ᠲᠦᠷᠦᠭᠦᠬᠡᠨ᠂ ᠠᠷᠪᠠᠨ ᠨᠢᠭᠡᠳᠦᠭᠡᠷ ᠬᠤᠭᠤᠴᠠᠭ᠋ᠠᠨᠤ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠ ᠵᠢᠨ ᠨᠠᠢ᠍ᠮᠠᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ ᠠᠵᠢᠯᠤᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠ ᠵᠢᠨ ᠪᠠᠢ᠌ᠩᠭᠤ ᠵᠢᠨ ᠭᠡᠰᠢᠭᠦᠨ᠂ ᠰᠠᠬᠢᠯᠭᠠ ᠪᠠᠲᠤ ᠪᠠᠢ᠌ᠴᠠᠭ᠋ᠠᠬᠤ ᠬᠣᠷᠢᠶᠠ ᠵᠢᠨ ᠱᠦᠵᠢ᠂ ᠲᠣᠭᠣᠷᠢᠨ ᠪᠠᠢ᠌ᠴᠠᠭ᠋ᠠᠬᠤ ᠠᠵᠢᠯᠤᠨ ᠤᠳᠤᠷᠢᠳᠬᠤ ᠳᠤᠭᠤᠢ᠌ᠯᠠᠩᠤᠨ ᠳᠠᠷᠤᠭᠠ ᠯᠢᠦ ᠱᠤᠸᠠᠩ ᠬᠤᠷᠠᠯᠳᠤ ᠣᠷᠣᠯᠴᠠᠬᠰᠠᠨ ᠪᠥᠭᠡᠳ ᠳᠠᠢ᠌ᠴᠢᠯᠠᠯᠲᠠ ᠵᠢᠨ ᠶᠠᠷᠢᠶᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠ ᠵᠢᠨ ᠪᠠᠢ᠌ᠩᠭᠤ ᠵᠢᠨ ᠭᠡᠰᠢᠭᠦᠨ᠂ ᠵᠣᠬᠢᠶᠠᠨ ᠪᠠᠢ᠌ᠭᠤᠯᠬᠤ ᠬᠡᠯᠲᠡᠰᠤᠨ ᠳᠠᠷᠤᠭᠠ᠂ ᠲᠣᠭᠣᠷᠢᠨ ᠪᠠᠢ᠌ᠴᠠᠭ᠋ᠠᠬᠤ ᠠᠵᠢᠯᠤᠨ ᠤᠳᠤᠷᠢᠳᠬᠤ ᠳᠤᠭᠤᠢ᠌ᠯᠠᠩᠤᠨ ᠳᠡᠳ᠋ ᠳᠠᠷᠤᠭᠠ ᠯᠢ ᠢᠦᠢ ᠭᠠᠩ ᠲᠣᠭᠣᠷᠢᠨ ᠪᠠᠢ᠌ᠴᠠᠭ᠋ᠠᠬᠤ ᠳᠤᠭᠤᠢ᠌ᠯᠠᠩᠤᠨ ᠳᠠᠷᠤᠭᠠᠳᠤ ᠡᠷᠬᠡ ᠣᠯᠭᠣᠵᠤ ᠲᠤᠰᠢᠶᠠᠯ ᠡᠭᠦᠷᠭᠡᠯᠡᠭᠦᠯᠬᠦ ᠪᠠ ᠡᠭᠦᠷᠭᠡ ᠵᠢᠨ ᠬᠤᠪᠢᠶᠠᠷᠢᠯᠠᠯᠤᠨ ᠲᠣᠭᠲᠠᠭ᠋ᠠᠯᠢ ᠨᠡᠢ᠌ᠲᠡᠯᠡᠪᠡ᠃
ᠬᠤᠷᠠᠯᠠᠴᠠ᠂ ᠶᠡᠷᠦᠩᠬᠡᠢ ᠱᠦᠵᠢ ᠰᠢ ᠵᠢᠨ ᠫᠢᠩᠤᠨ ᠲᠣᠭᠣᠷᠢᠨ ᠪᠠᠢ᠌ᠴᠠᠭ᠋ᠠᠬᠤ ᠠᠵᠢᠯᠤᠨ ᠲᠤᠬᠠᠢ ᠴᠢᠬᠤᠯᠠ ᠶᠠᠷᠢᠶᠠᠨᠤ ᠵᠣᠷᠢᠭ ᠰᠠᠨᠠᠭᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠣᠣᠯ ᠶᠣᠰᠣ ᠴᠢᠬᠤᠯᠠ ᠠᠭᠤᠯᠭᠠ ᠵᠢ ᠨᠡᠪᠲᠡᠷᠬᠡᠢ ᠣᠢ᠌ᠯᠠᠭ᠋ᠠᠵᠤ᠂ ᠦᠢ᠍ᠯᠡᠳᠦᠯᠭᠡ ᠵᠢᠨ ᠱᠠᠭ᠋ᠠᠷᠳᠠᠯᠭᠠ ᠵᠢ ᠡᠵᠡᠮᠰᠢᠵᠦ᠂ ᠲᠣᠭᠣᠷᠢᠨ ᠪᠠᠢ᠌ᠴᠠᠭ᠋ᠠᠬᠤ ᠠᠵᠢᠯᠤᠨ ᠤᠯᠤᠰ ᠲᠦᠷᠦ ᠵᠢᠨ ᠴᠢᠭᠯᠡᠯᠢ ᠣᠨᠣᠪᠴᠢᠲᠠᠢ ᠡᠵᠡᠮᠳᠡᠬᠦ ᠬᠡᠷᠡᠭᠲᠡᠢ᠃ ᠨᠠᠮᠤᠨ ᠲᠥᠪ ᠬᠣᠷᠢᠶᠠ ᠵᠢᠨ ᠴᠢᠬᠤᠯᠠ ᠶᠡᠬᠡ ᠰᠢᠢ᠍ᠳᠪᠦᠷᠢᠲᠦ ᠪᠣᠳᠣᠯᠭᠠ ᠪᠠᠢ᠌ᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠ ᠵᠢᠨ ᠭᠣᠣᠯ ᠠᠵᠢᠯᠳᠤ ᠠᠩᠬᠠᠷᠤᠯ ᠵᠶ᠋ᠡᠨ ᠲᠥᠪᠯᠡᠷᠡᠭᠦᠯᠦᠨ ᠤᠯᠤᠰ ᠲᠥᠷᠥ ᠵᠢᠨ ᠬᠢᠨᠠᠯᠲᠠ ᠲᠠᠯᠪᠢᠯᠲᠠ ᠵᠢ ᠴᠢᠩᠭ᠋ᠠᠳᠬᠠᠵᠤ᠂ ᠲᠣᠭᠣᠷᠢᠨ ᠪᠠᠢ᠌ᠴᠠᠭ᠋ᠠᠭᠳᠠᠬᠤ ᠡᠲᠡᠭᠡᠳᠤᠨ ᠡᠭᠦᠷᠭᠡ ᠴᠢᠳᠠᠪᠬᠢ ᠬᠠᠷᠢᠭᠤᠴᠠᠯᠭᠠᠪᠠᠨ ᠭᠦᠢ᠍ᠴᠡᠳᠬᠡᠭᠰᠡᠨ᠂ ᠥᠭᠡᠷᠡᠴᠢᠯᠡᠯᠲᠡ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠤᠭᠰᠠᠨ᠂ ᠪᠦᠭᠦ ᠲᠠᠯᠠᠪᠠᠷ ᠨᠠᠮᠢ ᠴᠢᠩᠭᠠ ᠵᠠᠰᠠᠬᠤ ᠵᠢ ᠭᠦᠨᠵᠡᠭᠡᠢ ᠠᠬᠢᠭᠤᠯᠤᠭᠰᠠᠨ ᠵᠡᠷᠭᠡ ᠪᠠᠢ᠌ᠳᠠᠯᠢ ᠴᠢᠩᠭᠠ ᠠᠩᠬᠠᠷᠴᠤ᠂ ᠳᠤᠪᠤᠢ᠌ᠮᠠ ᠠᠰᠠᠭᠤᠳᠠᠯᠢ ᠬᠦᠴᠦᠯᠡᠨ ᠢᠯᠡᠷᠡᠭᠦᠯᠬᠦ ᠪᠠ ᠠᠬᠢᠭᠤᠯᠤᠨ ᠰᠢᠢ᠍ᠳᠪᠦᠷᠢᠯᠡᠵᠦ᠂ 《ᠰᠢᠨᠡ ᠵᠠᠮ ᠨᠡᠭᠡᠭᠡᠵᠦ᠂ ᠳᠤᠮᠳᠠ ᠲᠦᠪᠰᠢᠨᠳᠤ ᠣᠷᠣᠬᠤ》 ᠬᠠᠷᠠᠯᠲᠠ ᠵᠢ ᠪᠡᠶᠡᠯᠡᠭᠦᠯᠬᠦᠳᠤ ᠨᠠᠩ ᠰᠠᠢ᠌ᠲᠤᠷ ᠦᠢ᠍ᠯᠡᠴᠢᠯᠡᠨ ᠪᠠᠲᠤᠯᠠᠬᠤ ᠬᠡᠷᠡᠭᠲᠡᠢ᠃ ᠵᠣᠬᠢᠶᠠᠨ ᠪᠠᠢ᠌ᠭᠤᠯᠵᠤ ᠤᠳᠤᠷᠢᠳᠬᠤᠪᠠᠨ ᠴᠢᠩᠭ᠋ᠠᠳᠬᠠᠵᠤ᠂ ᠬᠢᠨᠠᠯᠲᠠ ᠲᠠᠯᠪᠢᠬᠤ ᠬᠠᠮᠲᠤᠷᠠᠯ ᠬᠦᠴᠦᠨᠢ ᠴᠢᠩᠭ᠋ᠠᠳᠬᠠᠵᠤ᠂ ᠨᠢᠭᠡ ᠰᠡᠳᠦᠪᠢ ᠬᠠᠮᠲᠤᠪᠠᠷ ᠬᠠᠷᠢᠭᠤᠯᠬᠤ ᠵᠢ ᠠᠬᠢᠭᠤᠯᠵᠤ᠂ ᠰᠠᠬᠢᠯᠭᠠ ᠪᠠᠲᠤ ᠰᠤᠷᠲᠠᠯᠢ ᠴᠢᠩᠳᠠᠯᠠᠵᠤ᠂ ᠲᠣᠭᠣᠷᠢᠨ ᠪᠠᠢ᠌ᠴᠠᠭ᠋ᠠᠬᠤ ᠡᠭᠦᠷᠭᠡ ᠵᠢ ᠴᠢᠨᠠᠷ ᠰᠠᠢ᠌ᠲᠠᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠ ᠵᠢᠨ ᠨᠢᠭᠡᠳᠦᠯᠲᠡᠢ ᠪᠠᠢ᠌ᠷᠢᠯᠠᠭᠤᠯᠤᠯᠲᠠ ᠵᠢ ᠦᠨᠳᠦᠰᠦᠯᠡᠪᠡᠯ᠂ ᠨᠠᠢ᠍ᠮᠠᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠯᠲᠠᠳᠤ ᠨᠡᠢ᠌ᠳᠡ 14 ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠲᠣᠮᠢᠯᠠᠵᠤ᠂ ᠭᠦᠭᠡᠬᠣᠲᠠ ᠵᠢᠨ ᠴᠢᠩ ᠱᠦᠢ ᠾᠧ ᠰᠢᠶᠠᠨ᠂ ᠦᠴᠦᠸᠠᠨ ᠰᠢᠶᠠᠨ᠂ ᠪᠤᠭᠤᠲᠤ ᠬᠣᠲᠠ ᠵᠢᠨ ᠬᠥᠨᠳᠡᠯᠡᠨ ᠲᠣᠭᠣᠷᠢᠭ᠂ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤ᠂ ᠬᠥᠯᠥᠨ ᠪᠤᠢ᠌ᠷ ᠬᠣᠲᠠ ᠵᠢᠨ ᠶᠠᠭᠰᠢ ᠬᠣᠲᠠ᠂ ᠭᠡᠭᠡᠨ ᠭᠣᠣᠯ ᠬᠣᠲᠠ᠂ ᠣᠷᠴᠣᠨᠤ ᠥᠪᠡᠷᠲᠡᠭᠡᠨ ᠵᠠᠰᠠᠬᠤ ᠬᠣᠰᠢᠭᠤ᠂ ᠬᠠᠭᠤᠴᠢᠨ ᠪᠠᠷᠭᠤ ᠬᠣᠰᠢᠭᠤ᠂ ᠰᠢᠨᠡ ᠪᠠᠷᠭᠤ ᠵᠡᠭᠦᠨ ᠬᠣᠰᠢᠭᠤ᠂ ᠰᠢᠨᠡ ᠪᠠᠷᠭᠤ ᠪᠠᠷᠠᠭᠤᠨ ᠬᠣᠰᠢᠭᠤ᠂ ᠲᠦᠩᠯᠢᠶᠣᠣ ᠬᠣᠲᠠ ᠵᠢᠨ ᠬᠤᠤᠯᠢᠨ ᠭᠣᠣᠯ ᠬᠣᠲᠠ᠂ ᠵᠠᠷᠤᠳ ᠬᠣᠰᠢᠭᠤ᠂ ᠤᠯᠠᠭ᠋ᠠᠨᠬᠠᠳᠠ ᠬᠣᠲᠠ ᠵᠢᠨ ᠯᠢᠨᠰᠢ ᠰᠢᠶᠠᠨ᠂ ᠬᠡᠰᠢᠭᠲᠡᠨ ᠬᠣᠰᠢᠭᠤ᠂ ᠣᠩᠨᠢᠭᠤᠳ ᠬᠣᠰᠢᠭᠤ᠂ ᠨᠢᠩᠴᠧᠩ ᠰᠢᠶᠠᠨ᠂ ᠠᠤᠬᠠᠨ ᠬᠣᠰᠢᠭᠤ᠂ ᠰᠢᠯᠢ ᠵᠢᠨ ᠭᠣᠣᠯ ᠠᠢ᠌ᠮᠠᠭᠤᠨ ᠵᠡᠭᠦᠨ ᠦᠵᠦᠮᠦᠴᠢᠨ ᠬᠣᠰᠢᠭᠤ᠂ ᠪᠠᠷᠠᠭᠤᠨ ᠦᠵᠦᠮᠦᠴᠢᠨ ᠬᠣᠰᠢᠭᠤ᠂ ᠬᠥᠪᠡᠭᠡᠲᠦ ᠰᠢᠷᠠ ᠬᠣᠰᠢᠭᠤ᠂ ᠰᠢᠯᠤᠭᠤᠨ ᠬᠦᠪᠡᠭᠡᠲᠦ ᠴᠠᠭ᠋ᠠᠨ ᠬᠣᠰᠢᠭᠤ᠂ ᠤᠯᠠᠭ᠋ᠠᠨᠴᠠᠪ ᠬᠣᠲᠠ ᠵᠢᠨ ᠹᠧᠩᠵᠧᠨ ᠬᠣᠲᠠ᠂ ᠱᠠᠩᠳᠤ ᠰᠢᠶᠠᠨ᠂ ᠰᠢᠩ ᠾᠧ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ᠂ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤ᠂ ᠣᠷᠳᠣᠰ ᠬᠣᠲᠠ ᠵᠢᠨ ᠣᠲᠣᠭᠤᠨ ᠡᠮᠦᠨᠡᠲᠦ ᠬᠣᠰᠢᠭᠤ᠂ ᠣᠲᠣᠭ ᠬᠣᠰᠢᠭᠤ᠂ ᠦᠦᠰᠢᠨ ᠬᠣᠰᠢᠭᠤ ᠵᠡᠷᠭᠡ 29 ᠬᠣᠰᠢᠭᠤ ᠰᠢᠶᠠᠨ (ᠬᠣᠲᠠ᠂ ᠲᠣᠭᠣᠷᠢᠭ) ᠵᠢᠴᠢ ᠭᠦᠭᠡᠬᠣᠲᠠ ᠵᠢᠨ ᠠᠵᠤ ᠠᠬᠤᠢ ᠮᠡᠷᠭᠡᠵᠢᠯᠤᠨ ᠨᠡᠭᠡᠭᠡᠯᠲᠡ ᠵᠢᠨ ᠲᠣᠭᠣᠷᠢᠭ᠂ ᠪᠤᠭᠤᠲᠤ ᠵᠢᠨ ᠬᠣᠪᠣᠷ ᠰᠢᠷᠣᠢ ᠵᠢᠨ ᠳᠡᠭᠡᠳᠦ ᠰᠢᠨᠡ ᠮᠡᠷᠭᠡᠵᠢᠯᠤᠨ ᠠᠵᠤ ᠦᠢ᠍ᠯᠡᠰᠤᠨ ᠨᠡᠭᠡᠭᠡᠯᠲᠡ ᠵᠢᠨ ᠲᠣᠭᠣᠷᠢᠭ᠂ ᠣᠷᠳᠣᠰᠤᠨ ᠳᠡᠭᠡᠳᠦ ᠰᠢᠨᠡ ᠮᠡᠷᠭᠡᠵᠢᠯᠤᠨ ᠠᠵᠤ ᠦᠢ᠍ᠯᠡᠰᠤᠨ ᠨᠡᠭᠡᠭᠡᠯᠲᠡ ᠵᠢᠨ ᠲᠣᠭᠣᠷᠢᠭ ᠵᠡᠷᠭᠡ 3 ᠠᠵᠤ ᠠᠬᠤᠢ ᠮᠡᠷᠭᠡᠵᠢᠯᠤᠨ ᠨᠡᠭᠡᠭᠡᠯᠲᠡ ᠵᠢᠨ ᠲᠣᠭᠣᠷᠢᠭᠲᠤ ᠡᠩᠤᠨ ᠲᠣᠭᠣᠷᠢᠨ ᠪᠠᠢ᠌ᠴᠠᠭ᠋ᠠᠯᠲᠠ ᠦᠷᠨᠢᠭᠦᠯᠦᠨᠡ; ᠲᠥᠪᠤᠨ ᠬᠢᠨᠠᠨ ᠪᠣᠳᠣᠯᠲᠠ ᠵᠢᠨ ᠬᠠᠷᠢᠭᠤ ᠲᠤᠰᠬᠠᠭᠰᠠᠨ ᠠᠰᠠᠭᠤᠳᠠᠯᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯᠳᠤ ᠲᠤᠰᠬᠠᠢ ᠲᠣᠭᠤᠷᠢᠨ ᠪᠠᠢ᠌ᠴᠠᠭ᠋ᠠᠯᠲᠠ ᠦᠷᠨᠢᠭᠦᠯᠦᠨᠡ᠃
3 ᠰᠠᠷᠠ ᠵᠢᠨ 12ᠤ ᠡᠳᠦᠷ ᠪᠣᠯᠲᠠᠯᠠ᠂ 14 ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠪᠦᠭᠦᠨ ᠵᠶ᠋ᠠᠷ ᠵᠶ᠋ᠠᠨ ᠣᠷᠣᠵᠤ ᠰᠠᠭᠤᠪᠠ᠃ ᠲᠣᠭᠣᠷᠢᠨ ᠪᠠᠢ᠌ᠴᠠᠭ᠋ᠠᠭᠳᠠᠬᠤ ᠬᠣᠰᠢᠭᠤ ᠰᠢᠶᠠᠨ (ᠬᠤᠳᠠ᠂ ᠲᠣᠭᠣᠷᠢᠭ) ᠪᠣᠯᠣᠨ ᠠᠵᠤ ᠠᠬᠤᠢ ᠮᠡᠷᠭᠡᠵᠢᠯᠤᠨ ᠨᠡᠭᠡᠭᠡᠯᠲᠡ ᠵᠢᠨ ᠲᠣᠭᠣᠷᠢᠭ ᠲᠤᠰ ᠲᠤᠰ ᠲᠣᠭᠣᠷᠢᠨ ᠪᠠᠢ᠌ᠴᠠᠭ᠋ᠠᠵᠤ ᠣᠷᠣᠵᠤ ᠰᠠᠭᠤᠬᠤ ᠳᠠᠢ᠌ᠴᠢᠯᠠᠯᠲᠠ ᠵᠢᠨ ᠬᠤᠷᠠᠯ ᠬᠤᠷᠠᠯᠳᠤᠭᠤᠯᠪᠠ᠃ ᠡᠯᠡ ᠲᠣᠭᠣᠷᠢᠨ ᠪᠠᠢ᠌ᠴᠠᠭ᠋ᠠᠬᠤ ᠳᠤᠭᠤᠢ᠌ᠯᠠᠩᠤᠨ ᠳᠠᠷᠤᠭᠠ ᠳᠠᠢ᠌ᠴᠢᠯᠠᠯᠲᠠ ᠵᠢᠨ ᠶᠠᠷᠢᠶᠠᠨᠳᠠᠭᠠᠨ᠂ ᠲᠣᠭᠣᠷᠢᠨ ᠪᠠᠢ᠌ᠴᠠᠭ᠋ᠠᠬᠤ ᠳᠤᠭᠤᠢ᠌ᠯᠠᠩᠤᠨᠬᠢᠨ ᠰᠢ ᠵᠢᠨ ᠫᠢᠩᠤᠨ ᠰᠢᠨᠡ ᠴᠠᠭ ᠦᠶᠡ ᠵᠢᠨ ᠳᠤᠮᠳᠠᠳᠤ ᠤᠯᠤᠰᠤᠨ ᠣᠨᠴᠠᠯᠢᠭ ᠪᠦᠬᠦᠢ ᠨᠡᠢ᠌ᠭᠡᠮ ᠵᠢᠷᠤᠮᠤᠨ ᠦᠵᠡᠯ ᠰᠠᠨᠠᠭᠠᠪᠠᠷ ᠵᠢᠯᠣᠭᠣᠳᠤᠯᠭᠠ ᠪᠤᠯᠭ᠋ᠠᠬᠤ ᠵᠢ ᠪᠠᠷᠢᠮᠲᠠᠯᠠᠵᠤ᠂ ᠲᠣᠭᠣᠷᠢᠨ ᠪᠠᠢ᠌ᠴᠠᠭ᠋ᠠᠬᠤ ᠠᠵᠢᠯᠤᠨ ᠴᠢᠭᠯᠡᠯᠲᠡ ᠵᠢ ᠪᠦᠭᠦ ᠲᠠᠯᠠᠪᠠᠷ ᠲᠤᠭᠤᠰᠢᠯᠠᠭᠤᠯᠵᠤ᠂ ᠨᠠᠮᠤᠨ ᠲᠥᠪ ᠬᠣᠷᠢᠶᠠ ᠵᠢᠨ ᠴᠢᠬᠤᠯᠠ ᠶᠡᠬᠡ ᠰᠢᠢ᠍ᠳᠪᠦᠷᠢᠲᠦ ᠪᠣᠳᠣᠯᠭᠠ ᠪᠠᠢ᠌ᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠ ᠵᠢᠨ ᠠᠵᠢᠯᠤᠨ ᠱᠠᠭ᠋ᠠᠷᠳᠠᠯᠭᠠ ᠵᠢ ᠨᠠᠢ᠌ᠳᠠᠪᠤᠷᠢᠵᠢᠭᠤᠯᠬᠤ ᠵᠢᠴᠢ ᠥᠭᠡᠷᠡᠴᠢᠯᠡᠯᠲᠡ ᠵᠢᠨ ᠠᠷᠭᠠ ᠬᠡᠮᠵᠢᠶᠡ ᠵᠢ ᠨᠠᠢ᠌ᠳᠠᠪᠤᠷᠢᠵᠢᠭᠤᠯᠬᠤ᠂ ᠪᠦᠭᠦ ᠲᠠᠯᠠᠪᠠᠷ ᠨᠠᠮᠢ ᠴᠢᠩᠭᠠ ᠵᠠᠰᠠᠬᠤ ᠬᠠᠷᠢᠭᠤᠴᠠᠯᠭᠠᠪᠠᠨ ᠭᠦᠢ᠍ᠴᠡᠳᠬᠡᠬᠦ᠂ ᠰᠢᠨᠡ ᠴᠠᠭ ᠦᠶᠡ ᠵᠢᠨ ᠨᠠᠮᠤᠨ ᠵᠣᠬᠢᠶᠠᠨ ᠪᠠᠢ᠌ᠭᠤᠯᠤᠯᠲᠠ ᠵᠢᠨ ᠱᠤᠭᠤᠮ ᠪᠣᠯᠣᠨ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯᠢ ᠨᠠᠢ᠌ᠳᠠᠪᠤᠷᠢᠵᠢᠭᠤᠯᠬᠤ ᠲᠤᠬᠠᠢ ᠬᠢᠨᠠᠯᠲᠠ ᠲᠠᠯᠪᠢᠵᠤ᠂ ᠠᠵᠢᠯᠤᠨ ᠳᠤᠮᠳᠠ ᠣᠷᠣᠰᠢᠵᠤ ᠪᠠᠢ᠌ᠭᠠ ᠵᠦᠷᠢᠶᠡ ᠪᠣᠯᠣᠨ ᠬᠦᠷᠦᠯᠴᠡᠬᠦ ᠦᠭᠡᠢ ᠲᠠᠯᠠᠪᠠᠨ ᠬᠦᠴᠦᠯᠡᠨ ᠡᠷᠢᠵᠦ ᠪᠠᠢ᠌ᠴᠠᠭ᠋ᠠᠨᠠ ᠭᠡᠵᠦ ᠵᠢᠭ᠋ᠠᠵᠤ ᠭᠠᠷᠭ᠋ᠠᠪᠠ᠃ ᠡᠯᠡ ᠲᠣᠭᠣᠷᠢᠨ ᠪᠠᠢ᠌ᠴᠠᠭ᠋ᠠᠭᠳᠠᠬᠤ ᠨᠠᠮᠤᠨ ᠵᠣᠬᠢᠶᠠᠨ ᠪᠠᠢ᠌ᠭᠤᠯᠤᠯᠲᠠ ᠵᠢᠨ ᠭᠣᠣᠯ ᠬᠠᠷᠢᠭᠤᠴᠠᠯᠭ᠋ᠠᠲᠠᠨ᠂ ᠤᠯᠤᠰ ᠲᠥᠷᠥ ᠵᠢᠨ ᠵᠣᠭᠰᠣᠴᠠᠪᠠᠨ ᠳᠡᠭᠡᠭᠰᠢᠯᠡᠭᠦᠯᠵᠦ᠂ ᠲᠣᠭᠣᠷᠢᠨ ᠪᠠᠢ᠌ᠴᠠᠭ᠋ᠠᠵᠤ ᠬᠢᠨᠠᠯᠲᠠ ᠲᠠᠯᠪᠢᠬᠤ ᠵᠢ ᠭᠥᠯᠢᠶᠡᠨ ᠠᠪᠬᠤ ᠵᠢ 《ᠬᠣᠶᠠᠷᠢ ᠲᠣᠭᠲᠠᠭ᠋ᠠᠭᠰᠠᠨ》ᠢ ᠡᠷᠡᠰ ᠬᠦᠷᠢᠶᠡᠯᠡᠬᠦ᠂ 《ᠬᠣᠶᠠᠷᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠪᠣᠳᠠᠲᠤ ᠠᠵᠢᠯᠯᠠᠭᠠ ᠪᠤᠯᠭ᠋ᠠᠵᠤ᠂ ᠠᠳᠠᠯᠢ ᠰᠡᠳᠦᠪᠲᠤ ᠬᠠᠮᠲᠤᠪᠠᠷ ᠬᠠᠷᠢᠭᠤᠯᠲᠠ ᠥᠭᠬᠦ ᠵᠢ ᠪᠠᠷᠢᠮᠲᠠᠯᠠᠵᠤ᠂ ᠰᠠᠨᠠᠭ᠋ᠠᠴᠢᠯᠠᠭᠠᠠᠴᠠᠪᠠᠨ ᠠᠵᠢᠯᠳᠤ ᠬᠠᠮᠵᠢᠯᠴᠠᠵᠤ᠂ ᠲᠣᠭᠣᠷᠢᠨ ᠪᠠᠢ᠌ᠴᠠᠭ᠋ᠠᠭᠰᠠᠨ ᠦᠷᠡ ᠪᠦᠲᠦᠭᠡᠯᠢ ᠦᠨᠡᠨ ᠬᠦ᠌ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠤᠲᠠᠲᠤ ᠦᠷᠡ ᠪᠦᠲᠦᠮᠵᠢ ᠪᠣᠯᠭ᠋ᠠᠨ ᠬᠤᠪᠢᠷᠠᠭᠤᠯᠤᠨᠠ ᠭᠡᠵᠦ ᠢᠯᠡᠳᠬᠡᠪᠡ᠃
ᠣᠢ᠌ᠯᠠᠭ᠋ᠠᠭᠰᠠᠨ ᠵᠶ᠋ᠡᠷ᠂ ᠲᠣᠭᠣᠷᠢᠨ ᠪᠠᠢ᠌ᠴᠠᠭ᠋ᠠᠬᠤ ᠳᠤᠭᠤᠢ᠌ᠯᠠᠩᠤᠨ ᠠᠵᠢᠯᠯᠠᠬᠤ ᠴᠠᠭ 50 ᠡᠳᠦᠷ ᠣᠷᠴᠢᠮ ᠪᠠᠢ᠌ᠵᠤ᠂ ᠡᠨᠡ ᠬᠤᠭᠤᠴᠠᠭ᠋ᠠᠨᠳᠤ ᠲᠤᠰᠬᠠᠢ ᠵᠢᠵᠢᠭᠦᠷᠯᠡᠬᠦ ᠤᠲᠠᠰᠤ ᠪᠠ ᠰᠢᠤᠳᠠᠨᠤ ᠵᠠᠬᠢᠳᠠᠯᠤᠨ ᠬᠠᠢ᠌ᠷᠴᠠᠭ ᠭᠠᠷᠭ᠋ᠠᠵᠤ᠂ ᠭᠣᠣᠯᠳᠠᠭᠤ ᠲᠣᠭᠣᠷᠢᠨ ᠪᠠᠢ᠌ᠴᠠᠭ᠋ᠠᠭᠳᠠᠬᠤ ᠨᠠᠮᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠬᠤ ᠪᠠᠭ ᠵᠢᠴᠢ ᠲᠡᠭᠦᠨᠤ ᠪᠦᠷᠢᠯᠳᠦᠭᠦᠨ᠂ ᠳᠣᠣᠷᠠ ᠨᠢᠭᠡ ᠱᠠᠲᠤᠨᠤ ᠨᠠᠮᠤᠨ ᠵᠣᠬᠢᠶᠠᠨ ᠪᠠᠢ᠌ᠭᠤᠯᠤᠯᠲᠠ ᠵᠢᠨ ᠭᠣᠣᠯ ᠬᠠᠷᠢᠭᠤᠴᠠᠯᠭ᠋ᠠᠲᠠᠨ ᠪᠠ ᠠᠵᠢᠯᠤᠨ ᠪᠠᠢ᠌ᠷᠢ ᠵᠢᠨ ᠤᠳᠤᠷᠢᠳᠬᠤ ᠺᠠᠳ᠋ᠷᠤᠨ ᠠᠰᠠᠭᠤᠳᠠᠯᠢ ᠲᠤᠰᠬᠠᠭᠰᠠᠨ ᠵᠠᠬᠢᠳᠠᠯ᠂ ᠤᠲᠠᠰᠤ᠂ ᠰᠣᠷᠪᠣᠯᠵᠢᠯᠠᠭᠠ ᠵᠢ ᠬᠦᠯᠢᠶᠡᠨ ᠠᠪᠴᠤ ᠰᠢᠢ᠍ᠳᠪᠦᠷᠢᠯᠡᠨᠡ᠂ ᠡᠭᠦᠨᠳᠤ ᠭᠣᠣᠯᠳᠠᠭᠤ ᠤᠯᠤᠰ ᠲᠥᠷᠥ ᠵᠢᠨ ᠰᠠᠬᠢᠯᠭᠠ ᠪᠠᠲᠤ᠂ ᠵᠣᠬᠢᠶᠠᠨ ᠪᠠᠢ᠌ᠭᠤᠯᠤᠯᠲᠠ ᠵᠢᠨ ᠰᠠᠬᠢᠯᠭᠠ ᠪᠠᠲᠤ᠂ ᠠᠷᠢᠭᠤᠨ ᠴᠢᠬᠡᠴᠢ ᠵᠢᠨ ᠰᠠᠬᠢᠯᠭᠠ ᠪᠠᠲᠤ᠂ ᠣᠯᠠᠨ ᠲᠦᠮᠡᠨᠤ ᠰᠠᠬᠢᠯᠭᠠ ᠪᠠᠲᠤ᠂ ᠠᠵᠢᠯᠤᠨ ᠰᠠᠬᠢᠯᠭᠠ ᠪᠠᠲᠤ ᠪᠠ ᠠᠮᠢᠳᠤᠷᠠᠯᠤᠨ ᠰᠠᠬᠢᠯᠭᠠ ᠪᠠᠲᠤ ᠵᠡᠷᠭᠡ ᠲᠠᠯᠠ ᠵᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠣᠨᠠ᠃ ᠲᠣᠭᠣᠷᠢᠨ ᠪᠠᠢ᠌ᠴᠠᠭ᠋ᠠᠬᠤ ᠳᠤᠭᠤᠢ᠌ᠯᠠᠩᠨᠢ 2025ᠤᠨᠤ 4 ᠰᠠᠷᠠ ᠵᠢᠨ 25ᠤ ᠡᠳᠦᠷ ᠪᠣᠯᠲᠠᠯᠠ ᠵᠠᠬᠢᠳᠠᠯ ᠰᠤᠷᠪᠤᠯᠵᠢᠯᠠᠯᠢ ᠬᠦᠯᠢᠶᠡᠨ ᠠᠪᠤᠨᠠ᠃