2 ᠳ᠋ᠤᠭ᠋ᠠᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠳᠤ ᠬᠦᠷᠴᠦ᠂ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠤᠰᠢᠭᠤᠯᠬᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠡᠷᠭᠡ ᠲᠠᠯ᠎ᠠ᠎ᠪᠠᠷ ᠭᠣᠤᠯᠳᠠᠯᠭ᠎ᠠ᠎ᠲᠠᠢ ᠪᠠᠢ᠌ᠴᠠᠭ᠋ᠠᠨ ᠰᠤᠳᠤᠯᠤᠯᠲᠠ ᠥᠷᠨᠢᠭᠦᠯᠬᠦ ᠵᠢᠨ ᠬᠠᠮᠲᠤ ᠶᠠᠷᠢᠯᠴᠠᠪᠠ᠃

ᠵᠠᠩ ᠸᠧᠨ ᠲᠤᠤ ᠨᠠᠷ ᠤᠷᠢᠳ ᠬᠣᠵᠢᠳ ᠬᠥᠳᠡᠭᠡ ᠠᠵᠤ ᠠᠬᠤᠶ ᠬᠥᠳᠡᠭᠡ ᠲᠣᠰᠬᠣᠨ᠎ᠤ ᠶᠠᠮᠤᠨ᠎ᠤ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠨ ᠠᠰᠢᠭᠯᠠᠬᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠮᠠᠯ ᠠᠵᠤ ᠠᠬᠤᠶ ᠰᠤᠳᠤᠯᠬᠤ ᠭᠠᠵᠠᠷ᠎ᠤᠨ ᠢᠳᠡᠰᠢᠨ ᠬᠣᠨᠢ ᠵᠢᠨ ᠤᠳᠤᠮᠯᠠᠯ᠎ᠤᠨ ᠡᠬᠢ ᠪᠠᠶᠠᠯᠢᠭ᠎ᠢ ᠦᠨᠡᠯᠡᠬᠦ ᠪᠠ ᠦᠷᠡᠵᠢᠭᠦᠯᠦᠨ ᠪᠣᠢ᠌ᠵᠢᠭᠤᠯᠬᠤ ᠮᠡᠷᠭᠡᠵᠢᠯ᠎ᠤᠨ ᠲᠥᠪ ᠵᠢᠴᠢ ᠬᠦᠷᠢᠶᠡᠯᠡᠩ᠎ᠤᠨ ᠲᠡᠦᠬᠡ ᠵᠢᠨ ᠦᠵᠡᠰᠬᠦᠯᠡᠩ᠎ᠤᠨ ᠣᠷᠳᠣᠨ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠠᠬᠢᠭᠤᠯᠵᠤ ᠪᠠᠢ᠌ᠭ᠎ᠠ ᠪᠠᠢ᠌ᠳᠠᠯ᠎ᠢ ᠨᠠᠷᠢᠨ ᠣᠢ᠌ᠯᠠᠭ᠋ᠠᠪᠠ᠃ ᠳᠠᠷᠠᠭ᠎ᠠ᠎ᠳᠤ᠎ᠨᠢ ᠬᠣᠶᠠᠷ ᠲᠠᠯ᠎ᠠ᠎ᠪᠠᠷ ᠵᠶ᠋ᠠᠨ ᠶᠠᠷᠢᠯᠴᠠᠭ᠎ᠠ ᠰᠣᠯᠢᠯᠴᠠᠭ᠎ᠠ ᠥᠷᠨᠢᠭᠦᠯᠪᠡ᠃
ᠵᠠᠩ ᠸᠸᠨ ᠲᠤᠤ᠂ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ᠎ᠬᠢᠨ ᠬᠦᠷᠢᠶᠡᠯᠡᠩ ᠡᠷᠬᠢᠯᠡᠬᠦ ᠭᠠᠷᠤᠭ᠎ᠠ᠂ ᠲᠤᠰᠤᠯᠳᠠ᠎ᠪᠠᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠭᠠᠷᠭ᠋ᠠᠯᠲᠠ᠎ᠳᠤ ᠰᠠᠢ᠌ᠲᠤᠷ ᠦᠢ᠍ᠯᠡᠴᠢᠯᠡᠬᠦ ᠳᠡᠭᠡᠷ᠎ᠡ ᠲᠥᠪᠯᠡᠷᠡᠭᠦᠯᠵᠦ᠂ ᠠᠵᠤ ᠦᠢ᠍ᠯᠡᠰ᠎ᠤᠨ ᠬᠡᠷᠡᠭᠴᠡᠭᠡ ᠵᠢ ᠴᠢᠨᠠᠭᠰᠢᠳᠠ ᠡᠮᠬᠢᠯᠡᠨ ᠪᠣᠯᠪᠠᠰᠤᠷᠠᠭᠤᠯᠵᠤ᠂ ᠵᠣᠬᠢᠶᠠᠨ ᠪᠠᠢ᠌ᠭᠤᠯᠤᠯᠲᠠ᠎ᠲᠠᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠥᠷᠨᠢᠭᠦᠯᠵᠦ᠂ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠲᠦᠷᠭᠡᠨ ᠦᠷ᠎ᠡ ᠪᠦᠲᠦᠭᠡᠯ ᠭᠠᠷᠭ᠋ᠠᠵᠤ᠂ ᠰᠠᠢ᠍ᠢ᠍ᠨ ᠦᠷ᠎ᠡ ᠪᠦᠲᠦᠭᠡᠯ ᠭᠠᠷᠭ᠋ᠠᠵᠤ᠂ ᠨᠡᠩ ᠤᠯᠠᠨ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ ᠪᠣᠯᠤᠨ ᠲᠡᠦᠬᠡᠲᠦ ᠴᠢᠨᠠᠷᠲᠠᠢ ᠰᠢᠪᠲᠤᠯᠤᠯᠲᠠ ᠭᠠᠷᠭ᠋ᠠᠵᠤ᠂《ᠮᠸᠩ ᠺᠧ ᠵᠢᠦᠢ》 ᠲᠠᠪᠴᠠᠩ ᠪᠣᠯᠤᠨ ᠡᠬᠢ ᠪᠠᠶᠠᠯᠢᠭ᠎ᠢ ᠰᠠᠢ᠌ᠲᠤᠷ ᠠᠰᠢᠭᠯᠠᠵᠤ᠂ ᠦᠷ᠎ᠡ ᠪᠦᠲᠦᠭᠡᠯ᠎ᠢ ᠣᠨᠳᠣᠣᠰᠢᠭᠤᠯᠬᠤ ᠪᠠ ᠬᠡᠷᠡᠭᠯᠡᠬᠦ ᠵᠢ ᠲᠦᠷᠭᠡᠳᠬᠡᠵᠦ᠂ ᠴᠢᠨᠠᠷ ᠰᠠᠢ᠌ᠲᠠᠢ ᠬᠥᠭᠵᠢᠯᠲᠡ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠡᠯ᠎ᠡ ᠵᠦᠢᠯ᠎ᠤᠨ ᠦᠢᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠵᠦ᠂ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》ᠵᠢ ᠬᠠᠮᠲᠤ᠎ᠪᠠᠷ ᠪᠡᠶᠡᠯᠡᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠤᠨ ᠬᠥᠭᠵᠢᠭᠦᠯᠬᠦ᠎ᠳᠤ ᠨᠠᠩ ᠶᠡᠬᠡ ᠬᠤᠪᠢ ᠨᠡᠮᠡᠷᠢ ᠦᠵᠡᠭᠦᠯᠰᠦᠭᠡᠢ ᠭᠡᠪᠡ᠃
ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠰᠦᠨ ᠭᠦᠸᠧ ᠴᠢᠤᠸᠠᠨ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠬᠦᠷᠢᠶᠡᠯᠡᠩ᠎ᠤᠨ ᠳᠠᠷᠤᠭ᠎ᠠ ᠯᠦ᠍ ᠵᠠᠨ ᠶᠤᠸᠠᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠢᠦᠢ ᠸᠧᠶ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠠᠮᠢᠶ᠎ᠠ ᠪᠥᠬᠥᠶ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠪᠠᠢ᠌ᠴᠠᠭ᠋ᠠᠨ ᠰᠤᠳᠤᠯᠤᠯᠲᠠ ᠵᠢᠨ ᠶᠠᠷᠢᠯᠴᠠᠬᠤ ᠬᠤᠷᠠᠯ᠎ᠳᠤ ᠣᠷᠣᠯᠴᠠᠪᠠ᠃