3 ᠰᠠᠷ᠎ᠠ ᠵᠢᠨ 17᠎ᠤ ᠡᠳᠦᠷ᠂ ᠪᠦᠭᠦ ᠣᠷᠣᠨ᠎ᠤ ᠮᠠᠷᠺᠰ᠎ᠤᠨ ᠦᠵᠡᠯ᠎ᠤᠨ ᠤᠨᠤᠯ᠎ᠤᠨ ᠰᠤᠳᠤᠯᠭ᠋ᠠᠨ ᠪᠠ ᠴᠣᠭᠴᠠᠯᠠᠯᠲᠠ ᠵᠢᠨ ᠢᠨᠵᠧᠨᠧᠷᠢᠩ᠎ᠤᠨ ᠠᠵᠢᠯ᠎ᠢ ᠠᠬᠢᠭᠤᠯᠬᠤ ᠬᠤᠷᠠᠯ ᠭᠦᠭᠡᠬᠣᠲᠠ᠎ᠳᠤ ᠬᠤᠷᠠᠯᠳᠤᠪᠠ᠃ ᠬᠤᠷᠠᠯ ᠳᠡᠭᠡᠷ᠎ᠡ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠮᠠᠷᠺᠰ᠎ᠤᠨ ᠦᠵᠡᠯ᠎ᠤᠨ ᠣᠨᠣᠯ᠎ᠤᠨ ᠰᠤᠳᠤᠯᠭ᠋ᠠᠨ ᠪᠠ ᠴᠣᠭᠴᠠᠯᠠᠯᠲᠠ ᠵᠢᠨ ᠢᠨᠵᠧᠨᠧᠷᠢᠩ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠲᠥᠪ᠎ᠤᠨ ᠮᠠᠷᠺᠰ᠎ᠤᠨ ᠦᠵᠡᠯ᠎ᠤᠨ ᠣᠨᠣᠯ᠎ᠤᠨ ᠰᠤᠳᠤᠯᠭ᠋ᠠᠨ ᠪᠠ ᠴᠣᠭᠴᠠᠯᠠᠯᠲᠠ ᠵᠢᠨ ᠢᠨᠵᠧᠨᠧᠷᠢᠩ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠨᠠᠮ᠎ᠤᠨ ᠰᠢᠨ᠎ᠡ ᠵᠢ ᠡᠭᠦᠳᠬᠦ ᠣᠨᠣᠯ᠎ᠤᠨ ᠰᠤᠷᠤᠯᠴᠠᠯᠭ᠎ᠠ ᠤᠬᠠᠭᠤᠯᠭ᠎ᠠ ᠵᠢᠨ ᠠᠵᠢᠯ᠎ᠢ ᠠᠬᠢᠭᠤᠯᠬᠤ ᠲᠤᠬᠠᠢ ᠰᠤᠳᠤᠯᠤᠨ ᠪᠠᠢ᠌ᠷᠢᠯᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠪᠦᠦ ᠰᠢᠶᠠᠨ ᠬᠤᠸᠠ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ᠎ᠠᠴᠠ᠂ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠰᠤᠳᠤᠯᠵᠤ ᠤᠬᠠᠭᠤᠯᠬᠤ ᠦᠨᠳᠦᠰᠦᠨ ᠡᠭᠦᠷᠭᠡ ᠵᠢ ᠦᠨᠡᠨ ᠬᠦ᠌ ᠡᠭᠦᠷᠭᠡᠯᠡᠵᠦ᠂ ᠰᠤᠳᠤᠯᠭ᠋ᠠᠨ᠎ᠤ ᠴᠢᠭᠯᠡᠯ᠎ᠢ ᠡᠵᠡᠮᠳᠡᠨ᠂ ᠰᠢᠨᠵᠢᠯᠡᠭᠡᠨ᠎ᠤ ᠰᠠᠯᠠᠭ᠋ᠠᠨ᠎ᠤ ᠣᠨᠴᠠᠯᠢᠭ᠎ᠢ ᠲᠣᠪᠤᠢ᠌ᠯᠭ᠋ᠠᠨ᠂ ᠮᠠᠨ᠎ᠤ ᠣᠷᠣᠨ᠎ᠤ ᠮᠠᠷᠺᠰ᠎ᠤᠨ ᠦᠵᠡᠯ᠎ᠤᠨ ᠤᠨᠤᠯ᠎ᠤᠨ ᠰᠤᠳᠤᠯᠭ᠋ᠠᠨ᠎ᠤ ᠲᠦᠪᠰᠢᠨ ᠪᠣᠯᠣᠨ ᠨᠥᠯᠥᠭᠡᠯᠡᠬᠦ ᠬᠦᠴᠦᠨ᠎ᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠤᠨᠤᠯ᠎ᠤᠨ ᠰᠤᠷᠤᠯᠴᠠᠯᠭ᠎ᠠ ᠤᠬᠠᠭᠤᠯᠭ᠎ᠠ ᠵᠢᠨ ᠴᠢᠭᠯᠡᠭᠦᠯᠦᠯᠲᠦ ᠴᠢᠨᠠᠷ᠂ ᠪᠣᠳᠠᠲᠠᠢ ᠦᠷ᠎ᠡ ᠪᠦᠲᠦᠮᠵᠢᠲᠦ ᠴᠢᠨᠠᠷ᠎ᠢ ᠴᠢᠩᠭ᠋ᠠᠳᠬᠠᠨ᠂ ᠢᠯᠡ ᠲᠣᠳᠣ ᠣᠨᠴᠠᠯᠢᠭ ᠪᠦᠬᠦᠢ ᠶᠡᠬᠡ ᠳᠡᠭᠡᠳᠦ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠵᠢᠭᠰᠠᠭ᠋ᠠᠯ᠎ᠤᠨ ᠭᠠᠵᠠᠷ᠎ᠢ ᠪᠠᠢ᠌ᠭᠤᠯᠵᠤ᠂ ᠪᠦᠭᠦ ᠣᠷᠣᠨ᠎ᠤ ᠮᠠᠷᠺᠰ᠎ᠤᠨ ᠦᠵᠡᠯ᠎ᠤᠨ ᠤᠨᠤᠯ᠎ᠤᠨ ᠰᠤᠳᠤᠯᠭ᠋ᠠᠨ ᠪᠣᠯᠣᠨ ᠴᠣᠭᠴᠠᠯᠠᠯᠲᠠ ᠵᠢᠨ ᠠᠵᠢᠯ᠎ᠤᠨ ᠰᠢᠨ᠎ᠡ ᠪᠠᠢ᠌ᠳᠠᠯ᠎ᠢ ᠲᠠᠰᠤᠷᠠᠯᠲᠠ ᠦᠭᠡᠢ ᠡᠭᠦᠳᠦᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠦᠢ᠍ᠯᠡᠳᠦᠯᠭᠡ᠎ᠳᠤ ᠪᠠᠲᠤ ᠴᠢᠩᠭ᠎ᠠ ᠤᠨᠤᠯ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠳᠡᠭᠡᠷ᠎ᠡ ᠪᠠᠰᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭ᠋ᠠᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠲᠥᠯᠦᠪᠵᠢᠭᠦᠯᠭᠡ ᠵᠢᠨ ᠲᠥᠷᠥᠯ ᠵᠦᠢ᠍ᠯ᠎ᠤᠨ ᠮᠠᠷᠺᠰ᠎ᠤᠨ ᠦᠵᠡᠯ᠎ᠤᠨ ᠣᠨᠣᠯ᠎ᠤᠨ ᠰᠤᠳᠤᠯᠭ᠋ᠠᠨ ᠪᠠ ᠴᠣᠭᠴᠠᠯᠠᠯᠲᠠ ᠵᠢᠨ ᠢᠨᠵᠧᠨᠧᠷᠢᠩ᠎ᠤᠨ ᠲᠤᠰᠬᠠᠢ ᠰᠡᠳᠦᠪ᠎ᠤᠨ ᠳᠠᠭ᠋ᠠᠭ᠋ᠠᠴᠢᠯᠠᠯᠲᠠ ᠵᠠᠷᠯᠠᠬᠤ ᠠᠯᠪᠠᠨ ᠵᠠᠷ᠎ᠢ ᠨᠡᠢ᠌ᠲᠡᠯᠡᠪᠡ᠃