ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ (ᠥᠷᠭᠡᠳᠬᠡᠭᠰᠡᠨ) ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-02-26

 
   2 ᠰᠠᠷ᠎ᠠ ᠵᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ 2025 ᠣᠨ᠎ᠤ ᠬᠣᠶᠠᠳᠤᠭ᠋ᠠᠷ ᠤᠳᠠᠭ᠎ᠠ ᠵᠢᠨ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠬᠢᠷᠢᠨ ᠮᠤᠵᠢ ᠵᠢᠨ ᠨᠠᠮ᠎ᠤᠨ ᠬᠣᠷᠢᠢ᠎ᠠ ᠪᠣᠯᠤᠨ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢ᠌ᠷᠢᠯᠠᠭᠤᠯᠤᠯᠲᠠ᠂ ᠬᠤᠪᠢ ᠬᠥᠮᠦᠨ᠎ᠤ ᠤᠴᠢᠷ ᠶᠠᠪᠤᠳᠠᠯ᠎ᠢ ᠲᠠᠭᠯᠠᠨ ᠮᠡᠳᠡᠭᠦᠯᠬᠦ ᠬᠣᠯᠪᠣᠭᠳᠠᠯ ᠪᠦᠬᠦᠢ ᠱᠠᠭ᠋ᠠᠷᠳᠠᠯᠭ᠎ᠠ᠂ ᠲᠥᠪ᠎ᠤᠨ ᠨᠢᠭᠤᠴᠠ ᠵᠢ ᠬᠠᠮᠠᠭ᠋ᠠᠯᠠᠬᠤ ᠠᠵᠢᠯ᠎ᠤᠨ ᠬᠠᠮᠢᠶ᠎ᠠ ᠪᠦᠬᠦᠢ ᠬᠤᠷᠠᠯ᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ᠂ ᠪᠠᠢ᠌ᠷᠢᠯᠠᠭᠤᠯᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ  ᠃



    ᠬᠤᠷᠠᠯ᠎ᠠᠴᠠ᠂ ᠲᠢᠩᠬᠢᠮ᠎ᠤᠨ ᠰᠢᠰᠲ᠋ᠧᠮ᠎ᠤᠨ ᠪᠦᠬᠦ ᠺᠠᠳ᠋ᠷᠴᠤᠳ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠣᠳᠣᠬᠢᠴᠢᠯᠠᠭᠰᠠᠨ ᠠᠵᠤ ᠦᠢᠯᠡᠰ᠎ᠤᠨ ᠰᠢᠰᠲ᠋ᠧᠮ᠎ᠢ ᠪᠠᠢ᠌ᠭᠤᠯᠬᠤ᠂ ᠥᠭᠡᠷᠡᠴᠢᠯᠡᠯᠲᠡ ᠨᠡᠭᠡᠭᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠢᠨ᠎ᠡ ᠪᠠᠢ᠌ᠳᠠᠯ᠎ᠢ ᠡᠭᠦᠳᠬᠦ ᠲᠤᠬᠠᠶ ᠴᠢᠬᠤᠯᠠ ᠥᠭᠦᠯᠡᠯᠲᠡ ᠵᠢᠴᠢ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠬᠦ᠂ ᠴᠢᠨᠠᠷ ᠰᠠᠢ᠌ᠲᠠᠶ ᠨᠠᠮ᠎ᠤᠨ ᠪᠠᠢ᠌ᠭᠤᠯᠤᠯᠲᠠ ᠵᠢᠨ ᠲᠤᠬᠠᠶ ᠴᠢᠬᠤᠯᠠ ᠪᠠᠢ᠌ᠷᠢᠯᠠᠭᠤᠯᠤᠯᠲᠠ ᠵᠢ ᠣᠨᠣᠪᠴᠢᠲᠠᠢ ᠡᠵᠡᠮᠰᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》ᠢᠨᠵᠧᠨᠧᠷᠢᠩ᠎ᠢ ᠬᠡᠷᠡᠭᠵᠢᠭᠦᠯᠬᠦ᠎ᠪᠠᠷ ᠵᠢᠯᠣᠭᠣᠳᠤᠮᠵᠢ ᠪᠣᠯᠭ᠋ᠠᠨ᠂ ᠪᠠᠢ᠌ᠷᠢᠯᠠᠭᠤᠯᠤᠯᠲᠠ ᠵᠢᠨ ᠴᠡᠭ᠎ᠤᠨ ᠦᠷ᠎ᠡ ᠪᠦᠲᠦᠭᠡᠯ᠂ ᠴᠢᠭᠯᠡᠯ᠎ᠢ ᠥᠷᠭᠡᠳᠬᠡᠬᠦ ᠪᠠ ᠰᠢᠨ᠎ᠡ ᠪᠠᠢ᠌ᠷᠢᠯᠠᠭᠤᠯᠤᠯᠲᠠ ᠵᠢᠨ ᠴᠡᠭ᠎ᠤᠨ ᠲᠥᠰᠦᠯ᠎ᠢ ᠲᠡᠭᠦᠯᠳᠡᠷᠵᠢᠭᠦᠯᠬᠦ᠂ ᠰᠡᠳᠦᠪ ᠡᠬᠢᠯᠡᠭᠦᠯᠬᠦ ᠵᠢ ᠰᠠᠢ᠌ᠲᠤᠷ ᠠᠳᠬᠤᠵᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠪᠴᠢᠯᠡᠨ ᠪᠠᠢ᠌ᠭᠤᠯᠵᠤ᠂ ᠴᠢᠨᠠᠷ ᠰᠠᠢ᠌ᠲᠠᠶ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ᠎ᠢ ᠪᠣᠶ ᠪᠣᠯᠭ᠋ᠠᠬᠤ ᠬᠡᠷᠡᠭᠲᠡᠢ;《ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠣᠨ》᠎ᠤ ᠠᠵᠢᠯᠯᠠᠭ᠎ᠠ ᠵᠢ ᠥᠷᠨᠢᠭᠦᠯᠬᠦ᠎ᠪᠠᠷ ᠭᠠᠷᠳᠠᠴᠠ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠬᠢᠵᠠᠭ᠋ᠠᠷᠯᠠᠵᠤ ᠪᠠᠢ᠌ᠭ᠎ᠠ ᠲᠦᠭᠵᠢᠷᠡᠯ ᠲᠦᠪᠡᠭᠲᠡᠶ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《1 + 7 + N》ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠤᠨ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠵᠤ᠂ ᠡᠯ᠎ᠡ ᠵᠦᠢᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠨᠠᠷᠢᠯᠢᠬ᠍ᠵᠢᠭᠤᠯᠬᠤ ᠵᠢ ᠦᠨᠡᠨ ᠬᠦ᠌ ᠪᠠᠲᠤᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠲᠠᠰᠤᠷᠠᠯᠲᠠ ᠥᠬᠡᠶ ᠭᠦᠨᠵᠡᠭᠡᠶ ᠠᠬᠢᠭᠤᠯᠤᠨ ᠪᠣᠳᠠᠲᠠᠢ᠌ᠵᠢᠭᠤᠯᠬᠤ ᠬᠡᠷᠡᠭᠲᠡᠶ; ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠤᠯ ᠰᠢᠵᠢᠮ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠬᠦ ᠵᠡᠷᠭᠡ ᠬᠠᠮᠢᠶ᠎ᠠ ᠪᠥᠬᠥᠶ ᠠᠵᠢᠯ᠎ᠢ ᠰᠠᠢ᠌ᠲᠤᠷ ᠬᠢᠵᠦ᠂ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠦᠨᠡᠨ ᠬᠦ᠌ ᠬᠠᠮᠠᠭ᠋ᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠵᠢᠨ ᠠᠮᠢ ᠠᠬᠤᠶ ᠵᠢ ᠴᠢᠷᠮᠠᠢ᠌ᠨ ᠪᠣᠶ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
  ᠬᠤᠷᠠᠯ᠎ᠠᠴᠠ᠂ ᠲᠢᠩᠬᠢᠮ᠎ᠤᠨ ᠰᠢᠰᠲ᠋ᠧᠮ᠎ᠤᠨ ᠪᠥᠬᠥ ᠺᠠᠳ᠋ᠷ ᠠᠵᠢᠯᠲᠠᠨ ᠠᠵᠢᠯᠴᠢᠨ ᠶᠡᠷᠦᠩᠬᠡᠶ ᠱᠦᠵᠢ ᠰᠢ ᠵᠢᠨ ᠫᠢᠩ᠎ᠤᠨ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠪᠠ ᠤᠯᠤᠰ᠎ᠠᠴᠠ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢᠨ ᠲᠤᠬᠠᠶ ᠦᠨᠳᠦᠰᠦᠨ ᠴᠢᠭᠯᠡᠯᠲᠡ ᠲᠥᠷᠥ ᠵᠢᠨ ᠪᠣᠳᠣᠯᠭ᠎ᠠ ᠵᠢ ᠢᠮᠠᠭᠲᠠ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ᠎ᠤ 《ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ》ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠴᠢᠩᠭ᠋ᠠᠳᠬᠠᠬᠤ ᠵᠢ ᠠᠬᠢᠭᠤᠯᠬᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠶᠡᠬᠡ᠎ᠪᠠᠷ ᠤᠬᠠᠭᠤᠯᠤᠨ ᠨᠠᠢ᠌ᠳᠠᠪᠤᠷᠢᠵᠢᠭᠤᠯᠵᠤ᠂ ᠭᠣᠤᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ ᠵᠢᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠲᠦᠷᠭᠡᠳᠬᠡᠨ ᠪᠠᠢ᠌ᠷᠢᠰᠢᠭᠤᠯᠵᠤ ᠪᠠᠢ᠌ᠭᠤᠯᠵᠤ᠂ ᠰᠢᠨ᠎ᠡ ᠵᠢ ᠡᠭᠦᠳᠬᠦ ᠡᠬᠢ ᠪᠠᠶᠠᠯᠢᠭ᠎ᠢ ᠠᠵᠤ ᠠᠬᠤᠢ᠌ᠯᠠᠯ ᠲᠡᠢ᠌ᠰᠢ ᠬᠡᠯᠪᠡᠢ᠌ᠯᠭᠡᠬᠦ ᠵᠢ ᠠᠬᠢᠭᠤᠯᠵᠤ᠂ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠢ ᠴᠠᠭ ᠲᠤᠬᠠᠶ᠎ᠳᠤ᠎ᠨᠢ ᠪᠣᠳᠠᠲᠠᠢ᠌ᠵᠢᠭᠤᠯᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠪᠠᠲᠤᠯᠠᠵᠤ᠂ ᠣᠯᠠᠨ ᠵᠦᠢᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠠᠵᠤ ᠠᠬᠤᠢ᠌ᠯᠠᠯ᠎ᠳᠤ ᠬᠦᠴᠦᠨ ᠨᠡᠮᠡᠷᠢᠯᠡᠨ ᠳᠠᠷᠤᠭ᠋ᠠᠰᠤ ᠵᠢ ᠬᠥᠭᠭᠡᠷᠡᠭᠦᠯᠵᠦ᠂ 《ᠬᠦᠰᠡᠭᠰᠡᠨ ᠪᠦᠬᠦᠨ᠎ᠢ ᠬᠠᠩᠭ᠋ᠠᠬᠤ᠂ ᠤᠴᠢᠷ ᠦᠭᠡᠢ ᠪᠣᠯ ᠬᠠᠷᠰᠢᠯᠠᠬᠤ ᠦᠭᠡᠢ》᠃
    ᠬᠤᠷᠠᠯ᠎ᠠᠴᠠ᠂ ᠲᠢᠩᠬᠢᠮ᠎ᠤᠨ ᠰᠢᠰᠲ᠋ᠧᠮ᠎ᠤᠨ ᠤᠳᠤᠷᠢᠳᠬᠤ ᠺᠠᠳ᠋ᠷ ᠤᠯᠤᠰ ᠲᠥᠷᠥ ᠵᠢᠨ ᠰᠠᠬᠢᠯᠭ᠎ᠠ ᠪᠠᠲᠤ ᠪᠠ ᠶᠣᠰᠣ ᠲᠦᠷᠢᠮ᠎ᠤᠨ ᠤᠬᠠᠮᠰᠠᠷ ᠵᠶ᠋ᠠᠨ ᠴᠢᠩᠳᠠᠯᠠᠵᠤ᠂ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠪᠠᠷ ᠲᠣᠯᠢ ᠪᠣᠯᠭ᠋ᠠᠨ᠂ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠬᠤᠪᠢ ᠬᠥᠮᠦᠨ᠎ᠤ ᠬᠣᠯᠪᠣᠭᠳᠠᠯ ᠪᠥᠬᠥᠶ ᠵᠦᠢᠯᠡᠰ᠎ᠢ ᠲᠠᠭᠯᠠᠨ ᠮᠡᠳᠡᠭᠦᠯᠬᠦ ᠪᠠ ᠠᠯᠪᠠᠨ ᠲᠤᠰᠢᠶᠠᠯᠲᠠᠨ᠎ᠤ ᠠᠵᠤ ᠠᠬᠤᠢ᠌ᠯᠠᠯ᠎ᠳᠤ ᠬᠣᠯᠪᠣᠭᠳᠠᠭᠰᠠᠨ ᠵᠦᠢᠯᠡᠰ᠎ᠢ ᠲᠡᠮᠳᠡᠭᠯᠡᠨ ᠮᠡᠳᠡᠭᠦᠯᠬᠦ ᠠᠵᠢᠯ᠎ᠢ ᠰᠠᠢ᠌ᠲᠤᠷ ᠬᠢᠵᠦ᠂ ᠲᠠᠭᠯᠠᠨ ᠮᠡᠳᠡᠭᠦᠯᠬᠦ ᠡᠭᠦᠷᠭᠡ ᠵᠢ ᠴᠢᠨᠠᠷ ᠰᠠᠢ᠌ᠲᠠᠶ ᠪᠡᠶᠡᠯᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃
    ᠬᠤᠷᠠᠯ᠎ᠠᠴᠠ᠂ ᠲᠢᠩᠬᠢᠮ᠎ᠤᠨ ᠰᠢᠰᠲ᠋ᠧᠮ᠎ᠤᠨ ᠪᠦᠬᠦ ᠺᠠᠳ᠋ᠷ ᠠᠵᠢᠯᠳᠠᠨ ᠠᠵᠢᠯᠴᠢᠨ ᠨᠢᠭᠤᠴᠠ ᠵᠢ ᠬᠠᠮᠠᠭ᠋ᠠᠯᠠᠬᠤ ᠬᠥᠪᠴᠢ᠎ᠪᠠᠨ ᠴᠠᠭ ᠢᠮᠠᠭᠲᠠ ᠴᠢᠩᠭ᠋ᠠᠯᠠᠵᠤ᠂ ᠨᠢᠭᠤᠴᠠ ᠵᠢ ᠬᠠᠮᠠᠭ᠋ᠠᠯᠠᠬᠤ ᠤᠬᠠᠮᠰᠠᠷ ᠪᠣᠯᠤᠨ ᠨᠢᠭᠤᠴᠠ ᠵᠢ ᠬᠠᠮᠠᠭ᠋ᠠᠯᠠᠬᠤ ᠴᠢᠳᠠᠪᠤᠷᠢ᠎ᠪᠠᠨ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠬᠥᠮᠦᠵᠢᠯ ᠪᠣᠯᠪᠠᠰᠤᠷᠠᠯ ᠪᠣᠯᠤᠨ ᠬᠢᠨᠠᠯᠲᠠ ᠵᠢᠯᠤᠭᠤᠳᠤᠯᠭ᠎ᠠ᠎ᠪᠠᠨ ᠤᠯᠠᠮ ᠴᠢᠨᠠᠭᠰᠢᠳᠠ ᠴᠢᠩᠭ᠋ᠠᠳᠬᠠᠵᠤ᠂ ᠲᠢᠩᠬᠢᠮ᠎ᠤᠨ ᠰᠢᠰᠲ᠋ᠧᠮ᠎ᠤᠨ ᠡᠯ᠎ᠡ ᠵᠦᠢ᠍ᠯ᠎ᠤᠨ ᠨᠢᠭᠤᠴᠠ ᠵᠢ ᠬᠠᠮᠠᠭ᠋ᠠᠯᠠᠬᠤ ᠲᠦᠷᠢᠮ᠎ᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠵᠤ᠂ ᠠᠮᠤᠷ ᠲᠦᠪᠰᠢᠨ ᠨᠢᠭᠤᠴᠠ ᠵᠢ ᠬᠠᠮᠠᠭ᠋ᠠᠯᠠᠬᠤ ᠰᠡᠷᠭᠡᠢ᠌ᠯᠡᠯᠲᠡ ᠵᠢᠨ ᠱᠤᠭᠤᠮ᠎ᠢ ᠪᠠᠲᠤ ᠴᠣᠭᠴᠠᠯᠠᠵᠤ᠂ ᠨᠢᠭᠤᠴᠠ ᠵᠢ ᠵᠠᠳᠠᠷᠠᠭᠤᠯᠬᠤ ᠬᠡᠷᠡᠭ ᠡᠭᠦᠰᠬᠦ ᠵᠢ ᠡᠷᠡᠰ ᠰᠡᠷᠭᠡᠢ᠌ᠯᠡᠬᠦ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠤ ᠬᠢᠨᠠᠨ ᠵᠥᠪᠯᠡᠪᠡ᠃
    ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ ᠭᠣᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠪᠠ
ᠵᠠᠩ ᠸᠸᠨ ᠲᠤᠤ ᠨᠠᠷ ᠬᠥᠬᠡᠬᠣᠲᠠ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》ᠲᠤᠰᠬᠠᠶ ᠰᠡᠳᠦᠪᠲᠦ ᠪᠠᠢ᠌ᠴᠠᠭ᠋ᠠᠨ ᠰᠤᠳᠤᠯᠤᠯᠲᠠ ᠥᠷᠨᠢᠭᠦᠯᠪᠡ
ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠡᠷ ᠡᠷᠡᠮᠡᠬᠡᠢ᠌ᠯᠡᠨ ᠤᠷᠤᠭᠰᠢᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠨ᠎ᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2025 ᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠰᠢᠰᠲ᠋ᠧᠮ᠎ᠤᠨ ᠨᠠᠮ᠎ᠤᠨ ᠪᠠᠢ᠌ᠭᠤᠯᠤᠯᠲᠠ ᠪᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠢ᠍ᠮᠠᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ ᠠᠵᠢᠯ ᠡᠬᠢᠯᠡᠭᠰᠡᠨ ᠪᠥᠭᠡᠳ ᠪᠦᠭᠦᠨ ᠵᠶ᠋ᠡᠷ ᠵᠶ᠋ᠡᠨ ᠲᠣᠭᠣᠷᠢᠨ ᠪᠠᠢ᠌ᠴᠠᠭ᠋ᠠᠬᠤ᠎ᠪᠠᠷ ᠣᠷᠣᠵᠤ ᠰᠠᠭᠤᠪᠠ
 
            