ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠢ᠌ᠯᠠᠭ᠋ᠠᠵᠤ᠂ ᠨᠠᠮ᠎ᠤᠨ ᠪᠠᠢ᠌ᠭᠤᠯᠤᠯᠲᠠ ᠵᠢᠨ ᠠᠵᠢᠯ ᠬᠢᠭᠡᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠬᠤ ᠵᠢᠨ ᠲᠥᠯᠥᠭᠡ᠂ 2 ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠦᠷ᠎ᠡ ᠪᠦᠲᠦᠭᠡᠯ᠎ᠢ ᠣᠨᠳᠣᠤᠰᠢᠭᠤᠯᠬᠤ ᠵᠢ ᠠᠬᠢᠭᠤᠯᠬᠤ ᠭᠠᠵᠠᠷ᠎ᠤᠨ ᠨᠠᠮ᠎ᠤᠨ ᠡᠭᠦᠷ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠬᠦ ᠭᠠᠵᠠᠷ ᠪᠣᠯᠣᠨ ᠰᠠᠭᠤᠷᠢ ᠰᠤᠳᠤᠯᠭ᠋ᠠᠨ ᠬᠢᠭᠡᠳ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠥᠬᠥᠴᠡᠯ᠎ᠤᠨ ᠭᠠᠵᠠᠷ᠎ᠤᠨ ᠨᠠᠮ᠎ᠤᠨ ᠡᠭᠦᠷ᠂ ᠬᠢᠨᠠᠯᠲᠠ ᠲᠠᠯᠪᠢᠵᠤ ᠦᠨᠡᠯᠡᠨ ᠵᠢᠱ᠌ᠢᠬᠦ ᠬᠢᠭᠡᠳ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠭᠠᠵᠠᠷ᠎ᠤᠨ ᠨᠠᠮ᠎ᠤᠨ ᠡᠭᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ᠎ᠲᠠᠢ ᠬᠠᠮᠲᠤᠷᠠᠨ᠂《ᠮᠸᠩ ᠺᠧ ᠵᠢᠦᠢ》ᠶᠡᠷᠦᠩᠬᠡᠶ ᠴᠤᠩᠬᠤᠪᠴᠢ᠎ᠳᠤ ᠬᠦᠷᠴᠦ᠂《ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠦᠨ ᠬᠥᠭᠵᠢᠯᠲᠡ ᠵᠢ ᠠᠬᠢᠭᠤᠯᠵᠤ᠂ ᠬᠦᠴᠦᠨ ᠵᠶ᠋ᠡᠨ ᠵᠣᠬᠢᠶᠠᠨ ᠪᠠᠢ᠌ᠭᠤᠯᠵᠤ ᠰᠢᠨ᠎ᠡ ᠠᠶᠠᠨ ᠵᠶ᠋ᠡᠨ ᠡᠬᠢᠯᠡᠭᠦᠯᠬᠦ》᠎ᠪᠠᠷ ᠭᠣᠤᠯ ᠰᠡᠳᠦᠪ ᠪᠣᠯᠭ᠋ᠠᠭᠰᠠᠨ ᠬᠠᠮᠲᠤᠷᠠᠭᠰᠠᠨ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠱᠤᠸᠠᠩ ᠨᠠᠮ᠎ᠤᠨ ᠭᠡᠰᠢᠭᠦᠨ᠎ᠤ ᠬᠤᠪᠢ᠎ᠪᠠᠷ ᠠᠵᠢᠯᠯᠠᠭ᠎ᠠ᠎ᠳᠤ ᠣᠷᠣᠯᠴᠠᠪᠠ᠃

ᠠᠵᠢᠯᠯᠠᠭ᠎ᠠ ᠵᠢᠨ ᠬᠤᠭᠤᠴᠠᠭ᠋ᠠᠨ᠎ᠳᠤ᠂ ᠪᠥᠬᠥ ᠨᠠᠮ᠎ᠤᠨ ᠭᠡᠰᠢᠭᠦᠨ ᠺᠠᠳ᠋ᠷ ᠤᠷᠢᠳ ᠬᠣᠵᠢᠳ 《ᠮᠸᠩ ᠺᠧ ᠵᠢᠦᠢ》ᠰᠢᠨ᠎ᠡ ᠵᠢ ᠡᠭᠦᠳᠬᠦ ᠠᠮᠢ ᠠᠬᠤᠶ ᠵᠢᠨ ᠣᠷᠳᠣᠨ᠎ᠤ ᠴᠦᠨ ᠬᠤᠸᠠ ᠲᠢᠩᠬᠢᠮ ᠪᠠ ᠴᠢᠦ ᠱ᠌ᠢ ᠲᠢᠩᠬᠢᠮ᠎ᠳᠤ ᠬᠦᠷᠴᠦ᠂ ᠠᠵᠢᠯᠲᠠᠨ᠎ᠤ ᠲᠠᠢ᠌ᠯᠤᠮᠵᠢ ᠵᠢ ᠰᠣᠨᠣᠰᠴᠤ᠂ 《ᠮᠸᠩ ᠺᠧ ᠵᠢᠦᠢ》᠎ᠤᠨ ᠤᠬᠠᠭᠤᠯᠭ᠎ᠠ ᠵᠢᠨ ᠹᠢᠯᠢᠮ᠎ᠢ ᠰᠣᠨᠢᠷᠬᠠᠵᠤ᠂ 《ᠮᠸᠩ ᠺᠧ ᠵᠢᠦᠢ》᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ᠎ᠤᠨ ᠴᠢᠳᠠᠮᠵᠢ ᠵᠢᠨ ᠪᠠᠢ᠌ᠷᠢ ᠲᠣᠭᠲᠠᠭ᠋ᠠᠯᠲᠠ᠂ ᠡᠵᠡᠩᠨᠡᠯᠲᠡ ᠵᠢᠨ ᠵᠠᠭᠪᠤᠷ᠂ ᠪᠥᠲᠥᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ ᠵᠢᠴᠢ《ᠮᠸᠩ ᠺᠧ ᠵᠢᠦᠢ》2.0᠎ᠤᠨ ᠲᠥᠯᠥᠪᠵᠢᠭᠦᠯᠭᠡ ᠵᠢᠨ ᠵᠢᠷᠤᠭ ᠲᠥᠯᠥᠪᠯᠡᠭᠡ ᠵᠢ ᠨᠠᠷᠢᠨ ᠣᠢ᠌ᠯᠠᠭ᠋ᠠᠵᠤ᠂ 《ᠮᠸᠩ ᠺᠧ ᠵᠢᠦᠢ》ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ ᠵᠢᠴᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠪᠥᠬᠥ ᠲᠠᠯ᠎ᠠ ᠵᠢᠨ ᠴᠢᠨᠠᠷᠲᠠᠶ᠂ ᠰᠢᠰᠲ᠋ᠧᠮᠲᠦ ᠴᠢᠨᠠᠷᠲᠠᠶ ᠲᠠᠨᠢᠯᠲᠠ ᠵᠢ ᠤᠯᠠᠮ ᠨᠢᠭᠡ ᠠᠯᠬᠤᠮ ᠴᠢᠩᠭ᠋ᠠᠷᠠᠭᠤᠯᠪᠠ᠃

ᠶᠠᠷᠢᠯᠴᠠᠬᠤ ᠬᠤᠷᠠᠯ ᠳᠡᠭᠡᠷ᠎ᠡ᠂ ᠳᠥᠷᠪᠡᠨ ᠨᠠᠮ᠎ᠤᠨ ᠡᠭᠦᠷ᠎ᠤᠨ ᠱᠦᠵᠢ ᠶᠡᠷᠦᠩᠬᠡᠶ ᠱᠦᠵᠢ ᠰᠢ ᠵᠢᠨ ᠫᠢᠩ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠬᠦ ᠪᠠ ᠬᠦᠴᠦᠨ᠎ᠢ ᠵᠣᠬᠢᠶᠠᠨ ᠪᠠᠢ᠌ᠭᠤᠯᠬᠤ ᠵᠢ ᠴᠢᠩᠭ᠋ᠠᠳᠬᠠᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠬᠤ ᠲᠤᠬᠠᠶ ᠴᠢᠬᠤᠯᠠ ᠥᠭᠦᠯᠡᠯᠲᠡ ᠵᠢᠴᠢ ᠬᠣᠯᠪᠣᠭᠳᠠᠯ ᠪᠥᠬᠥᠶ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢᠨ ᠲᠣᠭᠣᠷᠢᠨ᠎ᠳᠤ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠬᠤ ᠵᠢᠨ ᠬᠠᠮᠲᠤ ᠰᠤᠷᠤᠯᠴᠠᠭᠰᠠᠨ ᠣᠯᠤᠯᠲᠠ ᠲᠥᠷᠥᠭᠳᠡᠯ ᠵᠶ᠋ᠡᠨ ᠬᠤᠪᠢᠶᠠᠯᠴᠠᠪᠠ᠃

ᠯᠢᠦ ᠱᠤᠸᠠᠩ ᠣᠯᠠᠨ᠎ᠤ ᠬᠡᠯᠡᠬᠦ ᠵᠢ ᠨᠠᠷᠢᠨ ᠬᠢᠨᠠᠮᠠᠭ᠋ᠠᠶ ᠰᠣᠨᠣᠰᠤᠭᠰᠠᠨ᠎ᠤ ᠳᠠᠷᠠᠭ᠎ᠠ᠂ ᠲᠣᠰ ᠤᠳᠠᠭ᠋ᠠᠨ᠎ᠤ ᠠᠵᠢᠯᠯᠠᠭ᠎ᠠ ᠵᠢᠨ ᠭᠣᠤᠯ ᠰᠡᠳᠦᠪ ᠲᠣᠪᠣᠢ᠌ᠮ᠎ᠠ᠂ ᠠᠭᠤᠯᠭ᠎ᠠ᠎ᠪᠠᠷ ᠪᠠᠶᠠᠯᠢᠭ᠂ ᠡᠯ᠎ᠡ ᠨᠠᠮ᠎ᠤᠨ ᠡᠭᠦᠷ ᠡᠨᠡ ᠤᠳᠠᠭ᠋ᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠪᠠᠢ᠌ᠩᠭᠤᠵᠢᠭᠰᠠᠨ ᠨᠡᠪᠲᠡᠷᠡᠯᠴᠡᠵᠦ ᠵᠣᠬᠢᠴᠠᠭᠤᠯᠬᠤ ᠲᠣᠭᠲᠠᠴᠠ ᠵᠢ ᠪᠠᠢ᠌ᠭᠤᠯᠤᠨ᠂ ᠬᠠᠮᠲᠤ᠎ᠪᠠᠷ ᠪᠠᠢ᠌ᠭᠤᠯᠵᠤ ᠬᠣᠯᠪᠣᠭ᠋ᠠᠯᠠᠨ ᠬᠥᠳᠡᠯᠦᠯᠴᠡᠬᠦ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠳᠣᠲᠣᠭ᠋ᠠᠳᠤ ᠵᠢᠨ ᠡᠬᠢ ᠪᠠᠶᠠᠯᠢᠭ᠎ᠢ ᠢᠳᠡᠪᠬᠢᠲᠡᠢ ᠡᠮᠬᠢᠯᠡᠨ ᠨᠡᠢ᠌ᠯᠡᠭᠦᠯᠦᠨ᠂ 《 ᠮᠸᠩ ᠺᠧ ᠵᠢᠦᠢ》 ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ᠎ᠤᠨ ᠪᠠᠢ᠌ᠭᠤᠯᠤᠯᠲᠠ ᠵᠢᠨ ᠶᠠᠪᠤᠴᠠ᠎ᠳᠤ᠂ ᠴᠢᠯᠥᠭᠡᠲᠡᠶ ᠶᠠᠪᠤᠯᠴᠠᠬᠤ᠂ ᠰᠢᠨ᠎ᠡ ᠵᠢ ᠡᠭᠦᠳᠬᠦ᠂ ᠪᠠᠭᠲᠠᠭ᠋ᠠᠬᠤ᠂ ᠬᠠᠮᠲᠤᠷᠠᠨ ᠠᠵᠢᠯᠯᠠᠬᠤ ᠣᠢ᠌ᠯᠠᠭ᠋ᠠᠭᠳᠠᠬᠤᠨ᠎ᠢ ᠡᠷᠬᠢᠮᠯᠡᠵᠦ᠂ 《ᠮᠸᠩ ᠺᠧ ᠵᠢᠦᠢ》᠎ᠤᠨ ᠶᠡᠷᠦᠩᠬᠡᠶ ᠲᠠᠪᠴᠠᠩ ᠶᠡᠷᠦᠩᠬᠡᠶ ᠬᠦᠢᠰᠦ ᠵᠢᠨ ᠦᠢᠯᠡᠳᠦᠯ᠎ᠢ ᠴᠢᠩᠭ᠋ᠠᠷᠠᠭᠤᠯᠵᠤ᠂《 ᠮᠸᠩ ᠺᠧ ᠵᠢᠦᠢ》᠎ᠤᠨ ᠬᠤᠪᠢᠶᠠᠷᠢ ᠲᠥᠪ᠎ᠲᠠᠬᠢ ᠵᠢᠯᠣᠭᠣᠳᠣᠯᠭ᠎ᠠ ᠵᠢ ᠴᠢᠩᠭ᠋ᠠᠳᠬᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠠᠢ᠌ᠨ ᠰᠠᠢ᠌ᠬᠠᠨ ᠠᠮᠢ ᠠᠬᠤᠶ ᠵᠢ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ᠎ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠢᠯᠡᠳᠬᠡᠪᠡ᠃
ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠤ᠂ ᠰᠢᠨ᠎ᠡ ᠵᠢ ᠡᠭᠦᠳᠬᠦ ᠦᠵᠡᠭᠦᠯᠦᠯᠭᠡ ᠵᠢᠨ ᠣᠷᠳᠣᠨ᠎ᠢ ᠰᠣᠨᠢᠷᠬᠠᠪᠠ᠃ ᠠᠵᠢᠯᠯᠠᠭ᠎ᠠ ᠵᠢᠨ ᠳᠤᠮᠳᠠ᠂ ᠨᠠᠮ᠎ᠤᠨ ᠡᠭᠦᠷ᠎ᠤᠨ ᠨᠠᠮ᠎ᠤᠨ ᠭᠡᠰᠢᠭᠦᠳ ᠬᠠᠮᠲᠤ ᠵᠢᠨ ᠲᠠᠨᠢᠯᠲᠠ᠎ᠲᠠᠢ ᠪᠣᠯᠵᠣ᠂ ᠤᠯᠤᠰ ᠲᠥᠷᠥ ᠵᠢᠨ ᠵᠣᠭᠰᠣᠴᠠ᠎ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ ᠵᠢᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠬᠦ᠎ᠳᠤ ᠦᠵᠡᠭᠦᠯᠬᠦ 《ᠲᠦᠰᠢᠭ ᠲᠤᠯᠭ᠋ᠠᠭᠤᠷᠢ》 ᠵᠢᠨ ᠦᠢᠯᠡᠳᠦᠯ᠎ᠢ ᠭᠦᠨᠵᠡᠭᠡᠶ ᠲᠠᠨᠢᠵᠤ᠂ 《ᠨᠠᠮ᠎ᠤᠨ ᠪᠠᠢ᠌ᠭᠤᠯᠤᠯᠲᠠ》᠎ᠪᠠᠷ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ》᠎ᠢ ᠬᠥᠲᠥᠯᠥᠨ ᠳᠠᠭ᠋ᠠᠭᠤᠯᠬᠤ ᠵᠢ ᠢᠮᠠᠭᠲᠠ ᠪᠠᠷᠢᠮᠲᠠᠯᠠᠵᠤ᠂ ᠨᠠᠮ᠎ᠤᠨ ᠪᠠᠢ᠌ᠭᠤᠯᠤᠯᠲᠠ ᠬᠢᠭᠡᠳ ᠲᠤᠬᠠᠢ᠌ᠯᠠᠭᠰᠠᠨ ᠠᠵᠢᠯ᠎ᠤᠨ ᠠᠭᠤᠰᠤᠯᠴᠠᠯ᠎ᠤᠨ ᠦᠨᠳᠦᠰᠦᠨ ᠵᠢᠮ᠎ᠡ ᠶᠣᠰᠣ ᠵᠢ ᠡᠵᠡᠮᠳᠡᠵᠦ᠂ ᠬᠣᠶᠠᠷ ᠲᠠᠯ᠎ᠠ ᠵᠢᠨ ᠬᠠᠷᠠᠯᠲᠠ ᠢᠵᠢᠯᠢ ᠴᠢᠭᠯᠡᠯ᠂ ᠪᠠᠢ᠌ᠷᠢᠯᠠᠭᠤᠯᠤᠯᠲᠠ ᠢᠵᠢᠯᠢ ᠠᠯᠬᠤᠮ᠂ ᠠᠵᠢᠯ᠎ᠤᠨ ᠢᠵᠢᠯ ᠬᠦᠴᠦᠨ᠎ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠢᠯᠡᠰ᠎ᠤᠨ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭᠲᠠᠷᠠᠭᠤᠯᠬᠤ ᠪᠣᠯᠣᠨ᠎ᠠ ᠭᠡᠵᠦ ᠢᠯᠡᠳᠬᠡᠵᠡᠭᠡᠪᠡ᠃