2 ᠳ᠋ᠤᠭ᠋ᠠᠷ ᠰᠠᠷ᠎ᠠ ᠵᠢᠨ 12᠎ᠤᠨ ᠡᠳᠦᠷ᠂ 2025 ᠣᠨ᠎ᠤ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ᠎ᠠᠴᠠ ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠥᠪᠯᠡᠯ᠎ᠤᠨ ᠳᠡᠳ᠋ ᠡᠷᠬᠢᠯᠡᠭᠴᠢ᠂ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ᠎ᠤᠨ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠲᠤᠬᠠᠢ ᠴᠣᠬᠣᠯᠠᠪᠤᠷᠢ ᠵᠢ ᠤᠯᠠᠮᠵᠢᠯᠠᠵᠤ᠂ 2024 ᠣᠨ᠎ᠤ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠰᠲ᠋ᠧᠮ᠎ᠤᠨ ᠨᠠᠮ᠎ᠤᠨ ᠪᠠᠢ᠌ᠭᠤᠯᠤᠯᠲᠠ ᠪᠣᠯᠤᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠢ ᠳ᠋ᠦᠩᠨᠡᠵᠦ᠂ 2025 ᠣᠨ᠎ᠤ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠳᠠᠷᠤᠭ᠎ᠠ ᠬᠤᠤ ᠰᠢ ᠬᠣᠩ ᠬᠤᠷᠠᠯ᠎ᠢ ᠡᠷᠭᠢᠯᠡᠪᠡ᠃

2024 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠥᠪᠯᠡᠯ᠎ᠤᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠹᠷᠣᠨᠲ᠎ᠤᠨ᠎ᠬᠢᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠵᠣᠷᠢᠭᠲᠠᠶ᠎ᠪᠠᠷ ᠪᠦᠰᠡᠯᠡᠯᠲᠡ ᠰᠢᠪᠲᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》ᠢᠨᠵᠧᠨᠧᠷᠢᠩ ᠡᠬᠢᠯᠡᠯᠲᠡ ᠵᠢᠨ ᠬᠠᠨᠳᠤᠰᠢ ᠢᠯᠡᠷᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ 《ᠭᠦᠨᠵᠡᠭᠡᠢ᠌ᠷᠡᠨ ᠪᠣᠳᠠᠲᠠᠢ᠌ᠵᠢᠪᠠ》᠂ ᠥᠨᠳᠥᠷ ᠡᠨᠧᠷᠭᠢ ᠵᠢᠨ ᠲᠠᠰ᠎ᠤᠨ ᠰᠢᠨ᠎ᠡ ᠵᠢ ᠡᠭᠦᠳᠬᠦ ᠲᠠᠪᠴᠠᠩ 《ᠣᠯᠠᠨ ᠣᠩᠭᠣᠴᠠ ᠤᠷᠤᠯᠳᠤᠨ》᠂ ᠰᠢᠨ᠎ᠡ ᠵᠢ ᠡᠭᠦᠳᠬᠦ ᠴᠢᠳᠠᠪᠤᠷᠢᠲᠠᠨ᠎ᠤ ᠡᠩᠨᠡᠭᠡ ᠣᠷᠣᠢ᠌ᠯᠠᠵᠤ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠪᠠᠢ᠌ᠷᠢ ᠰᠠᠭᠤᠷᠢ ᠤᠯᠠᠮ ᠨᠢᠭᠡ ᠠᠯᠬᠤᠮ ᠴᠢᠩᠭ᠋ᠠᠷᠠᠵᠤ᠂ 《ᠮᠧᠩ ᠺᠧ ᠵᠢᠦᠢ》 ᠲᠠᠪᠴᠠᠩ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠤᠯᠲᠠ ᠵᠢᠨ ᠬᠤᠷᠳᠤᠴᠠ ᠵᠢ ᠲᠦᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠣᠷᠣᠨ ᠪᠦᠰᠡ ᠵᠢᠨ ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ 《ᠨᠠᠢ᠌ᠵᠠ ᠵᠢᠨ ᠲᠣᠭᠣᠷᠢᠭ》 ᠦᠷᠭᠦᠯᠵᠢᠯᠡᠨ ᠦᠷᠭᠡᠵᠢᠵᠦ᠂ ᠬᠦᠴᠦᠷᠬᠡᠭ ᠶᠡᠬᠡ ᠰᠢᠨ᠎ᠡ ᠵᠢ ᠡᠭᠦᠳᠬᠦ ᠬᠠᠮᠲᠤᠷᠠᠯ ᠬᠦᠴᠦᠨ᠎ᠢ ᠨᠢᠭᠲᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠡᠨᠡᠬᠦ 《ᠵᠠᠩᠭᠢᠯᠠᠭ᠎ᠠ ᠵᠢᠨ ᠬᠤᠪᠢᠰᠤᠭᠴᠢ ᠬᠡᠮᠵᠢᠭᠳᠡᠬᠦᠨ》᠎ᠢ ᠠᠬᠢᠭᠤᠯᠬᠤ᠎ᠨᠢ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢᠨ《ᠬᠠᠮᠤᠭ᠎ᠤᠨ ᠶᠡᠬᠡ ᠨᠡᠮᠡᠭᠳᠡᠯ ᠬᠡᠮᠵᠢᠭᠳᠡᠬᠦᠨ》ᠪᠣᠯᠪᠠ᠃ 2024 ᠣᠨ᠎ᠤ ᠣᠷᠣᠨ ᠪᠦᠰᠡ ᠵᠢᠨ ᠰᠢᠨ᠎ᠡ ᠵᠢ ᠡᠭᠦᠳᠬᠦ ᠶᠡᠷᠦᠩᠬᠡᠢ᠌ᠯᠡᠭᠰᠡᠨ ᠴᠢᠳᠠᠪᠤᠷᠢ ᠵᠢᠨ ᠪᠥᠬᠥ ᠤᠯᠤᠰ᠎ᠲᠠᠬᠢ ᠨᠡᠷᠡᠰ᠎ᠤᠨ ᠵᠢᠭᠰᠠᠭ᠋ᠠᠯᠲᠠ 4 ᠪᠠᠢ᠌ᠷᠢ ᠳᠡᠭᠡᠭᠰᠢᠯᠡᠵᠦ᠂ ᠪᠥᠬᠥ ᠨᠡᠢ᠌ᠭᠡᠮ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠣᠷᠣᠭᠤᠯᠤᠯᠲᠠ ᠲᠡᠦᠬᠡ ᠵᠢᠨ ᠰᠢᠨ᠎ᠡ ᠲᠡᠮᠳᠡᠭᠯᠡᠯ᠎ᠢ 228.1 ᠳ᠋ᠦᠩᠰᠢᠭᠤᠷ ᠲᠥᠭᠥᠷᠢᠭ᠎ᠲᠤ ᠬᠦᠷᠴᠦ᠂ 2 ᠵᠦᠢᠯ᠎ᠤᠨ ᠦᠷ᠎ᠡ ᠪᠦᠲᠦᠭᠡᠯ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠵᠢᠨ ᠬᠣᠶᠠᠳᠤᠭ᠋ᠠᠷ ᠳᠡᠰ᠎ᠤᠨ ᠱᠠᠩᠨᠠᠯ ᠭᠥᠷᠳᠡᠵᠦ᠂ ᠪᠥᠬᠥ ᠣᠷᠣᠨ᠎ᠤ ᠳᠠᠩᠰᠠᠯᠠᠭᠤᠯᠤᠭᠰᠠᠨ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠲᠣᠭ᠎ᠠ ᠠᠩᠬ᠎ᠠ ᠤᠳᠠᠭ᠎ᠠ 80 ᠳ᠋ᠦᠩᠰᠢᠭᠤᠷ ᠲᠥᠭᠥᠷᠢᠭ᠎ᠢ ᠳᠠᠪᠠᠪᠠ᠃

ᠬᠤᠷᠠᠯ᠎ᠠᠴᠠ᠂ 2024 ᠣᠨ᠎ᠳᠤ᠂ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠨᠢ ᠭᠣᠤᠯᠳᠠᠯᠭ᠎ᠠ᠎ᠲᠠᠢ᠂ ᠬᠢᠯᠠᠰ ᠴᠡᠭ᠎ᠲᠠᠢ᠂ ᠦᠷ᠎ᠡ ᠪᠦᠲᠦᠮᠵᠢᠲᠡᠶ ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ ᠲᠦᠷᠭᠡᠨ᠎ᠤ ᠵᠠᠮ᠎ᠳᠤ ᠣᠷᠣᠵᠤ᠂ ᠴᠢᠨᠠᠷ ᠰᠠᠢ᠌ᠲᠠᠶ ᠬᠥᠭᠵᠢᠯᠲᠡ ᠰᠢᠨ᠎ᠡ ᠰᠢᠪᠲᠤᠯᠤᠯᠲᠠ᠎ᠲᠠᠢ ᠪᠣᠯᠵᠣ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠮᠦᠰ᠎ᠤᠨ ᠤᠯᠤᠰ ᠲᠥᠷᠥ ᠵᠢ ᠡᠷᠬᠢᠮᠯᠡᠬᠦ᠂ ᠶᠡᠬᠡ ᠲᠠᠯ᠎ᠠ ᠵᠢ ᠬᠠᠷᠠᠭ᠋ᠠᠯᠵᠠᠬᠤ ᠡᠭᠦᠷᠭᠡᠯᠡᠯ᠎ᠢ ᠢᠯᠡᠷᠡᠭᠦᠯᠵᠦ᠂ ᠵᠣᠷᠢᠭᠲᠠᠶ᠎ᠪᠠᠷ ᠰᠢᠨ᠎ᠡ ᠵᠢ ᠡᠭᠦᠳᠬᠦ᠂ ᠲᠤᠰᠢᠶᠠᠯ ᠬᠠᠷᠢᠭᠤᠴᠠᠯᠭ᠎ᠠ᠎ᠪᠠᠨ ᠴᠢᠳᠠᠮᠠᠭ᠋ᠠᠶ ᠭᠦᠢᠴᠡᠳᠬᠡᠬᠦ ᠵᠢᠳᠬᠦᠯ ᠴᠢᠷᠮᠠᠢ᠌ᠯᠭ᠎ᠠ ᠵᠢ ᠢᠯᠡᠷᠡᠭᠦᠯᠵᠦ᠂ ᠪᠥᠬᠥ ᠣᠷᠣᠨ᠎ᠤ ᠳᠡᠭᠡᠳᠦ ᠳᠣᠤᠷᠠᠳᠤ ᠱᠠᠲᠤ᠎ᠪᠠᠷ ᠵᠶ᠋ᠠᠨ ᠬᠠᠮᠲᠤ ᠵᠢᠨ ᠲᠠᠨᠢᠯᠲᠠ᠎ᠪᠠᠨ ᠨᠡᠮᠡᠭᠳᠡᠭᠦᠯᠬᠦ᠂ ᠬᠠᠮᠲᠤᠷᠠᠯ ᠬᠦᠴᠦᠨ᠎ᠢ ᠨᠢᠭᠲᠠᠷᠠᠭᠤᠯᠬᠤ ᠰᠠᠢ᠌ᠨ ᠰᠠᠢ᠌ᠬᠠᠨ ᠰᠢᠨ᠎ᠡ ᠵᠢ ᠡᠭᠦᠳᠬᠦ ᠠᠭᠤᠷ ᠠᠮᠢᠰᠬᠤᠯ᠎ᠢ ᠪᠣᠶ ᠪᠣᠯᠭ᠋ᠠᠪᠠ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠪᠢᠳᠡᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠰᠠᠢ᠌ᠲᠤᠷ ᠬᠢᠬᠦ᠎ᠳᠤ ᠪᠠᠲᠤ ᠴᠢᠩᠭ᠎ᠠ ᠤᠯᠤᠰ ᠲᠥᠷᠥ ᠵᠢᠨ ᠪᠠᠲᠤᠯᠠᠭ᠎ᠠ ᠬᠠᠩᠭ᠋ᠠᠪᠠ᠃ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠰᠲ᠋ᠧᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠨᠡᠪᠲᠡᠷᠬᠡᠢ ᠣᠢ᠌ᠯᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠢ᠌ᠯᠳᠤᠬᠤ ᠪᠣᠳᠣᠯᠭ᠎ᠠ ᠵᠢ ᠶᠡᠬᠡᠪᠡᠷ ᠬᠡᠷᠡᠭᠵᠢᠭᠦᠯᠵᠦ᠂ ᠪᠦᠬᠦ ᠣᠷᠣᠨ ᠳᠠᠶᠠᠭ᠋ᠠᠷ 《ᠨᠢᠭᠡ ᠬᠥᠯᠭᠡ ᠰᠢᠳᠠᠷ᠎ᠠ》 ᠪᠠᠢ᠌ᠬᠤ ᠵᠢ ᠪᠠᠷᠢᠮᠲᠠᠯᠠᠨ᠂ ᠴᠠᠭ ᠪᠢᠳᠡᠨ᠎ᠢ ᠬᠦᠯᠢᠶᠡᠬᠦ ᠦᠭᠡᠢ ᠲᠤᠯᠭ᠋ᠠᠮ᠎ᠠ ᠰᠡᠳᠬᠢᠯᠭᠡ ᠪᠠ ᠨᠠᠳᠠ᠎ᠠᠴᠠ ᠥᠭᠡᠷ᠎ᠡ ᠬᠡᠨ ᠭᠡᠬᠦ ᠬᠠᠷᠢᠭᠤᠴᠠᠯᠭ᠋ᠠᠲᠤ ᠰᠡᠳᠬᠢᠯᠭᠡ᠎ᠪᠠᠷ ᠬᠠᠷᠠᠯᠲᠠ᠎ᠪᠠᠨ ᠲᠣᠭᠲᠠᠭ᠋ᠠᠨ᠂ ᠴᠠᠭ ᠲᠣᠬᠢᠶᠠᠯ᠎ᠢ ᠠᠮᠵᠢᠵᠤ᠂ ᠢᠯᠠᠯᠲᠠ ᠵᠢᠨ ᠡᠷᠴᠢᠨ ᠳᠡᠭᠡᠷ᠎ᠡ ᠤᠷᠤᠭᠰᠢᠯᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠪᠦᠬᠦ ᠬᠦᠴᠦᠨ ᠵᠶ᠋ᠡᠷ ᠲᠦᠯᠬᠢᠨ ᠠᠬᠢᠭᠤᠯᠵᠤ᠂ ᠰᠢᠨ᠎ᠡ ᠵᠢ ᠡᠭᠦᠳᠬᠦ ᠰᠢᠰᠲ᠋ᠧᠮ᠎ᠤᠨ ᠪᠦᠬᠦᠯᠢ ᠴᠣᠭᠴᠠ ᠵᠢᠨ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠡᠨᠧᠷᠭᠢ ᠣᠯᠭᠣᠬᠤ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ᠂ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭ᠋ᠠᠨ᠎ᠤ ᠵᠠᠮ᠎ᠢ ᠲᠦᠷᠭᠡᠳᠬᠡᠨ ᠨᠡᠭᠡᠭᠡᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠣᠷᠣᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠭᠰᠠᠨ ᠥᠪᠥᠷ ᠮᠣᠩᠭᠣᠯ᠎ᠤᠨ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠬᠦᠯ ᠬᠤᠷᠢᠶᠠᠬᠤ ᠵᠢᠯ ᠮᠥᠨ᠂ ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢ ᠭᠦᠨᠵᠡᠭᠡᠢ᠌ᠷᠡᠭᠦᠯᠬᠦ ᠵᠠᠩᠭᠢᠯᠠᠭ᠎ᠠ ᠵᠢᠨ ᠵᠢᠯ ᠮᠥᠨ᠃ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠰᠲ᠋ᠧᠮ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠳᠤᠮᠳᠠᠳᠤ ᠰᠤᠷᠭ᠋ᠠᠭᠤᠯᠢ ᠵᠢ ᠪᠦᠬᠦ ᠲᠠᠯ᠎ᠠ᠎ᠪᠠᠷ ᠲᠤᠤᠱᠯᠠᠭᠤᠯᠵᠤ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠶ ᠨᠠᠢ᠌ᠳᠠᠪᠤᠷᠢᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠤᠯ ᠰᠢᠵᠢᠮ᠎ᠤᠨ ᠲᠣᠭᠣᠷᠢᠨ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠬᠦ᠎ᠪᠠᠷ ᠴᠢᠷᠦᠭᠦᠯ ᠪᠣᠯᠵᠤ᠂ ᠰᠢᠨ᠎ᠡ ᠵᠢ ᠡᠭᠦᠳᠬᠦ ᠬᠠᠷᠰᠢ ᠰᠠᠭ᠋ᠠᠳ᠎ᠢ ᠠᠷᠢᠯᠭ᠋ᠠᠬᠤ᠎ᠳᠤ ᠠᠩᠬᠠᠷᠤᠯ ᠵᠶ᠋ᠠᠨ ᠲᠦᠪᠯᠡᠷᠡᠭᠦᠯᠦᠨ᠂ ᠰᠢᠨ᠎ᠡ ᠨᠢᠭᠡᠨ ᠡᠭᠡᠯᠵᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢᠯᠡᠰ᠎ᠤᠨ ᠰᠢᠨ᠎ᠡ ᠵᠢ ᠡᠭᠦᠳᠬᠦ ᠵᠢ ᠭᠦᠨᠵᠡᠭᠡᠶ ᠠᠭᠤᠰᠤᠯᠴᠠᠭᠤᠯᠬᠤ ᠵᠢ ᠴᠢᠩᠭ᠋ᠠᠳᠬᠠᠨ᠂ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠦᠭᠵᠢᠭᠦᠯᠵᠦ᠂ ᠨᠠᠢ᠍ᠮᠠᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠠᠳᠬᠤᠨ᠎ᠠ᠃ ᠨᠢᠭᠡ᠎ᠳᠤ᠂ ᠤᠯᠤᠰ ᠲᠥᠷᠥ ᠵᠢᠨ ᠪᠠᠢ᠌ᠭᠤᠯᠤᠯᠲᠠ ᠵᠢ ᠠᠳᠬᠤᠵᠤ᠂ ᠠᠵᠢᠯ᠎ᠤᠨ ᠴᠢᠭᠯᠡᠯ᠎ᠢ ᠣᠨᠣᠪᠴᠢᠲᠠᠶ ᠡᠵᠡᠮᠳᠡᠵᠦ᠂ ᠥᠨᠳᠥᠷ ᠲᠦᠪᠰᠢᠨ ᠪᠥᠬᠥᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠪᠡᠶᠡᠯᠡᠭᠦᠯᠬᠦ᠎ᠳᠤ ᠪᠠᠲᠤ ᠴᠢᠩᠭ᠎ᠠ ᠤᠯᠤᠰ ᠲᠥᠷᠥ ᠵᠢᠨ ᠪᠠᠲᠤᠯᠠᠭ᠎ᠠ ᠬᠠᠩᠭ᠋ᠠᠨ᠎ᠠ᠃ ᠬᠣᠶᠠᠷ᠎ᠲᠤ᠂ ᠠᠯᠤᠰ ᠬᠡᠳᠦ ᠵᠢᠨ ᠲᠥᠯᠥᠪᠵᠢᠭᠦᠯᠭᠡ ᠵᠢ ᠠᠳᠬᠤᠵᠤ᠂ ᠰᠢᠨ᠎ᠡ ᠵᠢ ᠡᠭᠦᠳᠬᠦ ᠵᠢ ᠳᠡᠭᠡᠳᠦ ᠬᠡᠮᠵᠢᠶ᠎ᠡ᠎ᠪᠠᠷ ᠲᠥᠰᠦᠪᠯᠡᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ 《ᠠᠷᠪᠠᠨ ᠲᠠᠪᠤᠳᠤᠭ᠋ᠠᠷ ᠲᠠᠪᠤᠨ ᠵᠢᠯ 》 ᠵᠢᠨ ᠲᠥᠯᠥᠪᠵᠢᠭᠦᠯᠭᠡ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠶ᠃ ᠭᠤᠷᠪᠠ᠎ᠳᠤ᠂《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠠᠳᠬᠤᠵᠤ᠂ ᠨᠢᠭᠡ ᠪᠦᠯᠦᠭ 《ᠲᠡᠷᠢᠭᠦᠨ》 ᠦᠰᠦᠭᠲᠦ ᠲᠡᠮᠳᠡᠭ᠂ 《ᠬᠠᠮᠤᠭ》 ᠦᠰᠦᠭᠲᠦ ᠲᠡᠮᠳᠡᠭ᠎ᠤᠨ ᠴᠢᠨᠠᠷᠲᠠᠶ ᠦᠷ᠎ᠡ ᠪᠦᠲᠦᠭᠡᠯ᠎ᠢ ᠴᠢᠷᠮᠠᠢ᠌ᠨ ᠣᠯᠬᠤ ᠬᠡᠷᠡᠭᠲᠡᠶ᠃ ᠳᠥᠷᠪᠡ᠎ᠳᠤ᠂ ᠤᠯᠠᠷᠢᠭᠤᠯᠬᠤ ᠠᠭᠤᠰᠤᠯᠴᠠᠯ᠎ᠢ ᠠᠳᠬᠤᠵᠤ᠂ 《ᠮᠸᠩ ᠺᠧ ᠵᠢᠦᠢ》᠎ᠤᠨ 2 . 0 ᠬᠡᠪᠯᠡᠯ᠎ᠤᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠭᠣᠤᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ ᠵᠢᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠪᠠᠢ᠌ᠷᠢᠰᠢᠭᠤᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠢ ᠦᠷᠭᠦᠯᠵᠢᠯᠡᠨ ᠪᠣᠢ᠌ᠵᠢᠭᠤᠯᠤᠨ ᠪᠤᠵᠠᠭ᠋ᠠᠢ᠌ᠷᠠᠭᠤᠯᠤᠨ᠎ᠠ᠃ ᠲᠠᠪᠤ᠎ᠳᠤ᠂ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠠᠳᠬᠤᠵᠤ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠴᠢᠩᠭ᠋ᠠᠳᠬᠠᠬᠤ ᠣᠨ》᠎ᠤ ᠠᠵᠢᠯᠯᠠᠭ᠎ᠠ ᠵᠢ ᠬᠡᠷᠡᠭᠵᠢᠭᠦᠯᠵᠦ᠂ ᠥᠨᠳᠥᠷ ᠪᠦᠲᠦᠮᠵᠢᠲᠡᠶ 《1 + 7 + N》 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠪᠠᠢ᠌ᠭᠤᠯᠵᠤ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠢ᠌ᠯᠤᠮᠵᠢ ᠵᠢ ᠴᠢᠩᠭ᠋ᠠᠳᠬᠠᠵᠤ᠂ ᠰᠠᠢ᠌ᠨ ᠲᠥᠷᠥ ᠵᠢᠨ ᠪᠣᠳᠣᠯᠭ᠎ᠠ ᠵᠢᠨ ᠦᠢᠯᠡᠳᠦᠯ᠎ᠢ ᠦᠨᠡᠨ ᠬᠦ᠌ ᠪᠠᠳᠠᠷᠠᠭᠤᠯᠤᠨ᠎ᠠ᠃ ᠵᠢᠷᠭᠤᠭ᠎ᠠ᠎ᠳᠤ᠂ ᠲᠠᠪᠴᠠᠩ᠎ᠢ ᠲᠠᠰ ᠳᠡᠪᠰᠢᠭᠦᠯᠬᠦ᠂ ᠰᠢᠰᠲ᠋ᠧᠮᠵᠢᠭᠦᠯᠬᠦ ᠪᠠᠢ᠌ᠷᠢᠰᠢᠭᠤᠯᠤᠯᠲᠠ ᠵᠢ ᠠᠳᠬᠤᠵᠤ᠂ ᠰᠢᠨ᠎ᠡ ᠵᠢ ᠡᠭᠦᠳᠬᠦ ᠲᠠᠪᠴᠠᠩ᠎ᠢ ᠥᠨᠳᠥᠷ ᠪᠠᠷᠢᠮᠵᠢᠶ᠎ᠠ᠎ᠪᠠᠷ ᠪᠠᠢ᠌ᠭᠤᠯᠵᠤ᠂ ᠥᠨᠳᠥᠷ ᠡᠨᠧᠷᠭᠢ ᠵᠢᠨ ᠠᠴᠢᠶᠠᠯᠠᠭᠴᠢ ᠵᠢ ᠪᠣᠶ ᠪᠣᠯᠭ᠋ᠠᠨ᠎ᠠ᠃ ᠳᠣᠯᠣᠭ᠎ᠠ᠎ᠳᠤ᠂ ᠰᠢᠨ᠎ᠡ ᠵᠢ ᠡᠭᠦᠳᠬᠦ ᠠᠮᠢ ᠠᠬᠤᠶ ᠵᠢ ᠠᠳᠬᠤᠵᠤ᠂ ᠣᠯᠠᠨ ᠡᠰᠢᠵᠢᠭᠰᠡᠨ ᠣᠷᠣᠭᠤᠯᠤᠯᠲᠠ ᠵᠢᠨ ᠲᠣᠭᠲᠠᠴᠠ ᠵᠢ ᠪᠦᠷᠢᠨᠰᠢᠭᠦᠯᠵᠦ᠂ ᠣᠷᠣᠢ᠌ᠯᠠᠭᠰᠠᠨ ᠴᠢᠳᠠᠪᠤᠷᠢᠲᠠᠨ᠎ᠤ 《ᠨᠢᠭᠡ ᠬᠥᠮᠦᠨ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》 ᠬᠥᠮᠦᠵᠢᠯ᠎ᠤᠨ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠰᠠᠢ᠌ᠨ ᠰᠠᠢ᠌ᠬᠠᠨ ᠣᠷᠴᠢᠨ ᠲᠣᠭᠣᠷᠢᠨ᠎ᠢ ᠪᠣᠶ ᠪᠣᠯᠭ᠋ᠠᠵᠤ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯ᠎ᠤᠨ ᠬᠠᠮᠲᠤᠷᠠᠯ ᠬᠦᠴᠦᠨ᠎ᠢ ᠨᠢᠭᠲᠠᠷᠠᠭᠤᠯᠤᠨ᠎ᠠ᠃ ᠨᠠᠢ᠍ᠮᠠ᠎ᠳᠤ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠠᠳᠬᠤᠵᠤ᠂ ᠣᠷᠣᠨ ᠪᠦᠰᠡ ᠠᠯᠤᠰᠯᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠂ ᠮᠡᠷᠭᠡᠵᠢᠯ᠎ᠢ ᠰᠢᠯᠵᠢᠭᠦᠯᠦᠨ ᠬᠠᠮᠵᠢᠯᠴᠠᠬᠤ᠂ ᠴᠢᠳᠠᠪᠤᠷᠢᠲᠠᠨ᠎ᠢ ᠬᠥᠮᠦᠵᠢᠭᠦᠯᠦᠨ ᠰᠣᠯᠢᠯᠴᠠᠬᠤ ᠵᠡᠷᠭᠡ ᠵᠠᠭᠪᠤᠷ᠎ᠢ ᠰᠦᠪᠡᠭᠴᠢᠯᠡᠵᠦ᠂ 《ᠨᠢᠭᠡ ᠪᠦᠰᠡ ᠨᠢᠭᠡ ᠵᠠᠮ》᠎ᠤᠨ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠪᠦᠬᠦ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠣᠣᠷ᠎ᠲᠠᠬᠢ ᠥᠪᠡᠷᠲᠡᠭᠡᠨ ᠵᠠᠰᠠᠬᠤ ᠣᠷᠣᠨ᠎ᠤ ᠣᠷᠣᠯᠴᠠᠬᠤ ᠬᠡᠮᠵᠢᠢ᠎ᠡ ᠪᠣᠯᠤᠨ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃

ᠬᠤᠷᠠᠯ ᠳᠡᠭᠡᠷ᠎ᠡ᠂ ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠣᠷᠳᠣᠰ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠤ ᠦᠢᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠰᠢᠨᠬᠤᠸᠠ ᠭᠤᠷᠪᠠᠳᠤᠭ᠋ᠠᠷ ᠪᠦᠯᠦᠭᠯᠡᠯ᠂ ᠪᠤᠭᠤᠲᠤ ᠬᠣᠲᠠ ᠵᠢᠨ ᠠᠨ ᠳ᠋ᠧ ᠰᠢ ᠨᠠᠢ ᠰᠢᠨ᠎ᠡ ᠮᠠᠲ᠋ᠧᠷᠢᠶᠠᠯ᠎ᠤᠨ ᠬᠢᠵᠠᠭ᠋ᠠᠷᠲᠤ ᠺᠣᠮᠫᠠᠨᠢ ᠵᠡᠷᠭᠡ 6 ᠨᠢᠭᠡᠴᠡ ᠨᠡᠢ᠌ᠲᠡᠯᠢᠭ ᠶᠠᠷᠢᠶ᠎ᠠ ᠲᠠᠯᠪᠢᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠷᠢᠶᠠᠨ᠎ᠤ ᠪᠦᠷᠢᠯᠳᠦᠬᠦᠨ ᠨᠢᠭᠡᠴᠢ ᠵᠢᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ ᠪᠣᠯᠤᠨ ᠡᠯ᠎ᠡ ᠲᠢᠩᠬᠢᠮ᠎ᠤᠨ ᠬᠠᠷᠢᠶ᠎ᠠ ᠠᠵᠢᠯ ᠦᠢᠯᠡᠰ᠎ᠤᠨ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ ᠵᠢᠴᠢ ᠠᠵᠢᠯ᠎ᠠᠴᠠ᠎ᠪᠠᠨ ᠠᠮᠠᠷᠠᠭᠰᠠᠨ ᠺᠠᠳ᠋ᠷ᠎ᠤᠨ ᠲᠥᠯᠥᠭᠡᠯᠡᠭᠴᠢ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠣᠷᠳᠣᠰ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠢᠨ ᠭᠣᠤᠯ ᠬᠠᠷᠢᠭᠤᠴᠠᠯᠭ᠋ᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠳᠤ ᠰᠠᠭᠤᠭ᠎ᠠ ᠬᠡᠰᠡᠭ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠂ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠰᠢᠨ᠎ᠡ ᠵᠢ ᠡᠭᠦᠳᠬᠦ ᠲᠠᠪᠴᠠᠩ᠂ ᠰᠢᠨ᠎ᠡ ᠵᠢ ᠡᠭᠦᠳᠬᠦ ᠬᠡᠯᠪᠡᠷᠢ ᠵᠢᠨ ᠠᠵᠤ ᠠᠬᠤᠢ᠌ᠯᠠᠯ ᠵᠡᠷᠭᠡ ᠬᠣᠯᠪᠣᠭᠳᠠᠯ ᠪᠥᠬᠥᠶ ᠲᠥᠯᠥᠭᠡᠯᠡᠭᠴᠢ ᠭᠣᠤᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ ᠃ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠸᠢᠳᠢᠣ᠋ ᠬᠤᠷᠠᠯ᠎ᠤᠨ ᠬᠡᠯᠪᠡᠷᠢ᠎ᠪᠠᠷ ᠬᠤᠷᠠᠯ᠎ᠳᠤ ᠣᠷᠣᠯᠴᠠᠪᠠ᠃