ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠲᠥᠪ᠎ᠦᠨ ᠠᠶᠤᠯᠭᠦᠶ ᠦᠶ᠋ᠯᠡᠳᠪᠦᠷᠢᠯᠡᠯ᠎ᠦᠨ ᠬᠢᠨᠠᠨ ᠱᠢᠯᠭᠠᠵᠤ ᠲᠣᠭᠣᠷᠢᠨ ᠪᠠᠢᠴᠠᠭᠠᠬᠤ ᠳᠤᠭᠤᠢᠯᠠᠩ ᠥᠪᠥᠷ ᠮᠣᠩᠭᠣᠯ᠎ᠳᠤ ᠢᠷᠡᠵᠦ᠍ ᠬᠢᠨᠠᠨ ᠱᠢᠯᠭᠠᠯᠲᠠ ᠲᠣᠭᠣᠷᠢᠨ ᠪᠠᠢᠴᠠᠭᠠᠯᠲᠠ ᠥᠷᠨᠢᠭᠦᠯᠪᠡ   ᠮᠠᠢ᠌ᠷᠳᠠᠨ·ᠮᠦᠭᠠᠢ᠌ᠲ᠋ᠢ ᠶᠠᠷᠢᠯᠴᠠᠬᠤ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠤ ᠪᠦᠦ ᠭᠠᠩ ᠡᠷᠬᠢᠯᠡᠵᠡᠢ
ᠨᠡᠶ᠋ᠢᠲᠡᠯᠡᠭᠰᠡᠨ ᠴᠠᠭ᠄ 2025-11-25

ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ 11 ᠰᠠᠷ᠎ᠠ᠎ᠶ᠋ᠢᠨ 23᠎ᠡᠴᠡ 12 ᠰᠠᠷ᠎ᠠ᠎ᠶ᠋ᠢᠨ 2᠎ᠤᠨ ᠡᠳᠦᠷ ᠪᠣᠯᠲᠠᠯ᠎ᠠ᠂ ᠲᠥᠪ᠎ᠦᠨ ᠠᠶᠤᠯᠭᠦᠢ ᠦᠢᠯᠡᠳᠪᠦᠷᠢᠯᠡᠯ᠎ᠦᠨ ᠬᠢᠨᠠᠨ ᠱᠢᠯᠭᠠᠵᠤ ᠲᠣᠭᠣᠷᠢᠨ ᠪᠠᠢᠴᠠᠭᠠᠬᠤ ᠳᠤᠭᠤᠢᠯᠠᠩ᠎ᠤᠨ ᠠᠷᠪᠠᠳᠤᠭᠠᠷ ᠳᠤᠭᠤᠢᠯᠠᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠬᠢᠨᠠᠨ ᠱᠢᠯᠭᠠᠵᠤ ᠲᠣᠭᠣᠷᠢᠨ ᠪᠠᠢᠴᠠᠭᠠᠬᠤ ᠪᠤᠯᠤᠨ᠎ᠠ᠃ 11 ᠰᠠᠷ᠎ᠠ᠎ᠶ᠋ᠢᠨ 24᠎ᠤ ᠡᠳᠦᠷ᠂ ᠬᠢᠨᠠᠨ ᠱᠢᠯᠭᠠᠵᠤ ᠲᠣᠭᠣᠷᠢᠨ ᠪᠠᠢᠴᠠᠭᠠᠬᠤ ᠳᠤᠭᠤᠢᠯᠠᠩ ᠲᠤᠰᠭᠠᠶ ᠰᠡᠳᠦᠪᠲᠦ ᠶᠠᠷᠢᠯᠴᠠᠬᠤ ᠬᠤᠷᠠᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠲᠥᠪ᠎ᠦᠨ ᠠᠶᠤᠯᠭᠦᠶ ᠦᠶ᠋ᠯᠡᠳᠪᠦᠷᠢᠯᠡᠯ᠎ᠦᠨ ᠬᠢᠨᠠᠨ ᠱᠢᠯᠭᠠᠵᠤ ᠲᠣᠭᠣᠷᠢᠨ ᠪᠠᠢᠴᠠᠭᠠᠬᠤ ᠳᠤᠭᠤᠢᠯᠠᠩ᠎ᠤᠨ ᠠᠷᠪᠠᠳᠤᠭᠠᠷ ᠳᠤᠭᠤᠢᠯᠠᠩ᠎ᠤᠨ ᠳᠠᠷᠤᠭ᠎ᠠ᠂ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ᠎ᠤ ᠳᠡᠳ᠋ ᠰᠠᠢᠳ ᠮᠠᠢᠷᠳᠠᠨ·ᠮᠦᠭᠠᠢ᠌ᠲ᠋ᠢ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠡᠷᠭᠢᠯᠡᠭ᠌ᠰᠡᠨ ᠪᠥᠭᠡᠳ ᠣᠪᠣᠷ᠎ᠢᠶᠠᠨ ᠢᠯᠡᠳᠭᠡᠬᠦ᠌ ᠦᠭᠡ ᠬᠡᠯᠡᠵᠡᠶ᠃

ᠮᠠᠢᠷᠳᠠᠨ·ᠮᠦᠭᠠᠢ᠌ᠲ᠋ᠢ᠂ ᠶᠡᠷᠦᠩᠬᠡᠢ ᠱᠦᠵᠢ ᠰᠢ᠎ᠵᠢᠨ᠎ᠫᠢᠩ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠠᠯᠢ ᠤᠯᠠᠨ ᠴᠢᠬᠤᠯᠠ ᠵᠢᠭᠠᠪᠤᠷᠢ ᠴᠣᠬᠣᠯᠠᠪᠤᠷᠢ ᠥᠭ᠌ᠴᠦ᠂ ᠪᠢᠳᠡᠨ᠎ᠦ ᠠᠵᠢᠯ᠎ᠢᠶᠠᠨ ᠰᠠᠢᠲᠤᠷ ᠬᠢᠬᠦ᠌᠎ᠳᠦ ᠦᠨᠳᠦᠰᠦᠨ ᠵᠢᠷᠤᠮᠯᠠᠯ ᠬᠠᠩᠭᠠᠪᠠ᠃ ᠲᠤᠰ ᠤᠳᠠᠭ᠎ᠠ᠎ᠶ᠋ᠢᠨ ᠬᠢᠨᠠᠨ ᠱᠢᠯᠭᠠᠯᠲᠠ ᠲᠣᠭᠣᠷᠢᠨ ᠪᠠᠢᠴᠠᠭᠠᠯᠲᠠ ᠪᠣᠯ ᠠᠩᠬ᠎ᠠ ᠤᠳᠠᠭ᠎ᠠ ᠨᠠᠮ᠎ᠤᠨ ᠲᠥᠪ ᠬᠤᠷᠢᠶ᠎ᠠ᠎ᠶᠢᠨ ᠨᠡᠷ᠎ᠡ᠎ᠪᠡᠷ ᠥᠷᠨᠢᠭᠦᠯᠦᠭ᠌ᠰᠡᠨ ᠬᠢᠨᠠᠨ ᠱᠢᠯᠭᠠᠯᠲᠠ ᠲᠣᠭᠣᠷᠢᠨ ᠪᠠᠢᠴᠠᠭᠠᠯᠲᠠ ᠪᠣᠯᠤᠨ᠎ᠠ᠂ ᠨᠠᠮ ᠵᠠᠰᠠᠭ᠎ᠤᠨ ᠤᠳᠤᠷᠢᠳᠭᠤ ᠺᠠᠳ᠋ᠷ᠎ᠤᠨ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠂ ᠦᠨᠳᠦᠰᠦ᠎ᠡᠴᠡ ᠨᠢ ᠵᠠᠰᠠᠵᠤ ᠪᠣᠭᠣᠮᠲᠠ ᠱᠢᠪᠲᠤᠯᠬᠤ ᠭᠤᠷᠪᠠᠨ ᠵᠢᠯ᠎ᠦᠨ ᠠᠵᠢᠯᠯᠠᠭ᠎ᠠ᠎ᠶ᠋ᠢ ᠠᠬᠢᠭᠤᠯᠬᠤ᠂ ᠬᠦᠨᠳᠦ ᠣᠨᠴᠠ ᠶᠡᠬᠡ ᠡᠨᠳᠡᠯ᠎ᠢ ᠰᠡᠷᠭᠡᠢᠯᠡᠬᠦ᠌ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ《ᠲᠠᠪᠤ᠎ᠶ᠋ᠢ ᠴᠢᠩᠭ᠎ᠠ ᠪᠠᠢᠴᠠᠭᠠᠬᠤ》ᠠᠵᠢᠯᠯᠠᠭ᠎ᠠ ᠥᠷᠨᠢᠭᠦᠯᠵᠦ᠍᠂ ᠶᠠᠷᠢᠯᠴᠠᠬᠤ ᠬᠤᠷᠠᠯ ᠬᠢᠵᠦ᠍ ᠠᠰᠠᠭᠤᠨ ᠯᠠᠪᠯᠠᠬᠤ᠂ ᠢᠯᠡ᠎ᠪᠡᠷ ᠪᠠᠢᠴᠠᠭᠠᠵᠤ ᠨᠢᠭᠤᠴᠠ ᠪᠡᠷ ᠰᠤᠷᠪᠤᠯᠵᠢᠯᠠᠬᠤ᠂ ᠭᠣᠣᠯᠳᠠᠯᠭ᠎ᠠ᠎ᠲᠠᠶ ᠮᠠᠲᠧᠷᠢᠶᠠᠯ᠎ᠢ ᠰᠢᠯᠵᠢᠭᠦᠯᠦᠨ ᠠᠪᠴᠢᠷᠠᠵᠤ ᠦᠵᠡᠬᠦ᠌᠂ ᠪᠣᠯᠵᠣᠨ ᠶᠠᠷᠢᠯᠴᠠᠵᠤ ᠵᠥᠪᠳᠡᠯᠴᠡᠬᠦ᠌᠂ ᠲᠤᠰᠭᠠᠢ ᠮᠡᠷᠭᠡᠵᠢᠯᠲᠡᠨ᠎ᠢᠶᠡᠷ ᠵᠢᠯᠤᠭᠤᠳᠤᠭᠤᠯᠤᠨ ᠦᠢᠯᠡᠴᠢᠯᠡᠭᠦᠯᠬᠦ᠌ ᠵᠡᠷᠭᠡ ᠠᠷᠭ᠎ᠠ ᠬᠡᠯᠪᠡᠷᠢ᠎ᠶ᠋ᠢ ᠶᠡᠷᠦᠩᠬᠡᠢᠯᠡᠨ ᠬᠡᠷᠡᠭ᠌ᠯᠡᠵᠦ᠍ ᠠᠵᠢᠯ᠎ᠢᠶᠠᠨ ᠥᠷᠨᠢᠭᠦᠯᠦᠨ᠎ᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠲᠣᠰ ᠤᠳᠠᠭ᠎ᠠ᠎ᠶ᠋ᠢᠨ ᠬᠢᠨᠠᠨ ᠱᠢᠯᠭᠠᠯᠲᠠ ᠲᠣᠭᠣᠷᠢᠨ ᠪᠠᠢᠴᠠᠭᠠᠯᠲᠠ᠎ᠪᠠᠷ ᠠᠵᠠ ᠲᠣᠬᠢᠶᠠᠯ ᠪᠣᠯᠭᠠᠵᠤ᠂ ᠡᠯ᠎ᠡ ᠲᠠᠯ᠎ᠠ᠎ᠶ᠋ᠢᠨ ᠠᠶᠤᠯᠭᠦᠶ ᠦᠶ᠋ᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢ ᠴᠢᠨᠠᠭ᠍ᠰᠢᠳᠠ ᠴᠢᠩᠭᠠᠳᠭᠠᠨ ᠪᠣᠳᠠᠲᠠᠢᠵᠢᠭᠤᠯᠵᠤ᠂ ᠭᠤᠤᠯᠳᠠᠯᠭ᠎ᠠ᠎ᠲᠠᠶ ᠬᠦᠷᠢᠶ᠎ᠡ᠂ ᠭᠤᠤᠯᠳᠠᠯᠭ᠎ᠠ᠎ᠲᠠᠶ ᠭᠣᠭ᠍ᠴᠣᠭ᠎ᠠ᠎ᠶ᠋ᠢ ᠴᠢᠩᠭ᠎ᠠ ᠠᠩᠬᠠᠷᠴᠤ᠌ ᠠᠶᠤᠯ ᠲᠦᠭ᠌ᠰᠢᠭᠦᠷᠢ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠠᠷᠢᠯᠭᠠᠨ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠠᠮᠤᠷ ᠲᠦᠪᠱᠢᠨ ᠲᠣᠭ᠍ᠲᠠᠭᠤᠨ ᠣᠷᠴᠢᠨ ᠨᠦᠭᠦᠴᠡᠯ᠎ᠢ ᠪᠣᠶ ᠪᠣᠯᠭᠠᠵᠤ ᠥᠭ᠌ᠬᠦ᠎ᠶ᠋ᠢ ᠬᠦᠰᠡᠵᠦ᠍ ᠪᠠᠢᠨ᠎ᠠ ᠭᠡᠵᠦ ᠵᠢᠭᠠᠵᠤ ᠭᠠᠷᠭᠠᠪᠠ᠃

