3 ᠳ᠋ᠤᠭ᠋ᠠᠷ ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠬᠣᠶᠠᠷ ᠬᠤᠷᠠᠯ᠎ᠤᠨ ᠬᠤᠭᠤᠴᠠᠭ᠋ᠠᠨ᠎ᠳᠠᠬᠢ ᠴᠢᠬᠤᠯᠠ ᠶᠠᠷᠢᠶ᠎ᠠ ᠪᠣᠯᠤᠨ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠺᠠᠳ᠋ᠷᠴᠤᠳ᠎ᠤᠨ ᠶᠡᠬᠡ ᠬᠤᠷᠠᠯ᠂ ᠨᠠᠮ᠎ᠤᠨ ᠬᠣᠷᠢᠶᠠᠨ᠎ᠤ ᠪᠠᠢ᠌ᠩᠭᠤ ᠵᠢᠨ ᠬᠣᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
ᠬᠤᠷᠠᠯ᠎ᠠᠴᠠ᠂ ᠡᠨᠡ ᠤᠳᠠᠭ᠎ᠠ ᠵᠢᠨ ᠪᠥᠬᠥ ᠤᠯᠤᠰ᠎ᠤᠨ ᠬᠣᠶᠠᠷ ᠬᠤᠷᠠᠯ ᠪᠣᠯ《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯ ᠬᠤᠷᠢᠶᠠᠬᠤ ᠵᠢᠯ ᠬᠤᠷᠠᠯᠳᠤᠭᠤᠯᠬᠤ ᠨᠢᠭᠡ ᠤᠳᠠᠭ᠎ᠠ ᠵᠢᠨ ᠴᠢᠬᠤᠯᠠ ᠬᠤᠷᠠᠯ ᠪᠣᠯᠤᠨ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨᠤᠭᠤᠳᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢᠯᠡᠰ᠎ᠤᠨ ᠰᠢᠨ᠎ᠡ ᠵᠢ ᠡᠭᠦᠳᠬᠦ ᠵᠢ ᠠᠭᠤᠰᠤᠯᠴᠠᠭᠤᠯᠬᠤ᠂ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ᠂ ᠴᠢᠨᠠᠷ ᠰᠠᠢ᠌ᠲᠠᠶ ᠨᠠᠮ᠎ᠤᠨ ᠪᠠᠢ᠌ᠭᠤᠯᠤᠯᠲᠠ᠎ᠪᠠᠷ ᠴᠢᠨᠠᠷ ᠰᠠᠢ᠌ᠲᠠᠶ ᠬᠥᠭᠵᠢᠯᠲᠡ ᠵᠢ ᠬᠥᠲᠥᠯᠥᠨ ᠳᠠᠭ᠋ᠠᠭᠤᠯᠬᠤ᠂ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠠ ᠴᠢᠳᠠᠪᠤᠷᠢᠲᠠᠨ᠎ᠤ ᠲᠤᠯᠭ᠋ᠠᠭᠤᠷᠢᠯᠠᠯ᠎ᠳᠤ ᠦᠵᠡᠭᠦᠯᠬᠦ ᠦᠢᠯᠡᠳᠦᠯ᠎ᠢ ᠴᠢᠩᠭ᠋ᠠᠳᠬᠠᠬᠤ᠂ ᠴᠡᠷᠢᠭ ᠠᠩᠭᠢ ᠵᠢᠨ ᠪᠥᠲᠥᠭᠡᠨ ᠪᠠᠢ᠌ᠭᠤᠯᠤᠯᠲᠠ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠡᠷᠭᠡ ᠴᠢᠬᠤᠯᠠ ᠶᠡᠬᠡ ᠠᠰᠠᠭᠤᠳᠠᠯ᠎ᠤᠨ ᠲᠣᠭᠣᠷᠢᠨ᠎ᠳᠤ ᠭᠦᠨᠵᠡᠭᠡᠶ ᠲᠣᠳᠣᠷᠬᠠᠢ᠌ᠯᠠᠨ ᠥᠭᠦᠯᠡᠵᠦ᠂ ᠴᠢᠬᠤᠯᠠ ᠱᠠᠭ᠋ᠠᠷᠳᠠᠯᠭ᠎ᠠ ᠳᠤᠷᠠᠳᠴᠤ᠂ ᠪᠥᠬᠥ ᠵᠢᠯ᠎ᠤᠨ ᠠᠵᠢᠯ᠎ᠤᠨ ᠪᠣᠷᠣ ᠲᠥᠯᠥᠪ ᠴᠢᠭᠯᠡᠯ᠎ᠢ ᠲᠣᠳᠣᠷᠬᠠᠢ᠌ᠯᠠᠵᠤ ᠥᠭᠴᠡᠶ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠰᠢᠰᠲ᠋ᠧᠮ᠎ᠤᠨ ᠪᠥᠬᠥ ᠺᠠᠳ᠋ᠷ ᠠᠵᠢᠯᠲᠠᠨ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠵᠢᠨ ᠤᠬᠠᠮᠰᠠᠷ ᠵᠶ᠋ᠠᠨ ᠳᠡᠭᠡᠭᠰᠢᠯᠡᠭᠦᠯᠦᠨ᠂ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠲᠥᠪ᠎ᠤᠨ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ ᠦᠨᠡᠨ ᠬᠦ᠌ ᠠᠳᠬᠤᠨ ᠪᠣᠳᠠᠲᠠᠶ ᠠᠵᠢᠯᠯᠠᠵᠤ ᠠᠵᠢᠯ ᠵᠶ᠋ᠠᠨ ᠠᠬᠢᠭᠤᠯᠵᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠨ ᠦᠷ᠎ᠡ ᠳ᠋ᠦᠩ᠎ᠢ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠰᠢᠨ᠎ᠡ ᠵᠢ ᠡᠭᠦᠳᠬᠦ ᠵᠠᠮ᠎ᠢ ᠳᠤᠮᠳᠠᠳᠤ ᠲᠦᠪᠰᠢᠨ᠎ᠳᠤ ᠣᠷᠣᠬᠤ ᠲᠡᠮᠡᠴᠡᠬᠦ ᠬᠠᠷᠠᠯᠲᠠ ᠵᠢ ᠪᠡᠶᠡᠯᠡᠭᠦᠯᠬᠦ᠎ᠳᠤ ᠬᠦᠴᠦᠷᠬᠡᠭ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠪᠠᠢ᠌ᠯᠳᠤᠬᠤ ᠪᠤᠳᠤᠯᠭ᠎ᠠ ᠵᠢᠨ ᠠᠵᠠ ᠲᠣᠬᠢᠶᠠᠯ᠎ᠢ ᠡᠵᠡᠮᠳᠡᠵᠦ᠂ ᠮᠥᠷᠳᠡᠨ ᠵᠣᠯᠭ᠋ᠠᠭᠤᠯᠬᠤ ᠵᠢ ᠰᠠᠨᠠᠭ᠋ᠠᠴᠢᠯᠠᠭ᠎ᠠ᠎ᠠᠴᠠ᠎ᠪᠠᠨ ᠴᠢᠩᠭ᠋ᠠᠳᠬᠠᠵᠤ᠂ ᠲᠦᠷᠦ ᠵᠢᠨ ᠪᠤᠳᠤᠯᠭ᠎ᠠ ᠵᠢᠨ ᠠᠰᠢᠭ᠎ᠢ ᠣᠨᠣᠪᠴᠢᠲᠠᠢ ᠭᠦᠢ᠍ᠴᠡᠳ ᠰᠠᠢ᠌ᠲᠤᠷ ᠠᠰᠢᠭᠯᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠨ᠎ᠳᠤ ᠰᠣᠯᠪᠢᠴᠠᠨ ᠳᠠᠪᠬᠤᠴᠠᠭᠰᠠᠨ ᠦᠷ᠎ᠡ ᠨᠥᠯᠥᠭᠡ ᠵᠢ ᠪᠦᠷᠢᠯᠳᠦᠭᠦᠯᠬᠦ ᠬᠡᠷᠡᠭᠲᠡᠢ᠃ ᠡᠭᠦᠷᠭᠡ ᠬᠠᠷᠠᠯᠲᠠ᠎ᠪᠠᠨ ᠲᠣᠭᠲᠠᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠨ᠎ᠤ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ ᠪᠣᠳᠠᠲᠠᠢ᠌ᠵᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》ᠢᠨᠵᠧᠨᠧᠷᠢᠩ᠎ᠢ ᠬᠡᠷᠡᠭᠵᠢᠭᠦᠯᠬᠦ᠎ᠪᠠᠷ ᠵᠢᠯᠣᠭᠣᠳᠤᠮᠵᠢ ᠪᠣᠯᠭ᠋ᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠬᠤᠳᠠᠯᠳᠤᠭ᠋ᠠᠨ᠎ᠤ ᠠᠭ᠋ᠠᠷ᠎ᠤᠨ ᠠᠶᠠᠯᠠᠯ᠂ ᠳᠣᠤᠷ᠎ᠠ ᠠᠭ᠋ᠠᠷ᠎ᠤᠨ ᠠᠵᠤ ᠠᠬᠤᠶ᠂ ᠵᠣᠬᠢᠶᠠᠮᠠᠯ ᠣᠶᠤᠨ ᠴᠢᠳᠠᠪᠤᠷᠢ᠂ ᠠᠮᠢᠳᠤ ᠪᠣᠳᠠᠰ᠎ᠤᠨ ᠮᠡᠷᠭᠡᠵᠢᠯ ᠵᠡᠷᠭᠡ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠪᠠ ᠬᠣᠰᠢᠭᠤᠷᠠᠯ ᠴᠢᠨᠠᠷ᠂ ᠨᠤᠷᠠᠭ᠋ᠠᠯᠲᠠ ᠵᠢᠨ ᠴᠢᠨᠠᠷᠲᠠᠶ ᠮᠡᠷᠭᠡᠵᠢᠯ᠎ᠤᠨ ᠰᠤᠳᠤᠯᠤᠨ ᠨᠡᠭᠡᠭᠡᠯᠲᠡ ᠵᠢ ᠴᠢᠩᠭ᠋ᠠᠳᠬᠠᠬᠤ ᠬᠡᠷᠡᠭᠲᠡᠶ;《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠴᠢᠩᠭ᠋ᠠᠷᠠᠭᠤᠯᠬᠤ ᠣᠨ》᠎ᠤ ᠠᠵᠢᠯᠯᠠᠭ᠎ᠠ ᠵᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠵᠦᠢᠯ᠎ᠤᠨ ᠲᠥᠷᠥ ᠵᠢᠨ ᠪᠣᠳᠣᠯᠭ᠎ᠠ ᠵᠢ ᠰᠠᠢ᠌ᠲᠤᠷ ᠬᠡᠷᠡᠭᠯᠡᠵᠦ ᠭᠦᠢᠴᠡᠳ ᠬᠡᠷᠡᠭᠯᠡᠬᠦ᠂ ᠨᠢᠭᠡᠳᠦᠭᠡᠷ ᠹᠷᠣᠨᠲ᠎ᠲᠤ ᠬᠡᠷᠡᠭᠯᠡᠬᠦ ᠵᠢ ᠦᠨᠡᠨᠬᠦ ᠪᠠᠲᠤᠯᠠᠨ᠎ᠠ; 《ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ》 ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ ᠭᠣᠤᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ ᠵᠢᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠲᠦᠷᠭᠡᠳᠬᠡᠨ ᠪᠠᠢ᠌ᠷᠢᠰᠢᠭᠤᠯᠵᠤ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠪᠠᠢ᠌ᠷᠢ ᠰᠠᠭᠤᠷᠢ ᠵᠢ ᠲᠠᠰᠤᠷᠠᠯᠲᠠ ᠥᠬᠡᠶ ᠴᠢᠩᠭ᠋ᠠᠷᠠᠭᠤᠯᠤᠨ᠎ᠠ; ᠪᠥᠬᠥ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠰᠢᠰᠲ᠋ᠧᠮᠵᠢ ᠵᠢᠨ ᠪᠠᠢ᠌ᠭᠤᠯᠤᠯᠲᠠ ᠵᠢ ᠦᠷᠭᠦᠯᠵᠢᠯᠡᠨ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠪᠴᠠᠩ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠦᠨ᠂ ᠨᠠᠩ ᠣᠯᠠᠨ ᠤᠯᠤᠰ᠎ᠤᠨ ᠲᠠᠰ᠎ᠤᠨ ᠰᠢᠨ᠎ᠡ ᠵᠢ ᠡᠭᠦᠳᠬᠦ ᠲᠠᠪᠴᠠᠩ᠎ᠢ ᠥᠪᠥᠷ ᠮᠣᠩᠭᠣᠯ᠎ᠳᠤ ᠨᠠᠢ᠌ᠳᠠᠪᠤᠷᠢᠵᠢᠭᠤᠯᠬᠤ᠎ᠪᠠᠷ ᠴᠢᠷᠮᠠᠢ᠌ᠨ᠎ᠠ; 《 ᠮᠸᠩ ᠺᠸ ᠵᠢᠦᠢ》᠎ᠤᠨ 2.0 ᠬᠡᠪᠯᠡᠯ᠎ᠤᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠦᠷ᠎ᠡ ᠪᠦᠲᠦᠭᠡᠯ᠎ᠢ ᠤᠯᠠᠷᠢᠭᠤᠯᠬᠤ ᠪᠥᠬᠥ ᠬᠡᠯᠬᠢᠶᠡᠰᠦ ᠵᠢᠨ ᠦᠢᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠶᠤᠨᠴᠢᠯᠠᠭᠰᠠᠨ ᠦᠢᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ; ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠵᠦ᠂ ᠣᠯᠠᠨ ᠡᠰᠢᠵᠢᠭᠰᠡᠨ ᠣᠷᠣᠭᠤᠯᠤᠯᠲᠠ ᠵᠢᠨ ᠰᠢᠰᠲ᠋ᠧᠮᠵᠢ ᠵᠢ ᠪᠠᠢ᠌ᠭᠤᠯᠤᠨ᠂ ᠪᠤᠣᠬᠢᠶᠠ ᠮᠠᠶᠢᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠥᠨ ᠭᠦᠢᠯᠭᠡᠭᠡᠨ᠎ᠤ ᠦᠢᠯᠡᠴᠢᠯᠡᠭᠡᠨ᠎ᠤ ᠠᠮᠢ ᠠᠬᠤᠶ ᠵᠢ ᠪᠣᠢ᠌ᠵᠢᠭᠤᠯᠤᠨ᠎ᠠ; 《ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ》ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ《ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》ᠵᠢ ᠭᠦᠨᠵᠡᠭᠡᠶ ᠠᠬᠢᠭᠤᠯᠤᠨ ᠪᠣᠳᠠᠲᠠᠢ᠌ᠵᠢᠭᠤᠯᠵᠤ᠂ ᠵᠡᠭᠦᠨ ᠬᠣᠢ᠌ᠲᠤ ᠣᠷᠣᠨ ᠪᠠ ᠬᠠᠲᠤᠨ ᠭᠣᠤᠯ ᠳᠠᠭ᠋ᠠᠤ ᠵᠢᠨ ᠮᠤᠵᠢ ᠣᠷᠣᠨ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠨ᠂ 《ᠨᠢᠭᠡ ᠪᠦᠰᠡ ᠨᠢᠭᠡ ᠵᠠᠮ》᠎ᠤᠨ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ ᠭᠣᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