11 ᠰᠠᠷ᠎ᠠ᠎ᠶᠢᠨ 4᠎ᠦ ᠦᠳᠡ᠎ᠶᠢᠨ ᠬᠣᠢᠨ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠦ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠠᠩᠬᠠᠳᠠᠭ᠍ᠴᠢ ᠲᠠᠯᠠᠪᠤᠷ ᠮᠡᠳᠡᠭᠦᠯᠦᠯᠲᠡ᠎ᠶ᠋ᠢᠨ ᠬᠤᠷᠠᠯ ᠬᠥᠬᠡᠬᠣᠲᠠ ᠳᠤ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠦ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠤᠨ ᠡᠷᠬᠢᠯᠡᠭ᠌ᠴᠢ ᠭᠦᠩ ᠮᠢᠩ ᠵᠦ᠍ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃
ᠮᠡᠳᠡᠭᠦᠯᠦᠯᠳᠡ ᠳ᠋ᠤ ᠶᠡᠷᠦᠩᠬᠡᠢ ᠱᠦᠵᠢ ᠰᠢ᠎ᠵᠢᠨ᠎ᠫᠢᠩ᠎ᠦᠨ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦᠳᠠ ᠬᠤᠷᠠᠯ᠎ᠤᠨ 《ᠰᠠᠨᠠᠭᠤᠯᠭ᠎ᠠ》᠎ᠶᠢ ᠰᠤᠷᠤᠯᠴᠠᠨ ᠲᠤᠭᠤᠱᠢᠯᠠᠭᠤᠯᠬᠤ᠎ᠶᠢᠨ ᠲᠤᠭᠤᠷᠢᠨ ᠳ᠋ᠤ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶᠢᠨ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠣᠯᠤᠨ ᠴᠢᠬᠤᠯᠠ ᠶᠡᠬᠡ ᠠᠷᠭ᠎ᠠ ᠬᠡᠮᠵᠢᠶ᠎ᠠ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠮᠠᠨ᠎ᠤ ᠣᠷᠣᠨ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠭᠦᠨᠵᠡᠭᠡᠢ ᠪᠥᠭᠡᠳ ᠣᠢᠯᠠᠭᠠᠮᠵᠢᠲᠠᠢ᠂ ᠪᠦᠬᠦ᠌ ᠲᠠᠯ᠎ᠠ᠎ᠪᠠᠷ ᠱᠢᠰᠲ᠋ᠧᠮ᠎ᠲᠡᠶ ᠲᠠᠢᠯᠤᠮᠵᠢ ᠬᠢᠵᠡᠢ᠃
ᠮᠡᠳᠡᠭᠦᠯᠦᠯᠲᠡ᠎ᠶ᠋ᠢᠨ ᠭᠣᠣᠯ ᠰᠡᠳᠦᠪ ᠢᠯᠡ ᠲᠣᠳᠣ᠂ ᠠᠭᠤᠯᠭ᠎ᠠ ᠨᠠᠷᠢᠨ ᠪᠣᠳᠠᠲᠠᠢ᠂ ᠡᠮᠬᠢ ᠵᠢᠷᠤᠮ ᠲᠠᠢ᠂ ᠠᠭᠤᠯᠤᠭ᠍ᠳᠠᠬᠤᠨ ᠭᠦᠨᠵᠡᠭᠡᠢ ᠪᠤᠯᠵᠠᠢ᠃ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠨᠠᠮ᠎ᠤᠨ ᠬᠣᠷᠢᠶ᠎ᠠ᠎ᠶᠢᠨ ᠱᠦᠵᠢ ᠮᠠ ᠵᠢᠶᠦ᠋ᠨ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠪᠠ ᠶᠡᠬᠡ ᠳᠡᠭᠡᠳᠦ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠡᠭᠦᠷᠭᠡ ᠦᠩᠬᠡ ᠬᠡᠷᠡᠯ ᠳᠡᠢ᠂ ᠬᠠᠷᠢᠭᠤᠴᠠᠯᠭ᠎ᠠ ᠬᠦᠨᠳᠦ ᠴᠢᠬᠤᠯᠠ ᠭᠡᠳᠡᠭ᠎ᠢ ᠭᠦᠨᠵᠡᠭᠡᠶ ᠮᠡᠳᠡᠷᠡᠵᠦ᠍ ᠪᠠᠢᠨ᠎ᠠ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠦᠨᠳᠦᠰᠦᠨ ᠱᠠᠲᠤᠨ᠎ᠳᠤ ᠬᠠᠨᠳᠤᠭᠤᠯᠤᠭ᠍ᠰᠠᠨ ᠤᠬᠠᠭᠤᠯᠤᠨ ᠲᠠᠢᠯᠪᠤᠷᠢᠯᠠᠬᠤ ᠠᠵᠢᠯ᠎ᠢ ᠰᠠᠢᠲᠤᠷ ᠬᠢᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠣᠳᠣᠷᠬᠠᠶ ᠶᠠᠷᠢᠵᠤ᠂ ᠲᠤᠭᠤᠷᠠᠳᠠᠯ᠎ᠠ ᠶᠠᠷᠢᠵᠤ᠂ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠬᠤ ᠰᠦᠷ ᠳᠠᠯᠠᠢᠴᠠᠲᠠᠶ ᠬᠦᠴᠦᠨ᠎ᠢ ᠨᠢᠭ᠍ᠲᠠᠷᠠᠭᠤᠯᠤᠨ᠎ᠠ ᠭᠡᠵᠦ᠍ ᠢᠯᠡᠳᠭᠡᠪᠡ᠃
《ᠮᠡᠳᠡᠭᠦᠯᠦᠯᠲᠡ᠎ᠶ᠋ᠢᠨ ᠬᠤᠷᠠᠯ᠎ᠢ ᠰᠣᠨᠣᠰᠤᠭᠠᠳ ᠪᠢ 〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ᠂ ᠭᠤᠤᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ ᠵᠡᠷᠭᠡ᠎ᠳᠦ ᠨᠠᠩ ᠪᠥᠬᠥ᠌ ᠲᠠᠯ᠎ᠠ᠎ᠶ᠋ᠢᠨ ᠪᠥᠭᠡᠳ ᠭᠦᠨᠵᠡᠭᠡᠶ ᠣᠢᠯᠠᠭᠠᠯᠲᠠ᠎ᠲᠠᠶ ᠪᠣᠯᠵᠠᠶ᠃ ᠵᠣᠬᠢᠶᠠᠨ ᠪᠠᠢᠭᠤᠯᠬᠤ ᠠᠵᠢᠯ᠎ᠤᠨ ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠦᠷᠦᠭᠦᠯᠡᠨ ᠰᠠᠢᠲᠤᠷ ᠰᠤᠷᠤᠯᠴᠠᠨ ᠲᠤᠭᠤᠰᠢᠯᠠᠭᠤᠯᠵᠤ᠂ ᠤᠷᠢᠳ᠎ᠢᠶᠠᠷ ᠰᠤᠷᠤᠯᠴᠠᠵᠤ᠂ ᠭᠦᠨᠵᠡᠭᠡᠢ ᠰᠤᠷᠤᠯᠴᠠᠬᠤ᠎ᠶ᠋ᠢ ᠪᠠᠷᠢᠮᠲᠠᠯᠠᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠺᠠᠳ᠋ᠷ᠎ᠢ ᠰᠣᠩᠭᠣᠨ ᠪᠠᠭ ᠲᠤᠬᠢᠷᠠᠭᠤᠯᠬᠤ᠂ ᠦᠨᠳᠦᠰᠦᠨ ᠱᠠᠳᠤ᠎ᠶᠢ ᠠᠳᠭᠤᠨ ᠰᠠᠭᠤᠷᠢ ᠲᠠᠯᠪᠢᠬᠤ᠂ ᠡᠩᠨᠡᠭᠡ ᠪᠠᠢᠭᠤᠯᠤᠨ ᠴᠢᠳᠠᠪᠤᠷᠢᠲᠠᠨ᠎ᠢ ᠴᠤᠭ᠍ᠯᠠᠷᠠᠭᠤᠯᠬᠤ ᠵᠡᠷᠭᠡ ᠡᠯ᠎ᠡ ᠵᠦᠢᠯ᠎ᠦᠨ ᠵᠣᠬᠢᠶᠠᠨ ᠪᠠᠢᠭᠤᠯᠤᠯᠲᠠ᠎ᠶ᠋ᠢᠨ ᠠᠵᠢᠯ ᠳᠤᠮᠳᠠ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶᠢ ᠴᠢᠷᠮᠠᠢᠨ ᠪᠢᠴᠢᠭ᠌ᠯᠡᠬᠦ᠌᠎ᠳᠦ ᠵᠣᠬᠢᠶᠠᠨ ᠪᠠᠢᠭᠤᠯᠬᠤ ᠠᠵᠢᠯ᠎ᠤᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠶᠢᠨ ᠵᠣᠬᠢᠶᠠᠨ ᠪᠠᠢᠭᠤᠯᠬᠤ ᠬᠡᠯᠲᠡᠰ᠎ᠦᠨ ᠠᠯᠪᠠᠨ ᠭᠡᠷ᠎ᠦᠨ ᠳᠡᠳ᠋ ᠡᠷᠬᠢᠯᠡᠭ᠌ᠴᠢ ᠰᠢ ᠡᠯ ᠰᠧ ᠬᠡᠯᠡᠪᠡ᠃
ᠬᠥᠬᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠎ᠤᠨ ᠠᠵᠢᠯᠴᠢᠨ᠎ᠤ ᠶᠡᠷᠦᠩᠬᠡᠢ ᠡᠪᠯᠡᠯ᠎ᠤᠨ ᠠᠵᠢᠯᠳᠠᠨ ᠵᠠᠩ ᠵᠠᠨ ᠹᠸᠩ᠄ 《ᠤᠬᠠᠭᠤᠯᠤᠨ ᠲᠠᠢᠯᠪᠤᠷᠢᠯᠠᠯᠳᠠ ᠨᠢ ᠭᠦᠨᠵᠡᠭᠡᠢ ᠨᠡᠪᠲᠡᠷᠬᠡᠢ᠂ ᠠᠭᠤᠯᠭ᠎ᠠ ᠨᠢ ᠪᠠᠶᠠᠯᠢᠭ ᠪᠠᠢᠵᠤ᠂ ᠪᠢᠳᠡᠨ᠎ᠦ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮ ᠨᠢᠭᠡ ᠠᠯᠬᠤᠮ ᠣᠨᠣᠪᠴᠢᠲᠠᠢ ᠣᠢᠯᠠᠭᠠᠵᠤ ᠭᠦᠨᠵᠡᠭᠡᠢ ᠤᠬᠠᠪᠤᠷᠢᠯᠠᠬᠤ᠎ᠶ᠋ᠢ ᠠᠬᠢᠭᠤᠯᠪᠠ᠃ ᠪᠢ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠨ᠂ ᠴᠥᠬᠥᠷᠡᠰᠢ ᠦᠭᠡᠢ ᠴᠢᠷᠮᠠᠢᠵᠤ᠂ ᠦᠷᠭᠦᠯᠵᠢᠯᠡᠨ ᠲᠡᠮᠡᠴᠡᠵᠦ᠍᠂ ᠠᠵᠢᠯᠳᠠᠨ ᠠᠵᠢᠯᠴᠢᠨᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠦᠨᠡᠨ ᠬᠦ᠌ ᠰᠠᠢᠲᠤᠷ ᠱᠢᠢᠳᠪᠦᠷᠢᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃
ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠬᠥᠬᠡᠬᠣᠲᠠ᠎ᠳᠤ ᠠᠩᠬᠠᠳᠠᠭ᠍ᠴᠢ ᠮᠡᠳᠡᠭᠦᠯᠦᠯᠲᠡ᠎ᠶ᠋ᠢᠨ ᠬᠤᠷᠠᠯ ᠬᠢᠭ᠌ᠰᠡᠨ ᠦ ᠳᠠᠷᠠᠭ᠎ᠠ᠂ ᠪᠥᠬᠥ᠌ ᠣᠷᠣᠨ᠎ᠤ ᠡᠯ᠎ᠡ ᠠᠢᠮᠠᠭ ᠬᠣᠲᠠ ᠪᠣᠯᠤᠨ ᠬᠡᠰᠡᠭ ᠦᠪᠡᠷᠳᠡᠬᠡᠨ ᠵᠠᠰᠠᠬᠤ ᠣᠷᠣᠨ᠎ᠤ ᠱᠢᠭᠤᠳ ᠬᠠᠷᠢᠶ᠎ᠠ ᠨᠢᠭᠡᠴᠢ᠂ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ ᠳᠤ ᠬᠦᠷᠴᠦ᠍ ᠲᠥᠪᠯᠡᠷᠡᠩᠬᠦᠢ ᠤᠬᠠᠭᠤᠯᠤᠨ ᠲᠠᠢᠯᠪᠤᠷᠢᠯᠠᠬᠤ ᠪᠣᠯᠤᠨ᠎ᠠ᠃