ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠵᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠰᠤᠳᠤᠯᠤᠨ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2025-03-17

       3 ᠰᠠᠷ᠎ᠠ ᠵᠢᠨ 14᠎ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠵᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠰᠤᠳᠤᠯᠤᠨ ᠪᠠᠶ᠋ᠢᠷᠢᠯᠠᠭᠤᠯᠪᠠ᠃
      ᠬᠤᠷᠠᠯ᠎ᠠᠴᠠ 《ᠪᠦᠬᠦ ᠨᠠᠮ ᠵᠶ᠋ᠠᠷ ᠵᠶ᠋ᠠᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 ᠪᠣᠯᠤᠨ 3 ᠰᠠᠷ᠎ᠠ ᠵᠢᠨ 12᠎ᠤᠨ ᠡᠳᠦᠷ᠎ᠤᠨ ᠲᠥᠪ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠤᠬᠠᠮᠰᠠᠷ ᠵᠶ᠋ᠠᠷ ᠰᠤᠷᠤᠯᠴᠠᠯᠭ᠎ᠠ ᠬᠥᠮᠦᠵᠢᠯ᠎ᠢ ᠰᠠᠶ᠋ᠢᠲᠤᠷ ᠠᠳᠬᠤᠵᠤ᠂ ᠨᠠᠮ᠎ᠤᠨ ᠭᠡᠰᠢᠭᠦᠨ᠂ ᠺᠠᠳ᠋ᠷᠴᠤᠳ᠎ᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠥᠷᠡᠰᠢ ᠦᠭᠡᠢ ᠲᠤᠭᠤᠰᠢᠯᠠᠭᠤᠯᠵᠤ᠂ ᠰᠤᠷᠲᠠᠯ᠎ᠢ ᠰᠠᠶ᠋ᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ᠎ᠪᠠᠷ 《ᠬᠣᠶᠠᠷ᠎ᠢ ᠲᠣᠭᠲᠠᠭ᠋ᠠᠭᠰᠠᠨ》᠎ᠢ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠬᠠᠷᠠᠯᠲᠠ ᠱᠠᠭ᠋ᠠᠷᠳᠠᠯᠭ᠎ᠠ ᠪᠣᠯᠤᠨ ᠡᠭᠦᠷᠭᠡ ᠵᠢᠨ ᠲᠤᠬᠢᠷᠠᠭᠤᠯᠤᠯᠳᠠ ᠵᠢ ᠣᠨᠣᠪᠴᠢᠲᠠᠢ ᠠᠳᠬᠤᠵᠤ ᠨᠡᠪᠳᠡᠷᠡᠳᠡᠯ᠎ᠡ ᠣᠶ᠋ᠢᠯᠠᠭ᠋ᠠᠵᠤ᠂ ᠪᠣᠳᠠᠲᠠᠢ᠎ᠲᠠᠢ ᠤᠶᠠᠯᠳᠤᠭᠤᠯᠤᠨ ᠰᠤᠷᠤᠯᠴᠠᠯᠭ᠎ᠠ ᠪᠠᠶ᠋ᠢᠴᠠᠭ᠋ᠠᠯᠲᠠ ᠴᠡᠭᠴᠡᠯᠡᠨ ᠰᠠᠶ᠋ᠢᠵᠢᠷᠠᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠢ ᠨᠢᠭᠡ ᠴᠤᠬ᠍ᠴᠠᠵᠢᠭᠤᠯᠤᠨ ᠠᠬᠢᠭᠤᠯᠬᠤ ᠬᠡᠷᠡᠭᠲᠡᠢ᠃ ᠰᠤᠷᠤᠯᠴᠠᠯᠭ᠎ᠠ᠎ᠪᠠᠷ ᠰᠠᠭᠤᠷᠢ ᠪᠣᠯᠭ᠋ᠠᠵᠤ᠂ ᠢᠮᠠᠭᠲᠠ ᠲᠤᠭᠤᠰᠢᠯᠠᠭᠤᠯᠵᠤ᠂ ᠬᠡᠯᠪᠡᠷᠢ ᠪᠠ ᠠᠴᠢᠶᠠᠯᠠᠪᠤᠷᠢ ᠵᠢ ᠪᠠᠶᠠᠯᠢᠭᠵᠢᠭᠤᠯᠵᠤ᠂ ᠲᠦᠷᠦᠯ ᠬᠤᠪᠢᠶᠠᠭᠰᠠᠨ ᠬᠤᠪᠢᠶᠠᠷᠢᠴᠢᠯᠠᠭᠰᠠᠨ ᠰᠤᠷᠤᠯᠴᠠᠯᠭ᠎ᠠ ᠰᠤᠳᠤᠯᠤᠨ ᠶᠠᠷᠢᠯᠴᠠᠯᠭ᠎ᠠ ᠦᠷᠨᠢᠭᠦᠯᠵᠦ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ ᠵᠢ ᠳ᠋ᠦᠩᠨᠡᠨ ᠰᠤᠷᠤᠯᠴᠠᠵᠤ᠂ ᠰᠤᠷᠤᠯᠴᠠᠯᠭ᠎ᠠ᠎ᠪᠠᠷ ᠰᠤᠷᠲᠠᠯ᠎ᠢ ᠲᠥᠪ ᠪᠣᠯᠭ᠋ᠠᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠶ᠃ ᠰᠤᠷᠤᠯᠴᠠᠬᠤ ᠵᠢᠨ ᠳᠠᠭ᠋ᠠᠤ ᠪᠠᠶ᠋ᠢᠴᠠᠭ᠋ᠠᠨ ᠳᠡᠯᠭᠡᠵᠦ᠂ ᠠᠷᠪᠠᠨ ᠶᠡᠬᠡ ᠬᠢᠨᠠᠯᠲᠠ ᠲᠠᠯᠪᠢᠯᠲᠠ ᠵᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠵᠢ ᠰᠠᠶ᠋ᠢᠲᠤᠷ ᠠᠰᠢᠭᠯᠠᠨ ᠶᠡᠷᠦᠩᠬᠡᠶ᠋ᠢᠯᠡᠭᠰᠡᠨ ᠬᠢᠨᠠᠯᠲᠠ ᠲᠠᠯᠪᠢᠬᠤ ᠲᠠᠪᠴᠠᠩ᠎ᠤᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠡᠳᠦᠷ ᠲᠤᠲᠤᠮ᠎ᠤᠨ ᠱᠠᠯᠠᠪᠳᠠᠭᠤᠯᠤᠨ ᠪᠠᠶ᠋ᠢᠴᠠᠭ᠋ᠠᠯᠲᠠ᠂ ᠪᠠᠶ᠋ᠢᠴᠠᠭ᠋ᠠᠨ ᠰᠤᠳᠤᠯᠤᠯᠲᠠ ᠵᠡᠷᠭᠡ᠎ᠲᠠᠢ ᠤᠶᠠᠯᠳᠤᠭᠤᠯᠤᠨ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠬᠤ ᠲᠠᠯ᠎ᠠ᠎ᠪᠠᠷ ᠣᠷᠣᠰᠢᠵᠤ ᠪᠠᠶ᠋ᠢᠭ᠎ᠠ ᠠᠰᠠᠭᠤᠳᠠᠯ᠎ᠢ ᠪᠦᠬᠦ ᠲᠠᠯ᠎ᠠ᠎ᠪᠠᠷ ᠭᠦᠨᠵᠡᠭᠡᠢ ᠪᠠᠶ᠋ᠢᠴᠠᠭ᠋ᠠᠨ ᠡᠷᠢᠬᠦ ᠬᠡᠷᠡᠭᠲᠡᠢ᠃ ᠦᠨᠡᠨ ᠬᠦ᠌ ᠬᠠᠲᠠᠭᠤ᠎ᠲᠠᠢ᠎ᠨᠢ ᠬᠠᠯᠳᠠᠵᠤ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠠᠬᠢᠭᠤᠯᠵᠤ᠂ ᠠᠰᠠᠭᠤᠳᠠᠯ᠎ᠤᠨ ᠨᠠᠷᠢᠨ ᠲᠠᠩᠰᠠ ᠭᠠᠷᠭ᠋ᠠᠨ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠵᠤ᠂ ᠴᠡᠭᠴᠡᠯᠡᠨ ᠰᠠᠶ᠋ᠢᠵᠢᠷᠠᠭᠤᠯᠤᠯᠲᠠ᠎ᠳᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠲᠦᠷᠢᠮ ᠲᠣᠭᠲᠠᠭ᠋ᠠᠯ ᠲᠣᠭᠲᠠᠭ᠋ᠠᠬᠤ ᠵᠢ ᠵᠡᠷᠭᠡ᠎ᠪᠠᠷ ᠰᠠᠶ᠋ᠢᠲᠤᠷ ᠠᠳᠬᠤᠵᠤ᠂ ᠲᠦᠷᠢᠮ᠎ᠤᠨ ᠳᠤᠲᠠᠭᠤᠳᠠᠯ ᠪᠣᠯᠤᠨ ᠬᠣᠭᠣᠰᠣᠨ᠎ᠢ ᠴᠠᠭ ᠲᠤᠬᠠᠢ᠎ᠳᠤᠨᠢ ᠨᠥᠬᠥᠪᠥᠷᠢᠯᠡᠵᠦ᠂ ᠰᠤᠷᠲᠠᠯ᠎ᠤᠨ ᠪᠠᠶ᠋ᠢᠭᠤᠯᠤᠯᠲᠠ ᠤᠯᠠᠮ ᠢᠯᠡᠭᠦᠦ ᠵᠢᠷᠤᠮᠯᠠᠬᠤ ᠲᠦᠷᠢᠮ᠎ᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠰᠡᠷᠡᠮᠵᠢᠯᠡᠭᠦᠯᠦᠯ ᠬᠥᠮᠦᠵᠢᠯ᠎ᠢ ᠴᠢᠩᠭ᠋ᠠᠳᠬᠠᠵᠤ᠂ ᠳᠡᠷᠭᠡᠳᠡᠬᠢ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠭᠦᠨᠵᠡᠭᠡᠶ ᠵᠠᠳᠠᠯᠵᠤ᠂ ᠬᠥᠮᠦᠵᠢᠯ᠎ᠤᠨ ᠪᠣᠳᠠᠲᠤ ᠦᠷ᠎ᠡ ᠪᠦᠲᠦᠮᠵᠢ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠶ᠃ ᠡᠭᠦᠳᠡ᠎ᠪᠠᠨ ᠨᠡᠭᠡᠭᠡᠵᠦ ᠬᠥᠮᠦᠵᠢᠯ ᠬᠢᠵᠦ᠂ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠭᠡᠬᠦ᠂ 《ᠬᠣᠶᠠᠷ ᠲᠥᠯᠥᠭᠡᠯᠡᠭᠴᠢ ᠨᠢᠭᠡ ᠭᠡᠰᠢᠭᠦᠨ》 ᠪᠣᠯᠤᠨ ᠠᠷᠠᠳ᠎ᠤᠨ ᠠᠮᠢᠳᠤᠷᠠᠯ᠎ᠤᠨ ᠬᠠᠯᠠᠮᠰᠢᠯ ᠤᠲᠠᠰᠤ᠂ ᠰᠦᠯᠵᠢᠶᠡᠨ ᠢᠷᠭᠡᠳ ᠦᠭᠡ ᠦᠯᠡᠳᠡᠭᠡᠬᠦ ᠵᠡᠷᠭᠡ ᠲᠣᠭᠲᠠᠴᠠ ᠵᠢᠨ ᠠᠷᠭ᠎ᠠ ᠵᠠᠮ ᠵᠶ᠋ᠠᠷ ᠳᠠᠮᠵᠢᠨ ᠠᠷᠠᠳ᠎ᠤᠨ ᠪᠠᠶ᠋ᠢᠳᠠᠯ᠎ᠢ ᠥᠷᠭᠡᠨ ᠳᠡᠯᠭᠡᠷ ᠭᠦᠨᠵᠡᠭᠡᠶ ᠣᠶ᠋ᠢᠯᠠᠭ᠋ᠠᠵᠤ᠂ ᠠᠷᠠᠳ᠎ᠤᠨ ᠰᠠᠨᠠᠭ᠎ᠠ ᠵᠢ ᠰᠣᠨᠣᠰᠴᠤ᠂ ᠣᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶ᠋ᠢᠭ᠎ᠠ ᠠᠰᠠᠭᠤᠳᠠᠯ᠎ᠢ ᠰᠡᠳᠭᠢᠯ ᠳᠡᠯᠪᠢᠨ ᠰᠠᠶ᠋ᠢᠲᠤᠷ ᠰᠢᠢ᠍ᠳᠪᠦᠷᠢᠯᠡᠵᠦ᠂ ᠣᠯᠠᠨ ᠲᠦᠮᠡᠨ᠎ᠳᠤ ᠠᠵᠢᠯ᠎ᠤᠨ ᠰᠤᠷᠲᠠᠯ᠎ᠢ ᠬᠤᠪᠢᠷᠠᠭᠤᠯᠤᠭᠰᠠᠨ᠎ᠠᠴᠠ ᠪᠣᠯᠤᠭᠰᠠᠨ ᠰᠢᠨ᠎ᠡ ᠪᠠᠶ᠋ᠢᠳᠠᠯ᠎ᠢ ᠮᠡᠳᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠨᠢᠭᠡᠳᠦᠯᠲᠡᠢ ᠲᠥᠯᠥᠪᠵᠢᠭᠦᠯᠦᠨ ᠨᠡᠶ᠋ᠢᠲᠡ᠎ᠳᠤᠨᠢ ᠬᠠᠷᠠᠭ᠋ᠠᠯᠵᠠᠬᠤ ᠵᠢ ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠲᠠᠰᠤᠷᠠᠯᠲᠠ ᠦᠭᠡᠢ ᠶᠡᠬᠡᠰᠭᠡᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠥᠷᠨᠢᠭᠦᠯᠬᠦ ᠵᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ᠂ 《ᠲᠠᠪᠤᠨ ᠶᠡᠬᠡ ᠡᠭᠦᠷᠭᠡ》 ᠵᠢ ᠨᠠᠶ᠋ᠢᠳᠠᠪᠤᠷᠢᠵᠢᠭᠤᠯᠬᠤ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ᠎ᠲᠠᠢ ᠤᠶᠠᠯᠳᠤᠭᠤᠯᠵᠤ᠂ ᠬᠣᠶᠠᠷ ᠲᠠᠯ᠎ᠠ᠎ᠪᠠᠷ ᠠᠳᠬᠤᠬᠤ᠂ ᠬᠣᠶᠠᠷ᠎ᠢ ᠦᠯᠦ ᠰᠠᠭ᠋ᠠᠲᠠᠭ᠋ᠠᠬᠤ᠂ ᠬᠣᠶᠠᠷ᠎ᠢ ᠠᠬᠢᠭᠤᠯᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ ᠵᠡᠷᠭᠡ ᠵᠢ ᠴᠡᠭᠴᠡᠯᠡᠨ ᠵᠠᠰᠠᠬᠤ᠎ᠲᠠᠢ ᠨᠢᠭᠡᠳᠦᠯᠲᠡᠢ ᠲᠥᠯᠥᠪᠵᠢᠭᠦᠯᠵᠦ᠂ ᠰᠤᠷᠲᠠᠯ᠎ᠤᠨ ᠬᠦᠷᠢᠶᠡᠨ᠎ᠳᠠᠬᠢ ᠠᠰᠠᠭᠤᠳᠠᠯ᠎ᠢ ᠬᠠᠮᠲᠤ᠎ᠪᠠᠷ ᠡᠳ᠋ᠯᠡᠵᠦ ᠬᠠᠮᠲᠤ᠎ᠪᠠᠷ ᠵᠠᠰᠠᠬᠤ᠂ ᠦᠩᠭᠡᠨ ᠲᠠᠯ᠎ᠠ ᠪᠠ ᠦᠨᠳᠦᠰᠦᠨ᠎ᠠᠴᠠ᠎ᠨᠢ ᠵᠠᠰᠠᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠂ ᠨᠠᠷᠢᠨ ᠨᠢᠭᠲᠠ ᠲᠤᠬᠢᠷᠠᠭᠤᠯᠤᠨ ᠪᠠᠶ᠋ᠢᠷᠢᠯᠠᠭᠤᠯᠵᠤ᠂ ᠨᠠᠷᠢᠨ ᠨᠢᠮᠪᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ᠎ᠤᠨ ᠡᠭᠦᠷᠭᠡ ᠵᠢ ᠴᠢᠨᠠᠷ ᠰᠠᠶ᠋ᠢᠲᠠᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠳᠥᠭᠥᠮ ᠳᠥᠲᠡ ᠪᠣᠳᠠᠲᠠᠢ ᠵᠢ ᠡᠷᠬᠢᠮᠯᠡᠨ ᠬᠥᠮᠦᠵᠢᠯ ᠬᠢᠬᠦ ᠵᠢ ᠪᠠᠷᠢᠮᠲᠠᠯᠠᠵᠤ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠵᠦ᠂ ᠠᠯᠮᠠᠶ᠋ᠢᠷᠠᠬᠤ᠂ ᠱᠠᠳᠤ ᠱᠠᠳᠤ᠎ᠪᠠᠷ ᠡᠭᠦᠷᠭᠡ ᠨᠡᠮᠡᠬᠦ ᠵᠢ ᠴᠢᠩᠭ᠎ᠠ ᠰᠡᠷᠭᠡᠶ᠋ᠢᠯᠡᠬᠦ ᠬᠡᠷᠡᠭᠲᠡᠢ᠃ ᠪᠦᠬᠦ ᠣᠷᠣᠨ᠎ᠤ ᠨᠠᠮ᠎ᠤᠨ ᠭᠡᠰᠢᠭᠦᠨ᠂ ᠺᠠᠳ᠋ᠷᠴᠤᠳ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢ᠍ᠯ᠎ᠤᠨ ᠲᠣᠭᠲᠠᠭᠰᠠᠨ ᠠᠵᠢᠯᠯᠠᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠤᠬᠠᠮᠰᠠᠷ᠎ᠠᠴᠠ᠎ᠪᠠᠨ ᠪᠡᠶ᠎ᠡ᠎ᠪᠠᠨ ᠳᠠᠭ᠋ᠠᠭ᠋ᠠᠵᠤ᠂ ᠴᠥᠬᠥᠷᠡᠰᠢ ᠦᠭᠡᠢ᠎ᠪᠠᠷ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠢ ᠦᠷᠭᠦᠯᠵᠢᠯᠡᠨ ᠰᠠᠶ᠋ᠢᠵᠢᠷᠠᠭᠤᠯᠬᠤ᠎ᠪᠠᠷ ᠨᠡᠶ᠋ᠢᠭᠡᠮ᠎ᠤᠨ ᠰᠤᠷᠲᠠᠯ ᠠᠷᠠᠳ᠎ᠤᠨ ᠰᠤᠷᠲᠠᠯ᠎ᠢ ᠰᠠᠶ᠋ᠢᠵᠢᠷᠠᠭᠤᠯᠬᠤ ᠵᠢ ᠳᠠᠶ᠋ᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ 《ᠪᠦᠬᠦ ᠣᠷᠣᠨ᠎ᠳᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ》᠎ᠢ ᠬᠢᠨᠠᠨ ᠵᠥᠪᠯᠡᠪᠡ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠥᠷᠭᠡᠳᠬᠡᠭᠰᠡᠨ ᠬᠤᠷᠠᠯ ᠬᠤᠷᠠᠯᠳᠤᠭᠤᠯᠪᠠ
ᠮᠠᠨ᠎ᠤ ᠣᠷᠣᠨ ᠬᠣᠰᠢᠭᠤ ᠰᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠪᠦᠭᠦ ᠬᠦᠴᠦᠨ ᠵᠶ᠋ᠡᠷ ᠲᠡᠭᠡᠭᠰᠢᠯᠡᠭᠦᠯᠦᠨ᠎ᠡ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠲᠤᠭᠤᠰᠢᠯᠠᠭᠤᠯᠪᠠ ᠵᠠᠩ ᠶᠠᠨ ᠺᠦᠨ ᠶᠠᠷᠢᠶ᠎ᠠ ᠲᠠᠯᠪᠢᠵᠠᠢ
ᠪᠦᠭᠦ ᠣᠷᠣᠨ᠎ᠤ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢ ᠠᠬᠢᠭᠤᠯᠬᠤ ᠸᠢᠳᠢᠤ᠋ ᠬᠤᠷᠠᠯ ᠬᠤᠷᠠᠯᠳᠤᠪᠠ ᠶᠣᠣ ᠶᠦᠩ ᠪᠦᠸᠧ ᠶᠠᠷᠢᠶ᠎ᠠ ᠲᠠᠯᠪᠢᠪᠠ
 
            