ᠪᠦᠦ ᠭᠠᠩ᠂ ᠥᠪᠥᠷ ᠮᠣᠩᠭᠣᠯ᠎ᠤᠨ ᠬᠢᠨ ᠶᠡᠷᠦᠩᠬᠡᠶ ᠱᠦᠵᠢ ᠰᠢ᠎ᠵᠢᠨ᠎ᠫᠢᠩ᠎ᠦᠨ ᠠᠶᠤᠯᠭᠦᠶ ᠦᠶ᠋ᠯᠡᠳᠪᠦᠷᠢᠯᠡᠯ᠎ᠦᠨ ᠲᠤᠬᠠᠶ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠦᠨᠳᠦᠷᠴᠡ᠎ᠳ᠋ᠤ ᠵᠣᠭ᠍ᠰᠣᠨ᠂ ᠴᠢᠩᠭ᠎ᠠ ᠲᠤᠯᠭᠠᠮ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ᠎ᠪᠡᠷ ᠬᠢᠨᠠᠨ ᠱᠢᠯᠭᠠᠯᠲᠠ ᠲᠣᠭᠣᠷᠢᠨ ᠪᠠᠢᠴᠠᠭᠠᠯᠲᠠ᠎ᠳᠤ ᠲᠥᠪ ᠴᠢᠩᠭ᠎ᠠ ᠨᠠᠷᠢᠨ ᠬᠢᠨᠠᠮᠠᠭᠠᠶ ᠪᠡᠷ ᠬᠠᠨᠳᠤᠵᠤ᠂ ᠬᠢᠨᠠᠨ ᠱᠢᠯᠭᠠᠵᠤ ᠲᠣᠭᠣᠷᠢᠨ ᠪᠠᠢᠴᠠᠭᠠᠬᠤ ᠳᠤᠭᠤᠢᠯᠠᠩ᠎ᠤᠨ ᠢᠯᠡᠷᠡᠭᠦᠯᠦᠭ᠌ᠰᠡᠨ ᠪᠠ ᠵᠢᠭᠠᠵᠤ ᠭᠠᠷᠭᠠᠭ᠍ᠰᠠᠨ ᠠᠰᠠᠭᠤᠳᠠᠯ᠎ᠢ ᠴᠢᠩ ᠰᠡᠳᠭᠢᠯ᠎ᠡᠴᠡ᠎ᠪᠡᠨ ᠭᠥᠯᠢᠶᠡᠨ ᠠᠪᠴᠤ᠌᠂ ᠲᠡᠷᠡ ᠶᠣᠰᠣᠭᠠᠷ᠎ᠨᠢ ᠪᠦᠬᠦᠨ᠎ᠢ ᠰᠢᠢᠳᠪᠦᠷᠢᠯᠡᠨ᠎ᠡ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ ᠬᠠᠷᠠᠯᠲᠠ᠎ᠪᠠᠷ ᠤᠳᠤᠷᠢᠳᠤᠮᠵᠢ ᠪᠣᠯᠭᠠᠬᠤ ᠦᠷ᠎ᠡ ᠪᠦᠲᠦᠮᠵᠢ᠎ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠨᠢᠭᠡ᠎ᠡᠴᠡ ᠨᠦᠭᠦᠭᠡ᠎ᠶᠢ ᠵᠦᠶ᠋ᠴᠢᠯᠡᠨ ᠮᠡᠳᠡᠵᠦ ᠪᠠᠢᠭᠠᠳ ᠵᠢᠭ᠍ᠰᠠᠭᠠᠨ ᠪᠠᠢᠴᠠᠭᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ᠎ᠶ᠋ᠢ ᠵᠡᠷᠭᠡ᠎ᠪᠡᠷ ᠵᠠᠰᠠᠵᠤ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠵᠤ᠂ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠠᠶᠤᠯᠭᠦᠢ ᠦᠶ᠋ᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠦᠷᠭᠦᠯᠵᠢᠯᠡᠨ ᠴᠢᠩᠳᠠᠯᠠᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠪᠦᠲᠦᠮᠵᠢᠲᠡᠶ ᠰᠡᠷᠭᠡᠢᠯᠡᠨ ᠬᠣᠷᠢᠭ᠍ᠯᠠᠵᠤ᠂ ᠠᠶᠤᠯᠭᠦᠢ ᠦᠶ᠋ᠯᠡᠳᠪᠦᠷᠢᠯᠡᠯ᠎ᠦᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠎ᠡ ᠭᠡᠵᠦ ᠢᠯᠡᠳᠭᠡᠪᠡ᠃

ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭ᠍ᠰᠠᠳ ᠪᠥᠬᠥ᠌ ᠤᠯᠤᠰ᠎ᠤᠨ ᠲᠦᠷᠦᠭᠦᠦ ᠭᠤᠷᠪᠠᠨ ᠤᠯᠠᠷᠢᠯ᠎ᠳᠤ ᠢᠯᠡ᠎ᠪᠡᠷ ᠪᠠᠢᠴᠠᠭᠠᠵᠤ ᠨᠢᠭᠤᠴᠠ ᠪᠡᠷ ᠰᠤᠷᠪᠤᠯᠵᠢᠯᠠᠵᠤ ᠢᠯᠡᠷᠡᠭᠦᠯᠦᠭ᠌ᠰᠡᠨ ᠨᠡᠢᠲᠡᠯᠢᠭ ᠠᠰᠠᠭᠤᠳᠠᠯ᠎ᠤᠨ ᠬᠡᠮ ᠰᠣᠭᠣᠭ᠎ᠤᠨ ᠰᠡᠷᠡᠮᠵᠢᠯᠡᠭᠦᠯᠦᠯ᠎ᠤᠨ ᠹᠢᠯᠢᠮ᠎ᠢ ᠦᠵᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ ᠪᠥᠬᠥ᠌ ᠣᠷᠣᠨ᠎ᠤ ᠠᠶᠤᠯᠭᠦᠢ ᠦᠶ᠋ᠯᠡᠳᠪᠦᠷᠢᠯᠡᠯ᠎ᠦᠨ ᠠᠵᠢᠯ᠎ᠢ ᠬᠠᠷᠢᠭᠤ ᠮᠡᠳᠡᠭᠦᠯᠪᠡ᠃ ᠬᠢᠨᠠᠨ ᠱᠢᠯᠭᠠᠵᠤ ᠲᠣᠭᠣᠷᠢᠨ ᠪᠠᠢᠴᠠᠭᠠᠬᠤ ᠳᠤᠭᠤᠢᠯᠠᠩ᠎ᠤᠨ ᠠᠷᠪᠠᠳᠤᠭᠠᠷ ᠳᠤᠭᠤᠢᠯᠠᠩ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠦᠨ ᠬᠣᠯᠪᠣᠭ᠍ᠳᠠᠯ ᠪᠦᠬᠦᠢ ᠪᠦᠷᠢᠯᠳᠦᠬᠦᠨ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
            