠨ ᠬᠣᠲᠠ ᠪᠠᠯᠭᠠᠰᠤ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠦᠪᠰᠢᠨ᠎ᠢ ᠳᠡᠭᠡᠭ᠌ᠰᠢᠯᠡᠭᠦᠯᠦᠨ᠎ᠡ᠃ ᠬᠣᠲᠠ᠎ᠶ᠋ᠢᠨ ᠠᠭᠤᠯᠤᠭ᠍ᠳᠠᠬᠤᠨ᠎ᠤ ᠮᠠᠶᠢᠭ᠎ᠤᠨ ᠬᠥᠭ᠌ᠵᠢᠯᠲᠡ᠎ᠶ᠋ᠢ ᠪᠠᠷᠢᠮᠲᠠᠯᠠᠵᠤ᠂ ᠬᠣᠲᠠ᠎ᠶ᠋ᠢ ᠱᠢᠨᠡᠳᠬᠡᠬᠦ᠎ᠶ᠋ᠢ ᠶᠡᠬᠡᠪᠡᠷ ᠬᠡᠷᠡᠭ᠌ᠵᠢᠭᠦᠯᠵᠦ᠍᠂ ᠱᠢᠨ᠎ᠡ᠎ᠶ᠋ᠢ ᠡᠭᠦᠳᠦᠭᠰᠡᠨ᠂ ᠣᠷᠣᠱᠢᠨ ᠰᠠᠭᠤᠬᠤ᠎ᠳᠤ ᠲᠣᠬᠢᠷᠠᠮᠵᠢᠲᠠᠶ᠂ ᠦᠵᠡᠰᠭᠦᠯᠡᠩᠲᠦ ᠰᠠᠢᠬᠠᠨ᠂ ᠬᠠᠷᠢᠮᠠᠬᠠᠢ᠂ ᠪᠣᠯᠪᠠᠰᠤᠨ᠂ ᠣᠶᠤᠨᠴᠢ ᠣᠳᠣᠬᠢᠴᠢᠯᠠᠭ᠍ᠰᠠᠨ ᠠᠷᠠᠳ ᠲᠦᠮᠡᠨ᠎ᠤ ᠬᠣᠲᠠ᠎ᠶ᠋ᠢ ᠪᠦᠲᠦᠭᠡᠨ ᠪᠠᠢᠭᠤᠯᠤᠨ᠎ᠠ᠃ ᠬᠤᠳᠠ᠎ᠶ᠋ᠢᠨ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠨ ᠵᠠᠰᠠᠬᠤ ᠠᠵᠢᠯ᠎ᠢ ᠴᠢᠩᠭᠠᠳᠭᠠᠵᠤ᠂ ᠬᠤᠳᠠ᠎ᠶ᠋ᠢᠨ ᠦᠶᠡᠷ᠎ᠢ ᠰᠡᠷᠭᠡᠢᠯᠡᠬᠦ᠌ ᠱᠢᠰᠲ᠋ᠧᠮ ᠪᠠ ᠤᠰᠤᠲᠤᠯ᠎ᠢ ᠵᠠᠰᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ᠎ᠡ᠃ ᠬᠣᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠬᠥᠮᠦᠨ ᠠᠮᠠ᠎ᠶ᠋ᠢᠨ ᠬᠤᠪᠢᠷᠠᠯᠲᠠ᠎ᠶ᠋ᠢᠨ ᠬᠠᠨᠳᠤᠰᠢ᠎ᠳᠤ ᠵᠣᠬᠢᠴᠠᠭᠤᠯᠤᠨ᠂ ᠲᠥᠯᠥᠪᠵᠢᠭᠦᠯᠭᠡ᠎ᠶ᠋ᠢᠨ ᠪᠠᠢᠷᠢᠱᠢᠭᠤᠯᠤᠯᠲᠠ᠂ ᠴᠢᠬᠤᠯᠠ ᠡᠯᠧᠮᠧᠨ᠋ᠲ᠎ᠦᠨ ᠲᠣᠬᠢᠷᠠᠭᠤᠯᠤᠯᠲᠠ᠂ ᠠᠵᠤ ᠦᠶ᠋ᠯᠡᠰ᠎ᠦᠨ ᠪᠥᠲᠥᠭᠡᠨ ᠪᠠᠢᠭᠤᠯᠤᠯᠲᠠ᠂ ᠣᠯᠠᠨ ᠨᠡᠢᠲᠡ᠎ᠶ᠋ᠢᠨ ᠦᠶ᠋ᠯᠡᠴᠢᠯᠡᠭᠡ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ᠃
ᠠᠷᠪᠠᠨ ᠭᠤᠷᠪᠠ᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠤᠨ ᠬᠦᠴᠦᠷᠬᠡᠭ ᠣᠷᠣᠨ᠎ᠢ ᠪᠠᠢᠭᠤᠯᠤᠨ᠎ᠠ
ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠡᠬᠢ ᠮᠠᠷᠺᠰ᠎ᠤᠨ ᠦᠵᠡᠯ᠎ᠦᠨ ᠵᠢᠯᠣᠭᠣᠳᠭᠤ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ᠎ᠶ᠋ᠢᠨ ᠪᠣᠯᠪᠠᠰᠤᠨ᠎ᠳᠤ ᠦᠨᠳᠦᠰᠦᠯᠡᠵᠦ᠍᠂ ᠥᠪᠥᠷ ᠮᠣᠩᠭᠣᠯ᠎ᠤᠨ ᠡᠯᠪᠡᠭ ᠪᠠᠶᠠᠯᠢᠭ ᠰᠣᠶᠣᠯ᠎ᠤᠨ ᠡᠬᠢ ᠪᠠᠶᠠᠯᠢᠭ᠎ᠢ ᠰᠠᠢᠲᠤᠷ ᠠᠱᠢᠭ᠍ᠯᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠰᠣᠶᠣᠯ᠎ᠢ ᠬᠥᠭ᠌ᠵᠢᠭᠦᠯᠵᠦ᠍᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠳᠦ ᠬᠦᠴᠦᠷᠬᠡᠭ ᠶᠡᠬᠡ ᠣᠶᠤᠨ᠎ᠤ ᠰᠣᠶᠣᠯ᠎ᠤᠨ ᠲᠤᠯᠭᠠᠭᠤᠷᠢᠯᠠᠯ ᠬᠠᠩᠭᠠᠨ᠎ᠠ᠃
(45) ᠨᠡᠢᠭᠡᠮ ᠵᠢᠷᠤᠮ᠎ᠤᠨ ᠭᠣᠣᠯᠯᠠᠬᠴᠢ ᠦᠷᠳᠡᠭ᠎ᠤᠨ ᠦᠵᠡᠯᠲᠡ᠎ᠶᠢ ᠪᠠᠳᠠᠷᠠᠭᠤᠯᠤᠨ ᠦᠢᠯᠡᠳᠦᠯᠭᠡᠵᠢᠭᠦᠯᠦᠨ᠎ᠡ᠃ ᠨᠠᠮ᠎ᠤᠨ ᠱᠢᠨ᠎ᠡ᠎ᠶᠢ ᠡᠭᠦᠳᠬᠦ᠌ ᠤᠨᠤᠯ᠎ᠤᠨ ᠰᠤᠷᠤᠯᠴᠠᠯᠭ᠎ᠠ ᠪᠠ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠮᠠᠷᠺᠰ᠎ᠤᠨ ᠦᠵᠡᠯ᠎ᠤᠨ ᠤᠨᠤᠯ᠎ᠤᠨ ᠰᠤᠳᠤᠯᠭᠠᠨ ᠪᠠ ᠪᠠᠢᠭᠤᠯᠤᠯᠲᠠ᠎ᠶᠢᠨ ᠢᠨᠵᠧᠨᠧᠷᠢᠩ᠂ ᠨᠠᠮ᠎ᠤᠨ ᠱᠢᠨ᠎ᠡ ᠡᠭᠦᠳᠦᠭᠰᠡᠨ ᠤᠨᠤᠯ᠎ᠤᠨ ᠤᠯᠠᠮᠵᠢᠯᠠᠨ ᠳᠡᠯᠭᠡᠷᠡᠭᠦᠯᠬᠦ᠌ ᠢᠨᠵᠧᠨᠧᠷᠢᠩ᠂ ᠭᠦᠨ ᠤᠬᠠᠭᠠᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠱᠢᠨ᠎ᠡ᠎ᠶᠢ ᠡᠭᠦᠳᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠰᠢ᠎ᠵᠢᠨ᠎ᠫᠢᠩ᠎ᠤᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢ ᠨᠢᠭ᠍ᠲᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠴᠥᠬᠥᠷᠡᠰᠢ ᠦᠭᠡᠢ ᠪᠠᠷᠢᠮᠲᠠᠯᠠᠨ᠎ᠠ᠃ ᠬᠤᠪᠢᠰᠭᠠᠯ᠎ᠤᠨ ᠰᠣᠶᠣᠯ᠂ ᠦᠨᠡᠨᠴᠢ ᠢᠲᠡᠭᠡᠮᠵᠢ᠎ᠶᠢᠨ ᠰᠣᠶᠣᠯ᠂ ᠠᠷᠢᠭᠤᠨ ᠴᠢᠬᠡᠴᠢ᠎ᠶᠢᠨ ᠰᠣᠶᠣᠯ᠎ᠢ ᠪᠠᠳᠠᠷᠠᠭᠤᠯᠵᠤ᠂ ᠰᠤᠶᠤᠯ᠎ᠤᠨ ᠤᠢ ᠤᠬᠠᠭᠠᠨ᠎ᠢ ᠬᠦᠮᠦᠵᠢᠭᠦᠯᠬᠦ᠂ ᠵᠤᠷᠢᠭ ᠰᠠᠨᠠᠭ᠎ᠠ᠎ᠶᠢ ᠪᠠᠳᠤᠳᠬᠠᠬᠤ ᠦᠢᠯᠡᠳᠦᠯ᠎ᠢ ᠪᠠᠳᠠᠷᠠᠭᠤᠯᠤᠨ᠎ᠠ᠃ ᠱᠢᠨ᠎ᠡ ᠴᠠᠭ ᠦᠶ᠎ᠡ᠎ᠶᠢᠨ ᠠᠷᠠᠳ ᠢᠷᠭᠡᠳ᠎ᠤᠨ ᠶᠣᠰᠣ ᠰᠤᠷᠲᠠᠬᠤᠨ᠎ᠤ ᠪᠠᠢᠭᠤᠯᠤᠯᠲᠠ᠎ᠶᠢᠨ ᠢᠨᠵᠧᠨᠧᠷᠢᠩ᠎ᠢ ᠬᠡᠷᠡᠭ᠌ᠵᠢᠭᠦᠯᠵᠦ᠂ ᠦᠵᠡᠯ ᠰᠠᠨᠠᠭ᠎ᠠ ᠤᠯᠤᠰ ᠲᠥᠷᠥ᠎ᠶᠢᠨ ᠠᠵᠢᠯ᠎ᠢ ᠴᠢᠩᠭᠠᠳᠭᠠᠨ ᠰᠠᠢᠵᠢᠷᠠᠭᠤᠯᠤᠨ᠎ᠠ᠃ ᠮᠣᠩᠭᠣᠯ ᠮᠤᠷᠢᠨ᠎ᠤ ᠵᠣᠷᠢᠭ ᠰᠠᠨᠠᠭ᠎ᠠ᠂ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠪᠣᠯᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢᠯᠠᠭᠠᠭ᠍ᠳᠠᠬᠤᠨ᠎ᠢ ᠪᠠᠳᠠᠷᠠᠭᠤᠯᠵᠤ᠂ ᠬᠤᠳᠠ ᠬᠥᠳᠡᠭᠡ᠎ᠶᠢᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠰᠦᠯᠵᠢᠶᠡᠨ᠎ᠤ ᠠᠭᠤᠯᠭ᠎ᠠ᠎ᠶᠢᠨ ᠪᠠᠢᠭᠤᠯᠤᠯᠲᠠ ᠪᠠ ᠬᠠᠮᠢᠶᠠᠷᠤᠯᠲᠠ᠎ᠶᠢ ᠴᠢᠩᠭᠠᠳᠭᠠᠵᠤ᠂ ᠮᠡᠳᠡᠭᠡ ᠵᠠᠩᠭᠢᠴᠢᠯᠠᠯᠲᠠ᠎ᠶᠢᠨ ᠨᠥᠬᠥᠴᠡᠯ ᠳᠣᠣᠷᠠᠬᠢ ᠰᠣᠶᠣᠯ᠎ᠤᠨ ᠬᠦᠷᠢᠶᠡᠨ᠎ᠤ ᠵᠠᠰᠠᠯᠲᠠ᠎ᠶᠢᠨ ᠴᠢᠳᠠᠪᠤᠷᠢ᠎ᠶᠢ ᠳᠡᠭᠡᠭ᠌ᠰᠢᠯᠡᠭᠦᠯᠦᠨ᠎ᠡ᠃
(46)ᠰᠣᠶᠣᠯ᠎ᠤᠨ ᠦᠢᠯᠡᠰ᠎ᠢ ᠶᠡᠬᠡ᠎ᠪᠠᠷ ᠴᠡᠴᠡᠭ᠌ᠯᠡᠭᠦᠯᠦᠨ ᠬᠥᠭ᠌ᠵᠢᠭᠦᠯᠦᠨ᠎ᠡ᠃ ᠤᠳᠭ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠰᠣᠶᠣᠯ᠎ᠤᠨ ᠠᠩᠬᠠᠨ᠎ᠤ ᠡᠭᠦᠳᠦᠯᠲᠡ᠎ᠶᠢᠨ ᠴᠢᠳᠠᠪᠤᠷᠢ᠎ᠶᠢ ᠳᠡᠭᠡᠭ᠌ᠰᠢᠯᠡᠭᠦᠯᠦᠨ᠎ᠡ᠃ ᠳᠤᠮᠳᠠᠳᠤ᠎ᠶᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭ᠌ᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠰᠣᠶᠣᠯ᠎ᠤᠨ ᠥᠪ᠎ᠤᠨ ᠱᠢᠰᠲ᠋ᠧᠮᠲᠦ ᠴᠢᠨᠠᠷᠲᠠᠢ ᠬᠠᠮᠠᠭᠠᠯᠠᠯᠲᠠ ᠪᠠ ᠨᠢᠭᠡᠳᠦᠯᠲᠡᠢ ᠬᠢᠨᠠᠨ ᠬᠠᠮᠢᠶᠠᠷᠴᠤ᠌ ᠱᠢᠪᠠᠳᠠᠨ ᠪᠠᠢᠴᠠᠭᠠᠬᠤ᠎ᠶᠢ ᠠᠬᠢᠭᠤᠯᠵᠤ᠂ ᠬᠤᠩᠱᠠᠨ᠎ᠤ ᠰᠣᠶᠣᠯ᠎ᠤᠨ ᠪᠠᠭᠤᠷᠢ᠎ᠶᠢ ᠰᠣᠶᠣᠯ᠎ᠤᠨ ᠥᠪ᠎ᠢᠶᠠᠷ ᠮᠡᠳᠡᠭᠦᠯᠬᠦ᠌ ᠪᠠ ᠪᠠᠷᠠᠭᠤᠨ ᠯᠢᠶᠣᠤᠾᠧ ᠭᠣᠣᠯ᠎ᠤᠨ ᠰᠣᠶᠣᠯ᠎ᠤᠨ ᠰᠤᠳᠤᠯᠭᠠᠨ᠎ᠢ ᠴᠢᠩᠭᠠᠳᠭᠠᠵᠤ᠂ ᠳᠤᠮᠳᠠᠳᠤ᠎ᠶᠢᠨ ᠪᠣᠯᠪᠠᠰᠤᠨ᠎ᠤ ᠢᠯᠡᠳᠭᠡᠮᠵᠢ ᠲᠡᠮᠳᠡᠭ᠎ᠤᠨ ᠱᠢᠰᠲ᠋ᠧᠮ᠎ᠢ ᠪᠠᠢᠭᠤᠯᠬᠤ᠎ᠳᠤ ᠨᠡᠡᠭ ᠤᠯᠠᠨ ᠲᠡᠦᠬᠡ ᠰᠣᠶᠣᠯ᠎ᠤᠨ ᠡᠯᠧᠮᠧᠨ᠋ᠲ᠎ᠢ ᠨᠡᠮᠡᠷᠢᠯᠡᠨ᠎ᠡ᠃ ᠣᠷᠳᠣ ᠴᠠᠭᠠᠨ ᠬᠡᠷᠡᠮ᠂ ᠬᠠᠲᠤᠨ ᠭᠤᠤᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠥᠪᠥᠷ ᠮᠣᠩᠭᠣᠯ ᠳ᠋ᠠᠬᠢ ᠬᠡᠰᠡᠭ᠎ᠤᠨ ᠪᠥᠲᠥᠭᠡᠨ ᠪᠠᠢᠭᠤᠯᠤᠯᠲᠠ᠎ᠶᠢ ᠠᠬᠢᠭᠤᠯᠤᠨ᠎ᠠ᠃ ᠮᠦᠽᠧᠶ ᠵᠡᠷᠭᠡ ᠰᠣᠶᠣᠯ᠎ᠤᠨ ᠦᠵᠡᠰᠭᠦᠯᠡᠩ᠎ᠤᠨ ᠣᠷᠳᠣᠨ ᠲᠠᠯᠠᠪᠠᠶ᠎ᠶᠢᠨ ᠪᠦᠲᠦᠭᠡᠨ ᠪᠠᠢᠭᠤᠯᠤᠯᠲᠠ ᠪᠣᠯᠤᠨ ᠠᠵᠢᠯᠯᠠᠭᠤᠯᠵᠤ ᠬᠠᠮᠠᠭᠠᠯᠠᠬᠤ᠎ᠶᠢ ᠴᠢᠩᠭᠠᠳᠭᠠᠨ᠂ ᠲᠡᠦᠬᠡ᠎ᠶᠢᠨ ᠳᠤᠷᠠᠰᠭᠠᠯᠲᠤ ᠵᠦᠢᠯᠡᠰ᠎ᠢ ᠠᠮᠢᠳᠤᠯᠢᠭ᠎ᠢᠶᠠᠷ ᠠᠱᠢᠭ᠍ᠯᠠᠬᠤ ᠲᠦᠪᠰᠢᠨ᠎ᠢ ᠳᠡᠭᠡᠭ᠌ᠰᠢᠯᠡᠭᠦᠯᠦᠨ᠎ᠡ᠃ ᠭᠣᠣᠯ ᠵᠠᠭᠤᠴᠢᠯᠠᠭᠤᠷ᠎ᠤᠨ ᠱᠢᠰᠲ᠋ᠧᠮ᠎ᠤᠨ ᠴᠢᠨᠠᠷᠲᠠᠢ ᠬᠤᠪᠢᠰᠤᠯᠲᠠ᠎ᠶᠢ ᠭᠦᠨᠵᠡᠭᠡᠢᠷᠡᠭᠦᠯᠵᠦ᠍᠂ ᠰᠣᠨᠢᠨ ᠮᠡᠳᠡᠭᠡᠨ᠎ᠤ ᠤᠬᠠᠭᠤᠯᠭ᠎ᠠ ᠪᠠ ᠰᠦᠯᠵᠢᠶᠡᠨ᠎ᠤ ᠶᠠᠷᠢᠶ᠎ᠠ ᠬᠡᠯᠡᠯᠴᠡᠭᠡ᠎ᠶᠢᠨ ᠨᠢᠭᠡ ᠴᠤᠭ᠍ᠴᠠᠵᠢᠭ᠍ᠰᠠᠨ ᠬᠠᠮᠢᠶᠠᠷᠤᠯᠲᠠ᠎ᠶᠢ ᠠᠬᠢᠭᠤᠯᠤᠨ᠎ᠠ᠃ ᠣᠯᠠᠨ ᠨᠡᠢᠲᠡ᠎ᠶᠢᠨ ᠰᠣᠶᠣᠯ᠎ᠤᠨ ᠦᠶ᠋ᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯᠯᠠᠭ᠎ᠠ᠎ᠶᠢ ᠬᠡᠷᠡᠭ᠌ᠵᠢᠭᠦᠯᠵᠦ᠍᠂ ᠤᠶᠤᠨᠴᠢ ᠷᠠᠳᠢᠣ᠋ ᠲᠧᠯᠸᠢᠰ᠎ᠤᠨ ᠬᠢᠯᠢ ᠬᠢᠵᠠᠭᠠᠷ᠎ᠢ ᠪᠡᠬᠢᠵᠢᠭᠦᠯᠬᠦ᠌ ᠢᠨᠵᠧᠨᠧᠷᠢᠩ ᠪᠠ ᠪᠠᠴᠢᠮ ᠪᠠᠢᠳᠠᠯ᠎ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ᠎ᠶᠢᠨ ᠱᠢᠰᠲ᠋ᠧᠮ᠎ᠤᠨ ᠪᠠᠢᠭᠤᠯᠤᠯᠲᠠ᠎ᠶᠢ ᠠᠬᠢᠭᠤᠯᠤᠨ᠎ᠠ᠃ ᠤᠯᠠᠨ ᠲᠦᠮᠡᠨᠴᠢ ᠴᠢᠨᠠᠷᠲᠠᠢ ᠰᠣᠶᠣᠯ᠎ᠤᠨ ᠠᠵᠢᠯᠯᠠᠭ᠎ᠠ᠎ᠶᠢ ᠥᠷᠭᠡᠨ ᠳᠡᠯᠭᠡᠷ ᠥᠷᠨᠢᠭᠦᠯᠵᠦ᠍᠂ ᠢᠨᠲ᠋ᠸᠷ ᠰᠦᠯᠵᠢᠶᠡᠨ᠎ᠤ ᠨᠥᠬᠥᠴᠡᠯ ᠳᠣᠣᠷᠠᠬᠢ ᠤᠯᠠᠨ ᠲᠦᠮᠡᠨᠴᠢ ᠱᠢᠨ᠎ᠡ ᠤᠳᠭ᠎ᠠ ᠤᠷᠠᠯᠢᠭ᠎ᠢ ᠴᠡᠴᠡᠭ᠌ᠯᠡᠭᠦᠯᠦᠨ ᠬᠥᠭ᠌ᠵᠢᠭᠦᠯᠦᠨ᠎ᠡ᠃ ᠤᠯᠠᠭᠠᠨᠮᠥ᠋ᠴᠢᠷ᠎ᠤᠨ ᠦᠶ᠋ᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶᠢ ᠠᠬᠢᠭᠤᠯᠤᠨ᠎ᠠ᠃ ᠪᠢᠴᠢᠭ᠎ᠤᠨ ᠰᠤᠷᠪᠤᠯᠵᠢᠲᠤ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ᠃ ᠣᠯᠠᠨ ᠲᠦᠮᠡᠨ᠎ᠤ ᠪᠡᠶ᠎ᠡ᠎ᠶᠢᠨ ᠲᠠᠮᠢᠷ ᠪᠣᠯᠤᠨ ᠤᠷᠤᠯᠳᠤᠭᠠᠨ᠎ᠤ ᠪᠡᠶ᠎ᠡ᠎ᠶᠢᠨ ᠲᠠᠮᠢᠷ᠎ᠤᠨ ᠬᠥᠭ᠌ᠵᠢᠯᠲᠡ᠎ᠶᠢ ᠨᠢᠭᠡᠳᠦᠯᠲᠡᠶ ᠲᠥᠯᠥᠪᠵᠢᠬᠦᠯᠦᠨ ᠠᠬᠢᠭᠤᠯᠤᠨ᠎ᠠ᠃
(47) ᠰᠣᠶᠣᠯ᠎ᠤᠨ ᠠᠵᠤ ᠦᠢᠯᠡᠰ᠎ᠢ ᠲᠦᠷᠭᠡᠳᠬᠡᠨ ᠬᠥᠭ᠌ᠵᠢᠭᠦᠯᠦᠨ᠎ᠡ᠃ ᠰᠣᠶᠣᠯ᠎ᠤᠨ ᠬᠠᠮᠢᠶᠠᠷᠤᠯᠲᠠ᠎ᠶᠢᠨ ᠪᠠᠢᠭᠤᠯᠤᠯ ᠪᠣᠯᠤᠨ ᠦᠢᠯᠡᠳᠪᠦᠷᠢᠯᠡᠯ ᠡᠵᠡᠩᠨᠡᠯᠲᠡ᠎ᠶᠢᠨ ᠲᠣᠭ᠍ᠲᠠᠴᠠ᠎ᠶᠢ ᠲᠡᠭᠦᠯᠳᠡᠷᠵᠢᠭᠦᠯᠵᠦ᠍᠂ ᠰᠣᠶᠣᠯ᠎ᠤᠨ ᠠᠵᠤ ᠦᠢᠯᠡᠰ᠎ᠤᠨ ᠱᠢᠰᠲᠸᠮ ᠪᠣᠯᠤᠨ ᠵᠠᠬ᠎ᠠ ᠳᠡᠯᠭᠡᠭᠦᠷ᠎ᠤᠨ ᠱᠢᠰᠲ᠋ᠸᠮ᠎ᠢ ᠪᠦᠷᠢᠨᠱᠢᠭᠦᠯᠦᠨ᠂ ᠱᠢᠯᠢᠳᠡᠭ ᠰᠣᠶᠣᠯ᠎ᠤᠨ ᠠᠵᠤ ᠠᠬᠤᠢᠯᠠᠯ ᠪᠣᠯᠤᠨ ᠲᠦᠷᠦᠯ ᠲᠡᠮᠳᠡᠭ᠎ᠢ ᠪᠣᠢᠵᠢᠭᠤᠯᠤᠨ᠎ᠠ᠃ ᠴᠢᠬᠤᠯᠠ ᠶᠡᠬᠡ ᠰᠣᠶᠣᠯ᠎ᠤᠨ ᠠᠵᠤ ᠦᠢᠯᠡᠰ᠎ᠤᠨ ᠲᠥᠷᠥᠯ ᠵᠦᠢᠯ᠎ᠢᠶᠠᠷ ᠳᠠᠢᠴᠢᠯᠠᠬᠤ ᠪᠠᠢᠯᠳᠤᠬᠤ ᠪᠣᠳᠣᠯᠭ᠎ᠠ᠎ᠶᠢ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠲᠠᠶ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠎ᠢ ᠪᠥᠲᠥᠭᠡᠨ ᠪᠠᠢᠭᠤᠯᠤᠨ᠎ᠠ᠃ 《ᠰᠣᠶᠣᠯ + ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ + ᠴᠢᠳᠠᠪᠤᠷᠢᠲᠠᠨ》᠎ᠤ ᠲᠣᠭ᠍ᠲᠠᠴᠠ᠎ᠶᠢ ᠪᠦᠷᠢᠨᠱᠢᠭᠦᠯᠵᠦ᠍᠂ ᠱᠢᠨ᠎ᠡ ᠬᠡᠯᠪᠡᠷᠢ᠎ᠶᠢᠨ ᠰᠣᠶᠣᠯ᠎ᠤᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠲᠦᠷᠭᠡᠳᠬᠡᠨ ᠬᠥᠭ᠌ᠵᠢᠭᠦᠯᠵᠦ᠍᠂ ᠰᠣᠶᠣᠯ᠎ᠤᠨ ᠬᠡᠷᠡᠭ᠌ᠯᠡᠭᠡᠨ᠎ᠤ ᠵᠠᠭ᠍ᠪᠤᠷ᠎ᠤᠨ ᠲᠠᠯ᠎ᠠ᠎ᠪᠠᠷ ᠱᠢᠨ᠎ᠡ᠎ᠶᠢ ᠡᠭᠦᠳᠦᠨ᠎ᠡ᠃ ᠰᠦᠯᠵᠢᠶᠡᠨ᠎ᠤ ᠤᠳᠭ᠎ᠠ ᠵᠣᠬᠢᠶᠠᠯ᠂ ᠰᠦᠯᠵᠢᠶᠡᠨ᠎ᠤ ᠲᠣᠭ᠍ᠯᠠᠭᠠᠮ᠂ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ ᠵᠡᠷᠭᠡ᠎ᠶᠢᠨ ᠡᠷᠡᠭᠦᠯ ᠬᠥᠭ᠌ᠵᠢᠯᠲᠡ᠎ᠶᠢ ᠬᠥᠲᠥᠯᠥᠨ ᠵᠢᠯᠣᠭᠣᠳᠴᠤ᠌ ᠳᠦᠷᠢᠮᠵᠢᠭᠦᠯᠦᠨ᠎ᠡ᠃
(48) ᠰᠣᠶᠣᠯ᠎ᠤᠨ ᠤᠯᠠᠨ ᠤᠯᠤᠰ ᠲᠠᠬᠢ ᠳᠠᠮᠵᠢᠭᠤᠯᠭ᠎ᠠ᠎ᠶᠢ ᠱᠢᠨ᠎ᠡ᠎ᠶᠢ ᠡᠭᠦᠳᠦᠨ ᠠᠬᠢᠭᠤᠯᠤᠨ᠎ᠠ᠃ ᠣᠯᠠᠨ ᠤᠯᠤᠰ᠎ᠤᠨ ᠳᠠᠮᠵᠢᠭᠤᠯᠭ᠎ᠠ᠎ᠶᠢᠨ ᠭᠤᠤᠯᠳᠠᠯᠭ᠎ᠠ ᠲᠠᠶ ᠰᠠᠭᠤᠷᠢᠨ᠎ᠤ ᠪᠥᠲᠥᠭᠡᠨ ᠪᠠᠢᠭᠤᠯᠤᠯᠲᠠ᠎ᠶᠢ ᠴᠢᠩᠭᠠᠳᠭᠠᠵᠤ᠂ ᠥᠪᠥᠷ ᠮᠣᠩᠭᠣᠯ᠎ᠤᠨ ᠣᠯᠠᠨ ᠤᠯᠤᠰ᠎ᠤᠨ ᠳᠠᠮᠵᠢᠭᠤᠯᠭ᠎ᠠ᠎ᠶᠢᠨ ᠲᠥᠪ᠎ᠢ ᠪᠥᠲᠥᠭᠡᠨ ᠪᠠᠢᠭᠤᠯᠵᠤ᠂ ᠬᠢᠯᠢ᠎ᠶᠢᠨ ᠪᠣᠭᠣᠮᠲᠠ᠎ᠶᠢᠨ ᠭᠠᠳᠠᠭᠠᠳᠤ ᠤᠬᠠᠭᠤᠯᠭ᠎ᠠ᠎ᠶᠢᠨ ᠬᠠᠮ ᠵᠠᠭᠤᠴᠢᠯᠠᠭᠤᠷ᠎ᠤᠨ ᠲᠠᠪᠴᠠᠩ᠎ᠤᠨ ᠪᠠᠢᠭᠤᠯᠤᠯᠲᠠ᠎ᠶᠢ ᠠᠬᠢᠭᠤᠯᠤᠨ᠂ ᠭᠤᠤᠯ ᠵᠠᠭᠤᠴᠢᠯᠠᠭᠤᠷ᠎ᠤᠨ ᠣᠯᠠᠨ ᠤᠯᠤᠰ᠎ᠤᠨ ᠳᠠᠮᠵᠢᠭᠤᠯᠭ᠎ᠠ᠎ᠶᠢᠨ ᠴᠢᠳᠠᠪᠤᠷᠢ᠎ᠶᠢ ᠴᠢᠩᠭᠠᠳᠭᠠᠵᠤ᠂ ᠳᠤᠮᠳᠠᠳᠤ ᠤᠯᠤᠰ᠎ᠤᠨ ᠥᠯᠢᠭᠡᠷ᠂ ᠥᠪᠥᠷ ᠮᠣᠩᠭᠣᠯ᠎ᠤᠨ ᠥᠯᠢᠭᠡᠷ᠎ᠢ ᠰᠠᠢᠲᠤᠷ ᠶᠠᠷᠢᠨ᠎ᠠ᠃ ᠥᠪᠥᠷ ᠮᠣᠩᠭᠣᠯ᠎ᠤᠨ ᠳᠦᠷᠢ ᠲᠥᠷᠬᠦ᠌᠎ᠶᠢ ᠣᠯᠠᠨ ᠤᠯᠤᠰ᠎ᠲᠤ ᠤᠯᠠᠮᠵᠢᠯᠠᠬᠤ ᠠᠵᠢᠯᠯᠠᠭ᠎ᠠ᠎ᠶᠢ ᠥᠷᠨᠢᠭᠦᠯᠦᠨ᠎ᠡ᠃ ᠣᠷᠣᠨ ᠪᠦᠰᠡ᠎ᠶᠢᠨ ᠤᠯᠤᠰ ᠢᠯᠭᠠᠯ᠎ᠤᠨ ᠰᠤᠳᠤᠯᠭᠠᠨ᠎ᠢ ᠴᠢᠩᠭᠠᠳᠭᠠᠨ᠎ᠠ᠃ ᠨᠡᠩ ᠤᠯᠠᠨ ᠰᠣᠶᠣᠯ᠎ᠤᠨ ᠠᠵᠤ ᠠᠬᠤᠢᠯᠠᠯ ᠪᠠ ᠱᠢᠯᠢᠳᠡᠭ ᠰᠣᠶᠣᠯ᠎ᠤᠨ ᠪᠦᠲᠦᠭᠡᠭ᠌ᠳᠡᠬᠦᠨ᠎ᠢ ᠳᠡᠯᠡᠬᠡᠢ᠎ᠶᠢᠨ ᠲᠠᠪᠴᠠᠡᠭ᠎ᠳᠤ ᠭᠠᠷᠭᠠᠬᠤ᠎ᠶᠢ ᠵᠣᠷᠢᠭ᠍ᠵᠢᠭᠤᠯᠤᠨ᠎ᠠ᠃
ᠠᠷᠪᠠᠨ ᠳᠥᠷᠪᠡ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠵᠤ᠂ ᠬᠠᠮᠲᠤ᠎ᠪᠠᠷ ᠪᠠᠶᠠᠵᠢᠬᠤ᠎ᠶᠢ ᠯᠠᠪᠳᠠᠭᠤᠨ ᠪᠠᠲᠤᠲᠠᠶ ᠠᠬᠢᠭᠤᠯᠤᠨ᠎ᠡ
ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶᠢᠨ ᠦᠵᠡᠯ ᠰᠠᠨᠠᠭ᠎ᠠ᠎ᠶᠢ ᠭᠦᠨᠵᠡᠭᠡᠶ ᠦᠶ᠋ᠯᠡᠳᠦᠯᠭᠡᠵᠢᠭᠦᠯᠵᠦ᠍᠂ ᠴᠢᠳᠠᠯ ᠶ᠋ᠢᠡᠷ᠎ᠢᠶᠠᠨ ᠴᠢᠷᠮᠠᠢᠬᠤ᠂ ᠴᠢᠳᠠᠯ᠎ᠤᠨ᠎ᠢᠶᠠᠨ ᠬᠢᠷᠢ᠎ᠪᠠᠷ ᠬᠢᠬᠦ᠌᠎ᠶᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶᠢ ᠴᠢᠩᠭᠠᠳᠭᠠᠨ᠂ ᠠᠷᠠᠳ ᠣᠯᠠᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠠᠢᠲᠤᠷ ᠱᠢᠶ᠋ᠳᠪᠦᠷᠢᠯᠡᠵᠦ᠍᠂ ᠦᠨᠳᠦᠰᠦᠨ ᠣᠯᠠᠨ ᠨᠡᠢᠲᠡ᠎ᠶᠢᠨ ᠦᠶ᠋ᠯᠡᠴᠢᠯᠡᠭᠡ᠎ᠶᠢ ᠲᠡᠩᠴᠡᠭᠦᠷᠢᠱᠢᠭᠦᠯᠬᠦ᠌᠎ᠶᠢ ᠯᠠᠪᠳᠠᠭᠤᠨ᠎ᠢᠶᠠᠷ ᠠᠬᠢᠭᠤᠯᠵᠤ᠂ ᠤᠳᠤᠬᠢᠴᠢᠯᠠᠯᠲᠠ᠎ᠶᠢᠨ ᠪᠥᠲᠥᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠦᠨᠳᠦᠰᠦᠲᠡᠨ ᠨᠤᠭᠦᠳ᠎ᠤᠨ ᠠᠷᠠᠳ ᠲᠦᠮᠡᠨ᠎ᠳᠤ ᠨᠠᠩ ᠣᠯᠠᠨ ᠨᠠᠩ ᠡᠷᠬᠡ ᠲᠡᠭ᠌ᠰᠢ ᠬᠦᠷᠲᠡᠭᠡᠨ᠎ᠡ᠃
(49) ᠤᠯᠠᠨ ᠵᠦᠢᠯ᠎ᠤᠨ ᠠᠷᠭ᠎ᠠ ᠬᠡᠮᠵᠢᠶ᠎ᠡ᠎ᠶᠢ ᠵᠡᠷᠭᠡ᠎ᠪᠠᠷ ᠬᠡᠷᠡᠭ᠌ᠯᠡᠨ ᠠᠵᠢᠯ ᠣᠯᠭᠣᠯᠲᠠ᠎ᠶᠢ ᠲᠣᠭ᠍ᠲᠠᠪᠤᠷᠢᠵᠢᠭᠤᠯᠵᠤ ᠣᠷᠣᠯᠭ᠎ᠠ᠎ᠶᠢᠨ ᠨᠡᠮᠡᠭ᠌ᠳᠡᠯ᠎ᠢ ᠠᠬᠢᠭᠤᠯᠤᠨ᠎ᠠ᠃ ᠠᠵᠢᠯ ᠣᠯᠭᠣᠯᠲᠠ᠎ᠶᠢ ᠲᠡᠷᠢᠭᠦᠨ᠎ᠳᠤ ᠲᠠᠯᠪᠢᠬᠤ ᠪᠠᠢᠯᠳᠤᠬᠤ ᠪᠤᠳᠤᠯᠭ᠎ᠠ᠎ᠶᠢ ᠭᠦᠨᠵᠡᠭᠡᠢ ᠬᠡᠷᠡᠭ᠌ᠵᠢᠭᠦᠯᠵᠦ᠍᠂ ᠠᠵᠢᠯ ᠣᠯᠭᠣᠯᠲᠠ᠎ᠶᠢ ᠠᠬᠢᠭᠤᠯᠬᠤ ᠲᠣᠭ᠍ᠲᠠᠴᠠ᠎ᠶᠢ ᠪᠦᠷᠢᠨᠱᠢᠬᠦᠯᠤᠨ᠂ ᠠᠵᠢᠯ ᠣᠯᠭᠣᠯᠲᠠ᠎ᠳ᠋ᠦ ᠨᠥᠬᠥᠷᠰᠡᠭ ᠬᠡᠯᠪᠡᠷᠢ᠎ᠶᠢᠨ ᠬᠥᠭ᠌ᠵᠢᠯᠲᠡ᠎ᠶᠢᠨ ᠠᠷᠭ᠎ᠠ ᠬᠡᠯᠪᠡᠷᠢ᠎ᠶᠢ ᠪᠠᠢᠭᠤᠯᠵᠤ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠤᠨ᠎ᠠ᠃ ᠠᠵᠤ ᠦᠢᠯᠡᠰ ᠪᠠ ᠠᠵᠢᠯ ᠣᠯᠭᠣᠯᠲᠠ᠎ᠶᠢᠨ ᠬᠠᠮᠵᠢᠯᠴᠠᠭ᠎ᠠ᠎ᠶᠢ ᠴᠢᠩᠭᠠᠳᠭᠠᠵᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠬᠠᠩᠭᠠᠯᠭ᠎ᠠ ᠬᠡᠷᠡᠭ᠌ᠴᠡᠭᠡ᠎ᠶᠢ ᠵᠣᠬᠢᠴᠠᠭᠤᠯᠬᠤ ᠲᠣᠭ᠍ᠲᠠᠴᠠ᠎ᠶᠢ ᠲᠡᠭᠦᠯᠳᠡᠷᠵᠢᠭᠦᠯᠤᠨ᠂ ᠨᠠᠰᠤᠨ ᠲᠤᠷᠱᠢᠳᠠ᠎ᠶᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶᠢᠨ ᠪᠤᠯᠪᠠᠰᠤᠷᠠᠯ᠎ᠤᠨ ᠲᠦᠷᠢᠮ᠎ᠢ ᠪᠦᠷᠢᠨᠱᠢᠬᠦᠯᠵᠤ᠂ ᠠᠵᠢᠯ ᠰᠣᠩᠭᠣᠬᠤ ᠪᠠ ᠬᠥᠮᠦᠨ ᠬᠡᠷᠡᠭ᠌ᠯᠡᠬᠦ᠌ ᠣᠢᠯᠠᠭᠠᠭ᠍ᠳᠠᠬᠤᠨ᠎ᠤ ᠵᠢᠯᠤᠭᠤᠳᠤᠯᠭ᠎ᠠ᠎ᠶᠢ ᠴᠢᠩᠭᠠᠳᠭᠠᠵᠤ᠂ ᠪᠦᠲᠦᠴᠡ᠎ᠶᠢᠨ ᠴᠢᠨᠠᠷᠲᠠᠢ ᠠᠵᠢᠯ ᠣᠯᠭᠣᠯᠲᠠ᠎ᠶᠢᠨ ᠵᠥᠷᠢᠴᠡᠯ᠎ᠢ ᠬᠦᠴᠦᠯᠡᠨ ᠱᠢᠢᠳᠪᠦᠷᠢᠯᠡᠨ᠎ᠡ᠃ ᠠᠵᠢᠯ ᠣᠯᠭᠣᠯᠲᠠ᠎ᠶᠢ ᠳᠡᠮᠵᠢᠬᠦ᠌ ᠪᠠ ᠤᠯᠠᠨ ᠨᠡᠢᠲᠡ᠎ᠶᠢᠨ ᠦᠢᠯᠡᠴᠢᠯᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠵᠦ᠍᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠬᠦᠯᠦᠰᠦᠨ ᠮᠠᠯᠴᠢᠨ ᠲᠠᠷᠢᠶᠠᠴᠢᠨ᠂ ᠴᠡᠷᠢᠭ᠎ᠤᠨ ᠠᠯᠪᠠ᠎ᠡᠴᠡ ᠬᠠᠯᠠᠭ᠍ᠳᠠᠭ᠍ᠰᠠᠳ ᠵᠡᠷᠭᠡ ᠭᠣᠣᠯᠳᠠᠯᠭ᠎ᠠ ᠲᠠᠶ ᠬᠦᠮᠦᠰ᠎ᠤᠨ ᠠᠵᠢᠯ ᠣᠯᠭᠣᠯᠲᠠ᠎ᠶᠢ ᠲᠣᠭ᠍ᠲᠠᠪᠤᠷᠢᠵᠢᠭᠤᠯᠤᠨ ᠥᠷᠭᠡᠳᠭᠡᠵᠦ᠍᠂ ᠠᠮᠢᠳᠤᠯᠢᠭ ᠠᠵᠢᠯ ᠣᠯᠭᠣᠯᠲᠠ᠂ ᠠᠵᠢᠯ ᠣᠯᠭᠣᠯᠲᠠ᠎ᠶᠢᠨ ᠱᠢᠨ᠎ᠡ ᠬᠡᠯᠪᠡᠷᠢ ᠪᠠᠢᠳᠠᠯ᠎ᠤᠨ ᠡᠷᠡᠭᠦᠯ᠎ᠢᠶᠠᠷ ᠬᠥᠭ᠌ᠵᠢᠬᠦ᠌᠎ᠶᠢ ᠠᠬᠢᠭᠤᠯᠤᠨ᠎ᠠ᠃ ᠦᠢᠯᠡᠰ ᠪᠤᠰᠬᠠᠬᠤ᠎ᠶᠢ ᠳᠡᠮᠵᠢᠬᠦ᠌ ᠡᠷᠴᠢᠮ᠎ᠢ ᠴᠢᠩᠭᠠᠷᠠᠭᠤᠯᠵᠤ᠂ ᠦᠢᠯᠡᠰ ᠪᠤᠰᠬᠠᠬᠤ᠎ᠪᠠᠷ ᠠᠵᠢᠯ ᠣᠯᠭᠣᠯᠲᠠ᠎ᠶᠢ ᠳᠠᠢᠴᠢᠯᠠᠬᠤ ᠦᠢᠯᠡᠳᠦᠯ᠎ᠢ ᠴᠢᠡᠭᠭᠠᠳᠬᠠᠨᠠ᠃ ᠬᠥᠳᠡᠯᠮᠦᠷᠢᠴᠢᠳ᠎ᠤᠨ ᠡᠷᠬᠡ ᠠᠱᠢᠭ᠎ᠤᠨ ᠪᠠᠲᠤᠯᠠᠭ᠎ᠠ᠎ᠶᠢ ᠴᠢᠩᠭᠠᠳᠭᠠᠵᠤ᠂ ᠲᠥᠪ ᠭᠣᠣᠯᠴᠢ ᠡᠮᠬᠢ ᠵᠢᠷᠤᠮ ᠪᠦᠬᠦᠢ ᠠᠵᠢᠯ ᠣᠯᠭᠣᠯᠲᠠ᠎ᠶᠢᠨ ᠣᠷᠴᠢᠨ ᠨᠥᠬᠥᠴᠡᠯ᠎ᠢ ᠪᠤᠢ ᠪᠣᠯᠭᠠᠵᠤ᠂ ᠠᠵᠢᠯ ᠣᠯᠭᠣᠯᠲᠠ᠎ᠶᠢᠨ ᠨᠥᠯᠥᠭᠡ᠎ᠶᠢ ᠦᠨᠡᠯᠡᠨ ᠵᠢᠱ᠌ᠢᠬᠦ᠌ ᠪᠠ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠎ᠶᠢ ᠲᠡᠭᠦᠯᠳᠡᠷᠵᠢᠭᠦᠯᠦᠨ᠎ᠡ᠃ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢ ᠨᠡᠮᠡᠭ᠌ᠳᠡᠭᠦᠯᠬᠦ᠌ ᠲᠥᠯᠥᠪᠯᠡᠭᠡ᠎ᠶᠢ ᠬᠡᠷᠡᠭ᠌ᠵᠢᠭᠦᠯᠦᠨ᠎ᠡ᠃ ᠴᠠᠯᠢᠩ᠎ᠤᠨ ᠵᠦᠢ ᠵᠣᠬᠢᠰᠲᠠᠢ ᠨᠡᠮᠡᠭ᠌ᠳᠡᠯ᠂ ᠤᠯᠭᠤᠬᠤ ᠪᠠᠲᠤᠯᠠᠭ᠎ᠠ ᠪᠠ ᠨᠠᠭᠠᠳᠤ ᠵᠠᠬ᠎ᠠ᠎ᠶᠢᠨ ᠴᠠᠯᠢᠩ᠎ᠤᠨ ᠪᠠᠷᠢᠮᠵᠢᠶ᠎ᠠ᠎ᠶᠢ ᠲᠤᠬᠢᠷᠠᠭᠤᠯᠬᠤ ᠲᠣᠭ᠍ᠲᠠᠴᠠ᠎ᠶᠢ ᠲᠡᠭᠦᠯᠳᠡᠷᠵᠢᠭᠦᠯᠦᠨ᠎ᠡ᠃ ᠬᠦᠴᠦ᠍ ᠲᠠᠯᠪᠢᠨ ᠬᠦᠷᠢᠶ᠎ᠡ ᠬᠡᠪᠴᠢᠶ᠎ᠡ᠎ᠶᠢ ᠥᠷᠭᠡᠳᠭᠡᠵᠦ᠍ ᠠᠵᠢᠯ ᠣᠯᠭᠣᠯᠳᠠ᠎ᠪᠠᠷ ᠲᠡᠳᠬᠦᠮᠵᠢ᠎ᠶᠢ ᠤᠷᠤᠯᠠᠭᠤᠯᠤᠨ᠎ᠠ᠃ ᠰᠣᠶᠣᠯ ᠵᠢᠭᠤᠯᠴᠢᠯᠠᠯ᠎ᠢᠶᠠᠷ ᠠᠷᠠᠳ᠎ᠢ ᠪᠠᠶᠠᠵᠢᠭᠤᠯᠬᠤ᠎ᠶᠢ ᠠᠬᠢᠭᠤᠯᠤᠨ᠎ᠠ᠃ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠡᠳ᠋ ᠬᠥᠷᠥᠩᠭᠡ᠎ᠶᠢᠨ ᠴᠢᠨᠠᠷᠲᠠᠶ ᠣᠷᠣᠯᠭ᠎ᠠ᠎ᠶᠢ ᠣᠯᠠᠨ ᠠᠷᠭ᠎ᠠ ᠵᠠᠮ᠎ᠢᠶᠠᠷ ᠨᠡᠮᠡᠭ᠌ᠳᠡᠭᠦᠯᠦᠨ᠎ᠡ᠃ ᠬᠦᠰᠡᠯ ᠵᠣᠷᠢᠯᠲᠠ ᠪᠠ ᠴᠢᠳᠠᠪᠤᠷᠢ ᠲᠠᠶ ᠠᠵᠤ ᠠᠬᠤᠢᠯᠠᠯ᠂ ᠨᠡᠢᠭᠡᠮ᠎ᠤᠨ ᠵᠣᠬᠢᠶᠠᠨ ᠪᠠᠢᠭᠤᠯᠤᠯᠲᠠ ᠪᠤᠯᠤᠨ ᠬᠤᠪᠢ ᠬᠥᠮᠦᠨ᠎ᠤ ᠨᠡᠢᠲᠡ᠎ᠶᠢᠨ ᠠᠰᠠᠷᠠᠮᠵᠢ᠎ᠶᠢᠨ ᠨᠢᠭᠦᠯᠡᠰᠦᠩᠭᠦᠶ᠎ᠶᠢᠨ ᠦᠶ᠋ᠯᠡᠰ᠎ᠲᠤ ᠣᠷᠣᠯᠴᠠᠬᠤ᠎ᠶᠢ ᠬᠥᠲᠥᠯᠥᠨ ᠵᠢᠯᠣᠭᠣᠳᠴᠤ᠌ ᠳᠡᠮᠵᠢᠨ᠎ᠡ᠃
(50) ᠨᠡᠢᠭᠡᠮ᠎ᠤᠨ ᠪᠠᠲᠤᠯᠠᠭ᠎ᠠ᠎ᠶᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠪᠥᠬᠥ᠌ ᠠᠷᠠᠳ ᠶ᠋ᠢᠡᠷ᠎ᠢᠶᠠᠨ ᠳᠠᠭᠠᠳᠭᠠᠯ᠎ᠳᠤ ᠣᠷᠣᠯᠴᠠᠬᠤ ᠲᠥᠯᠥᠪᠯᠡᠭᠡ᠎ᠶᠢ ᠭᠦᠨᠵᠡᠭᠡᠶ ᠬᠡᠷᠡᠭ᠌ᠵᠢᠭᠦᠯᠵᠦ᠍᠂ ᠨᠡᠢᠭᠡᠮ᠎ᠤᠨ ᠳᠠᠭᠠᠳᠭᠠᠯ᠎ᠤᠨ ᠬᠠᠷᠢᠴᠠᠭ᠎ᠠ᠎ᠶᠢ ᠱᠢᠯᠵᠢᠭᠦᠯᠦᠨ ᠦᠷᠭᠦᠯᠵᠢᠯᠡᠭᠦᠯᠬᠦ᠌ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠍᠂ ᠨᠡᠢᠭᠡᠮ᠎ᠤᠨ ᠳᠠᠭᠠᠳᠭᠠᠯ᠎ᠤᠨ ᠬᠡᠪᠴᠢᠶ᠎ᠡ᠎ᠶᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶᠢ ᠠᠬᠢᠭᠤᠯᠤᠨ᠎ᠠ᠃ ᠤᠯᠠᠨ ᠲᠡᠰ ᠳᠠᠪᠬᠤᠷᠭ᠎ᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠱᠢᠰᠲ᠋ᠧᠮ᠎ᠢ ᠪᠦᠷᠢᠨᠱᠢᠬᠦᠯᠵᠤ᠂ ᠦᠨᠳᠦᠰᠦᠨ ᠡᠮ ᠡᠮᠨᠡᠯᠭᠡ᠎ᠶᠢᠨ ᠳᠠᠭᠠᠳᠭᠠᠯ᠎ᠢ ᠮᠤᠵᠢ᠎ᠶᠢᠨ ᠱᠠᠲᠤᠨ᠎ᠳᠤ ᠨᠢᠭᠡᠳᠦᠯᠲᠡᠢ ᠲᠥᠯᠥᠪᠵᠢᠭᠦᠯᠬᠦ᠌᠎ᠶᠢ ᠠᠬᠢᠭᠤᠯᠤᠨ᠎ᠠ᠃ ᠡᠯ᠎ᠡ ᠲᠥᠷᠥᠯ᠎ᠤᠨ ᠬᠤᠳᠠᠯᠳᠤᠭᠠᠨ᠎ᠤ ᠳᠠᠭᠠᠳᠭᠠᠯ᠎ᠤᠨ ᠨᠥᠬᠥᠪᠥᠷᠢᠯᠡᠨ ᠪᠠᠲᠤᠯᠠᠬᠤ ᠦᠶ᠋ᠯᠡᠳᠦᠯ᠎ᠢ ᠪᠠᠳᠠᠷᠠᠭᠤᠯᠤᠨ᠎ᠠ᠃ ᠨᠡᠢᠭᠡᠮ᠎ᠤᠨ ᠠᠪᠤᠷᠠᠨ ᠲᠤᠰᠠᠯᠠᠬᠤ ᠱᠢᠰᠲ᠋ᠧᠮ᠎ᠢ ᠪᠦᠷᠢᠨᠱᠢᠭᠦᠯᠵᠦ᠍᠂ ᠣᠷᠣᠯᠭ᠎ᠠ ᠪᠠᠭᠠᠲᠠᠢ ᠬᠥᠮᠦᠨ ᠠᠮᠠ᠎ᠶᠢ ᠬᠥᠳᠡᠯᠦᠩᠭᠦᠢ᠎ᠪᠠᠷ ᠬᠢᠨᠠᠨ ᠬᠡᠮᠵᠢᠬᠦ᠌ ᠪᠠ ᠪᠠᠢᠩᠭᠤᠵᠢᠭᠤᠯᠤᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠌ ᠡᠷᠴᠢᠮ᠎ᠢ ᠴᠢᠩᠭᠠᠷᠠᠭᠤᠯᠤᠨ᠎ᠠ᠃ ᠭᠠᠭᠴᠠᠭᠠᠷ ᠪᠤᠶᠤ ᠡᠪᠤᠬᠡᠨ ᠬᠦᠭᠰᠢᠨ ᠬᠤᠶᠠᠭᠤᠯᠠ ᠯᠡ ᠠᠮᠢᠳᠤᠷᠠᠵᠤ ᠪᠠᠢᠭ᠎ᠠ ᠨᠠᠰᠤᠲᠠᠢᠴᠤᠳ᠂ ᠬᠦᠴᠢᠷᠳᠡᠯ ᠲᠡᠶ ᠬᠡᠦᠬᠡᠳ ᠪᠠᠭᠠᠴᠤᠳ᠂ ᠵᠡᠮᠳᠡᠭ᠌ᠴᠦᠳ ᠵᠡᠷᠭᠡ᠎ᠶᠢ ᠬᠠᠯᠠᠮᠵᠢᠯᠠᠨ ᠬᠠᠢᠷᠠᠯᠠᠬᠤ ᠦᠢᠯᠡᠴᠢᠯᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠦᠨᠳᠦᠰᠦᠨ ᠣᠷᠣᠱᠢᠭᠤᠯᠭ᠎ᠠ᠎ᠶᠢᠨ ᠦᠢᠯᠡᠴᠢᠯᠡᠭᠡᠨ᠎ᠤ ᠳᠦᠷᠢᠮ᠎ᠢ ᠪᠠᠢᠭᠤᠯᠤᠨ ᠲᠡᠭᠦᠯᠳᠡᠷᠵᠢᠭᠦᠯᠦᠨ᠎ᠡ᠃ ᠡᠮᠡᠭ᠌ᠲᠡᠢᠴᠦᠳ ᠬᠡᠦᠬᠡᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠨ᠎ᠠ᠃ ᠴᠡᠷᠢᠭ᠎ᠤᠨ ᠠᠯᠪᠠ᠎ᠡᠴᠡ ᠬᠠᠯᠠᠭᠳᠠᠭᠰᠠᠳ᠎ᠤᠨ ᠦᠢᠯᠡᠴᠢᠯᠡᠭᠡᠨ᠎ᠤ ᠪᠠᠲᠤᠯᠠᠭ᠎ᠠ᠎ᠶᠢ ᠴᠢᠩᠭᠠᠳᠭᠠᠨ᠎ᠠ᠃
(51) ᠡᠷᠡᠭᠦᠯ ᠡᠩᠬᠡ ᠥᠪᠥᠷ ᠮᠣᠩᠭᠣᠯ᠎ᠤᠨ ᠪᠦᠳᠦᠬᠡᠨ ᠪᠠᠢᠭᠤᠯᠤᠯᠲᠠ᠎ᠶᠢ ᠠᠬᠢᠭᠤᠯᠤᠨ᠎ᠠ᠃ ᠤᠯᠠᠨ ᠨᠡᠢᠲᠡ᠎ᠶᠢᠨ ᠡᠷᠡᠭᠦᠯ ᠬᠠᠮᠠᠭᠠᠯᠠᠯ᠎ᠤᠨ ᠴᠢᠳᠠᠪᠤᠷᠢ᠎ᠶᠢ ᠴᠢᠩᠭᠠᠳᠭᠠᠨ᠂ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠱᠢᠰᠲ᠋ᠧᠮ᠎ᠤᠨ ᠪᠠᠢᠭᠤᠯᠤᠯᠲᠠ᠎ᠶᠢ ᠴᠢᠩᠭᠠᠳᠭᠠᠵᠤ᠂ ᠬᠦᠨᠳᠦ ᠶᠡᠬᠡ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠡᠵᠡᠮᠳᠡᠨ᠎ᠡ᠃ ᠡᠮᠴᠢᠯᠡᠭᠡ᠂ ᠡᠮ ᠡᠮᠨᠡᠯᠬᠡ᠎ᠶᠢᠨ ᠳᠠᠭᠠᠳᠭᠠᠯ᠂ ᠡᠮ ᠡᠮᠨᠡᠯᠭᠡ᠎ᠶᠢ ᠵᠤᠬᠢᠴᠠᠭᠤᠯᠤᠨ ᠬᠥᠭ᠌ᠵᠢᠭᠦᠯᠬᠦ᠌ ᠪᠠ ᠵᠠᠰᠠᠬᠤ ᠲᠣᠭ᠍ᠲᠠᠴᠠ᠎ᠶᠢ ᠪᠦᠷᠢᠨᠱᠢᠭᠦᠯᠵᠦ᠍᠂ ᠱᠠᠲᠤ ᠬᠤᠪᠢᠶᠠᠨ ᠣᠨᠣᠱᠢᠯᠠᠨ ᠡᠮᠨᠡᠬᠦ᠌᠎ᠶᠢ ᠠᠬᠢᠭᠤᠯᠤᠨ᠎ᠠ᠃ ᠨᠡᠢᠲᠡ᠎ᠶᠢᠨ ᠠᠰᠠᠷᠠᠮᠵᠢ᠎ᠶᠢᠨ ᠴᠢᠨᠠᠷ ᠢ᠋ᠢᠡᠷ ᠤᠳᠤᠷᠢᠳᠤᠮᠵᠢ ᠪᠣᠯᠭᠠᠨ ᠠᠯᠪᠠᠨ᠎ᠡᠴᠡ ᠪᠠᠢᠭᠤᠯᠤᠭ᠍ᠰᠠᠨ ᠡᠮᠨᠡᠯᠭᠡ᠎ᠶᠢᠨ ᠬᠤᠷᠢᠶ᠎ᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠍᠂ ᠬᠣᠱᠢᠭᠤ ᠱᠢᠶᠠᠨ (ᠬᠣᠲᠠ᠂ ᠲᠣᠭᠣᠷᠢᠭ)᠂ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠶᠢᠨ ᠠᠵᠢᠯᠯᠠᠭᠠᠨ᠎ᠤ ᠪᠠᠲᠤᠯᠠᠭ᠎ᠠ᠎ᠶᠢ ᠴᠢᠩᠭᠠᠳᠭᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠠᠭᠤᠷᠢ᠎ᠶᠢ ᠪᠡᠬᠢᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠴᠢᠨᠠᠷ ᠰᠠᠢᠲᠠᠢ ᠡᠮᠴᠢᠯᠡᠭᠡᠨ᠎ᠤ ᠡᠬᠢ ᠪᠠᠶᠠᠯᠢᠭ᠎ᠤᠨ ᠪᠠᠭ᠍ᠲᠠᠭᠠᠮᠵᠢ᠎ᠶᠢ ᠥᠷᠭᠡᠳᠭᠡᠬᠦ᠌ ᠪᠠ ᠣᠷᠣᠨ ᠪᠦᠰᠡ᠎ᠶᠢ ᠲᠡᠩᠴᠡᠭᠦᠷᠢᠲᠡᠢ ᠪᠠᠢᠷᠢᠱᠢᠭᠤᠯᠬᠤ᠎ᠶᠢ ᠠᠬᠢᠭᠤᠯᠵᠤ᠂ ᠪᠦᠬᠦ᠌ ᠠᠷᠠᠳ᠎ᠤᠨ ᠡᠷᠡᠭᠦᠯ ᠮᠡᠨᠳᠦ᠍᠎ᠶᠢᠨ ᠲᠣᠭᠠᠴᠢᠯᠠᠭ᠍ᠰᠠᠨ ᠪᠠᠢᠭᠤᠯᠤᠯᠲᠠ᠎ᠶᠢ ᠠᠬᠢᠭᠤᠯᠤᠨ᠎ᠠ᠃ ᠤᠯᠤᠰ᠎ᠤᠨ ᠣᠷᠣᠨ ᠪᠦᠰᠡ᠎ᠶᠢᠨ ᠡᠮᠴᠢᠯᠡᠭᠡᠨ᠎ᠤ ᠲᠥᠪ᠎ᠤᠨ ᠪᠥᠲᠥᠭᠡᠨ ᠪᠠᠢᠭᠤᠯᠤᠯᠲᠠ᠎ᠶᠢ ᠲᠦᠷᠭᠡᠳᠭᠡᠵᠦ᠍᠂ ᠬᠠᠮᠲᠤ᠎ᠪᠠᠷ ᠪᠠᠢᠭᠤᠯᠬᠤ ᠡᠮᠨᠡᠯᠭᠡ᠎ᠶᠢᠨ ᠬᠣᠷᠢᠶ᠎ᠠ ᠲᠠᠶ ᠠᠳᠠᠯᠢ ᠴᠢᠨᠠᠷ᠎ᠤᠨ ᠬᠥᠭ᠌ᠵᠢᠯᠲᠡ᠎ᠶᠢ ᠠᠬᠢᠭᠤᠯᠤᠨ᠎ᠠ᠃ ᠤᠳᠠᠭᠠᠨ ᠴᠢᠨᠠᠷᠲᠠᠶ ᠡᠪᠡᠳᠴᠢᠨ᠎ᠢ ᠶᠡᠷᠦᠩᠬᠡᠢᠯᠡᠨ ᠰᠡᠷᠭᠡᠢᠯᠡᠨ ᠡᠵᠡᠮᠳᠡᠬᠦ᠌᠎ᠶᠢ ᠴᠢᠩᠭᠠᠳᠭᠠᠨ᠎ᠠ᠃ ᠣᠷᠣᠨ ᠨᠤᠲᠤᠭ᠎ᠤᠨ ᠡᠪᠡᠳᠴᠢᠨ᠎ᠢ ᠰᠡᠷᠭᠡᠢᠯᠡᠨ ᠵᠠᠰᠠᠬᠤ ᠴᠢᠳᠠᠪᠤᠷᠢ᠎ᠶᠢ ᠪᠡᠬᠢᠵᠢᠭᠦᠯᠦᠨ ᠳᠡᠭᠡᠭ᠌ᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠩᠨᠡᠭᠡᠨ᠎ᠤ ᠴᠢᠳᠠᠪᠤᠷᠢ ᠪᠠ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠭᠠᠨ᠎ᠠ᠃ ᠬᠢᠲᠠᠳ(ᠮᠣᠩᠭᠣᠯ) ᠡᠮ ᠡᠮᠨᠡᠯᠭᠡ᠎ᠶᠢ ᠤᠯᠠᠮᠵᠢᠯᠠᠨ ᠵᠠᠯᠭᠠᠮᠵᠢᠯᠠᠵᠤ ᠱᠢᠨ᠎ᠡ᠎ᠶᠢ ᠡᠭᠦᠳᠦᠨ ᠬᠥᠭ᠌ᠵᠢᠭᠦᠯᠬᠦ᠌᠎ᠶᠢ ᠠᠬᠢᠭᠤᠯᠤᠨ᠎ᠠ᠃ ᠰᠡᠳᠭᠢᠴᠡ᠎ᠶᠢᠨ ᠡᠷᠡᠭᠦᠯ ᠮᠡᠨᠳᠦ ᠪᠠ ᠣᠶᠣᠨ᠎ᠤ ᠡᠷᠡᠭᠦᠯ ᠬᠠᠮᠠᠭᠠᠯᠠᠯ᠎ᠤᠨ ᠦᠢᠯᠡᠴᠢᠯᠡᠭᠡ᠎ᠶᠢ ᠴᠢᠩᠭᠠᠳᠭᠠᠨ᠎ᠠ᠃
(52) ᠬᠥᠮᠦᠨ ᠠᠮᠠ᠎ᠶᠢᠨ ᠴᠢᠨᠠᠷ ᠰᠠᠢᠲᠠᠢ ᠬᠥᠭ᠌ᠵᠢᠯᠲᠡ᠎ᠶᠢ ᠠᠬᠢᠭᠤᠯᠤᠨ᠎ᠠ᠃ ᠢᠳᠡᠪᠬᠢᠲᠡᠶ ᠤᠷᠤᠭ᠍ᠯᠠᠵᠤ ᠬᠡᠦᠬᠡᠳ ᠠᠪᠬᠤ ᠦᠵᠡᠯᠲᠡ᠎ᠶᠢ ᠰᠠᠨᠠᠭᠠᠴᠢᠯᠠᠵᠤ᠂ ᠬᠡᠦᠬᠡᠳ ᠠᠪᠬᠤ᠎ᠶᠢ ᠳᠡᠮᠵᠢᠬᠦ᠌ ᠲᠥᠷᠥ᠎ᠶᠢᠨ ᠪᠣᠳᠣᠯᠭ᠎ᠠ ᠪᠠ ᠤᠷᠮᠠᠱᠢᠭᠤᠯᠬᠤ ᠠᠷᠭ᠎ᠠ ᠬᠡᠮᠵᠢᠶ᠎ᠡ᠎ᠶᠢ ᠱᠢᠯᠢᠳᠡᠭ᠌ᠵᠢᠭᠦᠯᠦᠨ᠂ ᠬᠡᠷ ᠪᠦᠯᠢ᠎ᠶᠢᠨ ᠬᠡᠦᠬᠡᠳ ᠠᠪᠴᠤ᠌ ᠥᠰᠭᠡᠬᠦ᠌ ᠬᠥᠮᠦᠵᠢᠯ᠎ᠤᠨ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ ᠬᠡᠦᠬᠡᠳ ᠪᠣᠢᠵᠢᠭᠤᠯᠬᠤ ᠦᠢᠯᠡᠴᠢᠯᠡᠭᠡᠨ᠎ᠤ ᠱᠢᠰᠲ᠋ᠧᠮ᠎ᠤᠨ ᠪᠠᠢᠭᠤᠯᠤᠯᠲᠠ᠎ᠶᠢ ᠴᠢᠩᠭᠠᠳᠭᠠᠵᠤ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠ ᠬᠡᠦᠬᠡᠳ ᠰᠠᠭᠠᠲᠠᠭᠤᠯᠬᠤ᠎ᠶᠢ ᠨᠢᠭᠡ ᠴᠤᠭ᠍ᠴᠠᠵᠢᠭᠤᠯᠤᠭ᠍ᠰᠠᠨ ᠦᠢᠯᠡᠴᠢᠯᠡᠭᠡ᠎ᠶᠢ ᠬᠥᠭ᠌ᠵᠢᠭᠦᠯᠦᠨ᠎ᠡ᠃ ᠡᠮᠡᠭ᠌ᠲᠡᠢᠴᠦᠳ ᠪᠠ ᠬᠡᠦᠬᠡᠳ᠎ᠤᠨ ᠡᠷᠡᠭᠦᠯ ᠮᠡᠨᠳᠦ᠍᠎ᠶᠢᠨ ᠦᠢᠯᠡᠴᠢᠯᠡᠭᠡ᠎ᠶᠢ ᠴᠢᠩᠭᠠᠳᠭᠠᠨ᠎ᠠ᠃ ᠨᠠᠰᠤᠵᠢᠯ᠎ᠤᠨ ᠠᠰᠠᠷᠠᠮᠵᠢ᠎ᠶᠢᠨ ᠦᠢᠯᠡᠰ ᠪᠣᠯᠤᠨ ᠠᠵᠤ ᠦᠢᠯᠡᠰ᠎ᠤᠨ ᠵᠤᠬᠢᠴᠠᠨ ᠬᠥᠭ᠌ᠵᠢᠬᠦ᠌᠎ᠶᠢ ᠠᠬᠢᠭᠤᠯᠵᠤ᠂ ᠨᠠᠰᠤᠵᠢᠯ᠎ᠤᠨ ᠠᠰᠠᠷᠠᠮᠵᠢ᠎ᠶᠢᠨ ᠦᠨᠳᠦᠰᠦᠨ ᠦᠢᠯᠡᠴᠢᠯᠡᠭᠡᠨ᠎ᠤ ᠬᠠᠩᠭᠠᠯᠭ᠎ᠠ᠎ᠶᠢ ᠱᠢᠯᠢᠳᠡᠭ᠌ᠵᠢᠭᠦᠯᠵᠦ᠍᠂ ᠬᠤᠳᠠ ᠬᠥᠳᠡᠭᠡ᠎ᠶᠢᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠤ ᠲᠣᠣᠷ᠎ᠢ ᠲᠡᠭᠦᠯᠳᠡᠷᠵᠢᠭᠦᠯᠵᠦ᠍᠂ ᠤᠯᠠᠨ ᠨᠡᠢᠲᠡ᠎ᠶᠢᠨ ᠲᠥᠬᠥᠭᠡᠷᠦᠮᠵᠢ᠎ᠶᠢᠨ ᠨᠠᠰᠤᠵᠢᠯ᠎ᠳᠤ ᠵᠣᠬᠢᠴᠠᠬᠤ ᠪᠠ ᠬᠠᠷᠰᠢ ᠰᠠᠭᠠᠳ ᠦᠭᠡᠢ ᠪᠣᠯᠭᠠᠬᠤ ᠥᠭᠡᠷᠡᠴᠢᠯᠡᠯᠲᠡ᠎ᠶᠢ ᠴᠢᠩᠭᠠᠳᠭᠠᠨ᠎ᠠ᠃ ᠤᠷᠲᠤ ᠬᠤᠭᠤᠴᠠᠭᠠᠨ᠎ᠤ ᠠᠰᠠᠷᠠᠨ ᠰᠤᠪᠢᠯᠠᠬᠤ ᠳᠠᠭᠠᠳᠭᠠᠯ᠎ᠤᠨ ᠳᠦᠷᠢᠮ᠎ᠢ ᠪᠠᠢᠭᠤᠯᠤᠨ᠎ᠠ᠃ ᠪᠤᠭᠤᠷᠤᠯᠴᠤᠳ᠎ᠤᠨ ᠠᠵᠤ ᠠᠬᠤᠶ᠎ᠶᠢ ᠬᠥᠭ᠌ᠵᠢᠭᠦᠯᠤᠨ᠎ᠠ᠃
(53) ᠭᠡᠷ ᠭᠠᠵᠠᠷ᠎ᠤᠨ ᠬᠦᠷᠦᠨᠭ᠌ᠭᠡ᠎ᠶᠢᠨ ᠴᠢᠨᠠᠷ ᠰᠠᠢᠲᠠᠢ ᠬᠥᠭ᠌ᠵᠢᠯᠲᠡ᠎ᠶᠢ ᠠᠬᠢᠭᠤᠯᠤᠨ᠎ᠠ᠃ ᠭᠡᠷ ᠭᠠᠵᠠᠷ᠎ᠤᠨ ᠬᠦᠷᠦᠩᠭᠡ᠎ᠶᠢ ᠨᠡᠭᠡᠭᠡᠨ ᠬᠦᠭᠵᠢᠭᠦᠯᠬᠦ ᠱᠢᠨ᠎ᠡ ᠵᠠᠭ᠍ᠪᠤᠷ᠎ᠢ ᠲᠦᠷᠭᠡᠳᠭᠡᠨ ᠪᠠᠢᠭᠤᠯᠤᠨ᠎ᠠ᠃ ᠪᠠᠲᠤᠯᠠᠭ᠎ᠠ᠎ᠶᠢᠨ ᠴᠢᠨᠠᠷᠲᠠᠢ ᠣᠷᠣᠨ ᠰᠠᠭᠤᠴᠠ᠎ᠶᠢᠨ ᠬᠠᠩᠭᠠᠯᠭ᠎ᠠ᠎ᠶᠢ ᠱᠢᠯᠢᠳᠡᠭ᠌ᠵᠢᠭᠦᠯᠵᠦ᠍᠂ ᠬᠤᠳᠠ ᠪᠠᠯᠭᠠᠰᠤᠨ᠎ᠤ ᠴᠠᠯᠢᠩ ᠮᠦᠩᠬᠦ ᠢᠳᠡᠵᠤ ᠪᠠᠢᠭ᠎ᠠ ᠬᠦᠮᠦᠰ ᠪᠤᠯᠤᠨ ᠡᠯ᠎ᠡ ᠲᠦᠷᠦᠯ᠎ᠤᠨ ᠬᠦᠴᠢᠷᠳᠡᠯᠲᠡᠶ ᠭᠡᠷ ᠪᠦᠯᠢ᠎ᠶᠢᠨ ᠦᠨᠳᠦᠰᠦᠨ ᠣᠷᠣᠨ ᠰᠠᠭᠤᠴᠠ᠎ᠶᠢᠨ ᠬᠡᠷᠡᠭ᠌ᠴᠡᠭᠡ᠎ᠶᠢ ᠬᠠᠩᠭᠠᠨ᠎ᠠ᠃ ᠬᠣᠲᠠ᠎ᠶᠢᠨ ᠪᠠᠢᠳᠠᠯ᠎ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠠᠮᠢᠳᠤᠷᠠᠯ᠎ᠤᠨ ᠤᠷᠴᠢᠨ ᠨᠦᠬᠦᠴᠡᠯ᠎ᠢᠶᠠᠨ ᠰᠠᠢᠵᠢᠷᠠᠭᠤᠯᠬᠤ ᠴᠢᠨᠠᠷᠲᠠᠶ ᠣᠷᠣᠨ ᠰᠠᠭᠤᠴᠠ᠎ᠶᠢᠨ ᠬᠠᠩᠭᠠᠯᠭ᠎ᠠ᠎ᠶᠢ ᠨᠡᠮᠡᠭ᠌ᠳᠡᠭᠦᠯᠦᠨ᠎ᠡ᠃ ᠠᠮᠤᠷ ᠲᠦᠪᠱᠢᠨ ᠲᠠᠭᠠᠯᠠᠮᠵᠢᠲᠠᠶ ᠪᠣᠬᠢᠷᠲᠤᠯ ᠥᠬᠡᠶ ᠣᠶᠤᠨᠴᠢ《ᠰᠠᠢᠨ ᠬᠡᠷ ᠪᠠᠢᠱᠢᠩ》᠎ᠢ᠋ ᠪᠥᠲᠥᠭᠡᠨ ᠪᠠᠢᠭᠤᠯᠵᠤ᠂ ᠬᠡᠷ ᠪᠠᠢᠱᠢᠩ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ ᠪᠠ ᠠᠳᠠᠯ ᠠᠬᠤᠶ᠎ᠶᠢᠨ ᠦᠶ᠋ᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶᠢ ᠬᠡᠷᠡᠭ᠌ᠵᠢᠭᠦᠯᠦᠨ᠎ᠡ᠃ ᠭᠡᠷ ᠪᠠᠢᠱᠢᠩ᠎ᠤᠨ ᠪᠦᠬᠦ᠌ ᠠᠮᠢ ᠨᠠᠰᠤᠨ᠎ᠤ ᠦᠶᠡᠯᠡᠯ᠎ᠤᠨ ᠬᠤᠭᠤᠴᠠᠭᠠᠨ᠎ᠤ ᠠᠮᠤᠷ ᠲᠦᠪᠱᠢᠨ᠎ᠤ ᠬᠠᠮᠢᠶᠠᠷᠤᠯᠲᠠ᠎ᠶᠢᠨ ᠳᠦᠷᠢᠮ᠎ᠢ ᠪᠠᠢᠭᠤᠯᠤᠨ᠎ᠠ᠃
ᠠᠷᠪᠠᠨ ᠲᠠᠪᠤ᠂ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶᠢ ᠴᠢᠩᠭᠠᠳᠭᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶᠢ ᠪᠡᠶᠡᠯᠡᠭᠦᠯᠬᠦ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ
ᠱᠢᠨ᠎ᠡ ᠴᠠᠭ ᠦᠶ᠎ᠡ᠎ᠶᠢᠨ ᠨᠠᠮ᠎ᠤᠨ ᠥᠪᠡᠷ᠎ᠤᠨ ᠪᠡᠶ᠎ᠡ ᠳ᠋ᠡᠭᠡᠨ ᠬᠤᠪᠢᠰᠭᠠᠯ ᠬᠢᠬᠦ᠌ ᠱᠠᠭᠠᠷᠳᠠᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠬᠤ᠎ᠶᠢ ᠪᠠᠲᠤᠯᠠᠵᠤ᠂ ᠨᠠᠮ᠎ᠤᠨ ᠤᠳᠤᠷᠢᠳᠤᠯᠭ᠎ᠠ᠎ᠶᠢ ᠠᠵᠤ ᠠᠬᠤᠢ ᠨᠡᠢᠭᠡᠮ᠎ᠤᠨ ᠬᠥᠭ᠌ᠵᠢᠯᠲᠡ᠎ᠶᠢᠨ ᠡᠯ᠎ᠡ ᠲᠠᠯ᠎ᠠ ᠪᠦᠬᠦ᠌ ᠶᠠᠪᠤᠴᠠ᠎ᠳᠤ ᠲᠤᠭᠤᠱᠢᠯᠠᠭᠤᠯᠤᠨ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠵᠤ᠂ ᠱᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠤᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶᠢ ᠵᠣᠷᠢᠭ᠍ᠵᠢᠭᠤᠯᠵᠤ᠂ ᠰᠠᠢ᠌ᠨ ᠰᠠᠢᠬᠠᠨ ᠤᠯᠤᠰ ᠲᠦᠷᠦ᠍᠎ᠶᠢᠨ ᠠᠮᠢ ᠠᠬᠤᠢ᠎ᠶᠢ ᠪᠤᠢ ᠪᠣᠯᠭᠠᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭ᠌ᠵᠢᠯᠲᠡ᠎ᠶᠢ ᠬᠦᠲᠦᠯᠦᠨ ᠳᠠᠭᠠᠭᠤᠯᠤᠨ᠎ᠠ᠃
(54) ᠨᠠᠮ᠎ᠤᠨ ᠲᠥᠪ ᠬᠤᠷᠢᠶ᠎ᠠ᠎ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠨ᠎ᠠ᠃ ᠰᠢ᠎ᠵᠢᠨ᠎ᠫᠢᠩ᠎ᠤᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠷᠭᠦᠯᠵᠢᠯᠡᠨ ᠦᠵᠡᠯ ᠰᠠᠨᠠᠭ᠎ᠠ ᠪᠡᠨ ᠨᠢᠭᠡᠳᠭᠡᠵᠦ᠍᠂ ᠵᠣᠷᠢᠭ ᠰᠠᠨᠠᠭ᠎ᠠ ᠪᠡᠨ ᠨᠢᠭᠡᠳᠭᠡᠨ᠂ ᠦᠢᠯᠡ ᠠᠵᠢᠯᠯᠠᠭ᠎ᠠ ᠪᠡᠨ ᠨᠢᠭᠡᠳᠭᠡᠵᠦ᠍᠂ ᠤᠯᠤᠰ ᠲᠦᠷᠦ᠍᠎ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ᠍᠎ᠶᠢᠨ ᠬᠡᠷᠡᠭ᠌ᠵᠢᠭᠦᠯᠬᠦ᠌ ᠴᠢᠳᠠᠪᠤᠷᠢ᠎ᠶᠢ ᠳᠡᠭᠡᠭ᠌ᠰᠢᠯᠡᠭᠦᠯᠵᠦ᠍᠂ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠢᠮᠠᠭ᠍ᠲᠠ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠲᠠᠶ ᠳᠡᠭᠡᠳᠦ ᠬᠡᠮᠵᠢᠶ᠎ᠠ᠎ᠪᠠᠷ ᠨᠢᠭᠡᠳᠦᠯᠲᠡᠢ ᠪᠠᠢᠯᠭᠠᠨ᠎ᠠ᠃ 《ᠨᠢᠭᠡᠳᠦᠭᠡᠷ ᠵᠥᠪᠯᠡᠬᠦ᠌ ᠵᠦᠢᠯ》 ᠵᠡᠷᠭᠡ ᠳᠦᠷᠢᠮ᠎ᠢ ᠴᠢᠩᠭ᠎ᠠ ᠨᠠᠢᠳᠠᠪᠤᠷᠢᠵᠢᠭᠤᠯᠬᠤ᠂ ᠰᠤᠷᠤᠯᠴᠠᠯᠭ᠎ᠠ᠎ᠪᠠᠷ ᠰᠦᠭ ᠰᠦᠨᠡᠰᠦ᠎ᠶᠢ ᠱᠤᠭᠤᠬᠤ᠂ ᠰᠤᠷᠤᠯᠴᠠᠯᠭ᠎ᠠ᠎ᠪᠠᠷ ᠣᠶᠤᠨ ᠤᠬᠠᠭᠠᠨ᠎ᠢ ᠨᠡᠮᠡᠭ᠌ᠳᠡᠭᠦᠯᠬᠦ᠌᠂ ᠰᠤᠷᠤᠯᠴᠠᠯᠭ᠎ᠠ᠎ᠪᠠᠷ ᠰᠤᠷᠲᠠᠯ᠎ᠢ ᠲᠥᠪ ᠪᠣᠯᠭᠠᠬᠤ᠂ ᠰᠤᠷᠤᠯᠴᠠᠯᠭ᠎ᠠ᠎ᠪᠠᠷ ᠠᠵᠢᠯ᠎ᠢ ᠠᠬᠢᠭᠤᠯᠬᠤ ᠤᠷᠲᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶᠢ ᠪᠦᠷᠢᠨᠱᠢᠭᠦᠯᠵᠦ᠍᠂ ᠣᠨᠣᠯ᠎ᠢᠶᠡᠷ ᠵᠡᠪᠰᠡᠭ᠌ᠯᠡᠬᠦ᠌᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠠᠬᠢᠭᠤᠯᠤᠨ᠎ᠠ᠃ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠦᠬᠦ᠌ ᠬᠡᠯᠬᠢᠶ᠎ᠡ᠂ ᠪᠢᠲᠡᠭᠦᠤ ᠴᠠᠭᠠᠷᠢᠭᠳᠤ ᠮᠠᠶᠢᠭ᠎ᠤᠨ ᠠᠵᠢᠯ᠎ᠤᠨ ᠲᠣᠭ᠍ᠲᠠᠴᠠ᠎ᠶᠢ ᠪᠦᠷᠢᠨᠱᠢᠬᠦᠯᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ᠎ᠢ 《ᠡᠷᠬᠢᠨ ᠬᠠᠷᠠᠬᠤ》ᠪᠠ ᠮᠡᠳᠡᠭᠦᠯᠬᠦ᠌᠂ ᠮᠡᠳᠡᠭ᠌ᠳᠡᠬᠦ᠌ ᠲᠦᠷᠢᠮ᠎ᠢ ᠲᠡᠭᠦᠯᠳᠡᠷᠵᠢᠭᠦᠯᠦᠨ᠎ᠡ᠃ ᠤᠯᠤᠰ ᠲᠥᠷᠥ᠎ᠶᠢᠨ ᠰᠠᠬᠢᠯᠭ᠎ᠠ ᠪᠠᠲᠤ ᠪᠠ ᠤᠯᠤᠰ ᠲᠥᠷᠥ᠎ᠶᠢᠨ ᠶᠣᠰᠣ ᠲᠦᠷᠢᠮ᠎ᠢ ᠴᠢᠩᠳᠠᠯᠠᠵᠤ᠂ ᠴᠢᠬᠤᠯᠠ ᠶᠡᠬᠡ ᠬᠡᠷᠡᠭ ᠶᠠᠪᠤᠳᠠᠯ᠎ᠳᠤ ᠵᠢᠭᠠᠪᠤᠷᠢ ᠠᠪᠴᠤ᠌ ᠮᠡᠳᠡᠭᠦᠯᠬᠦ᠌ ᠲᠦᠷᠢᠮ᠎ᠢ ᠴᠢᠩᠭ᠎ᠠ ᠬᠡᠷᠡᠭ᠌ᠵᠢᠭᠦᠯᠦᠨ᠎ᠡ᠃ ᠤᠯᠤᠰ ᠲᠦᠷᠦ᠍᠎ᠶᠢᠨ ᠬᠢᠨᠠᠯᠲᠠ᠎ᠶᠢ ᠴᠢᠩᠭᠠᠳᠭᠠᠵᠤ᠂ ᠤᠯᠤᠰ ᠲᠦᠷᠦ᠍᠎ᠶᠢᠨ ᠲᠣᠭᠣᠷᠢᠨ ᠪᠠᠢᠴᠠᠭᠠᠯᠲᠠ᠎ᠶᠢ ᠭᠦᠨᠵᠡᠭᠡᠢᠷᠡᠭᠦᠯᠦᠨ᠎ᠡ᠃
(55) ᠺᠠᠳ᠋ᠷ᠎ᠤᠨ ᠡᠩᠨᠡᠭᠡ ᠪᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠠᠢᠭᠤᠯᠤᠯᠲᠠ᠎ᠶᠢ ᠪᠦᠬᠦ᠌ ᠲᠠᠯ᠎ᠠ᠎ᠪᠠᠷ ᠴᠢᠩᠭᠠᠳᠭᠠᠨ᠎ᠠ᠃ ᠨᠠᠮ᠎ᠤᠨ ᠳᠣᠲᠣᠭᠠᠳᠤ᠎ᠶᠢᠨ ᠤᠯᠤᠰ ᠲᠦᠷᠦ᠍᠎ᠶᠢᠨ ᠠᠮᠢᠳᠤᠷᠠᠯ᠎ᠢ ᠲᠥᠪ ᠴᠢᠩᠭ᠎ᠠ ᠪᠠᠢᠯᠭᠠᠵᠤ᠂ ᠠᠷᠠᠳᠴᠢᠯᠠᠯ ᠲᠥᠪᠯᠡᠷᠡᠯ᠎ᠤᠨ ᠶᠣᠰᠣ᠎ᠶᠢ ᠴᠢᠩᠭ᠎ᠠ ᠲᠤᠭᠤᠱᠢᠯᠠᠭᠤᠯᠤᠨ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠠᠷᠠᠳᠴᠢᠯᠠᠯ᠎ᠢᠶᠡᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠬᠠᠤᠯᠢ ᠶᠣᠰᠣᠭᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠶᠢ ᠪᠠᠷᠢᠮᠲᠠᠯᠠᠨ᠎ᠠ᠃ ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ᠎ᠶᠢ ᠪᠠᠷᠢᠮᠲᠠᠯᠠᠨ᠂ ᠤᠯᠤᠰ ᠲᠥᠷᠥ᠎ᠶᠢᠨ ᠪᠠᠷᠢᠮᠵᠢᠶ᠎ᠠ᠎ᠶᠢ ᠲᠡᠷᠢᠭᠦᠨ᠎ᠳᠤ ᠲᠠᠯᠪᠢᠵᠤ᠂ ᠦᠨᠳᠦᠰᠦᠲᠡᠨ᠎ᠤ ᠭᠠᠵᠠᠷ ᠣᠷᠣᠨ᠎ᠤ ᠺᠠᠳ᠋ᠷ᠎ᠤᠨ 《ᠳᠥᠷᠪᠡᠨ ᠣᠨᠴᠠᠭᠠᠶ》 ᠴᠢᠬᠤᠯᠠ ᠱᠠᠭᠠᠷᠳᠠᠯᠭ᠎ᠠ᠎ᠶᠢ ᠭᠦᠨᠵᠡᠭᠡᠶ ᠨᠠᠢᠳᠠᠪᠤᠷᠢᠵᠢᠭᠤᠯᠤᠨ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠳ᠋ᠡᠬᠡᠨ ᠤᠯᠤᠰ ᠲᠥᠷᠥ᠎ᠶᠢᠨ ᠬᠡᠪ ᠪᠤᠯᠪᠠᠰᠤᠷᠠᠯ᠎ᠢ ᠨᠢ ᠱᠢᠯᠭᠠᠨ ᠪᠠᠢᠴᠠᠭᠠᠬᠤ ᠪᠠ ᠨᠠᠮᠴᠢ ᠴᠢᠨᠠᠷ᠎ᠢ ᠨᠢ ᠢᠯᠭᠠᠨ ᠲᠠᠨᠢᠬᠤ ᠠᠵᠢᠯ᠎ᠢ ᠭᠦᠨᠵᠡᠭᠡᠶ ᠪᠥᠭᠡᠳ ᠪᠣᠳᠠᠲᠠᠶ ᠬᠢᠵᠦ᠍᠂ ᠺᠠᠳ᠋ᠷ᠎ᠢ ᠬᠢᠨᠠᠨ ᠱᠢᠯᠭᠠᠵᠤ ᠦᠨᠡᠯᠡᠬᠦ᠌ ᠲᠣᠭ᠍ᠲᠠᠴᠠ᠎ᠶᠢ ᠲᠡᠭᠦᠯᠳᠡᠷᠵᠢᠭᠦᠯᠦᠨ᠂ ᠲᠤᠱᠢᠶᠠᠯ ᠳ᠋ᠠᠭᠠᠨ ᠬᠢᠷᠢ ᠲᠡᠩᠴᠡᠭᠦ᠌ ᠥᠬᠡᠶ ᠺᠠᠳ᠋ᠷ᠎ᠲᠤ ᠲᠣᠬᠢᠷᠠᠭᠤᠯᠤᠯᠲᠠ ᠬᠢᠵᠦ᠍᠂ ᠤᠳᠤᠷᠢᠳᠭᠤ ᠺᠠᠳ᠋ᠷ᠎ᠤᠨ ᠳᠡᠪᠱᠢᠵᠦ᠍ ᠪᠣᠯᠬᠤ ᠪᠠᠭᠤᠵᠤ ᠪᠣᠯᠬᠤ᠎ᠶᠢ ᠪᠠᠢᠩᠭᠤᠵᠢᠭᠤᠯᠬᠤ᠎ᠶᠢ ᠠᠬᠢᠭᠤᠯᠵᠤ᠂ ᠺᠠᠳ᠋ᠷ᠎ᠢ ᠬᠥᠲᠥᠯᠥᠨ ᠵᠢᠯᠣᠭᠣᠳᠴᠤ᠌ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠣᠶ ᠪᠣᠯᠭᠠᠵᠤ ᠦᠶ᠋ᠯᠡᠳᠦᠯᠭᠡᠵᠢᠭᠦᠯᠦᠨ᠎ᠡ᠃ ᠬᠥᠮᠦᠵᠢᠯ ᠪᠣᠯᠪᠠᠰᠤᠷᠠᠯ ᠪᠠ ᠦᠢᠯᠡᠳᠦᠯᠭᠡ᠎ᠶᠢᠨ ᠳᠠᠪᠲᠠᠯᠲᠠ᠎ᠶᠢ ᠴᠢᠩᠭᠠᠳᠭᠠᠵᠤ᠂ ᠺᠠᠳ᠋ᠷᠴᠤᠳ᠎ᠤᠨ ᠶᠡᠬᠡ ᠰᠤᠷᠤᠯᠴᠠᠯᠭ᠎ᠠ ᠬᠢᠬᠦ᠌᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠌᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶᠢ ᠠᠬᠢᠭᠤᠯᠵᠤ᠂ ᠣᠳᠣᠬᠢᠴᠢᠯᠠᠯᠳᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠴᠢᠳᠠᠪᠤᠷᠢ᠎ᠶᠢ ᠨᠢ ᠨᠡᠮᠡᠭ᠌ᠳᠡᠭᠦᠯᠦᠨ᠎ᠡ᠃ ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ᠎ᠶᠢ ᠤᠶᠠᠯᠳᠤᠭᠤᠯᠬᠤ᠂ ᠤᠷᠮᠠᠱᠢᠭᠤᠯᠬᠤ ᠪᠠ ᠬᠢᠵᠠᠭᠠᠷᠯᠠᠬᠤ᠎ᠶᠢ ᠵᠡᠷᠭᠡ᠎ᠪᠠᠷ ᠴᠢᠬᠤᠯᠠᠴᠢᠯᠠᠬᠤ᠎ᠶᠢ ᠪᠠᠷᠢᠮᠲᠠᠯᠠᠵᠤ᠂ ᠺᠠᠳ᠋ᠷ᠎ᠤᠨ ᠡᠩᠨᠡᠭᠡᠨ᠎ᠤ ᠳᠣᠲᠣᠭᠠᠳᠤ ᠬᠥᠳᠡᠯᠭᠡᠬᠦ᠌ ᠬᠦᠴᠦᠨ ᠪᠠ ᠪᠦᠬᠦᠯᠢ ᠴᠣᠭ᠍ᠴᠠ᠎ᠶᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃ 《ᠲᠠᠪᠤᠨ ᠪᠡᠬᠢᠯᠡᠯᠲᠡ》᠎ᠶᠢᠨ ᠴᠢᠬᠤᠯᠠ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠡᠯ᠎ᠡ ᠬᠦᠷᠢᠶᠡᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠦᠷᠦ᠍᠎ᠶᠢᠨ ᠴᠢᠳᠠᠪᠬᠢ ᠪᠣᠯᠤᠨ ᠵᠣᠬᠢᠶᠠᠨ ᠪᠠᠢᠭᠤᠯᠤᠯᠲᠠ᠎ᠶᠢᠨ ᠴᠢᠳᠠᠪᠬᠢ᠎ᠶᠢ ᠴᠢᠩᠭᠠᠳᠭᠠᠨ᠎ᠠ᠃ ᠨᠠᠮ᠎ᠤᠨ ᠭᠡᠱᠢᠭᠦᠨ᠎ᠤ ᠬᠥᠮᠦᠵᠢᠯ ᠬᠠᠮᠢᠶᠠᠷᠤᠯᠲᠠ᠎ᠶᠢ ᠴᠢᠩᠭᠠᠳᠭᠠᠵᠤ᠂ ᠨᠠᠮ᠎ᠤᠨ ᠭᠡᠱᠢᠭᠦᠨ᠎ᠤ ᠬᠣᠱᠢᠭᠤᠴᠢ ᠵᠢᠱ᠌ᠢᠶᠡᠴᠢ ᠦᠢᠯᠡᠳᠦᠯ᠎ᠢ ᠪᠠᠳᠠᠷᠠᠭᠤᠯᠤᠨ᠎ᠠ᠃
