ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠷᠢᠶ᠎ᠠ ᠵᠢᠨ ᠠᠯᠪᠠᠨ ᠭᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠰᠢᠭᠤ ᠰᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠭᠦ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ》 (ᠳᠣᠷᠣᠭᠰᠢ 《ᠲᠥᠰᠥᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠬᠣᠰᠢᠭᠤ ᠰᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠣᠳᠠᠲᠠᠢ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠭᠤᠷᠪᠠᠨ ᠱᠠᠲᠤ ᠬᠠᠮᠵᠢᠯᠴᠠᠨ ᠬᠣᠯᠪᠤᠭ᠋ᠠᠯᠠᠨ ᠬᠥᠳᠡᠯᠦᠯᠴᠡᠵᠦ᠂ ᠬᠣᠰᠢᠭᠤ ᠰᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠢᠷᠢ ᠲᠦᠪᠰᠢᠨ᠎ᠢ ᠪᠦᠭᠦ ᠲᠠᠯ᠎ᠠ᠎ᠪᠠᠷ ᠳᠡᠭᠡᠭᠰᠢᠯᠡᠭᠦᠯᠵᠦ᠂ ᠬᠣᠰᠢᠭᠤ ᠰᠢᠶᠠᠨ᠎ᠤ ᠠᠵᠤ ᠠᠬᠤᠢ ᠵᠢᠨ ᠰᠢᠨ᠎ᠡ ᠵᠢ ᠡᠭᠦᠳᠬᠦ᠂ ᠪᠣᠬᠢᠷᠳᠤᠯ ᠦᠭᠡᠢ᠂ ᠴᠢᠨᠠᠷ ᠰᠠᠢ᠌ᠲᠠᠢ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠠᠬᠢᠭᠤᠯᠪᠠ᠃
《ᠲᠥᠰᠥᠯ》 ᠳᠤ ᠬᠣᠰᠢᠭᠤ ᠰᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠬᠢᠨᠠᠨ ᠬᠡᠮᠵᠢᠵᠦ ᠦᠨᠡᠯᠡᠬᠦ ᠲᠣᠭᠲᠠᠴᠠ ᠵᠢ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠣᠬᠢᠶᠠᠨ ᠪᠠᠢ᠌ᠭᠤᠯᠤᠯᠲᠠ᠂ ᠠᠵᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ᠂ ᠰᠢᠨ᠎ᠡ ᠵᠢ ᠡᠭᠦᠳᠬᠦ ᠲᠠᠪᠴᠠᠩ᠎ᠤᠨ ᠠᠴᠢᠶᠠᠯᠠᠪᠤᠷᠢ ᠵᠢᠨ ᠪᠠᠢ᠌ᠭᠤᠯᠤᠯᠲᠠ ᠵᠡᠷᠭᠡ 8 ᠶᠡᠬᠡ ᠲᠠᠯ᠎ᠠ ᠵᠢᠨ 16 ᠵᠦᠢ᠍ᠯ᠎ᠤᠨ ᠪᠣᠳᠠᠲᠠᠢ ᠭᠦᠢ᠍ᠴᠡᠳᠬᠡᠯ ᠲᠣᠭ᠎ᠠ᠎ᠪᠠᠷ ᠬᠣᠰᠢᠭᠤ ᠰᠢᠶᠠᠨ᠎ᠤ ᠰᠢᠨ᠎ᠡ ᠵᠢ ᠡᠭᠦᠳᠬᠦ ᠬᠢᠷᠢ ᠲᠦᠪᠰᠢᠨ᠎ᠳᠤ ᠦᠨᠡᠯᠡᠯᠲᠡ ᠬᠢᠵᠦ᠂ ᠡᠯ᠎ᠡ ᠬᠣᠰᠢᠭᠤ ᠰᠢᠶᠠᠨ᠎ᠢ ᠨᠢᠭᠡᠳᠦᠭᠡᠷ ᠲᠥᠷᠥᠯ᠂ ᠬᠣᠶᠠᠳᠤᠭ᠋ᠠᠷ ᠲᠥᠷᠥᠯ᠂ ᠭᠤᠷᠪᠠᠳᠤᠭ᠋ᠠᠷ ᠲᠥᠷᠥᠯ᠎ᠳᠤ ᠬᠤᠪᠢᠶᠠᠪᠠ᠃ ᠬᠣᠰᠢᠭᠤ ᠰᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ᠎ᠪᠠᠨ ᠳᠡᠭᠡᠭᠰᠢᠯᠡᠭᠦᠯᠭᠦ ᠵᠢ ᠵᠣᠷᠢᠭᠵᠢᠭᠤᠯᠬᠤ ᠵᠢᠨ ᠲᠥᠯᠥᠭᠡ᠂ ᠲᠦᠷᠦᠭᠦᠦ ᠤᠳᠠᠭ᠋ᠠᠨ᠎ᠤ ᠣᠨ᠎ᠤ ᠬᠢᠨᠠᠨ ᠬᠡᠮᠵᠢᠯᠲᠡ᠎ᠳᠤ ᠨᠢᠭᠡᠳᠦᠭᠡᠷ ᠲᠥᠷᠥᠯ᠎ᠳᠤ ᠣᠷᠣᠭᠰᠠᠨ ᠬᠣᠰᠢᠭᠤ ᠰᠢᠶᠠᠨ᠎ᠳᠤ 300 ᠲᠦᠮᠡᠨ ᠲᠥᠭᠥᠷᠢᠭ᠎ᠤᠨ ᠪᠡᠯᠡ ᠮᠥᠩᠭᠥ ᠵᠢᠨ ᠱᠠᠩᠨᠠᠯ ᠣᠯᠭᠣᠵᠤ᠂ ᠳᠠᠷᠠᠭ᠋ᠠᠬᠢ ᠣᠨ᠎ᠳᠤ ᠨᠢᠭᠡᠳᠦᠭᠡᠷ ᠲᠥᠷᠥᠯ᠎ᠳᠤ ᠣᠷᠣᠭᠰᠠᠨ ᠲᠦᠷᠦᠭᠦᠦ3 ᠬᠣᠰᠢᠭᠤ ᠰᠢᠶᠠᠨ᠎ᠢ 500 ᠲᠦᠮᠡᠨ ᠲᠥᠭᠥᠷᠢᠭ ᠵᠶ᠋ᠡᠷ ᠱᠠᠩᠨᠠᠨ᠎ᠠ ᠭᠡᠵᠦ ᠲᠣᠳᠣᠷᠬᠠᠢ᠌ᠯᠠᠪᠠ᠃ ᠬᠢᠨᠠᠨ ᠬᠡᠮᠵᠢᠯᠲᠡ ᠦᠨᠡᠯᠡᠯᠲᠡ ᠳᠤᠮᠳᠠ ᠲᠥᠷᠥᠯ ᠢᠯᠭ᠋ᠠᠯ᠎ᠨᠢ ᠳᠡᠭᠡᠭᠰᠢᠯᠡᠭᠰᠡᠨ ᠪᠤᠶᠤ ᠨᠡᠷᠡᠰ᠎ᠤᠨ ᠵᠢᠭᠰᠠᠭ᠋ᠠᠯᠲᠠ᠎ᠨᠢ ᠶᠡᠬᠡ ᠬᠡᠮᠵᠢᠶ᠎ᠡ᠎ᠪᠠᠷ ᠳᠡᠭᠡᠭᠰᠢᠯᠡᠭᠰᠡᠨ ᠬᠣᠰᠢᠭᠤ ᠰᠢᠶᠠᠨ᠎ᠳᠤ ᠵᠣᠬᠢᠬᠤ ᠪᠡᠯᠡ ᠮᠥᠩᠭᠥ ᠵᠢᠨ ᠱᠠᠩᠨᠠᠯ ᠣᠯᠭᠣᠨ᠎ᠠ᠃ ᠡᠭᠦᠨ᠎ᠤ ᠬᠠᠮᠲᠤ ᠱᠠᠩᠨᠠᠯ᠎ᠤᠨ ᠪᠡᠯᠡ ᠮᠥᠩᠭᠥ ᠵᠢᠨ ᠬᠡᠷᠡᠭᠯᠡᠯᠲᠡ ᠪᠠ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠬᠤ ᠵᠢᠨ ᠬᠠᠮᠲᠤ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠠᠵᠢᠯ᠎ᠢ ᠥᠷᠨᠢᠭᠦᠯᠦᠨ᠎ᠡ ᠭᠡᠵᠡᠢ᠃
