ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》ᠢᠨᠵᠧᠨᠧᠷᠢᠩ᠎ᠤᠨ 2024 ᠣᠨ᠎ᠤ ᠠᠵᠢᠯ᠎ᠤᠨ ᠳ᠋ᠦᠩᠨᠡᠯᠲᠡ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-02-10


   2 ᠳ᠋ᠤᠭ᠋ᠠᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠤᠨ 2024 ᠣᠨ᠎ᠤ ᠠᠵᠢᠯ᠎ᠤᠨ ᠳ᠋ᠦᠩᠨᠡᠯᠲᠡ ᠵᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠳᠡᠳ᠋ ᠳᠠᠷᠤᠭ᠎ᠠ ᠢᠦᠢ ᠸᠧᠶ᠂ ᠲᠢᠩᠬᠢᠮ᠎ᠤᠨ ᠳᠡᠳ᠋ ᠳᠠᠷᠤᠭ᠎ᠠ ᠯᠢᠦ ᠱᠤᠸᠠᠩ᠂ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠪᠤᠤ ᠸᠧᠶ ᠵᠢᠶᠦ᠋ᠨ ᠬᠤᠷᠠᠯ᠎ᠳᠤ ᠣᠷᠣᠯᠴᠠᠵᠤ᠂ ᠲᠢᠩᠬᠢᠮ᠎ᠤᠨ ᠳᠡᠳ᠋ ᠳᠠᠷᠤᠭ᠎ᠠ ᠬᠤᠤ ᠰᠢ ᠬᠣᠩ ᠬᠤᠷᠠᠯ᠎ᠢ ᠡᠷᠭᠢᠯᠡᠪᠡ᠃


    ᠬᠤᠷᠠᠯ ᠳᠡᠭᠡᠷ᠎ᠡ᠂ ᠬᠥᠬᠡᠬᠣᠲᠠ ᠵᠢᠨ ᠵᠠᠰᠠᠭ᠎ᠤᠨ ᠣᠷᠳᠣᠨ᠂ ᠪᠤᠭᠤᠲᠤ ᠬᠣᠲᠠ ᠵᠢᠨ ᠵᠠᠰᠠᠭ᠎ᠤᠨ ᠣᠷᠳᠣᠨ᠎ᠨᠢ ᠭᠣᠤᠯ ᠬᠠᠷᠢᠭᠤᠴᠠᠯᠭ᠋ᠠᠲᠤ ᠨᠢᠭᠡᠴᠢ ᠵᠢᠨ ᠬᠤᠪᠢ ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠤᠨ ᠬᠠᠮᠢᠶ᠎ᠠ ᠪᠥᠬᠥᠶ ᠴᠡᠭ᠎ᠤᠨ ᠶᠡᠷᠦᠩᠬᠡᠶ ᠠᠬᠢᠴᠠ ᠵᠢᠨ ᠪᠠᠢ᠌ᠳᠠᠯ᠎ᠢ ᠲᠣᠰ ᠲᠣᠰ ᠲᠠᠨᠢᠯᠴᠠᠭᠤᠯᠵᠤ᠂ ᠬᠣᠪᠣᠷ ᠰᠢᠷᠣᠶ᠂ ᠡᠨᠧᠷᠭᠢ ᠬᠠᠳᠠᠭ᠋ᠠᠯᠠᠬᠤ ᠬᠢᠭᠡᠳ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠂ ᠤᠰᠤᠲᠥ᠋ᠷᠥᠭᠴᠢ ᠡᠨᠧᠷᠭᠢ᠂ ᠰᠦ ᠵᠢᠨ ᠦᠢᠯᠡᠰ᠂ ᠠᠭ᠋ᠠᠷ ᠰᠠᠨᠰᠠᠷ᠎ᠤᠨ ᠬᠡᠮᠵᠢᠯᠲᠡ ᠵᠢᠨ ᠰᠠᠭᠤᠷᠢ ᠲᠥᠬᠥᠭᠡᠷᠦᠮᠵᠢ ᠵᠢᠨ《4 + 1》 ᠴᠡᠭ᠎ᠤᠨ 36 ᠭᠣᠤᠯᠳᠠᠯᠭ᠎ᠠ᠎ᠲᠠᠢ ᠡᠭᠦᠷᠭᠡ ᠵᠢᠨ ᠲᠥᠷᠥᠯ ᠵᠦᠢᠯ᠎ᠤᠨ ᠬᠠᠷᠢᠭᠤᠴᠠᠯᠭ᠋ᠠᠲᠠᠨ᠎ᠨᠢ ᠲᠣᠰ ᠲᠣᠰ ᠲᠥᠷᠥᠯ ᠵᠦᠢᠯ᠎ᠤᠨ ᠠᠬᠢᠴᠠ ᠵᠢᠨ ᠪᠠᠢ᠌ᠳᠠᠯ ᠵᠢᠴᠢ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠥᠯᠥᠪᠯᠡᠭᠡ ᠵᠢᠨ ᠲᠤᠬᠠᠶ ᠬᠠᠷᠢᠭᠤ ᠮᠡᠳᠡᠭᠦᠯᠦᠯᠲᠡ ᠬᠢᠪᠠ᠃


    ᠵᠠᠩ ᠸᠸᠨ ᠲᠤᠤ ᠢᠯᠡᠷᠬᠡᠢ᠌ᠯᠡᠭᠰᠡᠨ᠎ᠨᠢ᠂ ᠨᠢᠭᠡ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠷᠢᠶᠠᠨ᠎ᠤ ᠨᠢᠭᠡᠳᠦᠯᠲᠡᠶ ᠵᠣᠬᠢᠴᠠᠭᠤᠯᠭ᠎ᠠ ᠳᠣᠤᠷ᠎ᠠ᠂ ᠪᠦᠬᠦ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠰᠲ᠋ᠧᠮ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》 ᠢᠨᠵᠧᠨᠧᠷᠢᠩ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠂ ᠡᠯ᠎ᠡ ᠲᠥᠷᠥᠯ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠲᠥᠪᠯᠡᠷᠡᠭᠦᠯᠬᠦ ᠪᠠ ᠣᠨᠣᠪᠴᠢᠲᠠᠶ ᠲᠣᠬᠢᠷᠠᠭᠤᠯᠬᠤ ᠵᠢ ᠪᠡᠶᠡᠯᠡᠭᠦᠯᠵᠦ᠂ 《ᠬᠦᠷᠢᠶ᠎ᠡ ᠴᠠᠷᠠᠭ᠎ᠠ ᠵᠢᠨ ᠪᠦᠰᠡᠯᠡᠯᠲᠡ ᠵᠢ ᠰᠢᠪᠲᠤᠯᠬᠤ᠂ ᠴᠡᠭ ᠪᠠᠢ᠌ᠷᠢ ᠵᠢᠨ ᠪᠦᠰᠡᠯᠡᠯᠲᠡ ᠵᠢ ᠰᠢᠪᠲᠤᠯᠬᠤ》ᠰᠠᠢ᠍ᠢ᠍ᠨ ᠰᠠᠢ᠌ᠬᠠᠨ ᠪᠠᠢ᠌ᠳᠠᠯ᠎ᠢ ᠪᠣᠢ ᠪᠣᠯᠭ᠋ᠠᠵᠤ᠂ ᠴᠢᠳᠠᠪᠤᠷᠢᠲᠠᠨ᠎ᠢ ᠲᠠᠲᠠᠵᠤ ᠴᠤᠭᠯᠠᠭᠤᠯᠬᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠬᠤ᠂ ᠨᠡᠢ᠌ᠭᠡᠮ᠎ᠤᠨ ᠰᠢᠨ᠎ᠡ ᠵᠢ ᠡᠭᠦᠳᠬᠦ ᠵᠢ ᠬᠥᠲᠥᠯᠥᠨ ᠳᠠᠭ᠋ᠠᠭᠤᠯᠬᠤ ᠦᠢᠯᠡᠳᠦᠯ ᠠᠩᠬ᠎ᠠ ᠠᠯᠬᠤᠮ ᠢᠯᠡᠷᠡᠵᠦ᠂ ᠡᠯ᠎ᠡ ᠠᠢ᠌ᠮᠠᠭ ᠬᠣᠲᠠ ᠴᠤ᠌ ᠲᠤᠬᠠᠶ ᠵᠢᠨ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠰᠡᠯᠡᠯᠲᠡ ᠰᠢᠪᠲᠤᠯᠬᠤ》ᠢᠨᠵᠧᠨᠧᠷᠢᠩ᠎ᠤᠨ ᠬᠡᠷᠡᠭᠵᠢᠭᠦᠯᠦᠯᠲᠡ ᠵᠢ ᠲᠦᠯᠬᠢᠨ ᠠᠬᠢᠭᠤᠯᠵᠤ᠂ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠭᠤᠷ ᠠᠮᠢᠰᠬᠤᠯ ᠤᠷᠢᠳ ᠡᠮᠦᠨ᠎ᠡ ᠪᠠᠢ᠌ᠭ᠎ᠠ ᠦᠭᠡᠢ ᠥᠷᠨᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠳᠤᠮᠳᠠᠬᠢ ᠬᠦᠴᠦᠷᠬᠡᠭ ᠶᠡᠬᠡ ᠬᠦᠴᠦᠨ᠎ᠢ ᠭᠦᠢᠴᠡᠳ ᠢᠯᠡᠷᠡᠭᠦᠯᠪᠡ᠃
    ᠵᠠᠩ ᠸᠸᠨ ᠲᠤᠤ ᠵᠢᠭ᠋ᠠᠵᠤ ᠭᠠᠷᠭ᠋ᠠᠭᠰᠠᠨ᠎ᠨᠢ᠂ ᠪᠢᠳᠡ ᠠᠮᠵᠢᠯᠲᠠ᠎ᠪᠠᠨ ᠨᠤᠲᠠᠯᠠᠬᠤ ᠵᠢᠨ ᠵᠡᠷᠭᠡ᠎ᠳᠤ ᠰᠡᠷᠭᠡᠭ ᠵᠶ᠋ᠡᠷ ᠲᠠᠨᠢᠬᠤ ᠬᠡᠷᠡᠭᠲᠡᠶ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠳᠥᠯᠭᠢᠨ ᠠᠬᠢᠭᠤᠯᠬᠤ᠎ᠳᠤ ᠮᠥᠨ ᠬᠦ᠌ ᠠᠯᠢ ᠣᠯᠠᠨ ᠬᠦᠴᠢᠷᠳᠡᠯ ᠪᠣᠯᠤᠨ ᠦᠷᠭᠦᠯᠵᠢᠯᠡᠭᠰᠡᠨ ᠰᠢᠪᠲᠤᠯᠤᠯᠲᠠ ᠲᠤᠯᠭ᠋ᠠᠷᠠᠵᠤ ᠪᠠᠢ᠌ᠨ᠎ᠠ᠃ 《ᠴᠠᠭ᠋ᠠᠨ ᠰᠠᠷ᠎ᠠ ᠵᠢᠨ ᠠᠩᠬᠠᠳᠤᠭ᠋ᠠᠷ ᠬᠤᠷᠠᠯ》᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠴᠠᠭ ᠪᠢᠳᠡᠨ᠎ᠢ ᠬᠦᠯᠢᠶᠡᠬᠦ ᠦᠭᠡᠢ ᠭᠡᠬᠦ ᠡᠭᠦᠷᠭᠡᠲᠦ ᠪᠤᠳᠤᠯ ᠵᠶ᠋ᠠᠷ᠂ ᠡᠷᠴᠢ ᠵᠣᠷᠢᠭ ᠵᠶ᠋ᠠᠨ ᠬᠥᠪᠴᠢᠯᠡᠵᠦ᠂ ᠬᠢᠷᠢ ᠲᠡᠩᠴᠡᠭᠰᠡᠨ ᠪᠠᠢ᠌ᠳᠠᠯ ᠵᠶ᠋ᠠᠷ ᠵᠢᠯ᠎ᠤᠨ ᠡᠬᠢᠨ᠎ᠠᠴᠠ ᠵᠢᠯ᠎ᠤᠨ ᠰᠡᠭᠦᠯᠴᠢ ᠪᠣᠯᠲᠠᠯ᠎ᠠ ᠠᠵᠢᠯᠯᠠᠵᠤ᠂ ᠢᠯᠠᠯᠲᠠ ᠵᠢᠨ ᠡᠷᠴᠢᠨ ᠳᠡᠭᠡᠷ᠎ᠡ᠎ᠪᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》 ᠢᠨᠵᠧᠨᠧᠷᠢᠩ᠎ᠤᠨ ᠨᠡᠩ ᠶᠡᠬᠡ ᠰᠢᠨ᠎ᠡ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠢ᠃ ᠨᠢᠭᠡ᠎ᠳᠤ᠂ ᠳᠤᠲᠠᠭᠤᠳᠠᠯ ᠵᠶ᠋ᠠᠨ ᠨᠥᠬᠥᠪᠥᠷᠢᠯᠡᠵᠦ᠂ ᠠᠵᠠ ᠲᠣᠬᠢᠶᠠᠯ᠎ᠢ ᠠᠮᠵᠢᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠬᠦ ᠬᠠᠷᠢᠭᠤᠴᠠᠯᠭ᠎ᠠ ᠡᠭᠦᠷᠭᠡᠯᠡᠯ ᠵᠶ᠋ᠡᠨ ᠤᠯᠠᠮ ᠴᠢᠨᠠᠭᠰᠢᠳᠠ ᠴᠢᠩᠭ᠋ᠠᠳᠬᠠᠬᠤ ᠬᠡᠷᠡᠭᠲᠡᠢ᠃ ᠡᠯ᠎ᠡ ᠨᠢᠭᠡᠴᠢ ᠵᠢᠨ᠎ᠬᠢᠨ ᠲᠥᠷᠥᠯ ᠵᠦᠢᠯ᠎ᠤᠨ ᠬᠡᠷᠡᠭᠵᠢᠭᠦᠯᠦᠯᠲᠡ ᠵᠢ ᠢᠳᠡᠪᠬᠢᠲᠡᠶ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠤᠰᠢᠭᠤᠯᠬᠤ ᠵᠢ ᠴᠢᠩᠭ᠋ᠠᠳᠬᠠᠨ᠂ ᠳᠡᠭᠡᠳᠦ ᠳᠣᠤᠷᠠᠳᠤ ᠱᠠᠲᠤ ᠬᠣᠯᠪᠣᠭ᠋ᠠᠯᠠᠨ ᠬᠥᠳᠡᠯᠦᠯᠴᠡᠬᠦ᠂ ᠬᠠᠮᠵᠢᠯᠴᠠᠨ ᠠᠬᠢᠭᠤᠯᠬᠤ ᠠᠵᠢᠯ᠎ᠤᠨ ᠪᠠᠢ᠌ᠷᠢᠰᠢᠯ᠎ᠢ ᠴᠢᠷᠮᠠᠢ᠌ᠨ ᠪᠦᠷᠢᠯᠳᠦᠭᠦᠯᠬᠦ ᠬᠡᠷᠡᠭᠲᠡᠶ; ᠪᠦᠬᠦ ᠣᠷᠣᠨ᠎ᠤ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠭᠣᠣᠯᠳᠠᠯᠭ᠎ᠠ᠎ᠲᠠᠢ ᠬᠦᠷᠢᠶ᠎ᠡ ᠪᠠ ᠵᠠᠩᠭᠢᠯᠠᠭ᠎ᠠ ᠵᠢᠨ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠨᠡᠢ᠌ᠳᠬᠡᠬᠦ ᠵᠢ ᠴᠢᠩᠭ᠋ᠠᠳᠬᠠᠵᠤ᠂ ᠭᠣᠣᠯᠯᠠᠭᠴᠢ ᠮᠡᠷᠭᠡᠵᠢᠯ᠎ᠤᠨ ᠪᠣᠭᠣᠮᠢ ᠵᠢ ᠰᠢᠪᠲᠤᠯᠵᠤ᠂ ᠨᠡᠩ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢᠶ᠎ᠡ ᠪᠠ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠎ᠪᠠᠷ ᠡᠯ᠎ᠡ ᠵᠦᠢ᠍ᠯ᠎ᠤᠨ ᠠᠵᠢᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠨᠠᠷᠢᠯᠢᠭ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠡᠯ᠎ᠡ ᠵᠦᠢ᠍ᠯ᠎ᠤᠨ ᠠᠵᠢᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠪᠠᠲᠤᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠬᠦ᠂ ᠪᠣᠳᠠᠲᠤ ᠦᠷ᠎ᠡ ᠪᠦᠲᠦᠮᠵᠢ ᠤᠯᠬᠤ᠎ᠳᠤ᠂ ᠮᠠᠨ᠎ᠤ ᠣᠷᠣᠨ᠎ᠤ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠤᠨ ᠬᠥᠭᠵᠢᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃ ᠬᠣᠶᠠᠷ᠎ᠲᠤ᠂ ᠭᠣᠣᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠣᠭᠣᠮᠲᠠ ᠰᠢᠪᠲᠤᠯᠬᠤ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠠᠴᠠ ᠡᠨᠧᠷᠭᠢ ᠣᠯᠭᠣᠭᠰᠠᠨ ᠠᠵᠤ ᠦᠢ᠍ᠯᠡᠰ᠎ᠤᠨ ᠬᠥᠭᠵᠢᠭᠦᠯᠦᠨ ᠮᠠᠨᠳᠤᠭᠤᠯᠬᠤ ᠪᠦᠬᠦ ᠲᠠᠯ᠎ᠠ ᠵᠢᠨ ᠰᠢᠪᠲᠤᠯᠤᠯᠲᠠ ᠵᠢ ᠲᠦᠷᠭᠡᠳᠬᠡᠨ ᠠᠬᠢᠭᠤᠯᠬᠤ ᠬᠡᠷᠡᠭᠲᠡᠢ᠃ ᠡᠯ᠎ᠡ ᠭᠣᠤᠯ ᠬᠠᠷᠢᠭᠤᠴᠠᠯᠭ᠋ᠠᠲᠤ ᠨᠢᠭᠡᠴᠢ᠂ ᠲᠥᠷᠥᠯ ᠵᠦᠢᠯ᠎ᠤᠨ ᠲᠦᠷᠦᠭᠦᠯᠡᠬᠦ ᠨᠢᠭᠡᠴᠢ ᠵᠢᠴᠢ ᠲᠥᠷᠥᠯ ᠵᠦᠢᠯ᠎ᠤᠨ ᠬᠠᠷᠢᠭᠤᠴᠠᠯᠭ᠋ᠠᠲᠠᠨ᠎ᠨᠢ ᠰᠤᠳᠤᠯᠭ᠋ᠠᠨ᠎ᠤ ᠲᠥᠯᠥᠪᠯᠡᠭᠡ ᠪᠠ ᠵᠢᠱ᠌ᠢᠭᠰᠡᠨ ᠬᠠᠷᠠᠯᠲᠠ ᠶᠣᠰᠣᠭ᠋ᠠᠷ᠂ ᠡᠯ᠎ᠡ ᠵᠦᠢᠯ᠎ᠤᠨ ᠭᠣᠤᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠭᠣᠤᠯᠳᠠᠯᠭ᠎ᠠ᠎ᠲᠠᠢ ᠰᠠᠢ᠌ᠲᠤᠷ ᠠᠳᠬᠤᠵᠤ᠂ ᠡᠷᠲᠡᠬᠡᠨ ᠦᠷ᠎ᠡ ᠪᠦᠲᠦᠭᠡᠯ ᠭᠠᠷᠭ᠋ᠠᠵᠤ᠂ ᠶᠡᠬᠡ ᠦᠷ᠎ᠡ ᠪᠦᠲᠦᠭᠡᠯ ᠭᠠᠷᠭ᠋ᠠᠬᠤ᠎ᠪᠠᠷ ᠴᠢᠷᠮᠠᠢ᠌ᠬᠤ ᠬᠡᠷᠡᠭᠲᠡᠶ; ᠰᠢᠨ᠎ᠡ ᠪᠣᠭᠣᠮᠲᠠ ᠰᠢᠪᠲᠤᠯᠬᠤ ᠡᠭᠦᠷᠭᠡ ᠵᠢ ᠱᠠᠯᠠᠪᠳᠠᠨ ᠲᠥᠯᠥᠪᠵᠢᠭᠦᠯᠵᠦ᠂ ᠣᠲᠣ ᠵᠢᠨ ᠪᠠᠢ᠌ᠭ᠎ᠠ ᠭᠣᠤᠯᠳᠠᠯᠭ᠎ᠠ᠎ᠲᠠᠢ ᠡᠭᠦᠷᠭᠡ ᠵᠢ ᠤᠷᠤᠭᠰᠢᠲᠠᠶ ᠠᠬᠢᠭᠤᠯᠤᠭᠰᠠᠨ ᠰᠠᠭᠤᠷᠢᠨ ᠳᠡᠭᠡᠷ᠎ᠡ᠂ ᠮᠡᠷᠭᠡᠵᠢᠯ᠎ᠤᠨ ᠬᠡᠷᠡᠭᠯᠡᠭᠡᠨ᠎ᠤ ᠪᠠᠢ᠌ᠳᠠᠯ᠎ᠢ ᠢᠳᠡᠪᠬᠢᠲᠡᠶ ᠥᠷᠭᠡᠳᠬᠡᠬᠦ ᠵᠢᠨ ᠲᠣᠭᠣᠷᠢᠨ᠎ᠳᠤ᠂ ᠠᠵᠤ ᠦᠢᠯᠡᠰ᠎ᠤᠨ ᠬᠡᠯᠬᠢᠶ᠎ᠡ ᠵᠢᠨ ᠳᠡᠭᠡᠳᠦ ᠳᠣᠤᠷᠠᠳᠤ ᠬᠡᠯᠬᠢᠶ᠎ᠡ ᠵᠢ ᠬᠣᠯᠪᠣᠭᠰᠠᠨ ᠪᠦᠷᠢᠨ ᠪᠦᠲᠦᠨ ᠮᠡᠷᠭᠡᠵᠢᠯ᠎ᠤᠨ ᠬᠡᠯᠬᠢᠶ᠎ᠡ ᠵᠢ ᠪᠠᠢ᠌ᠭᠤᠯᠬᠤ ᠬᠡᠷᠡᠭᠲᠡᠶ᠃ ᠭᠤᠷᠪᠠ᠎ᠳᠤ᠂ ᠪᠦᠬᠦ ᠬᠦᠴᠦᠨ ᠵᠶ᠋ᠡᠷ ᠵᠶ᠋ᠡᠨ ᠪᠠᠲᠤᠯᠠᠵᠤ᠂ ᠬᠠᠮᠲᠤᠷᠠᠯ ᠬᠦᠴᠦᠨ᠎ᠢ ᠨᠢᠭᠲᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠠᠵᠤ ᠠᠬᠤᠢ ᠵᠢᠨ ᠳᠡᠭᠦᠯᠢᠯᠲᠡ᠎ᠳᠤ ᠬᠦᠴᠦᠨ ᠨᠡᠮᠡᠷᠢᠯᠡᠬᠦ ᠬᠦᠴᠦᠷᠬᠡᠭ ᠶᠡᠬᠡ ᠬᠥᠳᠡᠯᠭᠡᠬᠦ ᠡᠨᠧᠷᠭᠢ ᠨᠡᠮᠡᠷᠢᠯᠡᠨ᠎ᠡ᠃《ᠪᠦᠰᠡᠯᠡᠯᠲᠡ ᠰᠢᠪᠲᠤᠯᠬᠤ》ᠦᠷ᠎ᠡ ᠪᠦᠲᠦᠭᠡᠯ᠎ᠢ ᠡᠴᠦᠰ᠎ᠲᠡᠭᠡᠨ ᠠᠵᠤ ᠦᠢ᠍ᠯᠡᠰᠵᠢᠯᠲᠡ ᠳᠡᠭᠡᠷ᠎ᠡ ᠨᠠᠢ᠌ᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ᠂ ᠡᠯ᠎ᠡ ᠲᠠᠯ᠎ᠠ ᠵᠢᠨ᠎ᠬᠢᠨ ᠲᠦᠷᠦ ᠵᠢᠨ ᠪᠤᠳᠤᠯᠭ᠎ᠠ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠪᠣᠭᠣᠮᠲᠠ ᠰᠢᠪᠲᠤᠯᠬᠤ ᠬᠦᠴᠦᠨ᠎ᠤ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠤᠯᠠᠨ ᠡᠰᠢᠵᠢᠭᠰᠡᠨ ᠣᠷᠣᠭᠤᠯᠤᠯᠲᠠ᠎ᠪᠠᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠷᠠᠯᠵᠢᠶᠠᠴᠢᠨ ᠤᠷᠢᠬᠤ ᠵᠢ ᠠᠬᠢᠭᠤᠯᠵᠤ᠂ ᠠᠯᠳᠠᠭ᠎ᠠ ᠪᠤᠷᠤᠭᠤ ᠵᠢ ᠠᠭᠤᠴᠢᠯᠠᠬᠤ ᠠᠯᠳᠠᠭ᠎ᠠ ᠪᠤᠷᠤᠭᠤ ᠵᠢ ᠵᠠᠯᠠᠷᠠᠭᠤᠯᠬᠤ ᠬᠣᠬᠢᠷᠠᠯ᠎ᠢ ᠵᠣᠭᠰᠣᠭ᠋ᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》ᠢᠨᠵᠧᠨᠧᠷᠢᠩ᠎ᠤᠨ ᠴᠡᠭ ᠪᠠᠢ᠌ᠷᠢ ᠵᠢᠨ ᠡᠭᠦᠷᠭᠡ ᠵᠢ ᠤᠷᠤᠭᠰᠢᠲᠠᠢ ᠠᠬᠢᠭᠤᠯᠬᠤ ᠵᠢ ᠪᠠᠲᠤᠯᠠᠵᠤ᠂ ᠪᠦᠬᠦ ᠣᠷᠣᠨ ᠴᠢᠨᠠᠭᠰᠢᠯᠠᠪᠠᠯ ᠤᠯᠤᠰ᠎ᠤᠨ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠨᠡᠩ ᠬᠦᠴᠦᠷᠬᠡᠭ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃


   2024 ᠣᠨ᠎ᠳᠤ᠂ ᠥᠪᠡᠷᠲᠡᠭᠡᠨ ᠵᠠᠰᠠᠬᠤ ᠣᠷᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》ᠢᠨᠵᠧᠨᠧᠷᠢᠩ᠎ᠤᠨ 36 ᠵᠦᠢᠯ᠎ᠤᠨ ᠴᠢᠬᠤᠯᠠ ᠶᠡᠬᠡ ᠪᠣᠭᠣᠮᠲᠠ ᠰᠢᠪᠲᠤᠯᠬᠤ ᠡᠭᠦᠷᠭᠡ ᠵᠢ ᠪᠥᠬᠥ ᠲᠠᠯ᠎ᠠ᠎ᠪᠠᠷ ᠡᠬᠢᠯᠡᠭᠦᠯᠵᠦ᠂ ᠨᠢᠭᠡ ᠪᠦᠯᠦᠭ ᠬᠣᠭᠣᠰᠣᠨ᠎ᠢ ᠨᠥᠬᠥᠪᠥᠷᠢᠯᠡᠬᠦ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠭᠠᠷᠤᠯᠲᠠ ᠵᠢᠨ ᠱᠤᠭᠤᠮ᠂ ᠬᠣᠪᠣᠷ ᠰᠢᠷᠣᠶ ᠵᠢᠨ ᠪᠤᠳᠤᠭᠲᠤ ᠤᠰᠤᠨ ᠳᠡᠯᠭᠡᠴᠡ᠂ ᠲᠣᠭᠲᠠᠮᠠᠯ ᠰᠣᠷᠢᠨᠵᠢᠨ ᠰᠢᠨ᠎ᠡ ᠮᠠᠲ᠋ᠧᠷᠢᠶᠠᠯ᠂ ᠰᠦᠨ ᠬᠦᠴᠢᠯ᠎ᠤᠨ ᠪᠠᠺᠲ᠋ᠧᠷᠢ ᠵᠢᠨ ᠳᠣᠤᠷ᠎ᠠ ᠳᠤᠯᠠᠭ᠋ᠠᠨ᠎ᠤ ᠮᠠᠨᠠᠨᠲᠤᠭᠤᠯᠤᠨ ᠰᠦᠷᠴᠢᠬᠦ ᠤᠷᠠᠯᠠᠯ ᠵᠡᠷᠭᠡ ᠣᠯᠠᠨ ᠵᠦᠢᠯ᠎ᠤᠨ ᠵᠠᠩᠭᠢᠯᠠᠭ᠎ᠠ ᠵᠢᠨ ᠮᠡᠷᠭᠡᠵᠢᠯ᠎ᠢ ᠠᠵᠤ ᠦᠢ᠌ᠯᠡᠰᠵᠢᠭᠦᠯᠦᠨ ᠪᠣᠳᠠᠲᠠᠢ᠌ᠵᠢᠭᠤᠯᠬᠤ ᠵᠢ ᠪᠡᠶᠡᠯᠡᠭᠦᠯᠵᠦ᠂ 《ᠪᠦᠰᠡᠯᠡᠯᠲᠡ ᠰᠢᠪᠲᠤᠯᠬᠤ》ᠦᠷ᠎ᠡ ᠪᠦᠲᠦᠭᠡᠯ᠎ᠤᠨ ᠲᠤᠯᠭ᠋ᠠᠭᠤᠷᠢᠯᠠᠬᠤ ᠦᠢᠯᠡᠳᠦᠯ ᠠᠩᠬ᠎ᠠ ᠠᠯᠬᠤᠮ ᠦᠷ᠎ᠡ ᠪᠦᠲᠦᠮᠵᠢ ᠤᠯᠪᠠ᠃
