3 ᠳ᠋ᠤᠭ᠋ᠠᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2025 ᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠰᠢᠰᠲ᠋ᠧᠮ᠎ᠤᠨ ᠨᠠᠮ᠎ᠤᠨ ᠪᠠᠢ᠌ᠭᠤᠯᠤᠯᠲᠠ ᠪᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠢ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠠᠯᠲᠠ ᠵᠢᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠵᠠᠩ ᠬᠣᠩ ᠸᠧᠢ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠱᠤᠸᠠᠩ ᠬᠤᠷᠠᠯ᠎ᠢ ᠡᠷᠭᠢᠯᠡᠵᠡᠶ᠃ ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠰᠢᠰᠲ᠋ᠧᠮ᠎ᠤᠨ ᠪᠥᠬᠥ ᠨᠠᠮ᠎ᠤᠨ ᠭᠡᠰᠢᠭᠦᠨ ᠵᠢᠴᠢ ᠳᠡᠳ᠋ ᠭᠠᠵᠠᠷ᠎ᠤᠨ ᠲᠠᠰ᠎ᠠᠴᠠ ᠳᠡᠭᠡᠭᠰᠢᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ ᠪᠤᠰᠤ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ ᠪᠥᠬᠥ ᠺᠠᠳ᠋ᠷ ᠬᠤᠷᠠᠯ᠎ᠳᠤ ᠣᠷᠣᠯᠴᠠᠪᠠ᠃
ᠬᠤᠷᠠᠯ᠎ᠠᠴᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ 2024 ᠣᠨ᠎ᠳᠤ ᠲᠣᠮᠢᠯᠠᠨ ᠰᠠᠭᠤᠯᠭ᠋ᠠᠵᠤ ᠬᠢᠨᠠᠯᠲᠠ ᠲᠠᠯᠪᠢᠭᠰᠠᠨ ᠠᠵᠢᠯ᠎ᠤᠨ ᠪᠠᠢ᠌ᠳᠠᠯ᠎ᠢ ᠵᠠᠷᠯᠠᠨ ᠮᠡᠳᠡᠭᠳᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠰᠢᠰᠲ᠋ᠧᠮ᠎ᠤᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠪᠠᠢ᠌ᠳᠠᠯ᠎ᠢ ᠭᠦᠨᠵᠡᠭᠡᠢ ᠵᠠᠳᠠᠯᠵᠤ᠂ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠬᠤ᠂ 2025 ᠣᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠪᠠ᠃ 2024 ᠣᠨ᠎ᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠢ ᠳ᠋ᠦᠩᠨᠡᠬᠦ ᠵᠢᠨ ᠬᠠᠮᠲᠤ 2025 ᠣᠨ᠎ᠤ ᠠᠵᠢᠯ᠎ᠤᠨ ᠡᠭᠦᠷᠭᠡ ᠵᠢ ᠲᠤᠬᠢᠷᠠᠭᠤᠯᠤᠨ ᠪᠠᠢ᠌ᠷᠢᠯᠠᠭᠤᠯᠪᠠ᠃