(56) ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢ ᠠᠬᠢᠭᠤᠯᠤᠨ᠎ᠠ᠃ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶᠢ ᠴᠥᠬᠥᠷᠡᠰᠢ ᠦᠭᠡᠢ ᠲᠤᠭᠤᠰᠢᠯᠠᠭᠤᠯᠵᠤ᠂ ᠪᠣᠳᠠᠲᠠᠢ᠎ᠶᠢ ᠡᠷᠬᠢᠮᠯᠡᠬᠦ᠌ ᠰᠤᠷᠲᠠᠯ᠎ᠢ ᠶᠡᠬᠡ᠎ᠪᠠᠷ ᠪᠠᠳᠠᠷᠠᠭᠤᠯᠵᠤ᠂ ᠠᠷᠢᠭᠤᠨ ᠴᠢᠬᠡᠴᠢ ᠰᠤᠷᠲᠠᠯ᠎ᠢ ᠪᠠᠳᠠᠷᠠᠭᠤᠯᠵᠤ᠂ ᠠᠷᠪᠢᠴᠢ ᠪᠣᠷᠣᠭ᠍ᠵᠢᠭᠤᠨ ᠰᠤᠷᠲᠠᠯ᠎ᠢ ᠪᠤᠢ ᠪᠣᠯᠭᠠᠵᠤ᠂ ᠲᠥᠪ ᠪᠤᠰᠤ ᠰᠤᠷᠲᠠᠯ᠎ᠢ ᠴᠢᠩᠭ᠎ᠠ ᠬᠣᠷᠢᠭ᠍ᠯᠠᠨ ᠵᠣᠭ᠍ᠰᠣᠭᠠᠵᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶᠢ ᠠᠬᠢᠭᠤᠯᠤᠨ᠎ᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠡᠭ᠌ᠴᠡᠯᠡᠨ ᠵᠠᠰᠠᠬᠤ ᠡᠷᠴᠢᠮ᠎ᠢᠶᠠᠨ ᠴᠢᠩᠭᠠᠷᠠᠭᠤᠯᠵᠤ᠂ ᠦᠨᠳᠦᠰᠦᠨ ᠱᠠᠲᠤᠨ᠎ᠤ ᠳᠠᠷᠤᠭᠠᠰᠤ᠎ᠶᠢ ᠦᠷᠭᠦᠯᠵᠢᠯᠡᠨ ᠬᠥᠩᠭᠡᠷᠡᠭᠦᠯᠦᠨ᠎ᠡ᠃ ᠰᠠᠬᠢᠯᠭ᠎ᠠ ᠪᠠᠲᠤ᠎ᠶᠢ ᠰᠤᠷᠤᠯᠴᠠᠬᠤ ᠰᠠᠬᠢᠯᠭ᠎ᠠ ᠪᠠᠲᠤ᠎ᠶᠢ ᠣᠢᠯᠠᠭᠠᠬᠤ ᠰᠠᠬᠢᠯᠭ᠎ᠠ ᠪᠠᠲᠤ᠎ᠶᠢ ᠰᠠᠬᠢᠬᠤ᠎ᠶᠢ ᠪᠠᠢᠩᠭᠤᠵᠢᠭᠤᠯᠤᠨ ᠠᠬᠢᠭᠤᠯᠤᠨ᠎ᠠ᠃ ᠡᠷᠬᠡ ᠣᠯᠭᠣᠬᠤ ᠡᠷᠬᠡ ᠭᠡᠷᠡᠭᠯᠡᠬᠦ ᠡᠷᠭᠡ᠎ᠶᠢ ᠬᠢᠵᠠᠭᠠᠷᠯᠠᠬᠤ᠎ᠶᠢᠨ ᠨᠢᠭᠡᠳᠤᠯ ᠪᠠ ᠢᠯᠡ ᠲᠣᠳᠣ ᠮᠥᠷᠳᠡᠵᠦ᠍ ᠪᠣᠯᠬᠤ ᠪᠠᠢᠭᠤᠯᠤᠯ ᠲᠣᠭ᠍ᠲᠠᠴᠠ᠎ᠶᠢ ᠲᠡᠬᠦᠯᠳᠡᠷᠵᠢᠬᠦᠯᠵᠦ᠂ ᠡᠷᠬᠡ᠎ᠶᠢᠨ ᠲᠣᠬᠢᠷᠠᠭᠤᠯᠤᠯᠲᠠ᠂ ᠠᠵᠢᠯᠯᠠᠭᠠᠨ᠎ᠤ ᠵᠢᠷᠤᠮᠵᠢᠯ ᠪᠠ ᠬᠢᠨᠠᠯᠲᠠ᠎ᠶᠢ ᠴᠢᠩᠭᠠᠳᠭᠠᠨ᠎ᠠ᠃ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠦᠷᠭᠦᠯᠵᠢᠯᠡᠨ ᠴᠡᠭ᠌ᠴᠡᠯᠡᠨ ᠵᠠᠰᠠᠨ᠎ᠠ᠃ 《ᠬᠣᠶᠠᠷ ᠤᠬ᠍ᠳᠤ ᠠᠭᠤᠴᠢᠯᠠᠬᠤ ᠦᠭᠡᠢ》 ᠴᠢᠬᠤᠯᠠ ᠱᠠᠭᠠᠷᠳᠠᠯᠭ᠎ᠠ᠎ᠶᠢ ᠭᠦᠨᠵᠡᠭᠡᠢ ᠲᠤᠭᠤᠱᠢᠯᠠᠭᠤᠯᠵᠤ᠂ ᠢᠯᠵᠢᠷᠡᠯ᠎ᠢ ᠡᠰᠡᠷᠭᠦᠴᠡᠬᠦ᠌ ᠠᠵᠢᠯ ᠡᠭᠦᠷᠢᠳᠡ ᠳᠠᠭᠤᠰᠤᠰᠢ ᠦᠭᠡᠢ ᠪᠠᠢᠬᠤ᠎ᠶᠢ ᠪᠠᠲᠤᠯᠠᠵᠤ᠂ ᠢᠯᠵᠢᠷᠠᠬᠤ᠎ᠠᠴᠠ ᠵᠢᠷᠦᠬᠡᠱᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠤ᠎ᠶᠢ ᠪᠤᠳᠤᠬᠤ ᠦᠭᠡᠢ ᠪᠠᠢᠬᠤ᠎ᠶᠢ ᠨᠢᠭᠡ ᠴᠤᠬ᠍ᠴᠠᠵᠢᠭᠤᠯᠤᠨ ᠠᠬᠢᠭᠤᠯᠵᠤ᠂ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠤᠨ ᠪᠣᠭᠣᠮᠲᠠ ᠱᠢᠪᠲᠤᠯᠬᠤ ᠳᠠᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠢᠯᠠᠯᠳᠤᠭᠠᠨ᠂ ᠶᠡᠷᠦᠩᠬᠡᠢ ᠳᠠᠢᠯᠠᠯᠳᠤᠭᠠᠨ᠎ᠤ ᠢᠯᠠᠯᠲᠠ᠎ᠶᠢ ᠵᠠᠪᠠᠯ ᠲᠡᠮᠡᠴᠡᠨ ᠤᠯᠤᠨ᠎ᠠ᠃
(57) 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢ ᠲᠣᠭ᠍ᠲᠠᠭᠠᠬᠤ ᠪᠠ ᠨᠠᠢᠳᠠᠪᠤᠷᠢᠵᠢᠭᠤᠯᠬᠤ ᠲᠣᠭ᠍ᠲᠠᠴᠠ᠎ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠦᠳᠤᠯᠪᠤᠷᠢ ᠬᠢᠭᠡᠳ ᠲᠤᠰᠭᠠᠶ ᠵᠦᠶ᠋ᠯ᠎ᠤᠨ ᠲᠥᠯᠥᠪᠵᠢᠭᠦᠯᠭᠡ᠎ᠶᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠪᠠᠢᠷᠢ ᠲᠣᠭ᠍ᠲᠠᠭᠠᠯᠲᠠ ᠵᠦᠪ ᠣᠨᠣᠪᠴᠢᠲᠠᠶ᠂ ᠵᠠᠭᠠᠭ ᠱᠤᠭᠤᠮ ᠲᠣᠳᠣᠷᠬᠠᠶ᠂ ᠴᠢᠳᠠᠮᠵᠢ ᠬᠠᠷᠢᠯᠴᠠᠨ ᠨᠥᠬᠥᠪᠥᠷᠢᠯᠡᠭ᠌ᠰᠡᠨ᠂ ᠨᠢᠭᠡᠳᠦᠯᠲᠡᠶ ᠵᠣᠯᠭᠠᠯᠳᠤᠭ᠍ᠰᠠᠨ ᠲᠥᠯᠥᠪᠵᠢᠭᠦᠯᠭᠡ᠎ᠶᠢᠨ ᠱᠢᠰᠲ᠋ᠧᠮ᠎ᠢ ᠪᠣᠶ ᠪᠤᠯᠭᠠᠨ᠎ᠠ ᠃ ᠲᠥᠯᠥᠪᠵᠢᠭᠦᠯᠭᠡ᠎ᠶᠢ ᠬᠡᠷᠡᠭ᠌ᠵᠢᠭᠦᠯᠬᠦ᠎ᠶᠢ ᠬᠢᠨᠠᠨ ᠬᠡᠮᠵᠢᠵᠦ᠍ ᠦᠨᠡᠯᠡᠨ ᠵᠢᠱ᠌ᠢᠬᠦ᠌ ᠪᠠ ᠬᠢᠨᠠᠯᠲᠠ ᠲᠠᠯᠪᠢᠬᠤ ᠪᠠᠨ ᠴᠢᠩᠭᠠᠳᠬᠠᠨ᠂ ᠲᠥᠷᠥ᠎ᠶᠢᠨ ᠪᠣᠳᠣᠯᠭ᠎ᠠ᠎ᠶᠢᠨ ᠵᠣᠬᠢᠴᠠᠭᠤᠯᠭ᠎ᠠ ᠪᠠ ᠠᠵᠢᠯ᠎ᠤᠨ ᠬᠠᠮᠵᠢᠯᠴᠠᠬᠤ ᠲᠣᠭ᠍ᠲᠠᠴᠠ᠎ᠶᠢ ᠲᠡᠭᠦᠯᠳᠡᠷᠵᠢᠬᠦᠯᠵᠦ᠂ ᠲᠥᠯᠥᠪᠵᠢᠭᠦᠯᠭᠡ᠎ᠶᠢ ᠬᠡᠷᠡᠭ᠌ᠵᠢᠭᠦᠯᠬᠦ᠌ ᠬᠦᠴᠦᠨ᠎ᠢ ᠳᠡᠭᠡᠭ᠌ᠰᠢᠯᠡᠭᠦᠯᠦᠨ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠥᠭ᠌ᠵᠢᠯᠲᠡ᠎ᠶᠢᠨ ᠲᠤᠬᠠᠶ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠪᠤᠳᠠᠳᠠᠢ᠎ᠳᠤ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠨ᠎ᠠ᠃
ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷ᠂ ᠤᠯᠠᠨ ᠲᠦᠮᠡᠨ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠬᠦᠰᠡᠯ ᠨᠠᠢᠳᠠᠯᠭ᠎ᠠ᠎ᠶᠢ ᠨᠢ ᠪᠠᠲᠤ ᠴᠡᠭᠡᠵᠢᠯᠡᠵᠦ᠍᠂ ᠠᠴᠢ ᠬᠠᠷᠢᠭᠤᠯᠤᠨ ᠡᠷᠡᠯᠬᠡᠭ᠌ᠯᠡᠨ ᠤᠷᠤᠭ᠍ᠰᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠤᠴᠠᠯᠲᠠ ᠦᠭᠡᠢ ᠤᠷᠤᠭ᠍ᠰᠢᠯᠠᠵᠤ᠂ ᠪᠦᠬᠦ᠌ ᠤᠯᠤᠰ ᠲᠠᠢ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ ᠳ᠋ᠡᠭᠡᠨ ᠪᠡᠶᠡᠯᠡᠭᠦᠯᠬᠦ᠌᠎ᠶᠢᠨ ᠲᠥᠯᠥᠭᠡ ᠬᠠᠮᠲᠤ᠎ᠪᠠᠷ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠬ᠎ᠤᠨ ᠤᠳᠤᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶᠢ ᠲᠠᠰᠤᠷᠠᠯᠳᠠ ᠦᠭᠡᠢ ᠪᠢᠴᠢᠭᠯᠡᠨ᠎ᠡ᠃