    ᠬᠥᠬᠡᠬᠣᠲᠠ ᠵᠢᠨ ᠳᠡᠳ᠋ ᠳᠠᠷᠤᠭ᠎ᠠ ᠵᠢᠶᠤᠤ ᠬᠣᠩ᠂ ᠪᠤᠭᠤᠲᠤ ᠬᠣᠲᠠ ᠵᠢᠨ ᠳᠡᠳ᠋ ᠳᠠᠷᠤᠭ᠎ᠠ ᠵᠢᠨ ᠶᠦᠩ ᠯᠢ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠬᠥᠬᠡᠬᠣᠲᠠ᠂ ᠪᠤᠭᠤᠲᠤ ᠬᠣᠲᠠ᠂ ᠲᠦᠩᠯᠢᠶᠣᠤ ᠬᠣᠲᠠ᠂ ᠰᠢᠯᠢ ᠵᠢᠨ ᠭᠣᠤᠯ ᠠᠢ᠌ᠮᠠᠭ᠂ ᠣᠷᠳᠣᠰ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠢᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2025 ᠣᠨ᠎ᠤ ᠨᠢᠭᠡᠳᠦᠭᠡᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠪᠠ
2025 ᠣᠨ᠎ᠤ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠬᠤᠷᠠᠯ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠳᠤ ᠪᠠᠢ᠌ᠴᠠᠭ᠋ᠠᠨ ᠰᠤᠳᠤᠯᠤᠯᠲᠠ ᠬᠢᠪᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠥᠷᠪᠡᠨ ᠨᠠᠮ᠎ᠤᠨ ᠡᠭᠦᠷ ᠬᠠᠮᠲᠤᠷᠠᠨ 《ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠦᠨ ᠬᠥᠭᠵᠢᠯᠲᠡ ᠵᠢ ᠠᠬᠢᠭᠤᠯᠵᠤ᠂ ᠬᠦᠴᠦᠨ ᠵᠶ᠋ᠡᠨ ᠵᠣᠬᠢᠶᠠᠨ ᠪᠠᠢ᠌ᠭᠤᠯᠵᠤ ᠰᠢᠨ᠎ᠡ ᠠᠶᠠᠨ ᠵᠶ᠋ᠡᠨ ᠡᠬᠢᠯᠡᠭᠦᠯᠬᠦ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
 
            