《ᠲᠥᠰᠥᠯ》᠎ᠳᠤ᠂ 2027 ᠣᠨ ᠪᠤᠯᠬᠤ᠎ᠳᠤ᠂ ᠡᠯ᠎ᠡ ᠬᠣᠰᠢᠭᠤ ᠰᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠢᠨ ᠲᠣᠭᠲᠠᠴᠠ ᠵᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠰᠢᠨ᠎ᠡ ᠵᠢ ᠡᠭᠦᠳᠬᠦ ᠢᠳᠡᠪᠬᠢᠵᠢᠯ᠎ᠢ ᠢᠯᠡᠳᠲᠡ ᠳᠡᠭᠡᠭᠰᠢᠯᠡᠭᠦᠯᠵᠦ᠂ ᠪᠦᠭᠦ ᠣᠷᠣᠨ᠎ᠳᠤ ᠬᠣᠰᠢᠭᠤ ᠰᠢᠶᠠᠨ᠎ᠤ ᠰᠢᠨ᠎ᠡ ᠵᠢ ᠡᠭᠦᠳᠬᠦ ᠲᠠᠯ᠎ᠠ᠎ᠪᠠᠷ ᠠᠳᠠᠯᠢᠳᠬᠠᠨ ᠰᠤᠷᠴᠤ ᠭᠦᠢ᠍ᠴᠡᠨ ᠳᠠᠪᠠᠬᠤ ᠰᠠᠢ᠌ᠨ ᠰᠠᠢ᠌ᠬᠠᠨ ᠪᠠᠢ᠌ᠳᠠᠯ᠎ᠢ ᠪᠤᠶ ᠪᠤᠯᠭ᠋ᠠᠵᠤ᠂ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠲᠥᠷᠥᠯ᠎ᠤᠨ ᠬᠣᠰᠢᠭᠤ ᠰᠢᠶᠠᠨ᠎ᠤ ᠲᠣᠭ᠎ᠠ ᠬᠡᠮᠵᠢᠶ᠎ᠡ ᠪᠦᠲᠦᠴᠡ ᠵᠢ ᠢᠯᠡᠳᠲᠡ ᠰᠢᠯᠢᠳᠡᠭᠵᠢᠭᠦᠯᠦᠨ᠎ᠡ᠃ 2035 ᠣᠨ ᠪᠤᠯᠬᠤ᠎ᠳᠤ᠂ ᠬᠣᠰᠢᠭᠤ ᠰᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠢ ᠦᠨᠳᠦᠰᠦᠨ᠎ᠳᠡᠭᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠢᠯᠡᠳᠲᠡ ᠳᠡᠭᠡᠭᠰᠢᠯᠡᠭᠦᠯᠵᠦ᠂ ᠨᠢᠭᠡᠳᠦᠭᠡᠷ ᠲᠥᠷᠥᠯ᠎ᠤᠨ ᠬᠣᠰᠢᠭᠤ ᠰᠢᠶᠠᠨ᠎ᠤ ᠲᠣᠭ᠎ᠠ ᠬᠡᠮᠵᠢᠶ᠎ᠡ ᠵᠢ 30%᠎ᠠᠴᠠ ᠳᠠᠪᠠᠭᠤᠯᠵᠤ᠂ ᠰᠢᠨ᠎ᠡ ᠵᠢ ᠡᠭᠦᠳᠬᠦ ᠭᠡᠯᠪᠡᠷᠢ ᠵᠢᠨ ᠥᠪᠥᠷ ᠮᠣᠩᠭᠣᠯ᠎ᠤᠨ ᠪᠠᠢ᠌ᠭᠤᠯᠤᠯᠲᠠ ᠵᠢ ᠨᠠᠩ ᠰᠠᠢ᠌ᠲᠤᠷ ᠠᠬᠢᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ ᠭᠡᠵᠦ ᠳᠤᠷᠠᠳᠴᠠᠢ᠃