ᠬᠤᠷᠠᠯ᠎ᠠᠴᠠ᠂ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯ ᠬᠤᠷᠢᠶᠠᠬᠤ ᠵᠢᠯ᠂ ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢ ᠲᠥᠯᠥᠪᠯᠡᠨ ᠲᠣᠭᠣᠷᠢᠪᠢᠬᠤ ᠵᠢᠯ᠂ ᠮᠥᠨ ᠴᠦ᠍ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠳᠡ ᠰᠢᠪᠲᠤᠯᠬᠤ》ᠢᠨᠵᠧᠨᠧᠷᠢᠩ᠎ᠢ ᠭᠦᠨᠵᠡᠭᠡᠶ ᠠᠬᠢᠭᠤᠯᠬᠤ ᠵᠠᠩᠭᠢᠯᠠᠭ᠎ᠠ ᠵᠢᠨ ᠨᠢᠭᠡ ᠵᠢᠯ ᠪᠣᠯᠤᠨ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢᠮᠠᠳᠤᠭ᠋ᠠᠷ ᠤᠳᠠᠭ᠎ᠠ᠂ ᠶᠢᠰᠦᠳᠦᠭᠡᠷ ᠤᠳᠠᠭ᠎ᠠ ᠵᠢᠨ ᠪᠦᠭᠦᠳᠡ ᠬᠤᠷᠠᠯ᠎ᠤᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠰᠢᠨ᠎ᠡ ᠴᠠᠭ ᠦᠶ᠎ᠡ ᠵᠢᠨ ᠨᠠᠮ᠎ᠤᠨ ᠪᠠᠢ᠌ᠭᠤᠯᠤᠯᠲᠠ ᠵᠢᠨ ᠶᠡᠷᠦᠩᠬᠡᠶ ᠱᠠᠭ᠋ᠠᠷᠳᠠᠯᠭ᠎ᠠ ᠵᠢ ᠭᠦᠨᠵᠡᠭᠡᠶ ᠨᠠᠢ᠌ᠳᠠᠪᠤᠷᠢᠵᠢᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠴᠢᠩᠭ᠋ᠠᠳᠬᠠᠨ ᠪᠤᠳᠠᠳᠠᠢ᠌ᠵᠢᠭᠤᠯᠵᠤ᠂ 《ᠨᠢᠭᠡ ᠭᠣᠤᠯ ᠱᠤᠭᠤᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠍ᠢ᠍ᠨ ᠬᠢᠬᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ᠎ᠢ ᠨᠡᠭᠡᠭᠡᠵᠦ ᠳᠤᠮᠳᠠ ᠲᠥᠪᠰᠢᠨ᠎ᠳᠤ ᠣᠷᠣᠬᠤ》 ᠳᠤᠮᠳᠠ ᠨᠡᠩ ᠶᠡᠬᠡ ᠵᠢᠳᠬᠦᠯ ᠴᠢᠷᠮᠠᠢ᠌ᠯᠭ᠎ᠠ ᠭᠠᠷᠭ᠋ᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠪᠠᠲᠤ ᠪᠠᠬᠢ ᠤᠯᠤᠰ ᠲᠥᠷᠥ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠰᠢᠰᠲ᠋ᠧᠮ᠎ᠤᠨ᠎ᠬᠢᠨ ᠤᠯᠤᠰ ᠲᠥᠷᠥ ᠵᠢᠨ ᠪᠠᠢ᠌ᠭᠤᠯᠤᠯᠲᠠ ᠵᠢ ᠢᠮᠠᠭᠲᠠ ᠲᠡᠷᠢᠭᠦᠨ ᠪᠠᠢ᠌ᠷᠢᠨ᠎ᠳᠤ ᠲᠠᠯᠪᠢᠵᠤ᠂ ᠡᠷᠬᠡᠪᠰᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠯᠠᠭ᠎ᠠ ᠮᠥᠴᠢᠷ᠎ᠤᠨ ᠤᠯᠤᠰ ᠲᠥᠷᠥ ᠵᠢᠨ ᠪᠠᠢ᠌ᠭᠤᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠭᠦᠨᠵᠡᠭᠡᠶ ᠲᠠᠨᠢᠵᠤ᠂ ᠤᠯᠤᠰ ᠲᠥᠷᠥ ᠵᠢᠨ ᠬᠢᠨᠠᠯᠲᠠ ᠲᠠᠯᠪᠢᠬᠤ ᠵᠢ ᠭᠦᠨᠵᠡᠭᠡᠢ᠌ᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠤᠳᠤᠷᠢᠳᠤᠯᠭ᠎ᠠ ᠵᠢ ᠨᠢᠭᠡᠳᠦᠯᠲᠡᠶ ᠲᠥᠯᠥᠪᠵᠢᠭᠦᠯᠬᠦ ᠵᠢ ᠦᠨᠡᠨ ᠬᠦ᠌ ᠴᠢᠩᠭ᠋ᠠᠳᠬᠠᠵᠤ᠂ ᠨᠠᠮ᠎ᠤᠨ ᠤᠳᠤᠷᠢᠳᠤᠯᠭ᠎ᠠ ᠵᠢᠨ ᠨᠠᠩ ᠪᠠᠲᠤ ᠴᠢᠩᠭ᠎ᠠ ᠬᠦᠴᠦᠨ᠎ᠲᠠᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠦᠵᠡᠯ ᠰᠠᠨᠠᠭ᠋ᠠᠨ᠎ᠤ ᠪᠠᠢ᠌ᠭᠤᠯᠤᠯᠲᠠ ᠵᠢ ᠴᠥᠬᠥᠷᠡᠰᠢ ᠦᠭᠡᠢ ᠴᠢᠩᠭ᠋ᠠᠳᠬᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠢ ᠨᠢᠭᠲᠠᠷᠠᠭᠤᠯᠤᠨ ᠰᠦᠭ ᠰᠦᠨᠡᠰᠦ ᠵᠢ ᠱᠤᠭᠤᠬᠤ ᠵᠢ ᠴᠥᠬᠥᠷᠡᠰᠢ ᠦᠭᠡᠢ ᠪᠠᠷᠢᠮᠲᠠᠯᠠᠵᠤ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠳᠠᠭ᠋ᠠᠭᠤᠯᠤᠨ ᠰᠤᠷᠤᠯᠴᠠᠬᠤ ᠦᠢ᠍ᠯᠡᠳᠦᠯ᠂ ᠨᠠᠮ᠎ᠤᠨ ᠡᠭᠦᠷ᠎ᠤᠨ ᠭᠣᠣᠯᠯᠠᠨ ᠤᠳᠤᠷᠢᠳᠬᠤ ᠦᠢ᠍ᠯᠡᠳᠦᠯ ᠪᠣᠯᠤᠨ ᠨᠠᠮ᠎ᠤᠨ ᠭᠡᠰᠢᠭᠦᠨ᠎ᠤ ᠭᠣᠣᠯ ᠴᠣᠭᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠨᠤᠯ ᠵᠶ᠋ᠠᠷ ᠵᠡᠪᠰᠡᠭᠯᠡᠬᠦ ᠠᠵᠢᠯ᠎ᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠵᠤ᠂ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠦᠷᠭᠦᠯᠵᠢᠯᠡᠨ ᠠᠬᠢᠭᠤᠯᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠲᠤᠬᠠᠢ᠌ᠯᠠᠭᠰᠠᠨ ᠠᠵᠢᠯ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠪᠣᠯᠤᠨ ᠲᠤᠬᠠᠢ᠌ᠯᠠᠭᠰᠠᠨ ᠠᠵᠢᠯ᠎ᠯᠤᠭ᠎ᠠ ᠨᠢᠭᠡ ᠴᠤᠬ᠍ᠴᠠᠵᠢᠭᠤᠯᠤᠨ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠦᠷᠭᠦᠯᠵᠢᠯᠡᠨ ᠥᠷᠨᠢᠭᠦᠯᠵᠦ᠂ ᠡᠭᠦᠳᠦᠨ ᠪᠠᠢ᠌ᠭᠤᠯᠬᠤ ᠠᠴᠢᠶᠠᠯᠠᠪᠤᠷᠢ ᠵᠢ ᠪᠠᠶᠠᠯᠢᠭᠵᠢᠭᠤᠯᠤᠨ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠦᠨᠡᠨ ᠪᠣᠳᠠᠲᠠᠢ ᠲᠦᠷᠦᠭᠳᠡᠯ᠎ᠲᠠᠢ᠎ᠪᠠᠷ ᠨᠠᠢ᠌ᠳᠠᠪᠤᠷᠢᠵᠢᠭᠤᠯᠤᠯᠲᠠ ᠵᠢ ᠪᠦᠲᠦᠮᠵᠢᠲᠡᠢ ᠰᠠᠢ᠌ᠲᠤᠷ ᠠᠳᠬᠤᠬᠤ ᠬᠡᠷᠡᠭᠲᠡᠢ᠃ ᠦᠵᠡᠯ ᠤᠬᠠᠮᠰᠠᠷ᠎ᠤᠨ ᠬᠡᠯᠪᠡᠷᠢ ᠵᠢᠨ ᠬᠦᠷᠢᠶᠡᠨ᠎ᠳᠠᠬᠢ ᠠᠮᠤᠷ ᠲᠦᠪᠰᠢᠨ᠎ᠢ ᠬᠦᠴᠦᠯᠡᠨ ᠬᠠᠮᠠᠭ᠋ᠠᠯᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠡᠷᠴᠢᠮ ᠵᠶ᠋ᠡᠨ ᠴᠢᠨᠠᠭᠰᠢᠳᠠ ᠴᠢᠩᠭ᠋ᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠰᠲ᠋ᠧᠮ᠎ᠤᠨ ᠳᠡᠭᠡᠳᠦ ᠳᠣᠤᠷᠠᠳᠤ ᠱᠠᠲᠤ᠎ᠪᠠᠷ ᠵᠶ᠋ᠠᠨ ᠬᠥᠭᠵᠢᠯᠲᠡ ᠵᠢ ᠡᠷᠢᠯᠬᠢᠯᠡᠬᠦ᠂ ᠠᠵᠢᠯ ᠦᠢᠯᠡᠰ ᠬᠢᠬᠦ ᠥᠳᠬᠡᠨ ᠵᠤᠵᠠᠭ᠋ᠠᠨ ᠠᠭᠤᠷ ᠠᠮᠢᠰᠬᠤᠯ᠎ᠢ ᠢᠳᠡᠪᠬᠢᠲᠡᠶ ᠪᠣᠶ ᠪᠣᠯᠭ᠋ᠠᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠢᠯᠡᠰ᠎ᠲᠤ ᠨᠠᠩ ᠠᠮᠤᠷ ᠲᠦᠪᠰᠢᠨ᠂ ᠨᠠᠩ ᠲᠣᠭᠲᠠᠭᠤᠨ ᠬᠥᠭᠵᠢᠯᠲᠡ ᠵᠢᠨ ᠣᠷᠴᠢᠨ ᠲᠣᠭᠣᠷᠢᠨ᠎ᠢ ᠪᠣᠶ ᠪᠣᠯᠭ᠋ᠠᠵᠤ ᠥᠭᠬᠦ ᠬᠡᠷᠡᠭᠲᠡᠶ᠃ ᠶᠡᠬᠡ ᠲᠠᠯ᠎ᠠ᠎ᠳᠤ ᠦᠢ᠍ᠯᠡᠴᠢᠯᠡᠬᠦ᠎ᠪᠠᠷ ᠦᠨᠳᠦᠰᠦ ᠪᠣᠯᠭ᠋ᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠯᠤᠰ ᠲᠦᠷᠦ ᠵᠢᠨ ᠴᠢᠳᠠᠪᠬᠢ ᠪᠣᠯᠤᠨ ᠵᠣᠬᠢᠶᠠᠨ ᠪᠠᠢ᠌ᠭᠤᠯᠤᠯᠲᠠ ᠵᠢᠨ ᠴᠢᠳᠠᠪᠬᠢ ᠵᠢ ᠬᠦᠴᠦᠯᠡᠨ ᠴᠢᠩᠭ᠋ᠠᠳᠬᠠᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠪᠣᠯᠤᠨ ᠲᠤᠬᠠᠢ᠌ᠯᠠᠭᠰᠠᠨ ᠠᠵᠢᠯ ᠢᠵᠢᠯ ᠴᠢᠭᠯᠡᠯ ᠵᠶ᠋ᠡᠷ ᠴᠤᠭᠯᠠᠷᠠᠵᠤ᠂ ᠢᠵᠢᠯ ᠠᠯᠬᠤᠮ ᠵᠶ᠋ᠠᠷ ᠤᠷᠤᠭᠰᠢᠯᠠᠬᠤ ᠵᠢ ᠠᠬᠢᠭᠤᠯᠵᠤ᠂ ᠥᠪᠡᠷᠮᠢᠴᠡ ᠣᠨᠴᠠᠯᠢᠭ᠎ᠲᠠᠢ ᠨᠠᠮ᠎ᠤᠨ ᠪᠠᠢ᠌ᠭᠤᠯᠤᠯᠲᠠ ᠵᠢᠨ ᠲᠦᠷᠦᠯ ᠲᠡᠮᠳᠡᠭ᠎ᠢ ᠢᠳᠡᠪᠬᠢᠲᠡᠢ ᠡᠭᠦᠳᠴᠦ᠂ ᠨᠠᠮ᠎ᠤᠨ ᠭᠡᠰᠢᠭᠦᠨ ᠺᠠᠳ᠋ᠷ᠎ᠤᠨ ᠬᠥᠮᠦᠵᠢᠯ ᠬᠠᠮᠢᠶᠠᠷᠤᠯᠲᠠ ᠵᠢ ᠦᠷᠭᠦᠯᠵᠢᠯᠡᠨ ᠥᠷᠨᠢᠭᠦᠯᠵᠦ᠂ ᠪᠠᠢ᠌ᠭᠤᠯᠭ᠎ᠠ ᠵᠢᠨ ᠨᠢᠭᠡᠳᠦᠮᠡᠯ ᠹᠷᠣᠨᠲ ᠪᠣᠯᠤᠨ ᠤᠯᠠᠨ ᠲᠦᠮᠡᠨ᠎ᠤ ᠪᠦᠯᠬᠦᠮ᠎ᠤᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠪᠠᠲᠤ ᠴᠢᠩᠭ᠎ᠠ ᠲᠠᠢ᠍ᠢ᠍ᠴᠢᠨ ᠪᠡᠬᠢᠯᠡᠯᠲᠡ ᠵᠢ ᠤᠯᠠᠮ ᠴᠢᠨᠠᠭᠰᠢᠳᠠ ᠪᠠᠢ᠌ᠭᠤᠯᠬᠤ ᠬᠡᠷᠡᠭᠲᠡᠢ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠦᠨ ᠬᠥᠭᠵᠢᠭᠦᠯᠬᠦ ᠵᠢ ᠠᠬᠢᠭᠤᠯᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢᠨ ᠤᠯᠤᠰ ᠲᠦᠷᠦ ᠵᠢᠨ ᠵᠢᠯᠤᠭᠤᠳᠤᠯᠭ᠎ᠠ ᠪᠠ ᠤᠯᠤᠰ ᠲᠦᠷᠦ ᠵᠢᠨ ᠪᠠᠲᠤᠯᠠᠭ᠎ᠠ ᠵᠢᠨ ᠦᠢ᠍ᠯᠡᠳᠦᠯ᠎ᠢ ᠪᠠᠳᠠᠷᠠᠭᠤᠯᠵᠤ᠂ ᠨᠠᠮ᠎ᠤᠨ ᠪᠠᠢ᠌ᠭᠤᠯᠤᠯᠲᠠ ᠪᠠ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠠᠵᠢᠯ᠎ᠢ ᠬᠢᠨᠠᠮᠠᠭ᠋ᠠᠢ ᠰᠤᠳᠤᠯᠤᠨ ᠪᠠᠢ᠌ᠷᠢᠯᠠᠭᠤᠯᠵᠤ᠂ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠰᠠᠢ᠌ᠲᠤᠷ ᠭᠦᠢ᠍ᠴᠡᠳᠬᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠴᠢᠨᠠᠭᠰᠢᠳᠠ ᠴᠢᠩᠭ᠋ᠠᠳᠬᠠᠵᠤ᠂ 《ᠪᠠᠷᠢᠮᠵᠢᠶ᠎ᠠ ᠵᠢ ᠳᠡᠭᠡᠭᠰᠢᠯᠡᠭᠦᠯᠬᠦ᠂ ᠬᠤᠷᠳᠤᠴᠠ ᠵᠢ ᠳᠡᠭᠡᠭᠰᠢᠯᠡᠭᠦᠯᠬᠦ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠰᠬᠠᠶ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ ᠲᠤᠭᠤᠰᠢᠯᠠᠭᠤᠯᠵᠤ᠂ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢ ᠵᠡᠷᠭᠡ᠎ᠪᠡᠷ ᠠᠳᠬᠤᠬᠤ ᠵᠢ ᠪᠠᠷᠢᠮᠲᠠᠯᠠᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ ᠪᠠᠢ᠌ᠭ᠋ᠠᠳ《ᠳᠥᠷᠪᠡᠨ ᠰᠤᠷᠲᠠᠯ》᠎ᠢ ᠴᠥᠬᠥᠷᠡᠰᠢ ᠥᠬᠡᠶ ᠵᠠᠯᠠᠷᠠᠭᠤᠯᠤᠨ ᠵᠠᠰᠠᠵᠤ᠂ ᠬᠢᠨᠠᠯᠲᠠ ᠲᠠᠯᠪᠢᠵᠤ ᠵᠣᠬᠢᠴᠠᠭᠤᠯᠬᠤ ᠠᠵᠢᠯ᠎ᠤᠨ ᠲᠣᠭᠲᠠᠴᠠ ᠵᠢ ᠰᠠᠢ᠌ᠲᠤᠷ ᠬᠡᠷᠡᠭᠯᠡᠵᠦ᠂ ᠰᠢᠨ᠎ᠡ ᠴᠠᠭ ᠦᠶ᠎ᠡ ᠵᠢᠨ ᠠᠷᠢᠭᠤᠨ ᠴᠢᠬᠡᠴᠢ ᠰᠣᠶᠣᠯ᠎ᠤᠨ ᠪᠠᠢ᠌ᠭᠤᠯᠤᠯᠲᠠ ᠵᠢ ᠴᠢᠩᠭ᠋ᠠᠳᠬᠠᠨ᠂ ᠰᠤᠷᠲᠠᠯ ᠴᠢᠬᠡᠴᠢ ᠣᠪᠣᠷ ᠲᠥᠪ ᠰᠢᠨ᠎ᠡ ᠵᠢ ᠡᠭᠦᠳᠬᠦ ᠣᠷᠴᠢᠨ ᠲᠣᠭᠣᠷᠢᠨ᠎ᠢ ᠪᠣᠶ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