3 ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠯᠥᠸᠧ ᡁᠢ ᠬᠤ᠌᠂ ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ ᠯᠧᠢ᠂ ᠶᠠᠩ ᠵᠢᠶᠧ ᠵᠢᠴᠢ ᠨᠠᠷᠢᠨ ᠪᠢᠴᠢᠭ᠎ᠤᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠢ᠃ ᠬᠥᠬᠡᠬᠣᠲᠠ᠎ᠳᠤ ᠰᠠᠭᠤᠭ᠎ᠠ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠬᠡᠰᠡᠭ ᠭᠡᠰᠢᠭᠦᠳ ᠪᠣᠯᠣᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠬᠤᠷᠠᠯ᠎ᠳᠤ ᠣᠷᠣᠯᠴᠠᠪᠠ᠃
ᠬᠤᠷᠠᠯ᠎ᠠᠴᠠ᠂ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠲᠠᠢ ᠨᠢᠭᠡᠳᠬᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠳᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠂ ᠭᠣᠣᠯᠳᠠᠯᠭ᠎ᠠ ᠶᠡᠬᠡ ᠲᠠᠯ᠎ᠠ᠎ᠳᠤ ᠦᠢ᠍ᠯᠡᠴᠢᠯᠡᠬᠦ᠂ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠤᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠬᠤ᠂ ᠭᠡᠰᠢᠭᠦᠳ᠎ᠤᠨ ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠬᠤ᠂ ᠠᠵᠢᠯ᠎ᠤᠨ ᠰᠤᠷᠲᠠᠯ ᠵᠶ᠋ᠠᠨ ᠰᠠᠢ᠌ᠵᠢᠷᠠᠭᠤᠯᠬᠤ ᠵᠡᠷᠭᠡ ᠲᠠᠯ᠎ᠠ᠎ᠪᠠᠷ ᠦᠷᠭᠦᠯᠵᠢᠯᠡᠨ ᠭᠣᠣᠯᠳᠠᠯᠭ᠎ᠠ᠎ᠲᠠᠢ ᠬᠦᠴᠦᠯᠡᠵᠦ᠂ ᠦᠨᠡᠨ ᠬᠦ᠌ ᠠᠳᠬᠤᠵᠤ ᠪᠣᠳᠠᠲᠠᠢ ᠠᠵᠢᠯᠯᠠᠵᠤ᠂ ᠵᠣᠷᠢᠭᠲᠠᠢ ᠡᠭᠦᠷᠭᠡᠯᠡᠵᠦ᠂ ᠨᠡᠩ ᠢᠯᠡᠭᠦᠦ ᠬᠦᠴᠦᠯᠡᠨ ᠴᠢᠷᠮᠠᠢ᠌ᠬᠤ ᠤᠶᠤᠨ ᠰᠠᠨᠠᠭ᠋ᠠᠨ᠎ᠤ ᠳᠦᠷᠰᠦ ᠪᠠᠢ᠌ᠳᠠᠯ ᠵᠶ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠡᠯ᠎ᠡ ᠵᠦᠢ᠍ᠯ᠎ᠤᠨ ᠠᠵᠢᠯ᠎ᠤᠨ ᠳᠠᠬᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠵᠢᠯ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠢ᠌ᠳᠠᠯ᠎ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